ᠬᠡᠰᠡᠭ ᠬᠤᠭᠤᠴᠠᠭᠠᠨ ᠤ ᠲᠤᠷᠰᠢ᠂ ᠲᠣᠭᠠᠴᠢᠯᠠᠭᠰᠠᠨ ᠠᠵᠤ ᠠᠬᠤᠶ ᠨᠢ ᠠᠵᠢᠯ ᠣᠯᠭᠤᠯᠲᠠ ᠶᠢᠨ ᠠᠷᠭ᠎ᠠ | ᠵᠠᠮ ᠢ ᠥᠷᠭᠡᠳᠬᠡᠬᠦ᠂ ᠠᠵᠢᠯ ᠣᠯᠭᠤᠯᠲᠠ ᠶᠢᠨ ᠪᠦᠲᠦᠴᠡ ᠶᠢ ᠰᠢᠯᠢᠳᠡᠭᠵᠢᠭᠦᠯᠬᠦ ᠳᠤᠮᠳᠠ ᠴᠢᠬᠤᠯᠠ ᠦᠢᠯᠡᠳᠦᠯ | ᠦᠵᠡᠭᠦᠯᠵᠦ᠂ ᠠᠵᠢᠯ ᠣᠯᠭᠤᠯᠲᠠ ᠶᠢᠨ ᠬᠦᠴᠢᠷ ᠠᠰᠠᠭᠤᠳᠠᠯ ᠢ ᠰᠢᠢᠳᠪᠦᠷᠢᠯᠡᠬᠦ ᠳᠤ ᠰᠢᠨ᠎ᠡ ᠠᠵᠠ ᠲᠣᠬᠢᠶᠠᠯ ᠪᠠ | ᠰᠢᠨ᠎ᠡ ᠰᠡᠳᠬᠢᠴᠡ ᠬᠠᠩᠭᠠᠪᠠ᠃ ᠲᠦᠷᠦᠭᠦᠬᠡᠨ ᠨᠡᠶᠢᠲᠡᠯᠡᠭᠰᠡᠨ ︽ᠳᠤᠮᠳᠠᠳᠤ ᠤᠯᠤᠰ ᠤᠨ ᠵᠡᠮᠳᠡᠭᠴᠦᠳ ᠤᠨ | ᠦᠢᠯᠡᠰ ᠤᠨ ᠰᠤᠳᠤᠯᠭᠠᠨ ᠤ ᠮᠡᠳᠡᠭᠦᠯᠦᠯᠲᠡ ︵2023︶︾ ᠳᠤ᠂ ᠲᠣᠭᠠᠴᠢᠯᠠᠭᠰᠠᠨ ᠠᠵᠤ ᠠᠬᠤᠶ ᠶᠢᠨ ᠴᠠᠭ | ᠦᠶ᠎ᠡ ᠬᠦᠷᠴᠦ ᠢᠷᠡᠭᠰᠡᠨ ᠨᠢ ᠵᠡᠮᠳᠡᠭᠴᠦᠳ ᠲᠤ ᠠᠵᠢᠯ ᠣᠯᠭᠤᠬᠤ ᠬᠡᠯᠪᠡᠷᠢ ᠶᠢ ᠳᠠᠬᠢᠨ ᠱᠤᠭᠤᠬᠤ ᠪᠣᠯᠤᠮᠵᠢ ᠶᠢ | ᠬᠠᠩᠭᠠᠭᠰᠠᠨ ᠪᠠᠶᠢᠨ᠎ᠠ᠃ ᠢᠨᠲ᠋ᠧᠷ ᠰᠦᠯᠵᠢᠶᠡᠨ ᠤ ᠲᠦᠭᠡᠮᠡᠯᠵᠢᠬᠦ ᠶᠢ ᠳᠠᠭᠠᠯᠳᠤᠨ ᠲᠣᠭᠠᠴᠢᠯᠠᠭᠰᠠᠨ ᠠᠵᠤ ᠠᠬᠤᠶ ᠨᠢ | ᠶᠡᠭᠡ ᠬᠡᠮᠵᠢᠶᠡᠨ ᠤ ᠰᠢᠨ᠎ᠡ ᠬᠡᠯᠪᠡᠷᠢ ᠶᠢᠨ ᠠᠵᠢᠯ ᠤᠨ ᠪᠠᠶᠢᠷᠢ ᠭᠠᠷᠭᠠᠵᠤ᠂ ᠬᠤᠯᠪᠤᠭᠳᠠᠯ ᠪᠥᠬᠦᠶ ᠠᠵᠢᠯ ᠲᠥᠷᠥᠯ ᠤᠨ | ᠠᠵᠢᠯ ᠣᠯᠭᠤᠯᠲᠠ ᠶᠢ ᠰᠢᠩᠭᠡᠭᠡᠬᠦ ᠴᠢᠳᠠᠪᠤᠷᠢ ᠲᠦᠷᠭᠡᠨ ᠳᠡᠭᠡᠭᠰᠢᠯᠡᠵᠦ᠂ ᠪᠠᠰᠠ ᠵᠡᠮᠳᠡᠭ ᠤᠶᠤᠲᠠᠳ ᠤᠨ ᠠᠵᠢᠯ | ᠤᠯᠬᠤ ᠲᠣᠬᠢᠶᠠᠯ ᠢ ᠨᠡᠮᠡᠭᠳᠡᠭᠦᠯᠪᠡ᠃ ᠲᠣᠭᠠᠴᠢᠯᠠᠭᠰᠠᠨ ᠠᠵᠤ ᠠᠬᠤᠶ ᠶᠢᠨ ᠴᠢᠨᠠᠷ ᠰᠠᠶᠢᠲᠠᠶ ᠠᠵᠢᠯ ᠣᠯᠭᠤᠯᠲᠠ ᠳᠤ | ᠦᠵᠡᠭᠦᠯᠬᠦ ᠴᠢᠬᠤᠯᠠ ᠠᠴᠢ ᠬᠤᠯᠪᠣᠭᠳᠠᠯ ᠢ ᠨᠢᠭᠡ ᠲᠠᠯ᠎ᠠ ᠠᠴᠠ ᠲᠤᠳᠤᠷᠬᠠᠶᠢᠯᠠᠪᠠ᠃ | ᠣᠳᠣᠬᠠᠨ ᠳᠤ᠂ ᠲᠣᠭᠠᠴᠢᠯᠠᠭᠰᠠᠨ ᠠᠵᠤ ᠠᠬᠤᠢ ᠶᠡᠭᠡ ᠬᠡᠮᠵᠢᠶᠡᠨ ᠤ ᠰᠢᠨ᠎ᠡ ᠠᠵᠤ ᠦᠢᠯᠡᠰ᠂ ᠰᠢᠨ᠎ᠡ | ᠡᠵᠡᠩᠨᠡᠯᠲᠡ ᠶᠢᠨ ᠬᠡᠯᠪᠡᠷᠢ᠂ ᠰᠢᠨ᠎ᠡ ᠬᠤᠳᠠᠯᠳᠤᠭᠠᠨ ᠤ ᠵᠠᠭᠪᠤᠷ ᠢ ᠪᠤᠢ ᠪᠣᠯᠭᠠᠵᠤ᠂ ᠶᠡᠭᠡ ᠬᠡᠮᠵᠢᠶᠡᠨ ᠤ ᠰᠢᠨ᠎ᠡ ᠠᠵᠢᠯ | ᠣᠯᠭᠤᠯᠲᠠ ᠶᠢᠨ ᠬᠡᠯᠪᠡᠷᠢ ᠶᠢ ᠡᠭᠦᠳᠴᠡᠢ᠃ ᠡᠨᠡ ᠵᠢᠯ ᠤᠨ 2 ᠳ᠋ᠤᠭᠠᠷ ᠰᠠᠷ᠎ᠠ ᠳᠤ ᠨᠡᠶᠢᠲᠡᠯᠡᠭᠰᠡᠨ ︽2023 | ᠣᠨ ᠤ ᠳᠤᠮᠳᠠᠳᠤ ᠤᠯᠤᠰ ᠤᠨ ᠲᠣᠭᠠᠴᠢᠯᠠᠭᠰᠠᠨ ᠠᠵᠤ ᠠᠬᠤᠶ ᠶᠢᠨ ᠬᠤᠰᠢᠭᠤᠷᠠᠯ᠄ ᠲᠠᠪᠴᠠᠩ ᠬᠢᠭᠡᠳ ᠴᠢᠨᠠᠷ | ᠰᠠᠶᠢᠲᠠᠶ ᠭᠦᠢᠴᠡᠳ ᠠᠵᠢᠯ ᠣᠯᠭᠤᠯᠲᠠ︾ ᠭᠡᠬᠦ ᠮᠡᠳᠡᠭᠦᠯᠦᠯᠲᠡ ᠳᠤ ᠢᠯᠡᠷᠡᠭᠦᠯᠦᠭᠰᠡᠨ ᠢᠶᠠᠷ 2030 ᠣᠨ ᠳᠤ | ᠲᠣᠭᠠᠴᠢᠯᠠᠭᠰᠠᠨ ᠠᠵᠤ ᠠᠬᠤᠶ ᠪᠠᠷ ᠠᠵᠢᠯ ᠣᠯᠭᠤᠯᠲᠠ ᠶᠢ ᠳᠠᠶᠢᠴᠢᠯᠠᠭᠰᠠᠨ ᠬᠥᠮᠦᠨ ᠤ ᠲᠤᠭ᠎ᠠ 4.49 | ᠳ᠋ᠦᠩᠰᠢᠭᠤᠷ ᠲᠤ ᠬᠥᠷᠬᠦ ᠪᠣᠯᠤᠨ᠎ᠠ᠃ ᠲᠣᠭᠠᠴᠢᠯᠠᠭᠰᠠᠨ ᠠᠵᠤ ᠠᠬᠤᠶ ᠪᠣᠯᠤᠨ ᠪᠣᠳᠠᠲᠤ ᠴᠣᠭᠴᠠ ᠶᠢᠨ ᠠᠵᠤ ᠠᠬᠤᠶ | ᠭᠦᠨᠵᠡᠭᠡᠶ ᠠᠭᠤᠰᠤᠯᠴᠠᠵᠤ᠂ ᠲᠣᠭᠠᠴᠢᠯᠠᠭᠰᠠᠨ ᠠᠵᠤ ᠦᠢᠯᠡᠰ ᠢ ᠬᠠᠮᠵᠢᠯᠴᠠᠭᠤᠯᠤᠨ ᠬᠥᠭᠵᠢᠭᠦᠯᠬᠦ ᠪᠠᠷ ᠳᠡᠮᠵᠢᠨ | ᠦᠢᠯᠡᠳᠪᠦᠷᠢᠯᠡᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠬᠡᠪᠴᠢᠶ᠎ᠡ ᠶᠢ ᠥᠷᠭᠡᠳᠬᠡᠬᠦ ᠶᠢ ᠠᠬᠢᠭᠤᠯᠵᠤ᠂ | ᠤᠯᠠᠮᠵᠢᠯᠠᠯᠲᠤ ᠠᠵᠢᠯ ᠮᠡᠷᠭᠡᠵᠢᠯ ᠪᠣᠯᠤᠨ ᠠᠵᠢᠯ ᠤᠨ ᠪᠠᠶᠢᠷᠢ ᠳᠤ ᠰᠢᠨ᠎ᠡ ᠠᠭᠤᠯᠤᠭᠳᠠᠬᠤᠨ ᠨᠡᠮᠡᠷᠢᠯᠡᠪᠡ᠂ | ᠵᠢᠱᠢᠶᠡᠯᠡᠪᠡᠯ ᠰᠦᠯᠵᠢᠶᠡᠨ ᠤ ᠡᠮᠴᠢ᠂ ᠰᠦᠯᠵᠢᠶ᠎ᠡ ᠪᠠᠷ ᠲᠡᠷᠭᠡ ᠪᠣᠯᠵᠣᠬᠤ ᠵᠢᠯᠣᠭᠤᠴᠢ ᠵᠡᠷᠭᠡ ᠳᠤ ᠠᠵᠢᠯ ᠣᠯᠭᠤᠬᠤ | ᠠᠵᠢᠯ ᠤᠨ ᠪᠠᠶᠢᠷᠢ ᠶᠢ ᠨᠡᠮᠡᠭᠳᠡᠭᠦᠯᠦᠭᠰᠡᠨ ᠢᠶᠠᠷ ᠪᠠᠷᠠᠬᠤ ᠥᠬᠡᠶ᠂ ᠬᠥᠳᠡᠯᠮᠦᠷᠢᠴᠢᠳ ᠤᠨ ᠰᠣᠩᠭᠤᠯᠲᠠ ᠬᠢᠬᠦ ᠡᠷᠬᠡ | ᠴᠢᠯᠥᠭᠡ ᠶᠢᠨ ᠬᠡᠮᠵᠢᠶ᠎ᠡ ᠶᠢ ᠬᠠᠮᠤᠭ ᠤᠨ ᠶᠡᠭᠡ ᠪᠠᠷ ᠳᠡᠭᠡᠭᠰᠢᠯᠡᠭᠦᠯᠦᠨ᠂ ᠠᠳᠠᠯᠢ ᠪᠤᠰᠤ ᠬᠥᠮᠦᠰ ᠤᠨ ᠠᠵᠢᠯ | ᠣᠯᠭᠤᠯᠲᠠ ᠶᠢ ᠪᠡᠶᠡᠯᠡᠭᠦᠯᠬᠦ ᠳᠤ ᠨᠠᠩ ᠣᠯᠠᠨ ᠪᠣᠯᠤᠮᠵᠢ ᠬᠠᠩᠭᠠᠪᠠ᠃ | ᠡᠭᠦᠨ ᠤ ᠬᠠᠮᠲᠤ᠂ ᠲᠣᠭᠠᠴᠢᠯᠠᠭᠰᠠᠨ ᠠᠵᠤ ᠠᠬᠤᠶ ᠨᠢ ᠠᠵᠢᠯ ᠣᠯᠭᠤᠯᠲᠠ ᠶᠢ ᠠᠬᠢᠭᠤᠯᠬᠤ ᠶᠠᠪᠤᠴᠠ ᠳᠤ | ᠪᠠᠰᠠ ᠵᠠᠷᠢᠮ ᠪᠠᠴᠢᠮ ᠰᠢᠢᠳᠪᠦᠷᠢᠯᠡᠬᠦ ᠴᠢᠬᠤᠯᠠᠲᠠᠶ ᠠᠰᠠᠭᠤᠳᠠᠯ ᠤᠳ ᠣᠷᠣᠰᠢᠵᠤ ᠪᠠᠶᠢᠨ᠎ᠠ᠃ ᠵᠢᠱᠢᠶᠡᠯᠡᠪᠡᠯ᠂ | ᠲᠣᠭᠠᠴᠢᠯᠠᠭᠰᠠᠨ ᠴᠢᠳᠠᠪᠤᠷᠢᠲᠠᠨ ᠤ ᠬᠠᠩᠭᠠᠯᠭ᠎ᠠ ᠶᠢᠨ ᠳᠤᠲᠠᠭᠤᠳᠠᠯ ᠶᠡᠭᠡ᠂ ᠰᠢᠨ᠎ᠡ ᠡᠵᠡᠩᠨᠡᠯᠲᠡ ᠶᠢᠨ ᠬᠡᠯᠪᠡᠷᠢ ᠶᠢᠨ | ᠠᠵᠢᠯ ᠣᠯᠤᠭᠰᠠᠨ ᠬᠥᠮᠦᠰ ᠤᠨ ᠬᠥᠳᠡᠯᠮᠦᠷᠢ ᠶᠢᠨ ᠡᠷᠬᠡ ᠠᠰᠢᠭ ᠤᠨ ᠪᠠᠲᠤᠯᠠᠭ᠎ᠠ ᠬᠦᠷᠦᠯᠴᠡᠬᠦ ᠦᠭᠡᠢ᠂ | ᠬᠥᠳᠡᠯᠮᠦᠷᠢᠴᠢᠳ ᠤᠨ ᠰᠢᠯᠵᠢᠯᠲᠡ ᠶᠢᠨ ᠴᠢᠨᠠᠷ ᠪᠠ ᠠᠵᠢᠯ ᠣᠯᠭᠤᠯᠲᠠ ᠶᠢᠨ ᠠᠷᠭ᠎ᠠ ᠬᠡᠯᠪᠡᠷᠢ ᠶᠢᠨ ᠤᠯᠠᠨ | ᠶᠠᠩᠵᠤᠴᠢᠯᠠᠬᠰᠠᠨ ᠠᠵᠢᠯ ᠣᠯᠭᠤᠯᠲᠠ ᠶᠢᠨ ᠦᠢᠯᠡᠴᠢᠯᠡᠭᠡ ᠳᠤ ᠵᠣᠬᠢᠴᠠᠬᠤ ᠶᠢ ᠲᠡᠭᠦᠯᠳᠡᠷᠵᠢᠭᠦᠯᠬᠦ ᠴᠢᠬᠤᠯᠠᠲᠠᠢ | ᠪᠠᠶᠢᠬᠤ ᠵᠡᠷᠭᠡ ᠪᠣᠯᠤᠨ᠎ᠠ᠃ ᠡᠭᠦᠨ ᠳᠤ᠂ ᠲᠣᠭᠠᠴᠢᠯᠠᠭᠰᠠᠨ ᠠᠵᠤ ᠠᠬᠤᠶ ᠶᠢᠨ ᠰᠢᠨ᠎ᠡ ᠪᠠᠷ ᠨᠡᠮᠡᠭᠳᠡᠭᠰᠡᠨ ᠠᠵᠢᠯ | ᠣᠯᠭᠤᠯᠲᠠ ᠶᠢ ᠪᠤᠶᠢᠵᠢᠭᠤᠯᠬᠤ᠂ ᠠᠵᠢᠯ ᠣᠯᠭᠤᠯᠲᠠ ᠶᠢᠨ ᠪᠦᠲᠦᠴᠡ ᠶᠢ ᠲᠠᠰ ᠳᠡᠪᠰᠢᠭᠦᠯᠬᠦ ᠳᠠᠯᠳᠠ ᠬᠦᠴᠦᠨ ᠢ | ᠤᠯᠠᠮ ᠴᠢᠨᠠᠭᠰᠢᠳᠠ ᠠᠭᠤᠳᠠᠯᠵᠤ᠂ ᠬᠤᠯᠪᠤᠭᠳᠠᠯ ᠪᠥᠬᠦᠶ ᠴᠢᠳᠠᠪᠤᠷᠢᠲᠠᠨ ᠤ ᠨᠠᠩ ᠴᠢᠨᠠᠷ ᠰᠠᠶᠢᠲᠠᠶ ᠪᠠ ᠨᠠᠩ | ᠭᠦᠢᠴᠡᠳ ᠠᠵᠢᠯ ᠣᠯᠭᠤᠯᠲᠠ ᠶᠢ ᠲᠦᠯᠬᠢᠨ ᠠᠬᠢᠭᠤᠯᠬᠤ ᠴᠢᠬᠤᠯᠠᠲᠠᠶ ᠪᠠᠶᠢᠨ᠎ᠠ᠃ | ᠨᠢᠭᠡ ᠲᠠᠯ᠎ᠠ ᠪᠠᠷ᠂ ᠲᠣᠭᠠᠴᠢᠯᠠᠭᠰᠠᠨ ᠠᠵᠤ ᠦᠢᠯᠡᠰ ᠤᠨ ᠲᠦᠷᠭᠡᠨ ᠬᠥᠭᠵᠢᠯᠲᠡ ᠶᠢ ᠠᠬᠢᠭᠤᠯᠵᠤ᠂ | ᠲᠣᠭᠠᠴᠢᠯᠠᠭᠰᠠᠨ ᠴᠢᠳᠠᠪᠤᠷᠢᠲᠠᠨ ᠢ ᠬᠥᠮᠦᠵᠢᠭᠦᠯᠬᠦ ᠡᠷᠴᠢᠮ ᠢᠶᠠᠨ ᠴᠢᠩᠭᠠᠷᠠᠭᠤᠯᠤᠨ᠎ᠠ᠃ ᠢᠨᠲ᠋ᠧᠷ ᠰᠦᠯᠵᠢᠶ᠎ᠡ᠂ ᠡᠳ᠋ | ᠪᠠᠷᠠᠭᠠᠨ ᠤ ᠮᠡᠳᠡᠭᠡ ᠵᠠᠩᠭᠢ ᠶᠢᠨ ᠰᠦᠯᠵᠢᠶ᠎ᠡ᠂ ᠲᠣᠮᠣ ᠳ᠋ᠠᠶᠢᠲ᠋ᠠ᠂ ᠡᠭᠦᠯᠡᠨ ᠪᠤᠳᠤᠯᠲᠠ᠂ ᠵᠣᠬᠢᠶᠠᠮᠠᠯ ᠣᠶᠤᠨ | ᠴᠢᠳᠠᠪᠤᠷᠢ ᠵᠡᠷᠭᠡ ᠰᠢᠨ᠎ᠡ ᠪᠠᠷ ᠪᠣᠶ ᠪᠣᠯᠤᠭᠰᠠᠨ ᠠᠵᠤ ᠦᠢᠯᠡᠰ ᠢ ᠶᠡᠬᠡᠪᠡᠷ ᠬᠥᠭᠵᠢᠭᠦᠯᠵᠦ᠂ ᠲᠠᠪᠴᠠᠩ ᠤᠨ ᠠᠵᠤ | ᠠᠬᠤᠶᠢᠯᠠᠯ ᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠲᠣᠭᠠᠴᠢᠯᠠᠭᠰᠠᠨ ᠦᠢᠯᠡᠳᠪᠦᠷᠢᠯᠡᠯ ᠤᠨ ᠰᠢᠨ᠎ᠡ | ᠡᠵᠡᠩᠨᠡᠯᠲᠡ ᠶᠢᠨ ᠪᠠᠶᠢᠳᠠᠯ ᠰᠢᠨ᠎ᠡ ᠵᠠᠭᠪᠤᠷ ᠢ ᠲᠠᠰᠤᠷᠠᠯᠲᠠ ᠥᠬᠡᠶ ᠪᠣᠶ ᠪᠣᠯᠭᠠᠨ᠂ ᠠᠵᠤ ᠠᠬᠤᠶ ᠶᠢᠨ ᠰᠢᠨ᠎ᠡ | ᠨᠡᠮᠡᠭᠳᠡᠯ ᠤᠨ ᠴᠡᠭ ᠢ ᠪᠣᠶᠢᠵᠢᠭᠤᠯᠤᠨ᠂ ᠨᠠᠩ ᠣᠯᠠᠨ ᠰᠢᠨ᠎ᠡ ᠪᠠᠷ ᠪᠣᠶ ᠪᠣᠯᠤᠭᠰᠠᠨ ᠠᠵᠢᠯ ᠣᠯᠭᠤᠯᠲᠠ ᠶᠢᠨ ᠠᠵᠠ | ᠲᠣᠬᠢᠶᠠᠯ ᠢ ᠡᠭᠦᠳᠦᠨ᠎ᠡ᠃ ᠢᠨᠲ᠋ᠧᠷ ᠰᠦᠯᠵᠢᠶ᠎ᠡ᠂ ᠲᠣᠮᠣ ᠳ᠋ᠠᠶᠢᠲ᠋ᠠ᠂ ᠵᠣᠬᠢᠶᠠᠮᠠᠯ ᠣᠶᠤᠨ ᠴᠢᠳᠠᠪᠤᠷᠢ ᠪᠠ ᠪᠣᠳᠠᠲᠤ | ᠴᠣᠭᠴᠠ ᠶᠢᠨ ᠠᠵᠤ ᠠᠬᠤᠶ ᠶᠢᠨ ᠭᠦᠨᠵᠡᠭᠡᠶ ᠠᠭᠤᠰᠤᠯᠴᠠᠯ ᠢ ᠠᠬᠢᠭᠤᠯᠵᠤ᠂ ᠤᠯᠠᠮᠵᠢᠯᠠᠯᠲᠤ ᠠᠵᠤ ᠦᠢᠯᠡᠰ ᠤᠨ | ᠲᠣᠭᠠᠴᠢᠯᠠᠭᠰᠠᠨ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠵᠤ᠂ ᠨᠠᠩ ᠣᠯᠠᠨ ᠬᠥᠳᠡᠯᠮᠦᠷᠢᠴᠢᠳ ᠤᠨ ᠠᠵᠢᠯ ᠤᠨ | ᠪᠠᠶᠢᠷᠢ ᠪᠠᠨ ᠬᠤᠪᠢᠷᠠᠭᠤᠯᠤᠨ ᠶᠠᠰᠤ ᠴᠢᠨᠠᠷ ᠢᠶᠠᠨ ᠳᠡᠭᠡᠭᠰᠢᠯᠡᠭᠦᠯᠵᠦ ᠠᠵᠢᠯ ᠤᠯᠬᠤ ᠶᠢ ᠳᠠᠶᠢᠴᠢᠯᠠᠨ᠎ᠠ᠃ | ᠲᠣᠭᠠᠴᠢᠯᠠᠭᠰᠠᠨ ᠴᠢᠳᠠᠪᠤᠷᠢᠲᠠᠨ ᠤ ᠪᠠᠭᠰᠢ ᠶᠢᠨ ᠬᠦᠴᠦᠨ ᠤ ᠪᠠᠶᠢᠭᠤᠯᠤᠯᠲᠠ ᠶᠢ ᠴᠢᠩᠭᠠᠳᠬᠠᠵᠤ᠂ ᠶᠡᠭᠡ ᠳᠤᠮᠳᠠ | ᠪᠠᠭ᠎ᠠ ᠰᠤᠷᠭᠠᠭᠤᠯᠢ ᠶᠢᠨ ᠡᠯ᠎ᠡ ᠰᠤᠷᠤᠯᠭ᠎ᠠ ᠶᠢᠨ ᠱᠠᠲᠤᠨ ᠳᠤ ᠲᠣᠭᠠᠴᠢᠯᠠᠭᠰᠠᠨ ᠮᠡᠳᠡᠯᠭᠡ ᠪᠠ ᠤᠷ᠎ᠠ ᠮᠡᠷᠭᠡᠵᠢᠯ ᠤᠨ | ᠬᠥᠮᠦᠵᠢᠯ ᠢ ᠨᠡᠪᠲᠡᠷᠡᠯᠴᠡᠭᠦᠯᠦᠨ ᠠᠬᠢᠭᠤᠯᠵᠤ᠂ ᠣᠯᠠᠨ ᠲᠠᠰ ᠳᠠᠪᠬᠤᠷᠭ᠎ᠠ᠂ ᠣᠯᠠᠨ ᠲᠥᠷᠥᠯ ᠬᠡᠯᠪᠡᠷᠢ ᠶᠢᠨ | ᠲᠣᠭᠠᠴᠢᠯᠠᠭᠰᠠᠨ ᠴᠢᠳᠠᠪᠤᠷᠢᠲᠠᠨ ᠢ ᠬᠥᠮᠦᠵᠢᠭᠦᠯᠬᠦ ᠰᠢᠰᠲ᠋ᠧᠮ ᠢ ᠪᠠᠶᠢᠭᠤᠯᠤᠨ ᠪᠦᠷᠢᠨᠰᠢᠭᠦᠯᠦᠨ᠎ᠡ᠃ | ᠨᠥᠭᠦᠭᠡ ᠲᠠᠯ᠎ᠠ ᠪᠠᠷ᠂ ᠲᠣᠭᠠᠴᠢᠯᠠᠭᠰᠠᠨ ᠠᠵᠤ ᠠᠬᠤᠶ ᠶᠢᠨ ᠵᠢᠮ᠎ᠡ ᠶᠣᠰᠣᠨ ᠳᠤ ᠨᠡᠶᠢᠴᠡᠬᠦ ᠠᠵᠢᠯ | ᠣᠯᠭᠤᠯᠲᠠ ᠶᠢᠨ ᠪᠠᠲᠤᠯᠠᠭ᠎ᠠ ᠶᠢᠨ ᠰᠢᠰᠲ᠋ᠧᠮ ᠢ ᠪᠦᠷᠢᠨᠰᠢᠭᠦᠯᠵᠦ᠂ ᠲᠣᠭᠠᠴᠢᠯᠠᠭᠰᠠᠨ ᠠᠵᠢᠯ ᠣᠯᠭᠤᠯᠲᠠ ᠶᠢᠨ | ᠦᠢᠯᠡᠴᠢᠯᠡᠭᠡᠨ ᠤ ᠲᠠᠪᠴᠠᠩ ᠤᠨ ᠪᠠᠶᠢᠭᠤᠯᠤᠯᠲᠠ ᠶᠢ ᠴᠢᠩᠭᠠᠳᠬᠠᠨ᠎ᠠ᠃ ᠬᠠᠤᠯᠢ ᠲᠣᠭᠲᠠᠭᠠᠬᠤ ᠪᠠᠷ ᠳᠠᠮᠵᠢᠭᠤᠯᠤᠨ | ᠠᠵᠢᠯ ᠣᠯᠭᠤᠯᠲᠠ ᠶᠢᠨ ᠰᠢᠨ᠎ᠡ ᠬᠡᠯᠪᠡᠷᠢ ᠶᠢᠨ ᠬᠥᠳᠡᠯᠮᠦᠷᠢᠴᠢᠨ ᠤ ᠬᠥᠳᠡᠯᠮᠦᠷᠢ ᠶᠢᠨ ᠬᠠᠷᠢᠴᠠᠭ᠎ᠠ ᠶᠢ ᠮᠠᠭᠠᠳᠯᠠᠨ | ᠲᠣᠭᠲᠠᠭᠠᠬᠤ ᠲᠣᠭᠲᠠᠴᠠ ᠶᠢ ᠲᠣᠳᠣᠷᠬᠠᠶᠢᠯᠠᠵᠤ᠂ ᠲᠡᠭᠦᠨ ᠤ ᠬᠥᠳᠡᠯᠮᠦᠷᠢ ᠶᠢᠨ ᠡᠷᠬᠡ ᠠᠰᠢᠭ ᠢ ᠪᠠᠲᠤᠯᠠᠬᠤ | ᠠᠷᠭ᠎ᠠ ᠶᠢ ᠲᠡᠭᠦᠯᠳᠡᠷᠵᠢᠭᠦᠯᠦᠨ᠂ ᠲᠤᠭᠠᠴᠢᠯᠠᠭᠰᠠᠨ ᠠᠵᠢᠯ ᠣᠯᠭᠤᠯᠲᠠ ᠶᠢᠨ ᠣᠨᠴᠠᠯᠢᠭ ᠲᠤ ᠵᠣᠬᠢᠴᠠᠭᠰᠠᠨ | ᠨᠡᠶᠢᠭᠡᠮ ᠤᠨ ᠳᠠᠭᠠᠳᠬᠠᠯ ᠤᠨ ᠲᠦᠷᠢᠮ ᠢ ᠪᠦᠷᠢᠨᠰᠢᠭᠦᠯᠦᠨ᠎ᠡ᠃ ᠵᠢᠱᠢᠶᠡᠯᠡᠪᠡᠯ᠂ ᠲᠤᠭᠠᠴᠢᠯᠠᠭᠰᠠᠨ ᠠᠵᠢᠯ | ᠡᠷᠭᠢᠯᠡᠭᠰᠡᠳ ᠤᠨ ᠪᠠᠷᠢᠮᠵᠢᠶᠠᠲᠤ ᠬᠥᠳᠡᠯᠮᠦᠷᠢ ᠶᠢᠨ ᠴᠠᠭ᠂ ᠨᠡᠶᠢᠭᠡᠮ ᠤᠨ ᠳᠠᠭᠠᠳᠬᠠᠯ ᠤᠨ ᠰᠦᠢᠳᠭᠡᠯ ᠲᠤᠰᠢᠶᠠᠬᠤ | ᠵᠡᠷᠭᠡ ᠲᠠᠯ᠎ᠠ ᠪᠠᠷ ᠨᠠᠷᠢᠨ ᠲᠣᠭᠲᠠᠭᠠᠯ ᠭᠠᠷᠭᠠᠵᠤ᠂ ᠠᠮᠢᠳᠤᠯᠢᠭ ᠢᠶᠠᠷ ᠠᠵᠢᠯ ᠣᠯᠤᠭᠰᠠᠳ ᠲᠤ ᠲᠤᠯᠭᠠᠷᠠᠵᠤ ᠪᠠᠶᠢᠭ᠎ᠠ | ᠲᠠᠩᠰᠠᠨ ᠡᠷᠦᠬᠡ ᠶᠢ ᠰᠢᠯᠵᠢᠭᠦᠯᠦᠨ ᠵᠣᠯᠭᠠᠭᠤᠯᠬᠤ ᠳᠤ ᠬᠦᠴᠢᠷᠲᠡᠶ ᠪᠠᠶᠢᠬᠤ᠂ ᠲᠦᠭᠰᠢᠭᠦᠷᠢ ᠶᠢᠨ ᠨᠥᠬᠦᠪᠥᠷᠢ | ᠤᠯᠬᠤ ᠳᠤ ᠬᠦᠴᠢᠷᠲᠡᠶ ᠪᠠᠶᠢᠬᠤ ᠵᠡᠷᠭᠡ ᠠᠰᠠᠭᠤᠳᠠᠯ ᠢ ᠰᠢᠢᠳᠪᠦᠷᠢᠯᠡᠵᠦ᠂ ᠠᠵᠢᠯ ᠣᠯᠭᠤᠯᠲᠠ ᠶᠢᠨ ᠰᠢᠨ᠎ᠡ ᠬᠡᠯᠪᠡᠷᠢ | ᠪᠥᠬᠦᠶ ᠨᠡᠶᠢᠭᠡᠮ ᠤᠨ ᠪᠠᠲᠤᠯᠠᠭ᠎ᠠ ᠶᠢ ᠴᠢᠩᠭᠠᠷᠠᠭᠤᠯᠤᠨ᠎ᠠ᠃ ︽ᠢᠨᠲ᠋ᠧᠷ ᠰᠦᠯᠵᠢᠶ᠎ᠡ +︾ ᠣᠯᠠᠨ ᠨᠡᠶᠢᠲᠡ ᠶᠢᠨ | ᠠᠵᠢᠯ ᠣᠯᠭᠤᠵᠤ ᠠᠳᠠᠯ ᠦᠢᠯᠡᠰ ᠴᠣᠭᠴᠠᠯᠠᠬᠤ ᠦᠢᠯᠡᠴᠢᠯᠡᠭᠡ ᠶᠢ ᠬᠡᠷᠡᠭᠵᠢᠭᠦᠯᠵᠦ᠂ ᠪᠥᠬᠦ ᠤᠯᠤᠰ ᠤᠨ ᠣᠯᠠᠨ | ᠨᠡᠶᠢᠲᠡ ᠶᠢᠨ ᠠᠵᠢᠯ ᠣᠯᠭᠤᠬᠤ ᠮᠡᠳᠡᠭᠡ ᠵᠠᠩᠭᠢ ᠶᠢᠨ ᠦᠢᠯᠡᠴᠢᠯᠡᠭᠡᠨ ᠤ ᠲᠠᠪᠴᠠᠩ ᠤᠨ ᠪᠠᠶᠢᠭᠤᠯᠤᠯᠲᠠ ᠶᠢ | ᠴᠢᠩᠭᠠᠳᠬᠠᠨ᠂ ᠰᠢᠯᠵᠢᠮᠡᠯ ᠦᠵᠦᠭᠦᠷ ᠤᠨ ᠬᠡᠷᠡᠭᠯᠡᠭᠡᠨ ᠢ ᠴᠢᠩᠭᠠᠷᠠᠭᠤᠯᠵᠤ᠂ ᠲᠥᠷᠥ ᠶᠢᠨ ᠪᠣᠳᠣᠯᠭ᠎ᠠ ᠶᠢᠨ | ᠲᠠᠶᠢᠯᠤᠮᠵᠢ ᠬᠢᠬᠦ᠂ ᠲᠤᠬᠠᠶᠢᠯᠠᠭᠰᠠᠨ ᠠᠵᠢᠯ ᠢ ᠭᠦᠢᠴᠡᠳᠭᠡᠬᠦ ᠪᠠ ᠠᠰᠠᠭᠤᠨ ᠯᠠᠪᠯᠠᠬᠤ ᠶᠢ ᠨᠢᠭᠡ | ᠴᠣᠠᠠᠴᠠᠵᠢᠭᠤᠯᠥᠠᠠᠰᠠᠨ ᠣᠶᠤᠨᠴᠢ ᠦᠢᠯᠡᠴᠢᠯᠡᠭᠡᠨ ᠤ ᠰᠢᠰᠲ᠋ᠧᠮᠵᠢ ᠶᠢ ᠪᠠᠶᠢᠭᠤᠯᠤᠨ᠂ ᠣᠯᠠᠨ ᠨᠡᠶᠢᠲᠡ ᠶᠢᠨ ᠠᠵᠢᠯ | ᠣᠯᠭᠤᠵᠤ ᠠᠳᠠᠯ ᠦᠢᠯᠡᠰ ᠴᠣᠭᠴᠠᠯᠠᠬᠤ ᠲᠣᠭᠠᠴᠢᠯᠠᠭᠰᠠᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠎ᠡ᠃ | ᠵᠤᠤ ᠡᠾᠧᠩ ᠴᠦᠨ | |