ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠠᠵᠢᠯ ᠠᠴᠠ ᠪᠠᠨ ᠠᠮᠠᠷᠠᠭᠰᠠᠨ ᠨᠠᠮ ᠤᠨ ᠭᠡᠰᠢᠭᠦᠨ ᠢ ᠵᠣᠬᠢᠶᠠᠨ ᠪᠠᠶᠢᠭᠤᠯᠵᠤ ᠭᠤᠤᠯ ᠰᠡᠳᠦᠪᠲᠦ ᠬᠥᠮᠦᠵᠢᠯ ᠤᠨ ᠲᠥᠪᠯᠡᠷᠡᠩᠭᠦᠶ ᠰᠤᠷᠤᠯᠴᠠᠯᠭ᠎ᠠ ᠪᠠ ᠶᠠᠷᠢᠯᠴᠠᠭ᠎ᠠ ᠰᠤᠯᠢᠯᠴᠠᠭ᠎ᠠ ᠦᠷᠨᠢᠭᠦᠯᠪᠡ
ᠨᠡᠶᠢᠲᠡᠯᠡᠭᠰᠡᠨ ᠴᠠᠭ᠄
2023/5/19
  ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠤᠬᠠᠭᠤᠯᠵᠤ ᠲᠤᠭᠤᠰᠢᠯᠠᠭᠤᠯᠤᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠢ ᠯᠠᠪᠳᠠᠭᠤᠨ ᠪᠠᠲᠤᠲᠠᠢ ᠥᠷᠨᠢᠭᠦᠯᠬᠦ ᠶᠢᠨ ᠲᠥᠯᠥᠭᠡ᠂ 5 ᠳ᠋ᠤᠭᠠᠷ ᠰᠠᠷ᠎ᠠ ᠶᠢᠨ 19 ᠤ ᠡᠳᠦᠷ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠠᠵᠢᠯ ᠠᠴᠠ ᠪᠠᠨ ᠠᠮᠠᠷᠠᠭᠰᠠᠨ ᠠᠬᠠᠮᠠᠳ ᠨᠠᠮ ᠤᠨ ᠭᠡᠰᠢᠭᠦᠨ ᠢ ᠵᠣᠬᠢᠶᠠᠨ ᠪᠠᠶᠢᠭᠤᠯᠵᠤ ᠲᠥᠪᠯᠡᠷᠡᠭᠦᠯᠦᠨ ᠰᠤᠷᠤᠯᠴᠠᠬᠤ ᠪᠠ ᠶᠠᠷᠢᠯᠴᠠᠭ᠎ᠠ ᠰᠤᠯᠢᠯᠴᠠᠭ᠎ᠠ ᠥᠷᠨᠢᠭᠦᠯᠪᠡ᠃
座谈交流.jpg
  ᠬᠤᠷᠠᠯ ᠳᠡᠭᠡᠷ᠎ᠡ ︽ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠬᠤ ᠬᠥᠲᠥᠯᠪᠦᠷᠢ ︵2023 ᠣᠨ ᠤ ᠬᠡᠪᠯᠡᠯ︶︾᠂ ︽ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠲᠤᠰᠬᠠᠢ ᠰᠡᠳᠦᠪᠲᠦ ᠲᠡᠭᠦᠪᠦᠷᠢ︾᠂ ︽ᠰᠢ ᠶᠢᠨ ᠫᠢᠩ ᠤᠨ ᠵᠣᠬᠢᠶᠠᠯ ᠤᠨ ᠰᠣᠩᠭᠤᠮᠠᠯ︾᠂ ︽ᠨᠠᠮ ᠤᠨ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠲᠤᠬᠠᠢ ᠥᠭᠦᠯᠡᠬᠦ ᠨᠢ︾ ᠭᠡᠬᠦ ᠬᠤᠯᠪᠣᠭᠳᠠᠯ ᠪᠦᠬᠦᠢ ᠵᠣᠬᠢᠶᠠᠯ ᠢ ᠲᠥᠪᠯᠡᠷᠡᠭᠦᠯᠦᠨ ᠰᠤᠷᠤᠯᠴᠠᠵᠤ᠂ ᠥᠪᠡᠷᠲᠡᠭᠡᠨ ᠵᠠᠰᠠᠬᠤ ᠣᠷᠣᠨ᠂ ᠤᠰᠤᠨ ᠠᠰᠢᠭᠯᠠᠯᠲᠠ ᠶᠢᠨ ᠲᠢᠩᠬᠢᠮ ᠤᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠭᠤᠣᠯ ᠰᠡᠳᠦᠪᠲᠦ ᠬᠥᠮᠦᠵᠢᠯ ᠤᠨ ᠠᠵᠢᠯ ᠤᠨ ᠬᠤᠷᠠᠯ ᠵᠢᠴᠢ ᠪᠦᠬᠦ ᠣᠷᠣᠨ ᠤ ᠠᠬᠠᠮᠠᠳ ᠺᠠᠳ᠋ᠷ ᠤᠨ ᠠᠵᠢᠯ ᠤᠨ ᠲᠡᠷᠢᠭᠦᠨ ᠤ ᠬᠠᠮᠲᠤ ᠪᠣᠯᠤᠨ ᠲᠡᠷᠢᠭᠦᠨ ᠤ ᠬᠤᠪᠢ ᠬᠥᠮᠦᠨ ᠢ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠪᠣᠯᠤᠨ ᠪᠦᠬᠦ ᠣᠷᠣᠨ ᠤ ᠠᠬᠠᠮᠠᠳ ᠺᠠᠳ᠋ᠷ ᠤᠨ ᠲᠤᠪᠴᠢᠶ᠎ᠠ ︵ᠠᠯᠪᠠᠨ︶ ᠶᠢᠨ ᠳᠠᠷᠤᠭ᠎ᠠ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃  ᠶᠠᠷᠢᠯᠴᠠᠬᠤ ᠬᠤᠷᠠᠯ ᠳᠡᠭᠡᠷ᠎ᠡ᠂ ᠣᠯᠠᠨ ᠢᠶᠠᠷ ᠢᠶᠠᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠤᠯ ᠰᠡᠳᠦᠪᠲᠦ ᠬᠥᠮᠦᠵᠢᠯ ᠤᠨ ᠴᠢᠬᠤᠯᠠ ᠠᠴᠢ ᠬᠤᠯᠪᠣᠭᠳᠠᠯ ᠤᠨ ᠲᠤᠬᠠᠶ ᠲᠠᠨᠢᠯᠲᠠ ᠪᠠᠨ ᠠᠭᠤᠵᠢᠷᠠᠲᠠᠯ᠎ᠠ ᠶᠠᠷᠢᠯᠴᠠᠵᠤ᠂ ᠠᠬᠠᠮᠠᠳ ᠺᠠᠳ᠋ᠷᠴᠤᠳ ᠤᠨ ᠠᠵᠢᠯᠯᠠᠭᠠᠨ ᠤ ᠲᠥᠪ ᠤᠨ ᠦᠵᠡᠯ ᠰᠠᠨᠠᠭ᠎ᠠ ᠤᠯᠤᠰ ᠲᠥᠷᠥ ᠶᠢᠨ ᠬᠥᠮᠦᠵᠢᠯ ᠤᠨ ᠵᠢᠭᠰᠠᠭᠠᠯ ᠤᠨ ᠭᠠᠵᠠᠷ ᠤᠨ ᠪᠠᠶᠢᠭᠤᠯᠤᠯᠲᠠ ᠵᠡᠷᠭᠡ ᠶᠢᠨ ᠲᠤᠬᠠᠶ ᠰᠠᠨᠠᠯ ᠰᠠᠨᠠᠭᠤᠯᠭ᠎ᠠ ᠳᠤᠷᠠᠳᠪᠠ᠃ ᠠᠵᠢᠯ ᠠᠴᠠ ᠪᠠᠨ ᠠᠮᠠᠷᠠᠭᠰᠠᠨ ᠠᠬᠠᠮᠠᠳ ᠺᠠᠳ᠋ᠷᠴᠤᠳ᠂ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠠᠵᠢᠯ ᠠᠴᠠ ᠪᠠᠨ ᠠᠮᠠᠷᠠᠭᠰᠠᠨ ᠠᠬᠠᠮᠠᠳ ᠺᠠᠳ᠋ᠷ ᠤᠨ ᠰᠠᠨᠠᠯ ᠳᠤᠷᠠᠳᠬᠤ ᠣᠪᠣᠷ ᠪᠠ ᠰᠤᠷᠲᠠᠯ ᠢ ᠭᠦᠢᠴᠡᠳ ᠨᠤᠲᠠᠯᠠᠵᠠᠢ︔ ᠭᠤᠤᠯ ᠰᠡᠳᠦᠪᠲᠦ ᠬᠥᠮᠦᠵᠢᠯ ᠤᠨ ᠳᠤᠮᠳᠠ ᠣᠯᠠᠨ ᠶᠠᠩᠵᠤ ᠬᠡᠯᠪᠡᠷᠢ ᠶᠢᠨ ᠰᠤᠷᠤᠯᠴᠠᠬᠤ ᠠᠵᠢᠯᠯᠠᠭ᠎ᠠ ᠥᠷᠨᠢᠭᠦᠯᠬᠦ ᠶᠢ ᠰᠠᠨᠠᠭᠠᠴᠢᠯᠠᠵᠤ᠂ ᠠᠬᠠᠮᠠᠳ ᠺᠠᠳ᠋ᠷ ᠤᠨ ᠰᠤᠷᠤᠯᠴᠠᠯᠭ᠎ᠠ ᠬᠥᠮᠦᠵᠢᠯ ᠢ ᠴᠢᠩᠭᠠᠳᠬᠠᠵᠤ᠂ ᠭᠤᠤᠯ ᠰᠡᠳᠦᠪᠲᠦ ᠬᠥᠮᠦᠵᠢᠯ ᠤᠨ ᠭᠦᠨᠵᠡᠭᠡᠶᠢᠷᠡᠨ ᠪᠣᠳᠠᠲᠠᠶᠢᠵᠢᠬᠤ ᠶᠢ ᠠᠬᠢᠭᠤᠯᠤᠨ᠎ᠠ ᠭᠡᠵᠦ ᠢᠯᠡᠳᠬᠡᠵᠡᠭᠡᠪᠡ᠃︵ ᠠᠵᠢᠯ ᠠᠴᠠ ᠪᠠᠨ ᠠᠮᠠᠷᠠᠭᠰᠠᠳ ᠤᠨ ᠠᠵᠢᠯ ᠤᠨ ᠭᠠᠵᠠᠷ ᠡᠬᠡ ᠪᠢᠴᠢᠭ ᠬᠠᠩᠭᠠᠪᠠ︶ 
 
ᠢᠷᠡᠯᠲᠡ᠄ ᠦᠪᠤᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠣᠰᠣᠨ ᠠᠰᠢᠠᠠᠯᠠᠯᠳᠡ ᠶᠢᠨ ᠳᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号