ᠯᠢᠦ ᠸᠧᠢ ᠫᠢᠩ ᠲᠠᠪᠤᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠪᠠᠷᠠᠭᠤᠨ ᠣᠷᠣᠨ ᠤ ᠤᠯᠠᠨ ᠤᠯᠤᠰ ᠤᠨ ᠪᠡᠯᠡ ᠣᠷᠣᠭᠤᠯᠤᠯᠲᠠ ᠠᠷᠠᠯᠵᠢᠶᠠᠨ ᠤ ᠵᠥᠪᠳᠡᠯᠴᠡᠬᠡᠷ ᠤᠨ ᠬᠤᠷᠠᠯ ᠳᠤ ᠣᠷᠣᠯᠴᠠᠪᠠ
ᠨᠡᠶᠢᠲᠡᠯᠡᠭᠰᠡᠨ ᠴᠠᠭ᠄
2023/5/19
  5 ᠳ᠋ᠤᠭᠠᠷ ᠰᠠᠷ᠎ᠠ ᠶᠢᠨ 18 ᠤ ᠡᠳᠦᠷ᠂ ᠲᠠᠪᠤᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠪᠠᠷᠠᠭᠤᠨ ᠣᠷᠣᠨ ᠤ ᠣᠯᠠᠨ ᠤᠯᠤᠰ ᠤᠨ ᠪᠠᠯᠠ ᠣᠷᠣᠭᠤᠯᠤᠯᠲᠠ ᠠᠷᠠᠯᠵᠢᠶᠠᠨ ᠤ ᠵᠥᠪᠳᠡᠯᠴᠡᠬᠡᠷ ᠤᠨ ᠬᠤᠷᠠᠯ ᠴᠦᠩᠴᠢᠩ ᠳᠤ ᠡᠬᠢᠯᠡᠪᠡ᠃ ᠲᠣᠰ ᠬᠤᠭᠤᠴᠠᠭᠠᠨ ᠤ ᠪᠠᠷᠠᠭᠤᠨᠳᠠᠬᠢ ᠠᠵᠤ ᠠᠬᠤᠶ ᠶᠢᠨ ᠵᠥᠪᠳᠡᠯᠴᠡᠬᠡᠷ ᠤᠨ ᠬᠤᠷᠠᠯ ᠢ ᠬᠤᠳᠠᠯᠳᠤᠭᠠᠨ ᠤ ᠶᠠᠪᠤᠳᠠᠯ ᠤᠨ ᠶᠠᠮᠤᠨ᠂ ᠤᠰᠤᠨ ᠠᠰᠢᠭᠯᠠᠯᠲᠠ ᠶᠢᠨ ᠶᠠᠮᠤᠨ᠂ ᠲᠥᠷᠥ ᠶᠢᠨ ᠶᠠᠪᠤᠳᠠᠯ ᠤᠨ ᠬᠤᠷᠢᠶᠠᠨ ᠤ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ᠂ ᠳᠤᠮᠳᠠᠳᠤ ᠤᠯᠤᠰ ᠤᠨ ᠬᠠᠷᠢᠶᠠᠲᠤ ᠨᠠᠷ ᠤᠨ ᠬᠤᠯᠪᠣᠭ᠎ᠠ᠂ ᠳᠤᠮᠳᠠᠳᠤ ᠤᠯᠤᠰ ᠤᠨ ᠠᠷᠠᠯᠵᠢᠶ᠎ᠠ ᠶᠢ ᠠᠬᠢᠭᠤᠯᠬᠤ ᠵᠥᠪᠯᠡᠯ᠂ ᠴᠦᠩᠴᠢᠩ ᠬᠤᠲᠠ ᠶᠢᠨ ᠠᠷᠠᠳ ᠤᠨ ᠵᠠᠰᠠᠭ ᠤᠨ ᠣᠷᠳᠣᠨ ᠠᠴᠠ ᠬᠠᠮᠲᠤᠷᠠᠨ ᠡᠷᠭᠢᠯᠡᠵᠦ᠂ ᠳᠡᠳ᠋ ᠰᠠᠶᠢᠳ ᠯᠢᠦ ᠸᠧᠶ ᠫᠢᠩ ᠤᠰᠤᠨ ᠠᠰᠢᠭᠯᠠᠯᠲᠠ ᠶᠢᠨ ᠶᠠᠮᠤᠨ ᠢ ᠲᠥᠯᠥᠭᠡᠯᠡᠨ ᠡᠬᠢᠯᠡᠯᠲᠡ ᠶᠢᠨ ᠶᠣᠰᠣᠯᠠᠯ᠂ 2023 ᠣᠨ ᠤ ᠲᠡᠯᠡᠶ ᠬᠠᠭᠤᠷᠠᠶ ᠶᠢᠨ ᠰᠢᠨ᠎ᠡ ᠵᠠᠮ ᠤᠨ ᠣᠯᠠᠨ ᠤᠯᠤᠰ ᠤᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠵᠡᠷᠭᠡ ᠬᠠᠮᠢᠶ᠎ᠠ ᠪᠥᠬᠦᠶ ᠠᠵᠢᠯᠯᠠᠭ᠎ᠠ ᠳᠤ ᠣᠷᠣᠯᠴᠠᠪᠠ᠃  ᠲᠤᠰ ᠬᠤᠭᠤᠴᠠᠭᠠᠨ ᠤ ᠪᠠᠷᠠᠭᠤᠨ ᠣᠷᠣᠨ ᠤ ᠵᠥᠪᠳᠡᠯᠴᠡᠬᠡᠷ ᠤᠨ ᠬᠤᠷᠠᠯ ᠨᠢ ᠨᠡᠬᠡᠬᠡᠯᠳᠡ ᠬᠢᠬᠦ ᠪᠠᠷ ᠭᠤᠣᠯ ᠪᠣᠯᠭᠠᠵᠤ᠂ ︽ᠪᠠᠷᠠᠭᠤᠨ ᠣᠷᠣᠨ ᠳᠤ ᠬᠦᠷᠴᠦ᠂ ᠢᠷᠡᠭᠡᠳᠦᠢ ᠪᠠᠨ ᠶᠠᠷᠢᠯᠴᠠᠶ᠎ᠠ︾ ᠭᠡᠬᠦ ᠰᠡᠳᠦᠪ ᠢᠶᠠᠷ ᠬᠤᠷᠠᠯ ᠤᠨ ᠭᠤᠣᠯ ᠠᠭᠤᠯᠭ᠎ᠠ ᠪᠤᠯᠭᠠᠵᠦ᠂ ︽ᠲᠣᠭᠠᠴᠢᠯᠠᠯᠲᠠ ᠪᠠᠷ ᠳᠣᠲᠣᠭᠠᠳᠤ ᠬᠠᠭᠤᠷᠠᠢ ᠶᠢᠨ ᠨᠡᠬᠡᠬᠡᠯᠳᠡ ᠬᠢᠵᠦ ᠰᠢᠨ᠎ᠡ ᠶᠢ ᠡᠭᠦᠳᠬᠦ ᠬᠥᠭᠵᠢᠯᠲᠡ ᠶᠢ ᠬᠦᠳᠦᠯᠥᠨ ᠳᠠᠭᠠᠭᠤᠯᠤᠶ᠎ᠠ︾  ᠰᠡᠳᠦᠪ ᠢᠶᠠᠷ ᠣᠨ ᠤ ᠭᠤᠣᠯ  ᠠᠭᠤᠯᠭ᠎ᠠ ᠪᠣᠯᠭᠠᠵᠤ᠂ ᠨᠡᠬᠡᠬᠡᠯᠳᠡ ᠬᠢᠵᠦ ᠰᠢᠨ᠎ᠡ ᠶᠢ ᠡᠭᠦᠳᠬᠦ ᠳᠤᠮᠳᠠᠬᠢ ᠲᠣᠭᠠᠴᠢᠯᠠᠯᠲᠠ ᠬᠢᠬᠦ ᠬᠡᠯᠪᠡᠷᠢ ᠪᠠᠨ ᠬᠤᠪᠢᠷᠠᠭᠤᠯᠤᠭᠰᠠᠨ ᠦᠷ᠎ᠡ ᠪᠦᠲᠦᠭᠡᠯ ᠢ ᠳᠤᠪᠤᠶᠢᠯᠭᠠᠨ ᠳᠡᠯᠭᠡᠨ ᠦᠵᠡᠭᠦᠯᠦᠨ᠎ᠡ᠂ ᠭᠤᠣᠯᠳᠠᠭᠤ ᠭᠤᠣᠯ ᠰᠡᠳᠦᠪᠲᠦ ᠠᠵᠢᠯᠯᠠᠭ᠎ᠠ ᠪᠣᠯᠤᠨ ᠭᠤᠣᠯ ᠰᠡᠳᠦᠪᠲᠦ  ᠦᠵᠡᠭᠦᠯᠭᠡ ᠭᠡᠬᠦ ᠬᠤᠶᠠᠷ ᠶᠡᠭᠡ ᠬᠡᠰᠡᠭ ᠢ ᠪᠠᠭᠲᠠᠭᠠᠨ᠎ᠠ᠃ ᠬᠤᠷᠠᠯ ᠠᠴᠠ 