5 ᠳ᠋ᠤᠭᠠᠷ ᠰᠠᠷ᠎ᠠ ᠶᠢᠨ 19 ᠤ ᠡᠳᠦᠷ᠂ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ | ᠲᠢᠩᠬᠢᠮ ᠪᠥᠬᠦ ᠣᠷᠣᠨ ᠤ ᠤᠰᠤᠨ ᠴᠥᠭᠦᠷᠥᠮ ᠤᠨ ᠦᠶᠡᠷ ᠢ ᠠᠮᠤᠷ ᠲᠦᠪᠰᠢᠨ ᠢᠶᠠᠷ ᠥᠩᠭᠡᠷᠡᠭᠦᠯᠬᠦ ᠵᠢᠴᠢ | ᠠᠶᠤᠯᠭᠦᠢ ᠦᠢᠯᠡᠳᠪᠦᠷᠢᠯᠡᠯ ᠤᠨ ᠠᠵᠢᠯ ᠤᠨ ᠸᠢᠳᠢᠤ᠋ ᠬᠤᠷᠠᠯ ᠬᠤᠷᠠᠯᠳᠤᠭᠤᠯᠵᠤ᠂ ᠪᠥᠬᠦ ᠣᠷᠣᠨ ᠤ ᠤᠰᠤᠨ | ᠴᠥᠭᠦᠷᠥᠮ ᠤᠨ ᠦᠶᠡᠷ ᠢ ᠠᠮᠤᠷ ᠲᠦᠪᠰᠢᠨ ᠢᠶᠠᠷ ᠥᠩᠭᠡᠷᠡᠭᠦᠯᠬᠦ᠂ ᠠᠭᠤᠯᠠᠨ ᠦᠶᠡᠷ ᠤᠨ ᠭᠠᠮᠰᠢᠭ ᠢ ᠰᠡᠷᠭᠡᠶᠢᠯᠡᠬᠦ | ᠪᠠ ᠠᠶᠤᠯᠭᠦᠢ ᠦᠢᠯᠡᠳᠪᠦᠷᠢᠯᠡᠯ ᠤᠨ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃ ᠤᠰᠤᠨ ᠠᠰᠢᠭᠯᠠᠯᠲᠠ ᠶᠢᠨ | ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠱᠧᠩ ᠰᠢᠶᠣᠣ ᠶᠢᠥ | ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠤᠰᠤᠨ ᠠᠰᠢᠭᠯᠠᠯᠲᠠ ᠶᠢᠨ ᠲᠢᠩᠬᠢᠮ ᠤᠨ ᠨᠠᠮ ᠤᠨ ᠤᠳᠤᠷᠢᠳᠬᠤ | ᠳᠤᠭᠤᠶᠢᠯᠠᠩ ᠤᠨ ᠪᠦᠷᠢᠯᠳᠦᠬᠦᠨ᠂ ᠲᠢᠩᠬᠢᠮ ᠤᠨ ᠳᠡᠳ᠋ ᠳᠠᠷᠤᠭ᠎ᠠ ᠫᠧᠩ ᠶᠠ ᠯᠢ᠂ ᠥᠪᠡᠷᠲᠡᠭᠡᠨ ᠵᠠᠰᠠᠬᠤ ᠣᠷᠣᠨ ᠤ | ᠤᠰᠤᠨ ᠠᠰᠢᠭᠯᠠᠯᠲᠠ ᠶᠢᠨ ᠦᠢᠯᠡᠰ ᠤᠨ ᠬᠥᠭᠵᠢᠯᠲᠡ ᠶᠢᠨ ᠲᠥᠪ ᠤᠨ ᠡᠷᠬᠢᠯᠡᠭᠴᠢ ᠵᠠᠩ ᠸᠧᠢ᠂ ᠥᠪᠡᠷᠲᠡᠭᠡᠨ | ᠵᠠᠰᠠᠬᠤ ᠣᠷᠣᠨ ᠤ ᠤᠰᠤᠨ ᠠᠰᠢᠭᠯᠠᠯᠲᠠ ᠤᠰᠤᠨ ᠤ ᠡᠬᠢ ᠪᠠᠶᠠᠯᠢᠭ ᠤᠨ ᠲᠥᠪ ᠤᠨ ᠡᠷᠬᠢᠯᠡᠭᠴᠢ ᠸᠠᠩ ᠬᠠᠢ | ᠵᠢᠶᠦ᠋ᠨ᠂ ᠤᠰᠤᠨ ᠠᠰᠢᠭᠯᠠᠯᠲᠠ ᠤᠰᠤᠨ ᠴᠠᠬᠢᠯᠭᠠᠨ ᠤ ᠬᠠᠶᠢᠨ ᠬᠡᠮᠵᠢᠯᠲᠡ ᠶᠢᠨ ᠵᠢᠷᠤᠭ ᠲᠥᠯᠥᠪᠯᠡᠭᠡ ᠶᠢᠨ | ᠬᠦᠷᠢᠶᠡᠯᠡᠩ ᠤᠨ ᠬᠢᠵᠠᠭᠠᠷᠲᠤ ᠺᠣᠮᠫᠠᠨᠢ ᠶᠢᠨ ᠶᠡᠷᠦᠩᠬᠡᠢ ᠳᠠᠭᠠᠭᠠᠮᠠᠯ ᠹᠧᠩ ᠭᠠᠩ ᠬᠤᠷᠠᠯ ᠳᠤ ᠣᠷᠣᠯᠴᠠᠪᠠ᠃ | | | | | | ᠬᠤᠷᠠᠯ ᠠᠴᠠ ᠴᠢᠬᠤᠯᠠᠴᠢᠯᠠᠭᠰᠠᠨ ᠨᠢ᠂ ᠡᠨᠡ ᠵᠢᠯ ᠪᠥᠬᠦ ᠣᠷᠣᠨ ᠤ ᠴᠠᠭ ᠠᠭᠤᠷ ᠤᠰᠤᠨ ᠤ ᠵᠢᠯ ᠤᠨ | ᠥᠩᠭᠡ ᠶᠡᠷᠦᠩᠬᠡᠶ ᠳᠡᠭᠡᠨ ᠲᠡᠶᠢᠮᠦ ᠰᠠᠶᠢᠨ ᠪᠢᠰᠢ ᠪᠠᠶᠢᠵᠤ᠂ ᠤᠰᠤᠨ ᠴᠥᠭᠦᠷᠥᠮ ᠤᠨ ᠦᠶᠡᠷ ᠢ ᠠᠮᠤᠷ | ᠲᠦᠪᠰᠢᠨ ᠢᠶᠠᠷ ᠥᠩᠭᠡᠷᠡᠭᠦᠯᠬᠦ ᠪᠠᠶᠢᠳᠠᠯ ᠬᠦᠨᠳᠦ ᠨᠣᠴᠢᠲᠠᠶ ᠪᠠᠶᠢᠨ᠎ᠠ᠂ ᠤᠰᠤᠨ ᠴᠥᠭᠦᠷᠥᠮ ᠤᠨ ᠲᠣᠰ ᠪᠡᠶ᠎ᠡ ᠶᠢᠨ | ᠠᠮᠤᠷ ᠲᠦᠪᠰᠢᠨ ᠤ ᠳᠠᠯᠳᠠ ᠬᠡᠮ᠂ ᠠᠵᠢᠯᠯᠠᠭᠠᠨ ᠤ ᠬᠠᠮᠢᠶᠠᠷᠤᠯᠲᠠ ᠶᠢᠨ ᠲᠣᠭᠲᠠᠴᠠ᠂ ᠦᠶᠡᠷ ᠢ ᠰᠡᠷᠭᠡᠶᠢᠯᠡᠬᠦ ︽ | ᠳᠥᠷᠪᠡᠨ ᠤᠷᠢᠳᠴᠢᠯᠠᠬᠤ︾ ᠴᠢᠳᠠᠪᠤᠷᠢ᠂ ᠠᠵᠢᠯᠯᠠᠭᠠᠨ ᠤ ᠬᠠᠮᠢᠶᠠᠷᠤᠯᠲᠠ ᠶᠢᠨ ᠴᠢᠳᠠᠪᠤᠷᠢ᠂ ᠠᠭᠤᠯᠠᠨ ᠦᠶᠡᠷ ᠤᠨ | ᠭᠠᠮᠰᠢᠭ ᠢ ᠰᠡᠷᠭᠡᠶᠢᠯᠡᠨ ᠵᠠᠰᠠᠬᠤ ᠵᠡᠷᠭᠡ ᠲᠠᠯ᠎ᠠ ᠪᠠᠷ ᠪᠠᠭᠤᠷᠠᠶ ᠭᠤᠭᠴᠤᠭ᠎ᠠ ᠪᠠ ᠳᠤᠲᠠᠭᠤᠳᠠᠯ ᠢ ᠪᠥᠬᠦ ᠲᠠᠯ᠎ᠠ ᠪᠠᠷ | ᠡᠷᠢᠵᠦ᠂ ᠤᠰᠤᠨ ᠴᠥᠭᠦᠷᠥᠮ ᠤᠨ ᠦᠶᠡᠷ ᠢ ᠠᠮᠤᠷ ᠲᠦᠪᠰᠢᠨ ᠢᠶᠠᠷ ᠥᠩᠭᠡᠷᠡᠭᠦᠯᠬᠦ ᠶᠢ ᠦᠨᠡᠨ ᠬᠦ ᠪᠠᠲᠤᠯᠠᠬᠤ | ᠬᠡᠷᠡᠭᠲᠡᠶ᠃ ᠨᠢᠭᠡ ᠳᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠢ ᠴᠢᠩᠭᠠᠳᠬᠠᠵᠤ᠂ ᠤᠰᠤᠨ ᠴᠥᠭᠦᠷᠥᠮ ᠤᠨ | ᠶᠡᠭᠡ ᠬᠠᠰᠢᠯᠭ᠎ᠠ ᠶᠢᠨ ᠠᠮᠤᠷ ᠲᠦᠪᠰᠢᠨ ᠤ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ | ᠦᠶᠡᠷ ᠠᠴᠠ ᠡᠮᠦᠨᠡᠬᠢ ᠪᠡᠯᠡᠳᠬᠡᠯ᠂ ᠦᠶᠡᠷ ᠤᠨ ᠬᠤᠭᠤᠴᠠᠭ᠎ᠠ ᠶᠢ ᠠᠷᠭᠠᠴᠠᠬᠤ ᠵᠡᠷᠭᠡ ᠡᠯ᠎ᠡ ᠵᠦᠢᠯ ᠤᠨ ᠰᠡᠷᠭᠡᠶᠢᠯᠡᠬᠦ | ᠠᠷᠭ᠎ᠠ ᠬᠡᠮᠵᠢᠶ᠎ᠡ ᠶᠢ ᠨᠠᠷᠢᠯᠢᠬᠵᠢᠭᠤᠯᠵᠤ᠂ ᠪᠤᠯᠪᠠᠰᠤᠷᠠᠯ ᠪᠠ ᠰᠣᠷᠢᠯᠲᠠ ᠶᠢ ᠴᠢᠩᠭᠠᠳᠬᠠᠬᠤ ᠬᠡᠷᠡᠭᠲᠡᠶ᠃ ᠬᠤᠶᠠᠷ ᠲᠤ᠂ | ᠤᠷᠢᠳᠴᠢᠯᠠᠨ ᠮᠡᠳᠡᠭᠡᠯᠡᠬᠦ᠂ ᠤᠷᠢᠳᠴᠢᠯᠠᠨ ᠰᠡᠷᠡᠮᠵᠢᠯᠡᠭᠦᠯᠬᠦ᠂ ᠤᠷᠢᠳᠴᠢᠯᠠᠨ ᠰᠡᠷᠡᠮᠵᠢᠯᠡᠭᠦᠯᠬᠦ ᠵᠡᠷᠭᠡ ᠠᠷᠭ᠎ᠠ | ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠪᠣᠷᠣᠭᠠᠨ ᠤ ᠤᠰᠤᠨ ᠤ ᠪᠠᠶᠢᠳᠠᠯ ᠢ ᠬᠢᠨᠠᠨ ᠬᠡᠮᠵᠢᠵᠦ ᠤᠷᠢᠳᠴᠢᠯᠠᠨ | ᠮᠡᠳᠡᠭᠡᠯᠡᠬᠦ ᠶᠢ ᠴᠢᠩᠭᠠᠳᠬᠠᠵᠤ᠂ ᠤᠰᠤᠨ ᠴᠥᠭᠦᠷᠥᠮ ᠤᠨ ᠬᠡᠷᠡᠭᠯᠡᠬᠦ ᠴᠠᠭ ᠲᠣᠬᠢᠶᠠᠯ ᠢ ᠰᠢᠨᠵᠢᠯᠡᠬᠦ ᠤᠬᠠᠭᠠᠨᠴᠢ ᠪᠠᠷ | ᠰᠤᠳᠤᠯᠤᠨ ᠮᠠᠭᠠᠳᠯᠠᠵᠤ᠂ ᠦᠶᠡᠷ ᠤᠨ ᠤᠰᠤ ᠶᠢ ᠨᠠᠷᠢᠯᠢᠭ ᠲᠣᠬᠢᠷᠠᠭᠤᠯᠤᠨ ᠡᠵᠡᠮᠳᠡᠵᠦ᠂ ᠰᠡᠷᠭᠡᠶᠢᠯᠡᠯᠲᠡ ᠶᠢᠨ | ᠪᠣᠭᠤᠮᠲᠠ ᠶᠢ ᠤᠷᠤᠭᠰᠢ ᠰᠢᠯᠵᠢᠭᠦᠯᠬᠦ ᠶᠢ ᠪᠡᠶᠡᠯᠡᠭᠦᠯᠬᠦ ᠬᠡᠷᠡᠭᠲᠡᠶ᠃ ᠭᠤᠷᠪᠠ ᠳᠤ᠂ ᠬᠡᠮ ᠰᠣᠭᠤᠭ ᠢ ᠵᠢᠭᠰᠠᠭᠠᠨ | ᠪᠠᠶᠢᠴᠠᠭᠠᠬᠤ ᠪᠠ ᠴᠡᠭᠴᠡᠯᠡᠨ ᠰᠠᠶᠢᠵᠢᠷᠠᠭᠤᠯᠬᠤ ᠶᠢ ᠴᠢᠩᠭᠠᠳᠬᠠᠵᠤ᠂ ᠤᠰᠤᠨ ᠴᠥᠭᠦᠷᠥᠮ ᠤᠨ ᠠᠵᠢᠯᠯᠠᠭᠠᠨ ᠤ | ᠬᠠᠮᠢᠶᠠᠷᠤᠯᠲᠠ ᠶᠢᠨ ᠲᠦᠪᠰᠢᠨ ᠢ ᠳᠡᠭᠡᠭᠰᠢᠯᠡᠭᠦᠯᠵᠦ᠂ ᠦᠶᠡᠷ ᠢ ᠰᠡᠷᠭᠡᠶᠢᠯᠡᠬᠦ ᠲᠣᠬᠢᠷᠠᠭᠤᠯᠤᠯᠲᠠ ᠶᠢᠨ ᠲᠥᠰᠦᠯ ᠢ | ᠪᠣᠳᠠᠲᠠᠶᠢᠵᠢᠭᠤᠯᠵᠤ᠂ ᠦᠶᠡᠷ ᠢ ᠰᠡᠷᠭᠡᠶᠢᠯᠡᠬᠦ ᠪᠣᠳᠠᠲᠤ ᠪᠠᠶᠢᠯᠳᠤᠭᠠᠨ ᠤ ᠬᠡᠷᠡᠭᠴᠡᠭᠡ ᠶᠢ ᠴᠢᠩᠭᠠᠳᠬᠠᠬᠤ ᠬᠡᠷᠡᠭᠲᠡᠶ᠃ | ᠳᠥᠷᠪᠡ ᠳᠤ᠂ ᠤᠰᠤᠨ ᠴᠥᠭᠦᠷᠥᠮ ᠤᠨ ᠠᠶᠤᠯ ᠢ ᠠᠷᠢᠯᠭᠠᠨ ᠪᠠᠬᠢᠵᠢᠭᠦᠯᠬᠦ᠂ ᠠᠮᠤᠷ ᠲᠦᠪᠰᠢᠨ ᠤ ᠬᠢᠨᠠᠨ | ᠲᠣᠭᠲᠠᠭᠠᠯᠲᠠ᠂ ᠡᠳᠦᠷ ᠲᠤᠲᠤᠮ ᠤᠨ ᠬᠠᠮᠠᠭᠠᠯᠠᠯᠲᠠ᠂ ᠠᠮᠤᠷ ᠲᠦᠪᠰᠢᠨ ᠤ ᠪᠠᠲᠤᠯᠠᠭ᠎ᠠ ᠵᠡᠷᠭᠡ ᠠᠵᠢᠯ ᠢ ᠲᠦᠷᠭᠡᠨ | ᠬᠡᠷᠡᠭᠵᠢᠭᠦᠯᠵᠦ᠂ ᠬᠡᠷᠡᠭᠯᠡᠬᠦ ᠶᠢ ᠬᠢᠵᠠᠭᠠᠷᠯᠠᠬᠤ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠤᠨ᠂ ᠡᠮᠵᠡᠭ | ᠠᠶᠤᠯᠲᠠᠶ ᠤᠰᠤᠨ ᠴᠥᠭᠦᠷᠥᠮ ᠢ ᠵᠠᠷᠴᠢᠮ ᠳᠡᠭᠡᠷ᠎ᠡ ᠪᠠᠨ ᠴᠥᠮ ᠬᠤᠭᠤᠰᠣᠨ ᠬᠥᠮᠥᠷᠭᠡ ᠶᠣᠰᠣᠭᠠᠷ ᠠᠵᠢᠯᠯᠠᠭᠤᠯᠬᠤ | ᠬᠡᠷᠡᠭᠲᠡᠶ᠃ | | | | | ᠬᠤᠷᠠᠯ ᠠᠴᠠ ᠱᠠᠭᠠᠷᠳᠠᠬᠤ ᠳᠠᠭᠠᠨ᠂ ᠪᠦᠬᠦ ᠣᠷᠣᠨ ᠤ ᠡᠯ᠎ᠡ ᠱᠠᠲᠤᠨ ᠤ ᠤᠰᠤᠨ ᠠᠰᠢᠭᠯᠠᠯᠲᠠ ᠶᠢᠨ | ᠰᠠᠯᠠᠭ᠎ᠠ ᠮᠥᠴᠢᠷ ᠤᠨ ᠬᠢᠨ ᠠᠶᠤᠯᠭᠦᠢ ᠦᠢᠯᠡᠳᠪᠦᠷᠢᠯᠡᠯ ᠤᠨ ᠤᠯᠤᠰ ᠲᠦᠷᠦ ᠶᠢᠨ ᠬᠠᠷᠢᠭᠤᠴᠠᠯᠭ᠎ᠠ ᠶᠢ ᠡᠷᠡᠰ | ᠡᠭᠦᠷᠭᠡᠯᠡᠵᠦ᠂ ᠠᠶᠤᠯᠭᠦᠢ ᠦᠢᠯᠡᠳᠪᠦᠷᠢᠯᠡᠯ ᠤᠨ ︽ᠠᠷᠪᠠᠨ ᠲᠠᠪᠤᠨ ᠵᠤᠷᠪᠤᠰ ᠬᠠᠲᠠᠭᠤ ᠠᠷᠭ᠎ᠠ ᠬᠡᠮᠵᠢᠶ᠎ᠡ︾ ᠶᠢ | ᠴᠢᠩᠭ᠎ᠠ ᠨᠠᠶᠢᠳᠠᠪᠤᠷᠢᠵᠢᠭᠤᠯᠵᠤ᠂ ᠠᠮᠤᠷ ᠲᠦᠪᠰᠢᠨ ᠤ ᠰᠡᠷᠭᠡᠶᠢᠯᠡᠯᠲᠡ ᠶᠢᠨ ᠡᠯ᠎ᠡ ᠵᠦᠢᠯ ᠤᠨ ᠠᠵᠢᠯ ᠢ ᠰᠠᠶᠢᠲᠤᠷ | ᠬᠢᠵᠦ᠂ ᠦᠢᠯᠡᠳᠪᠦᠷᠢᠯᠡᠯ ᠤᠨ ᠠᠮᠤᠷ ᠲᠦᠪᠰᠢᠨ ᠤ ᠠᠳᠡᠯ ᠢ ᠡᠷᠡᠰ ᠬᠤᠷᠢᠭᠯᠠᠨ᠎ᠠ᠃ ᠨᠢᠭᠡ ᠳᠤ᠂ ᠬᠦᠨᠳᠦ ᠶᠡᠭᠡ | ᠠᠮᠤᠷ ᠲᠦᠪᠰᠢᠨ ᠤ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠶᠢ ᠴᠢᠬᠤᠯᠠ ᠶᠡᠭᠡ ᠤᠯᠤᠰ ᠲᠦᠷᠦ ᠶᠢᠨ | ᠡᠭᠦᠷᠭᠡ ᠪᠣᠯᠭᠠᠵᠤ᠂ ᠤᠰᠤᠨ ᠠᠰᠢᠭᠯᠠᠯᠲᠠ ᠶᠢᠨ ᠠᠮᠤᠷ ᠲᠦᠪᠰᠢᠨ ᠤ ᠠᠶᠤᠯ ᠲᠦᠭᠰᠢᠭᠦᠷᠢ ᠶᠢᠨ ᠭᠡᠮ ᠰᠣᠭᠤᠭ ᠢ | ᠡᠷᠢᠬᠦ᠂ ᠰᠤᠳᠤᠯᠤᠨ ᠮᠠᠭᠠᠳᠯᠠᠬᠤ᠂ ᠤᠷᠢᠳᠴᠢᠯᠠᠨ ᠰᠡᠷᠡᠮᠵᠢᠯᠡᠭᠦᠯᠬᠦ᠂ ᠰᠡᠷᠭᠡᠶᠢᠯᠡᠬᠦ᠂ ᠰᠢᠢᠳᠪᠦᠷᠢᠯᠡᠬᠦ᠂ | ᠬᠠᠷᠢᠭᠤᠴᠠᠯᠭ᠎ᠠ᠂ ︽ᠵᠢᠷᠭᠤᠭᠠᠨ ᠵᠦᠢᠯ ᠤᠨ ᠲᠣᠭᠲᠠᠴᠠ︾ ᠶᠢ ᠲᠡᠷᠡ ᠬᠡᠪ ᠢᠶᠠᠷ ᠨᠢ ᠰᠠᠶᠢᠲᠤᠷ | ᠨᠠᠶᠢᠳᠠᠪᠤᠷᠢᠵᠢᠭᠤᠯᠤᠨ᠎ᠠ᠃ ᠬᠤᠶᠠᠷ ᠲᠤ᠂ ᠪᠥᠬᠦ ᠣᠷᠣᠨ ᠤ ᠤᠰᠤᠨ ᠠᠰᠢᠭᠯᠠᠯᠲᠠ ᠶᠢᠨ ᠬᠦᠨᠳᠦ ᠶᠡᠭᠡ ᠠᠳᠡᠯ ᠤᠨ | ᠳᠠᠯᠳᠠ ᠬᠡᠮ ᠢ ᠲᠤᠰᠬᠠᠶ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯᠯᠠᠭ᠎ᠠ ᠶᠢ ᠯᠠᠪᠳᠠᠭᠤᠨ ᠪᠠᠲᠤᠲᠠᠶ | ᠥᠷᠨᠢᠭᠦᠯᠵᠦ᠂ ᠬᠠᠤᠯᠢ ᠪᠤᠰᠤ ᠪᠠᠷ ᠲᠣᠭᠲᠠᠭᠠᠯ ᠠᠴᠠ ᠵᠥᠷᠢᠴᠡᠭᠰᠡᠨ ᠠᠰᠠᠭᠤᠳᠠᠯ ᠢ ᠴᠠᠭ ᠲᠤᠬᠠᠶ ᠳᠤ ᠨᠢ | ᠢᠯᠡᠷᠡᠭᠦᠯᠬᠦ ᠶᠢᠨ ᠬᠠᠮᠲᠤ ᠪᠠᠶᠢᠴᠠᠭᠠᠨ ᠰᠢᠢᠳᠪᠦᠷᠢᠯᠡᠵᠦ᠂ ᠠᠶᠤᠯᠭᠦᠢ ᠦᠢᠯᠡᠳᠪᠦᠷᠢᠯᠡᠯ ᠤᠨ ᠬᠢᠨᠠᠯᠲᠠ | ᠬᠠᠮᠢᠶᠠᠷᠤᠯᠲᠠ ᠶᠢᠨ ︽ᠠᠭᠤᠵᠢᠭᠤ ᠰᠤᠯᠠ ᠵᠥᠭᠡᠯᠡᠨ︾ ᠪᠠᠶᠢᠬᠤ ᠠᠰᠠᠭᠤᠳᠠᠯ ᠢ ᠴᠡᠭᠴᠡᠯᠡᠨ ᠵᠠᠰᠠᠨ᠎ᠠ᠃ | ᠭᠤᠷᠪᠠ ᠳᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠦᠨᠡᠨ ᠬᠦ ᠰᠠᠶᠢᠲᠤᠷ ᠠᠳᠬᠤᠵᠤ᠂ ᠪᠠᠶᠢᠴᠠᠭᠠᠵᠤ | ᠢᠯᠡᠷᠡᠭᠦᠯᠦᠭᠰᠡᠨ ᠬᠦᠨᠳᠦ ᠶᠡᠭᠡ ᠠᠮᠤᠷ ᠲᠦᠪᠰᠢᠨ ᠤ ᠭᠡᠮ ᠰᠣᠭᠤᠭ᠂ ᠠᠮᠤᠷ ᠲᠦᠪᠰᠢᠨ ᠤ ᠠᠰᠠᠭᠤᠳᠠᠯ ᠢ | ᠬᠤᠭᠤᠴᠠᠭ᠎ᠠ ᠬᠡᠲᠦᠷᠡᠲᠡᠯ᠎ᠡ ᠴᠡᠭᠴᠡᠯᠡᠨ ᠰᠠᠶᠢᠵᠢᠷᠠᠭᠤᠯᠤᠭᠰᠠᠨ ᠦᠭᠡᠢ ᠵᠡᠷᠭᠡ ᠬᠠᠤᠯᠢ ᠲᠣᠭᠲᠠᠭᠠᠯ ᠠᠴᠠ ᠵᠥᠷᠢᠴᠡᠭᠰᠡᠨ | ᠠᠰᠠᠭᠤᠳᠠᠯ ᠠᠴᠠ ᠬᠠᠷᠢᠭᠤᠴᠠᠯᠭ᠎ᠠ ᠨᠡᠬᠡᠮᠵᠢᠯᠡᠬᠦ ᠡᠷᠴᠢᠮ ᠢᠶᠠᠨ ᠴᠢᠩᠭᠠᠷᠠᠭᠤᠯᠤᠨ᠎ᠠ ᠭᠡᠵᠡᠢ᠃ | ᠬᠤᠷᠠᠯ ᠠᠴᠠ ᠪᠠᠰᠠ ᠡᠨᠡ ᠵᠢᠯ ᠤᠨ ᠤᠰᠤᠨ ᠠᠰᠢᠭᠯᠠᠯᠲᠠ ᠶᠢᠨ ᠠᠶᠤᠯᠭᠦᠢ ᠦᠢᠯᠡᠳᠪᠦᠷᠢᠯᠡᠯ ᠤᠨ ᠰᠠᠷ᠎ᠠ ᠶᠢᠨ | ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃ | ᠬᠤᠷᠠᠯ ᠢ ᠸᠢᠳᠢᠤ᠋ ᠬᠡᠯᠪᠡᠷᠢ ᠪᠠᠷ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠤᠰᠤᠨ | ᠠᠰᠢᠭᠯᠠᠯᠲᠠ ᠶᠢᠨ ᠲᠢᠩᠬᠢᠮ ᠤᠨ ᠬᠠᠮᠢᠶ᠎ᠠ ᠪᠥᠬᠦᠶ ᠠᠯᠪᠠᠨ ᠭᠡᠷ᠂ ᠬᠥᠬᠡᠬᠤᠲᠠ ᠳᠤ ᠰᠠᠭᠤᠭ᠎ᠠ ᠡᠯ᠎ᠡ ᠰᠢᠭᠤᠳ | ᠬᠠᠷᠢᠶ᠎ᠠ ᠨᠢᠭᠡᠴᠢ ᠶᠢᠨ ᠭᠤᠤᠯ ᠬᠠᠷᠢᠭᠤᠴᠠᠯᠭᠠᠲᠠᠨ ᠨᠥᠬᠦᠳ ᠭᠤᠤᠯ ᠬᠤᠷᠠᠯ ᠤᠨ ᠲᠠᠯᠠᠪᠠᠶ ᠳᠤ ᠡᠯ᠎ᠡ ᠠᠶᠢᠮᠠᠭ | ᠬᠤᠲᠠ ᠶᠢᠨ ᠤᠰᠤᠨ ᠠᠰᠢᠭᠯᠠᠯᠲᠠ ︵ᠤᠰᠤᠨ ᠤ ᠶᠠᠪᠤᠳᠠᠯ︶ ᠶᠢᠨ ᠲᠣᠪᠴᠢᠶ᠎ᠠ ᠶᠢᠨ ᠭᠤᠤᠯ ᠬᠠᠷᠢᠭᠤᠴᠠᠯᠭᠠᠲᠠᠨ ᠨᠠᠷ | ᠬᠤᠪᠢᠶᠠᠷᠢ ᠬᠤᠷᠠᠯ ᠤᠨ ᠲᠠᠯᠠᠪᠠᠶ ᠳᠤ ᠬᠤᠷᠠᠯ ᠳᠤ ᠣᠷᠣᠯᠴᠠᠪᠠ᠃ | ︵ᠠᠵᠢᠯᠯᠠᠭᠠᠨ ᠤ ᠬᠠᠮᠢᠶᠠᠷᠤᠯᠲᠠ ᠶᠢᠨ ᠬᠢᠨᠠᠯᠲᠠ ᠲᠠᠯᠪᠢᠬᠤ ᠭᠠᠵᠠᠷ ᠡᠬᠡ ᠪᠢᠴᠢᠭ ᠬᠠᠩᠭᠠᠪᠠ︶ | |