ᠤᠰᠤᠨ ᠠᠰᠢᠭᠯᠠᠯᠲᠠ ᠶᠢᠨ ᠶᠠᠮᠤᠨ ᠤ ᠨᠠᠮ ᠤᠨ ᠤᠳᠤᠷᠢᠳᠬᠤ ᠳᠤᠭᠤᠶᠢᠯᠠᠩ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠤᠯ ᠰᠡᠳᠦᠪᠲᠦ ᠬᠥᠮᠦᠵᠢᠯ ᠤᠨ ᠨᠣᠮ ᠤᠩᠰᠢᠬᠤ ᠠᠩᠭᠢ ᠡᠷᠭᠢᠯᠡᠪᠡ
ᠨᠡᠶᠢᠲᠡᠯᠡᠭᠰᠡᠨ ᠴᠠᠭ᠄
2023/5/19
  5 ᠳ᠋ᠤᠭᠠᠷ ᠰᠠᠷ᠎ᠠ ᠶᠢᠨ 12 ᠤᠨ ᠡᠳᠦᠷ ᠠᠴᠠ 18 ᠤ ᠡᠳᠦᠷ ᠪᠣᠯᠲᠠᠯ᠎ᠠ᠂ ᠤᠰᠤᠨ ᠠᠰᠢᠭᠯᠠᠯᠲᠠ ᠶᠢᠨ ᠶᠠᠮᠤᠨ ᠤ ᠨᠠᠮ ᠤᠨ ᠤᠳᠤᠷᠢᠳᠬᠤ ᠳᠤᠭᠤᠶᠢᠯᠠᠩ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠤᠯ ᠰᠡᠳᠦᠪᠲᠦ ᠬᠥᠮᠦᠵᠢᠯ ᠤᠨ ᠨᠣᠮ ᠤᠩᠰᠢᠬᠤ ᠠᠩᠭᠢ ᠡᠷᠭᠢᠯᠡᠪᠡ᠃ ᠶᠠᠮᠤᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠰᠠᠶᠢᠳ ᠯᠢ ᠭᠦᠸᠧ ᠶᠢᠩ ᠰᠤᠷᠤᠯᠭ᠎ᠠ ᠡᠬᠢᠯᠡᠬᠦ ᠳᠠᠶᠢᠴᠢᠯᠠᠯᠲᠠ ᠶᠢᠨ ᠶᠠᠷᠢᠶ᠎ᠠ ᠲᠠᠯᠪᠢᠵᠤ᠂ ᠶᠠᠮᠤᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠰᠠᠶᠢᠳ ᠲᠢᠶᠠᠨ ᠰᠢᠤᠸᠠᠢ ᠪᠢᠨ ᠨᠣᠮ ᠤᠩᠰᠢᠬᠤ ᠠᠩᠭᠢ ᠶᠢᠨ ᠳ᠋ᠦᠩᠨᠡᠯᠲᠡ ᠬᠢᠪᠠ᠃ ᠲᠥᠪ ᠤᠨ ᠭᠤᠴᠢᠨ ᠳᠥᠷᠪᠡᠳᠦᠭᠡᠷ ᠵᠢᠯᠣᠭᠤᠳᠬᠤ ᠳᠤᠭᠤᠶᠢᠯᠠᠩ ᠠᠴᠠ ᠪᠦᠬᠦ ᠶᠠᠪᠤᠴᠠ ᠶᠢ ᠵᠢᠯᠤᠭᠤᠳᠤᠨ᠎ᠠ᠃  ᠨᠣᠮ ᠤᠩᠰᠢᠬᠤ ᠠᠩᠬᠢ ᠶᠢᠨ ᠬᠤᠭᠤᠴᠠᠭᠠᠨ ᠳᠤ᠂ ᠶᠠᠮᠤᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠰᠠᠶᠢᠳ ᠯᠢ ᠭᠦᠸᠧ ᠶᠢᠩ ᠭᠤᠣᠯ ᠰᠡᠳᠦᠪᠲᠦ ᠬᠥᠮᠦᠵᠢᠯ ᠤᠨ ᠲᠤᠰᠬᠠᠢ ᠰᠡᠳᠦᠪᠲᠦ ᠨᠠᠮ ᠤᠨ ᠬᠢᠴᠢᠶᠡᠯ ᠣᠷᠣᠵᠤ᠂ ᠪᠦᠯᠬᠦᠮ ᠳᠠᠭᠠᠭᠤᠯᠤᠨ ᠾᠧᠨᠠᠨ ᠤ ᠠᠨᠶᠠᠩ ᠤᠨ ᠯᠢᠨᠵᠸᠦ ᠬᠤᠳᠠ ᠶᠢᠨ ᠬᠤᠩ ᠴᠢᠦᠢ ᠰᠤᠪᠠᠭ ᠲᠤ ᠬᠦᠷᠴᠦ ᠲᠤᠬᠠᠢ ᠶᠢᠨ ᠲᠠᠯᠠᠪᠠᠢ ᠶᠢᠨ ᠵᠢᠭᠠᠨ ᠰᠤᠷᠭᠠᠯᠲᠠ ᠶᠢᠨ ᠠᠷᠭ᠎ᠠ ᠬᠡᠯᠪᠡᠷᠢ ᠪᠠᠷ ᠤᠯᠠᠭᠠᠨ ᠲᠤᠭ ᠰᠤᠪᠠᠭ ᠤᠨ ᠵᠣᠷᠢᠭ ᠰᠠᠨᠠᠭ᠎ᠠ ᠶᠢ ᠰᠤᠷᠤᠯᠴᠠᠨ ᠣᠶᠢᠯᠠᠭᠠᠪᠠ︔ ᠶᠠᠮᠤᠨ ᠤ ᠨᠠᠮ ᠤᠨ ᠤᠳᠤᠷᠢᠳᠬᠤ ᠳᠤᠭᠤᠶᠢᠯᠠᠩ ᠤᠨ ᠤᠨᠤᠯ ᠰᠤᠷᠤᠯᠴᠠᠬᠤ ᠭᠤᠣᠯ ᠳᠤᠭᠤᠶᠢᠯᠠᠩ ︽ᠰᠢ ᠶᠢᠨ ᠫᠢᠩ ᠤᠨ ᠵᠣᠬᠢᠶᠠᠯ ᠤᠨ ᠲᠡᠭᠦᠪᠦᠷᠢ︾ ᠶᠢᠨ ᠨᠢᠭᠡᠳᠦᠭᠡᠷ ᠪᠤᠳᠢ᠂ ᠬᠤᠶᠠᠳᠤᠭᠠᠷ ᠪᠤᠳᠢ ᠶᠢ ᠬᠠᠮᠲᠤ ᠪᠠᠷ ᠰᠤᠳᠤᠯᠤᠨ ᠶᠠᠷᠢᠯᠴᠠᠪᠠ︔ ᠨᠠᠮ ᠤᠨ ᠲᠥᠪ ᠬᠤᠷᠢᠶᠠᠨ ᠤ ᠨᠠᠮ ᠤᠨ ᠰᠤᠷᠭᠠᠭᠤᠯᠢ ︵ᠤᠯᠤᠰ ᠤᠨ ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ︶ ᠶᠢᠨ ᠫᠷᠤᠹᠧᠰᠰᠤᠷ ᠲᠤᠰ ᠲᠤᠰ ︽ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢᠨ ᠶᠢᠷᠲᠢᠨᠴᠦ ᠶᠢᠨ ᠦᠵᠡᠯᠲᠡ ᠪᠠ ᠠᠷᠭ᠎ᠠ ᠶᠢᠨ ᠤᠨᠤᠯ︾᠂ ︽ᠴᠢᠨᠠᠷ ᠰᠠᠶᠢᠲᠠᠢ ᠬᠥᠭᠵᠢᠯᠲᠡ ᠪᠠᠷ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ︾ ᠶᠢᠨ ᠲᠣᠭᠤᠷᠢᠨ ᠳᠤ ᠲᠤᠰᠬᠠᠢ ᠰᠡᠳᠦᠪᠲᠦ ᠬᠠᠪᠰᠤᠷᠤᠨ ᠵᠢᠯᠣᠭᠤᠳᠬᠤ ᠲᠠᠶᠢᠯᠤᠮᠵᠢ ᠬᠢᠪᠡ︔ ᠤᠰᠤᠨ ᠠᠰᠢᠭᠯᠠᠯᠲᠠ ᠶᠢᠨ ᠶᠠᠮᠤᠨ ᠤ ᠵᠠᠯᠠᠭᠤ ᠺᠠᠳ᠋ᠷᠴᠤᠳ ᠤᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠤᠭᠰᠠᠨ ᠦᠷ᠎ᠡ ᠪᠦᠲᠦᠭᠡᠯ ᠤᠨ ᠰᠣᠯᠢᠯᠴᠠᠭ᠎ᠠ ᠦᠵᠡᠭᠦᠯᠭᠡ ᠶᠢᠨ ᠠᠵᠢᠯᠯᠠᠭ᠎ᠠ ᠶᠢ ᠡᠷᠬᠢᠯᠡᠪᠡ᠃  7 ᠡᠳᠦᠷ ᠤᠨ ᠰᠤᠷᠤᠯᠴᠠᠯᠭ᠎ᠠ ᠪᠠᠷ ᠳᠡᠮᠵᠢᠨ᠂ ᠪᠥᠬᠦ ᠰᠤᠷᠤᠭᠴᠢᠳ ︽ᠬᠤᠶᠠᠷ ᠢ ᠲᠣᠭᠲᠠᠭᠠᠬᠤ︾ ᠶᠢᠨ ᠰᠢᠢᠳᠪᠦᠷᠢᠯᠡᠬᠦ ᠴᠢᠨᠠᠷᠲᠠᠶ ᠠᠴᠢ ᠬᠤᠯᠪᠣᠭᠳᠠᠯ ᠢ ᠨᠠᠩ ᠭᠦᠨᠵᠡᠭᠡᠶ ᠣᠶᠢᠯᠠᠭᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠰᠢᠨᠵᠢᠯᠡᠬᠦ ᠤᠬᠠᠭᠠᠨᠴᠢ ᠰᠢᠰᠲ᠋ᠧᠮ᠂ ᠭᠤᠤᠯ ᠠᠭᠤᠯᠭ᠎ᠠ᠂ ᠦᠢᠯᠡᠳᠦᠯᠭᠡ ᠶᠢᠨ ᠱᠠᠭᠠᠷᠳᠠᠯᠭ᠎ᠠ ᠶᠢ ᠨᠠᠩ ᠰᠢᠰᠲ᠋ᠧᠮ ᠲᠠᠢ ᠡᠵᠡᠮᠰᠢᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠤᠰᠤᠨ ᠠᠰᠢᠭᠯᠠᠯᠲᠠ ᠶᠢᠨ ᠠᠵᠢᠯ ᠢ ᠠᠬᠢᠭᠤᠯᠬᠤ ᠴᠢᠭᠯᠡᠯ ᠠᠷᠭ᠎ᠠ ᠵᠠᠮ ᠢ ᠨᠠᠩ ᠲᠣᠳᠣᠷᠬᠠᠶᠢᠯᠠᠵᠤ᠂ ᠰᠢᠨ᠎ᠡ ᠱᠠᠲᠤ ᠦᠶ᠎ᠡ ᠶᠢᠨ ᠤᠰᠤᠨ ᠠᠰᠢᠭᠯᠠᠯᠲᠠ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠡᠷᠡᠯᠬᠡᠭᠯᠡᠨ ᠤᠷᠤᠭᠰᠢᠯᠠᠬᠤ ᠬᠦᠴᠦᠨ ᠢ ᠨᠠᠩ ᠨᠢᠭᠲᠠᠷᠠᠭᠤᠯᠵᠤ᠂ ᠨᠣᠮ ᠤᠩᠰᠢᠬᠤ ᠠᠩᠭᠢ ᠵᠢᠱᠢᠭᠰᠡᠨ ᠬᠠᠷᠠᠯᠲᠠ ᠳᠠᠭᠠᠨ ᠬᠦᠷᠴᠦ᠂ ᠰᠠᠶᠢᠨ ᠦᠷ᠎ᠡ ᠪᠦᠲᠦᠮᠵᠢ ᠤᠯᠪᠠ᠃  ᠶᠠᠮᠤᠨ ᠤ ᠨᠠᠮ ᠤᠨ ᠤᠳᠤᠷᠢᠳᠬᠤ ᠳᠤᠭᠤᠶᠢᠯᠠᠩ᠂ ᠡᠯ᠎ᠡ ᠵᠤᠷᠭᠠᠨ ᠲᠤᠪᠴᠢᠶ᠎ᠠ ᠡᠯ᠎ᠡ ᠨᠢᠭᠡᠴᠢ ᠶᠢᠨ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠭᠤᠣᠯ ᠰᠡᠳᠦᠪᠲᠦ ᠬᠥᠮᠦᠵᠢᠯ ᠤᠨ ︽ᠦᠵᠡᠯ ᠰᠠᠨᠠᠭ᠎ᠠ ᠶᠢ ᠰᠤᠷᠤᠯᠴᠠᠬᠤ᠂ ᠨᠠᠮᠴᠢ ᠴᠢᠨᠠᠷ ᠢ ᠴᠢᠩᠭᠠᠳᠬᠠᠬᠤ᠂ ᠦᠢᠯᠡᠳᠦᠯᠭᠡ ᠶᠢ ᠴᠢᠬᠤᠯᠠᠴᠢᠯᠠᠬᠤ᠂ ᠰᠢᠨ᠎ᠡ ᠭᠠᠪᠢᠶ᠎ᠠ ᠪᠠᠶᠢᠭᠤᠯᠬᠤ︾ ᠶᠡᠷᠦᠩᠬᠡᠢ ᠱᠠᠭᠠᠷᠳᠠᠯᠭ᠎ᠠ ᠶᠣᠰᠣᠭᠠᠷ᠂ ᠤᠨᠤᠯ ᠤᠨ ᠰᠤᠷᠤᠯᠴᠠᠯᠭ᠎ᠠ᠂ ᠪᠠᠶᠢᠴᠠᠭᠠᠨ ᠰᠤᠳᠤᠯᠤᠯᠲᠠ᠂ ᠬᠥᠭᠵᠢᠯᠲᠡ ᠶᠢ ᠠᠬᠢᠭᠤᠯᠬᠤ᠂ ᠪᠠᠶᠢᠴᠠᠭᠠᠨ ᠦᠵᠡᠵᠦ ᠴᠡᠭᠴᠡᠯᠡᠨ ᠰᠠᠶᠢᠵᠢᠷᠠᠭᠤᠯᠬᠤ ᠵᠡᠷᠭᠡ ᠲᠠᠯ᠎ᠠ ᠪᠠᠷ ᠦᠷᠭᠦᠯᠵᠢᠯᠡᠨ ᠬᠦᠴᠦ ᠣᠷᠣᠭᠤᠯᠵᠤ᠂ ᠭᠤᠣᠯ ᠰᠡᠳᠦᠪᠲᠦ ᠬᠥᠮᠦᠵᠢᠯ ᠤᠨ ᠶᠠᠮᠤᠨ ᠤ ᠬᠠᠷᠢᠶ᠎ᠠ ᠰᠢᠰᠲ᠋ᠧᠮ ᠳᠡᠭᠡᠨ ᠭᠦᠨᠵᠡᠭᠡᠶᠢᠷᠡᠨ ᠪᠣᠳᠠᠲᠠᠶᠢᠵᠢᠬᠤ ᠶᠢ ᠠᠬᠢᠭᠤᠯᠤᠨ᠎ᠠ᠃ ᠣᠭ ᠵᠣᠬᠢᠶᠠᠯ ᠢ ᠰᠤᠷᠤᠯᠴᠠᠵᠤ ᠣᠭ ᠪᠦᠲᠦᠭᠡᠯ ᠢ ᠤᠩᠰᠢᠵᠤ ᠣᠭ ᠶᠣᠰᠣ ᠶᠢ ᠣᠶᠢᠯᠠᠭᠠᠬᠤ ᠶᠢ ᠪᠠᠷᠢᠮᠲᠠᠯᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠪᠥᠬᠦ ᠲᠠᠯ᠎ᠠ ᠪᠠᠷ ᠰᠢᠰᠲ᠋ᠧᠮ ᠲᠠᠢ᠂ ᠦᠷᠭᠦᠯᠵᠢᠯᠡᠨ ᠭᠦᠨᠵᠡᠭᠡᠶ ᠰᠤᠷᠤᠯᠴᠠᠵᠤ᠂ ᠲᠡᠭᠦᠨ ᠳᠤ ᠠᠭᠤᠯᠤᠭᠳᠠᠵᠤ ᠪᠠᠶᠢᠭ᠎ᠠ ᠶᠢᠷᠲᠢᠨᠴᠦ ᠶᠢᠨ ᠦᠵᠡᠯᠲᠡ ᠪᠠ ᠠᠷᠭ᠎ᠠ ᠶᠢᠨ ᠣᠨᠣᠯ ᠢ ᠰᠠᠶᠢᠲᠤᠷ ᠡᠵᠡᠮᠳᠡᠵᠦ᠂ ᠡᠭᠦᠨ ᠳᠤ ᠲᠤᠭᠤᠰᠢᠯᠠᠭᠳᠠᠵᠤ ᠪᠠᠶᠢᠭ᠎ᠠ ᠵᠣᠭᠰᠣᠯᠲᠠ ᠦᠵᠡᠯᠲᠡ ᠠᠷᠭ᠎ᠠ ᠶᠢ ᠰᠠᠶᠢᠲᠤᠷ ᠪᠠᠷᠢᠮᠲᠠᠯᠠᠨ ᠰᠠᠶᠢᠲᠤᠷ ᠬᠡᠷᠡᠭᠯᠡᠵᠦ᠂ ᠶᠡᠷᠦᠩᠬᠡᠶ ᠱᠦᠵᠢ ᠰᠢ ᠶᠢᠨ ᠫᠢᠩ ᠤᠨ ︽ᠤᠰᠤ ᠶᠢ ᠠᠷᠪᠢᠯᠠᠬᠤ ᠶᠢ ᠤᠷᠢᠳ ᠢᠶᠠᠷ ᠪᠣᠳᠣᠯᠬᠢᠯᠠᠬᠤ᠂ ᠣᠷᠣᠨ ᠵᠠᠶ ᠶᠢ ᠲᠡᠩᠴᠡᠭᠦᠷᠢᠲᠡᠶ ᠪᠠᠶᠢᠯᠭᠠᠬᠤ᠂ ᠰᠢᠰᠲ᠋ᠧᠮ ᠲᠠᠢ ᠵᠠᠰᠠᠬᠤ᠂ ᠬᠤᠶᠠᠷ ᠲᠠᠯ᠎ᠠ ᠪᠠᠷ ᠬᠦᠴᠦᠯᠡᠬᠦ︾ ᠤᠰᠤ ᠵᠠᠰᠠᠬᠤ ᠰᠡᠳᠬᠢᠮᠵᠢ ᠪᠣᠯᠤᠨ ᠤᠰᠤ ᠶᠢ ᠵᠠᠰᠠᠬᠤ ᠲᠤᠬᠠᠶ ᠴᠢᠬᠤᠯᠠ ᠥᠭᠦᠯᠡᠯᠲᠡ ᠶᠢᠨ ᠵᠣᠷᠢᠭ ᠰᠠᠨᠠᠭ᠎ᠠ ᠶᠢ ᠡᠷᠡᠰ ᠭᠤᠶᠢᠪᠢᠰᠢ ᠥᠬᠡᠶ ᠲᠤᠭᠤᠰᠢᠯᠠᠭᠤᠯᠤᠨ  ᠨᠠᠶᠢᠳᠠᠪᠤᠷᠢᠵᠢᠭᠤᠯᠤᠨ᠎ᠠ︔ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠪᠠ ᠬᠠᠷᠠᠯᠲᠠ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠪᠠᠶᠢᠴᠠᠭᠠᠨ ᠰᠤᠳᠤᠯᠤᠯᠲᠠ ᠶᠢ ᠯᠠᠪᠳᠠᠭᠤᠨ ᠪᠠᠲᠤᠲᠠᠢ ᠥᠷᠨᠢᠭᠦᠯᠵᠦ᠂ ᠠᠰᠠᠭᠤᠳᠠᠯ ᠢ ᠰᠢᠢᠳᠪᠦᠷᠢᠯᠡᠬᠦ ᠠᠷᠭ᠎ᠠ ᠪᠤᠳᠤᠯᠭ᠎ᠠ ᠶᠢ ᠣᠯᠵᠤ᠂ ᠠᠵᠢᠯ ᠢ ᠠᠬᠢᠭᠤᠯᠬᠤ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠪᠦᠷᠢᠯᠳᠦᠭᠦᠯᠦᠨ᠎ᠡ︔ ᠰᠤᠷᠤᠯᠴᠠᠬᠤ ᠶᠢᠨ ᠳᠠᠭᠠᠤ ᠬᠠᠷᠭᠤᠭᠤᠯᠵᠤ᠂ ᠪᠠᠶᠢᠴᠠᠭᠠᠬᠤ ᠶᠢᠨ ᠳᠠᠭᠠᠤ ᠴᠡᠭᠴᠡᠯᠡᠨ ᠰᠠᠶᠢᠵᠢᠷᠠᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠠᠴᠠ ᠪᠠᠶᠢᠷᠢᠯᠠᠭᠤᠯᠤᠭᠰᠠᠨ ᠡᠯ᠎ᠡ ᠵᠦᠢᠯ ᠤᠨ ᠠᠵᠢᠯ ᠤᠨ ᠡᠭᠦᠷᠭᠡ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠤᠨ᠂ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠮᠵᠢ ᠶᠢ ᠤᠰᠤᠨ ᠠᠰᠢᠭᠯᠠᠯᠲᠠ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠨ  ᠬᠤᠪᠢᠷᠠᠭᠤᠯᠤᠨ᠎ᠠ᠃  ᠶᠠᠮᠤᠨ ᠤ ᠤᠳᠤᠷᠢᠳᠤᠯᠭ᠎ᠠ᠂ ᠶᠡᠷᠦᠩᠬᠡᠢ ᠢᠨᠵᠧᠨᠧᠷ᠂ ᠶᠠᠮᠤᠨ ᠳᠤ ᠰᠠᠭᠤᠭ᠎ᠠ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ᠂ ᠶᠠᠮᠤᠨ ᠤ ᠪᠠᠶᠢᠭᠤᠯᠭ᠎ᠠ ᠶᠢᠨ ᠵᠤᠷᠭᠠᠨ ᠲᠣᠪᠴᠢᠶᠠᠨ ᠤ ᠲᠡᠰ ᠤᠨ ᠤᠳᠤᠷᠢᠳᠬᠤ ᠺᠠᠳ᠋ᠷ᠂ ᠪᠡᠭᠡᠵᠢᠩ ᠳᠤ ᠪᠠᠶᠢᠭ᠎ᠠ ᠰᠢᠭᠤᠳ ᠬᠠᠷᠢᠶ᠎ᠠ ᠨᠢᠭᠡᠴᠢ ᠶᠢᠨ ᠨᠠᠮ ᠵᠠᠰᠠᠭ ᠤᠨ ᠭᠤᠣᠯ ᠬᠠᠷᠢᠭᠤᠴᠠᠯᠭᠠᠲᠠᠨ ᠨᠥᠬᠦᠳ ᠨᠣᠮ ᠤᠩᠰᠢᠬᠤ ᠠᠩᠬᠢ ᠳᠤ ᠣᠷᠣᠯᠴᠠᠪᠠ᠃ 
 
ᠢᠷᠡᠯᠲᠡ᠄ ᠤᠰᠤᠨ ᠠᠰᠢᠭᠯᠠᠯᠲᠠ ᠶᠢᠨ ᠶᠠᠮᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号