5 ᠳ᠋ᠤᠭᠠᠷ ᠰᠠᠷ᠎ᠠ ᠶᠢᠨ 15 ᠤ ᠡᠳᠦᠷ᠂ ᠤᠰᠤᠨ ᠠᠰᠢᠭᠯᠠᠯᠲᠠ ᠶᠢᠨ ᠦᠢᠯᠡᠰ ᠤᠨ ᠬᠥᠭᠵᠢᠯᠲᠡ ᠶᠢᠨ ᠲᠥᠪ | OA ᠰᠢᠰᠲ᠋ᠧᠮ ᠢ ᠰᠦᠯᠵᠢᠶᠡᠨ ᠳᠤ ᠣᠷᠣᠭᠤᠯᠤᠨ ᠡᠬᠢᠯᠡᠭᠦᠯᠬᠦ ᠵᠢᠴᠢ ᠪᠤᠯᠪᠠᠰᠤᠷᠠᠯ ᠤᠨ ᠬᠤᠷᠠᠯ ᠬᠤᠷᠠᠯᠳᠤᠭᠤᠯᠪᠠ᠃ | ᠭᠤᠤᠯ ᠤᠳᠤᠷᠢᠳᠬᠤ ᠪᠠᠭ ᠤᠨ ᠪᠦᠷᠢᠯᠳᠦᠬᠦᠨ ᠬᠤᠷᠠᠯ ᠳᠤ ᠣᠷᠣᠯᠴᠠᠵᠤ᠂ ᠬᠤᠯᠪᠣᠭᠳᠠᠯ ᠪᠥᠬᠦᠶ ᠤᠳᠤᠷᠢᠳᠬᠤ | ᠨᠥᠬᠦᠳ OA ᠰᠢᠰᠲ᠋ᠧᠮ ᠢ ᠬᠡᠷᠡᠭᠯᠡᠬᠦ ᠭᠤᠤᠯᠳᠠᠯᠭ᠎ᠠ ᠲᠠᠢ ᠠᠵᠢᠯ ᠢ ᠪᠠᠶᠢᠷᠢᠯᠠᠭᠤᠯᠪᠠ᠃ | ᠬᠤᠷᠠᠯ ᠠᠴᠠ ᠵᠢᠭᠠᠵᠤ ᠭᠠᠷᠭᠠᠬᠤ ᠳᠤ ᠪᠠᠨ᠂ OA ᠰᠢᠰᠲ᠋ᠧᠮ ᠪᠣᠯ ᠭᠤᠤᠯ ᠮᠡᠳᠡᠭᠡ ᠵᠠᠩᠭᠢᠵᠢᠯᠲᠠ ᠶᠢᠨ | ᠪᠠᠶᠢᠭᠤᠯᠤᠯᠲᠠ ᠶᠢᠨ ᠴᠢᠬᠤᠯᠠ ᠪᠦᠷᠢᠯᠳᠦᠬᠦᠨ ᠬᠡᠰᠡᠭ ᠮᠥᠨ᠂ ᠭᠤᠤᠯ ᠠᠵᠢᠯ ᠤᠨ ᠦᠷ᠎ᠡ ᠪᠦᠲᠦᠮᠵᠢ ᠶᠢ | ᠳᠡᠭᠡᠭᠰᠢᠯᠡᠭᠦᠯᠬᠦ᠂ ᠠᠯᠪᠠᠨ ᠠᠵᠢᠯ ᠤᠨ ᠦᠪᠡᠷ ᠤᠨ ᠦᠷᠳᠡᠭ ᠢ ᠠᠷᠪᠢᠯᠠᠬᠤ ᠪᠤᠶᠤ ᠮᠡᠳᠡᠭᠡ ᠵᠠᠩᠭᠢᠵᠢᠯᠲᠠ ᠶᠢᠨ | ᠪᠠᠶᠢᠭᠤᠯᠤᠯᠲᠠ ᠶᠢ ᠳᠥᠯᠭᠢᠨ ᠠᠬᠢᠭᠤᠯᠬᠤ ᠲᠠᠯ᠎ᠠ ᠠᠴᠠ ᠠᠪᠴᠤ ᠬᠡᠯᠡᠭᠰᠡᠨ ᠴᠦ ᠴᠥᠮ OA ᠰᠢᠰᠲ᠋ᠧᠮ ᠤᠨ | ᠬᠡᠷᠡᠭᠯᠡᠯᠲᠡ ᠶᠢ ᠲᠦᠷᠭᠡᠳᠭᠡᠨ᠎ᠡ᠃ ᠲᠣᠰ ᠡᠳᠦᠷ ᠠᠴᠠ ᠡᠬᠢᠯᠡᠨ ᠰᠦᠯᠵᠢᠶᠡᠨ ᠳᠡᠭᠡᠷ᠎ᠡ ᠠᠵᠢᠯᠯᠠᠬᠤ ᠶᠢ ᠵᠢᠩᠬᠢᠨᠢ ᠪᠠᠷ | ᠥᠷᠨᠢᠭᠦᠯᠵᠦ᠂ ᠡᠯ᠎ᠡ ᠰᠠᠯᠠᠭ᠎ᠠ ᠮᠥᠴᠢᠷ ᠤᠳ ᠢᠳᠡᠪᠬᠢᠲᠡᠶ ᠬᠠᠮᠵᠢᠯᠴᠠᠨ᠂ OA ᠰᠢᠰᠲ᠋ᠧᠮ ᠢᠶᠠᠷ ᠲᠥᠪ ᠪᠣᠯᠬᠤ | ᠤᠷᠤᠭᠰᠢᠲᠠᠶ ᠶᠠᠪᠤᠭᠳᠠᠬᠤ ᠶᠢ ᠦᠨᠡᠨ ᠬᠦ ᠪᠠᠲᠤᠯᠠᠵᠤ᠂ ᠤᠰᠤᠨ ᠠᠰᠢᠭᠯᠠᠯᠲᠠ ᠶᠢᠨ ᠲᠢᠩᠬᠢᠮ ᠤᠨ ᠮᠡᠷᠭᠡᠵᠢᠯ ᠤᠨ | ᠲᠤᠯᠭᠠᠭᠤᠷᠢᠯᠠᠬᠤ ᠨᠢᠭᠡᠴᠢ ᠶᠢᠨ ᠦᠢᠯᠡᠳᠦᠯ ᠢ ᠨᠠᠩ ᠰᠠᠶᠢᠨ ᠪᠠᠳᠠᠷᠠᠭᠤᠯᠬᠤ ᠳᠤ ᠪᠠᠲᠤᠯᠠᠭ᠎ᠠ ᠬᠠᠩᠭᠠᠨ᠎ᠠ ᠭᠡᠵᠡᠢ᠃ | ᠬᠤᠷᠠᠯ ᠠᠴᠠ ᠴᠢᠬᠤᠯᠠᠴᠢᠯᠠᠬᠤ ᠳᠤ ᠪᠠᠨ᠂ ᠲᠥᠪ ᠤᠨ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢᠨ ᠬᠢᠷᠢ | ᠲᠦᠪᠰᠢᠨ ᠢ ᠳᠡᠭᠡᠭᠰᠢᠯᠡᠭᠦᠯᠵᠦ᠂ ᠡᠳᠦᠷ ᠲᠤᠲᠤᠮ ᠤᠨ ᠠᠵᠢᠯ ᠢ ᠵᠢᠷᠤᠮᠵᠢᠭᠤᠯᠬᠤ ᠳᠤ ᠦᠵᠡᠭᠦᠯᠬᠦ OA | ᠰᠢᠰᠲ᠋ᠧᠮ ᠤᠨ ᠭᠦᠢᠴᠡᠳᠭᠡᠬᠦ ᠬᠦᠴᠦᠨ ᠢ ᠳᠡᠭᠡᠭᠰᠢᠯᠡᠭᠦᠯᠵᠦ᠂ ᠡᠯ᠎ᠡ ᠭᠤᠭᠴᠤᠭ᠎ᠠ ᠶᠢᠨ ᠬᠠᠷᠢᠭᠤᠴᠠᠯᠭ᠎ᠠ ᠶᠢ | ᠲᠣᠳᠣᠷᠬᠠᠶᠢᠯᠠᠵᠤ᠂ ᠲᠥᠪ ᠤᠨ ᠡᠯ᠎ᠡ ᠵᠦᠢᠯ ᠤᠨ ᠲᠦᠷᠢᠮ ᠤᠨ ᠨᠠᠶᠢᠳᠠᠪᠤᠷᠢᠵᠢᠭᠤᠯᠤᠯᠲᠠ ᠶᠢ ᠪᠠᠲᠤᠯᠠᠨ᠎ᠠ᠃ | ᠲᠥᠪ ᠤᠨ ᠡᠯ᠎ᠡ ᠰᠠᠯᠠᠭ᠎ᠠ ᠮᠥᠴᠢᠷ ᠤᠳ OA ᠰᠢᠰᠲ᠋ᠧᠮ ᠤᠨ ᠬᠡᠷᠡᠭᠯᠡᠯᠲᠡ ᠪᠠᠨ ᠴᠢᠩᠭᠠᠳᠬᠠᠨ᠂ ᠬᠠᠷᠢᠭᠤ | ᠲᠤᠰᠬᠠᠬᠤ ᠪᠠ ᠰᠠᠨᠠᠭᠤᠯᠭ᠎ᠠ ᠪᠠᠨ ᠴᠠᠭ ᠲᠤᠬᠠᠢ ᠲᠤᠨᠢ ᠳᠤᠷᠠᠳᠬᠤ ᠴᠢᠬᠤᠯᠠᠲᠠᠢ ᠮᠡᠳᠡᠭᠡ ᠵᠠᠩᠭᠢ ᠶᠢᠨ ᠮᠡᠷᠭᠡᠵᠢᠯ ᠤᠨ | ᠬᠡᠷᠡᠭᠯᠡᠭᠡᠨ ᠤ ᠶᠠᠮᠤᠨ ᠡᠭᠦᠷᠭᠡ ᠬᠠᠷᠢᠭᠤᠴᠠᠯᠭ᠎ᠠ ᠪᠠᠨ ᠦᠨᠡᠨ ᠬᠦ ᠭᠦᠢᠴᠡᠳᠬᠡᠵᠦ᠂ ᠮᠡᠷᠭᠡᠵᠢᠯ ᠤᠨ ᠳᠠᠪᠠᠭᠤᠯᠢᠭ ᠢᠶᠠᠨ | ᠪᠠᠳᠠᠷᠠᠭᠤᠯᠤᠨ᠂ ᠠᠵᠢᠯᠯᠠᠬᠤ OA ᠰᠢᠰᠲ᠋ᠧᠮ ᠤᠨ ᠬᠡᠷᠡᠭᠯᠡᠯᠲᠡ ᠲᠡᠭᠦᠯᠳᠡᠷᠵᠢᠯᠲᠡ ᠶᠢ ᠯᠠᠪᠳᠠᠭᠤᠨ ᠪᠠᠲᠤᠲᠠᠢ | ᠲᠥᠯᠬᠢᠨ ᠠᠬᠢᠭᠤᠯᠤᠨ᠎ᠠ ᠭᠡᠵᠡᠢ᠃ | ᠪᠤᠯᠪᠠᠰᠤᠷᠠᠯ ᠤᠨ ᠬᠤᠷᠠᠯ ᠳᠡᠭᠡᠷ᠎ᠡ᠂ OA ᠰᠢᠰᠲ᠋ᠧᠮ ᠤᠨ ᠲᠡᠮᠳᠡᠭᠯᠡᠬᠦ ᠠᠷᠭ᠎ᠠ ᠬᠡᠯᠪᠡᠷᠢ᠂ ᠦᠨᠳᠦᠰᠦᠨ | ᠴᠢᠳᠠᠮᠵᠢ᠂ ᠠᠵᠢᠯᠯᠠᠬᠤ ᠠᠷᠭ᠎ᠠ ᠵᠢᠴᠢ ᠡᠯ᠎ᠡ ᠰᠦᠯᠵᠢᠶᠡᠨ ᠳᠤ ᠭᠠᠷᠬᠤ ᠬᠡᠰᠡᠭ ᠤᠨ ᠲᠤᠬᠠᠶ ᠨᠠᠷᠢᠨ ᠲᠠᠶᠢᠯᠤᠮᠵᠢ | ᠬᠢᠵᠡᠶ᠃ ᠠᠯᠪᠠᠨ ᠪᠢᠴᠢᠭ ᠤᠨ ᠬᠠᠮᠢᠶᠠᠷᠤᠯᠲᠠ᠂ ᠲᠠᠩᠰᠠ ᠲᠠᠶᠢᠯᠬᠤ ᠬᠠᠮᠢᠶᠠᠷᠤᠯᠲᠠ᠂ ᠲᠠᠮᠠᠭ᠎ᠠ ᠶᠢᠨ ᠬᠠᠮᠢᠶᠠᠷᠤᠯᠲᠠ᠂ | ᠬᠤᠷᠠᠯ ᠤᠨ ᠬᠡᠷ ᠤᠨ ᠬᠠᠮᠢᠶᠠᠷᠤᠯᠲᠠ᠂ ᠲᠡᠷᠭᠡ ᠬᠡᠷᠡᠭᠯᠡᠬᠦ ᠬᠠᠮᠢᠶᠠᠷᠤᠯᠲᠠ᠂ ᠠᠯᠪᠠᠨ ᠠᠵᠢᠯ ᠤᠨ ᠬᠡᠷᠡᠭᠰᠡᠯ ᠢ ᠠᠪᠴᠤ | ᠬᠡᠷᠡᠭᠯᠡᠬᠦ᠂ ᠬᠠᠲᠠᠭᠤ ᠲᠣᠨᠤᠭ ᠰᠡᠯᠪᠢᠨ ᠵᠠᠰᠠᠬᠤ ᠭᠤᠶᠤᠴᠢᠯᠠᠯ᠂ ᠲᠠᠩᠰᠠ ᠡᠪᠬᠡᠮᠡᠯ ᠤᠨ ᠬᠠᠮᠢᠶᠠᠷᠤᠯᠲᠠ ᠵᠢᠴᠢ | ᠠᠵᠢᠯᠲᠠᠨ ᠤ ᠶᠠᠪᠤᠳᠠᠯ ᠤᠨ ᠬᠠᠮᠢᠶᠠᠷᠤᠯᠲᠠ ᠵᠡᠷᠭᠡ ᠨᠡᠶᠢᠳᠡᠮ ᠬᠡᠷᠡᠭᠯᠡᠬᠦ ᠬᠡᠰᠡᠭ ᠤᠨ ᠪᠠᠷᠢᠮᠲᠠ ᠶᠢ ᠲᠠᠭᠯᠠᠨ ᠪᠢᠴᠢᠬᠦ᠂ | ᠶᠠᠪᠤᠴᠠ ᠶᠢ ᠡᠬᠢᠯᠡᠭᠦᠯᠬᠦ᠂ ᠶᠠᠪᠤᠴᠠ ᠶᠢ ᠬᠢᠨᠠᠨ ᠵᠥᠪᠰᠢᠶᠡᠷᠡᠬᠦ ᠵᠡᠷᠭᠡ ᠠᠭᠤᠯᠭ᠎ᠠ ᠶᠢ ᠭᠤᠤᠯᠳᠠᠯᠭ᠎ᠠ ᠲᠠᠢ | ᠲᠠᠨᠢᠯᠴᠠᠭᠤᠯᠪᠠ᠃ | ᠤᠰᠤᠨ ᠠᠰᠢᠭᠯᠠᠯᠲᠠ ᠶᠢᠨ ᠦᠢᠯᠡᠰ ᠤᠨ ᠬᠥᠭᠵᠢᠯᠲᠡ ᠶᠢᠨ ᠲᠥᠪ ᠤᠨ ᠡᠯ᠎ᠡ ᠰᠠᠯᠠᠭ᠎ᠠ ᠮᠥᠴᠢᠷ ᠤᠨ | ᠬᠠᠷᠢᠭᠤᠴᠠᠯᠭᠠᠲᠠᠨ ᠵᠢᠴᠢ ᠠᠵᠢᠯᠲᠠᠳ ᠬᠤᠷᠠᠯ ᠳᠤ ᠤᠷᠤᠯᠴᠠᠪᠠ᠃ | ︵ᠤᠰᠤᠨ ᠠᠰᠢᠭᠯᠠᠯᠲᠠ ᠶᠢᠨ ᠦᠢᠯᠡᠰ ᠤᠨ ᠬᠦᠭᠵᠢᠯᠲᠡ ᠶᠢᠨ ᠲᠦᠪ ᠠᠴᠠ ᠡᠬᠡ ᠪᠢᠴᠢᠭ ᠬᠠᠩᠭᠠᠪᠠ︶ | |