40 ᠭᠠᠷᠣᠢ ᠤᠯᠤᠰ ᠪᠠ ᠭᠠᠵᠠᠷ ᠣᠷᠣᠨ᠂ ᠤᠯᠤᠰ ᠤᠨ ᠳᠣᠲᠣᠭᠠᠳᠤ ᠶᠢᠨ 29 ᠮᠤᠵᠢ ︵ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ︶᠂ 2 ᠣᠨᠴᠠᠭᠠᠶ ᠵᠠᠰᠠᠭ ᠵᠠᠬᠢᠷᠭᠠᠨ ᠤ ᠣᠷᠣᠨ ᠤ 900 ᠭᠠᠷᠤᠶ ᠠᠵᠤ ᠠᠬᠤᠶᠢᠯᠠᠯ ᠪᠣᠯᠤᠨ 186 ᠴᠢᠬᠤᠯᠠ ᠵᠣᠴᠢᠳ ᠢ ᠤᠷᠢᠵᠤ ᠣᠷᠣᠯᠴᠠᠭᠤᠯᠤᠨ᠂ ᠨᠡᠭᠡᠭᠡᠯᠲᠡ ᠶᠢᠨ ᠦᠪᠡᠳᠡᠭᠰᠢ ᠳᠠᠶᠢᠯᠠᠯᠭ᠎ᠠ ᠶᠢ ᠬᠠᠮᠲᠤ ᠪᠠᠷ ᠡᠳ᠋ᠯᠡᠵᠦ᠂ ᠰᠢᠨ᠎ᠡ ᠬᠠᠨᠳᠤᠰᠢ ᠶᠢ ᠰᠤᠳᠤᠯᠤᠨ ᠶᠠᠷᠢᠯᠴᠠᠵᠤ᠂ ᠰᠢᠨ᠎ᠡ ᠠᠴᠢᠶᠠᠯᠠᠪᠤᠷᠢ ᠳᠤ ᠠᠩᠬᠠᠷᠤᠯ ᠢᠶᠠᠨ ᠲᠥᠪᠯᠡᠷᠡᠭᠦᠯᠦᠨ᠂ ᠰᠢᠨ᠎ᠡ ᠬᠦᠷᠢᠶᠡᠨ ᠳᠤ ᠠᠩᠬᠠᠷᠤᠯ ᠢᠶᠠᠨ ᠲᠥᠪᠯᠡᠷᠡᠭᠦᠯᠵᠦ᠂ ᠪᠥᠬᠦ ᠪᠥᠮᠪᠥᠷᠴᠡᠭ ᠤᠨ ᠪᠠᠯᠠ ᠣᠷᠣᠭᠤᠯᠤᠯᠲᠠ ᠠᠷᠠᠯᠵᠢᠶ᠎ᠠ ᠬᠢᠭᠡᠳ ᠬᠠᠮᠲᠤᠷᠠᠯᠴᠠᠭ᠎ᠠ ᠶᠢ ᠠᠬᠢᠭᠤᠯᠤᠨ᠂ ᠪᠠᠷᠠᠭᠤᠨ ᠣᠷᠣᠨ ᠤ ᠳᠣᠲᠣᠭᠠᠳᠤ ᠬᠠᠭᠤᠷᠠᠶ ᠶᠢᠨ ᠨᠡᠭᠡᠭᠡᠯᠲᠡ ᠶᠢ ᠲᠦᠷᠭᠡᠳᠬᠡᠵᠦ᠂ ᠴᠦᠩᠴᠢᠩ ᠤᠨ ᠴᠢᠨᠠᠷ ᠰᠠᠶᠢᠲᠠᠶ ᠬᠥᠭᠵᠢᠯᠲᠡ ᠳᠤ ᠬᠦᠴᠦᠨ ᠨᠡᠮᠡᠷᠢᠯᠡᠪᠡ᠃ ᠪᠠᠷᠠᠭᠤᠨ ᠣᠷᠣᠨ ᠤ ᠵᠥᠪᠳᠡᠯᠴᠡᠬᠡᠷ ᠤᠨ ᠬᠤᠷᠠᠯ ᠡᠬᠢᠯᠡᠭᠰᠡᠨ ᠲᠤᠬᠠᠶ ᠶᠢᠨ ᠡᠳᠦᠷ᠂ ᠵᠡᠷᠭᠡ ᠪᠠᠷ ᠡᠬᠢᠯᠡᠭᠰᠡᠨ 2023 ᠣᠨ ᠤ ᠳᠠᠯᠠᠢ ᠬᠠᠭᠤᠷᠠᠶ ᠶᠢᠨ ᠰᠢᠨ᠎ᠡ ᠨᠡᠪᠲᠡᠷᠡᠬᠦ ᠵᠠᠮ ᠤᠨ ᠣᠯᠠᠨ ᠤᠯᠤᠰ ᠤᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠳᠡᠭᠡᠷ᠎ᠡ᠂ ᠤᠯᠤᠰ ᠤᠨ ᠳᠣᠲᠣᠭᠠᠳᠤ ᠭᠠᠳᠠᠭᠠᠳᠤ ᠶᠢᠨ ᠵᠣᠴᠢᠳ ᠳᠠᠯᠠᠢ ᠬᠠᠭᠤᠷᠠᠶ ᠶᠢᠨ ᠰᠢᠨ᠎ᠡ ᠨᠡᠪᠲᠡᠷᠡᠬᠦ ᠵᠠᠮ ᠤᠨ ᠬᠥᠭᠵᠢᠯᠲᠡ ᠶᠢᠨ ᠰᠢᠨ᠎ᠡ ᠬᠠᠨᠳᠤᠰᠢ ᠪᠣᠯᠤᠨ ᠰᠢᠨ᠎ᠡ ᠣᠨᠴᠠᠯᠢᠭ ᠢ ᠦᠨᠳᠦᠰᠦᠯᠡᠨ᠂ ᠣᠨ ᠤ ᠭᠤᠤᠯ ᠰᠡᠳᠦᠪ ᠤᠨ ᠲᠣᠭᠤᠷᠢᠨ ᠳᠤ ︽ᠲᠣᠭᠠᠴᠢᠯᠠᠯᠲᠠ ᠪᠠᠷ ᠳᠠᠯᠠᠢ ᠬᠠᠭᠤᠷᠠᠶ ᠶᠢᠨ ᠰᠢᠨ᠎ᠡ ᠨᠡᠪᠲᠡᠷᠡᠬᠦ ᠵᠠᠮ ᠤᠨ ᠬᠥᠭᠵᠢᠯᠲᠡ ᠶᠢ ᠬᠥᠲᠥᠯᠥᠨ ᠳᠠᠭᠠᠭᠤᠯᠬᠤ︾ ᠲᠤᠬᠠᠶ ᠭᠦᠨᠵᠡᠭᠡᠶ ᠰᠤᠳᠤᠯᠤᠨ ᠶᠠᠷᠢᠯᠴᠠᠭᠰᠠᠨ ᠪᠥᠭᠡᠳ 2022 ᠣᠨ ᠤ ᠪᠠᠷᠠᠭᠤᠨ ᠬᠡᠰᠡᠭ ᠤᠨ ᠳᠠᠯᠠᠢ ᠬᠠᠭᠤᠷᠠᠶ ᠶᠢᠨ ᠰᠢᠨ᠎ᠡ ᠨᠡᠪᠲᠡᠷᠡᠬᠦ ᠵᠠᠮ ᠤᠨ ᠬᠥᠭᠵᠢᠯᠲᠡ ᠶᠢᠨ ᠵᠢᠭᠠᠯᠲᠠ ᠲᠤᠭ᠎ᠠ ᠶᠢ ᠨᠡᠶᠢᠲᠡᠯᠡᠪᠡ᠃ ᠪᠠᠷᠠᠭᠤᠨ ᠣᠷᠣᠨ ᠤ ᠵᠥᠪᠳᠡᠯᠴᠡᠬᠡᠷ ᠤᠨ ᠬᠤᠷᠠᠯ ᠢ ᠡᠷᠭᠢᠯᠡᠬᠦ ᠨᠢ ᠪᠠᠷᠠᠭᠤᠨ ᠣᠷᠣᠨ ᠤ ᠳᠣᠲᠣᠭᠠᠳᠤ ᠬᠠᠭᠤᠷᠠᠶ ᠶᠢᠨ ᠨᠡᠭᠡᠭᠡᠯᠲᠡ ᠶᠢ ᠲᠦᠷᠭᠡᠳᠬᠡᠬᠦ ᠪᠠᠷ ᠪᠠᠷᠠᠬᠤ ᠥᠬᠡᠶ ᠪᠠᠰᠠ ᠴᠦᠩᠴᠢᠩ ᠵᠢᠴᠢ ᠭᠤᠷᠪᠠᠨ ᠬᠠᠪᠴᠢᠯ ᠤᠨ ᠴᠥᠭᠦᠷᠥᠮ ᠤᠨ ᠣᠷᠣᠨ ᠤ ᠴᠢᠨᠠᠷ ᠰᠠᠶᠢᠲᠠᠶ ᠬᠥᠭᠵᠢᠯᠲᠡ ᠳᠤ ᠬᠦᠴᠦᠨ ᠨᠡᠮᠡᠷᠢᠯᠡᠬᠦ ᠪᠣᠯᠤᠨ᠎ᠠ᠃ 
 
ᠢᠷᠡᠯᠲᠡ᠄ ᠤᠰᠤᠨ ᠠᠰᠢᠭᠯᠠᠯᠲᠠ ᠶᠢᠨ ᠶᠠᠮᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号