ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠶᠢᠰᠦᠳᠦᠭᠡᠷ ᠲᠣᠭᠤᠷᠢᠨ ᠵᠢᠯᠣᠭᠤᠳᠬᠤ ᠳᠤᠭᠤᠶᠢᠯᠠᠩ ᠲᠠᠢ ᠬᠠᠮᠲᠤᠷᠠᠨ ᠭᠤᠤᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/5/23
  ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠢ ᠭᠦᠨᠵᠡᠭᠡᠢ ᠠᠬᠢᠭᠤᠯᠵᠤ᠂ ᠤᠯᠠᠮ ᠨᠢᠭᠡ ᠠᠯᠬᠤᠮ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠠᠰᠠᠭᠤᠳᠠᠯ ᠢ ᠰᠢᠢᠳᠪᠦᠷᠢᠯᠡᠨ᠂ ᠬᠥᠭᠵᠢᠯᠲᠡ ᠶᠢ ᠠᠬᠢᠭᠤᠯᠬᠤ ᠶᠢᠨ ᠲᠥᠯᠥᠭᠡ᠂ ᠰᠤᠷᠤᠯᠴᠠᠯᠭ᠎ᠠ ᠪᠠᠷ ᠤᠶᠤᠨ ᠰᠠᠨᠠᠭ᠎ᠠ ᠪᠠᠨ ᠱᠤᠭᠤᠬᠤ᠂ ᠰᠤᠷᠤᠯᠴᠠᠯᠭ᠎ᠠ ᠪᠠᠷ ᠤᠶᠤᠨ ᠤᠬᠠᠭᠠᠨ ᠢᠶᠠᠨ ᠨᠡᠮᠡᠭᠳᠡᠭᠦᠯᠬᠦ᠂ ᠰᠤᠷᠤᠯᠴᠠᠯᠭ᠎ᠠ ᠪᠠᠷ ᠰᠤᠷᠲᠠᠯ ᠢᠶᠠᠨ ᠲᠥᠪ ᠪᠣᠯᠭᠠᠬᠤ᠂ ᠰᠤᠷᠤᠯᠴᠠᠯᠭ᠎ᠠ ᠪᠠᠷ ᠠᠵᠢᠯᠯᠠᠬᠤ ᠶᠢ ᠠᠬᠢᠭᠤᠯᠬᠤ ᠲᠠᠯ᠎ᠠ ᠪᠠᠷ ᠦᠨᠡᠨ ᠬᠦ ᠪᠣᠳᠠᠲᠠᠢ ᠦᠷ᠎ᠡ ᠪᠦᠲᠦᠮᠵᠢ ᠤᠯᠪᠠ᠃ 5 ᠳ᠋ᠤᠭᠠᠷ ᠰᠠᠷ᠎ᠠ ᠶᠢᠨ 23 ᠤ ᠡᠳᠦᠷ᠂ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠶᠢᠰᠦᠳᠦᠭᠡᠷ ᠲᠣᠭᠤᠷᠢᠨ ᠵᠢᠯᠣᠭᠤᠳᠬᠤ ᠳᠤᠭᠤᠶᠢᠯᠠᠩ ᠲᠠᠢ ᠬᠠᠮᠲᠤᠷᠠᠨ ᠥᠪᠥᠷ ᠮᠣᠩᠭᠤᠯ ᠤᠨ ᠦᠵᠡᠰᠬᠦᠯᠡᠩ ᠤᠨ ᠣᠷᠳᠣᠨ ᠳᠤ ᠬᠦᠷᠴᠦ ︽ᠭᠤᠤᠯ ᠰᠡᠳᠦᠪᠲᠦ ᠬᠥᠮᠦᠵᠢᠯ ᠢ ᠦᠷᠭᠦᠯᠵᠢᠯᠡᠨ ᠭᠦᠨᠵᠡᠭᠡᠶᠢᠷᠡᠭᠦᠯᠦᠨ ᠪᠣᠳᠠᠲᠠᠶᠢᠵᠢᠭᠤᠯᠵᠤ᠂ ︿ᠬᠤᠶᠠᠷ ᠶᠡᠭᠡ ᠶᠠᠪᠤᠳᠠᠯ﹀ ᠤᠨ ᠤᠰᠤᠨ ᠠᠰᠢᠭᠯᠠᠯᠲᠠ ᠶᠢᠨ ᠪᠠᠲᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠬᠦ︾ ᠭᠤᠤᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠦᠷᠨᠢᠭᠦᠯᠵᠤ ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠭᠤᠤᠯ ᠰᠡᠳᠦᠪᠲᠦ ᠬᠥᠮᠦᠵᠢᠯ ᠤᠨ ᠶᠢᠰᠦᠳᠦᠭᠡᠷ ᠲᠣᠭᠤᠷᠢᠨ ᠵᠢᠯᠣᠭᠤᠳᠬᠤ ᠳᠤᠭᠤᠶᠢᠯᠠᠩ ᠤᠨ ᠳᠠᠷᠤᠭ᠎ᠠ ᠱᠢ ᠯᠢᠶᠠᠩ᠂ ᠤᠰᠤᠨ ᠠᠰᠢᠭᠯᠠᠯᠲᠠ ᠶᠢᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠭᠤᠤᠯ ᠰᠡᠳᠦᠪᠲᠦ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠳᠠᠷᠤᠭ᠎ᠠ ᠱᠧᠩ ᠰᠢᠶᠣᠣ ᠶᠢᠤ᠂ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠲᠢᠩᠬᠢᠮ ᠤᠨ ᠳᠡᠳ᠋ ᠳᠠᠷᠤᠭ᠎ᠠ᠂ ᠲᠢᠩᠬᠢᠮ ᠤᠨ ᠭᠤᠤᠯ ᠰᠡᠳᠦᠪᠲᠦ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠳᠡᠳ᠋ ᠳᠠᠷᠤᠭ᠎ᠠ ᠵᠤᠤ ᠴᠠᠩ ᠴᠢᠩ ᠨᠡᠷ ᠭᠤᠤᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠳᠤ ᠣᠷᠣᠯᠴᠠᠪᠠ᠃
主题党日活动1.jpg
        ᠪᠦᠬᠦ ᠨᠥᠬᠦᠳ ︽ᠦᠵᠡᠰᠬᠦᠯᠡᠩᠲᠦ ᠰᠠᠶᠢᠬᠠᠨ ᠥᠪᠥᠷ ᠮᠣᠩᠭᠤᠯ ᠤᠨ ᠰᠢᠨ᠎ᠡ ᠠᠶᠠᠨ ᠳᠤ ᠡᠷᠡᠯᠬᠡᠭᠯᠡᠨ ᠤᠷᠤᠭᠰᠢᠯᠠᠵᠤ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ︾ ᠭᠤᠤᠯ ᠰᠡᠳᠦᠪᠲᠦ ᠦᠵᠡᠭᠦᠯᠦᠯᠭᠡ ᠪᠠ ︽ᠤᠭ ᠰᠠᠨᠠᠭ᠎ᠠ ᠪᠠᠨ ᠦᠯᠦ ᠮᠠᠷᠲᠠᠵᠤ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠡᠦᠬᠡ ᠶᠢᠨ ᠦᠵᠡᠰᠬᠦᠯᠡᠩ︾ ᠢ ᠬᠠᠮᠲᠤ ᠪᠠᠷ ᠲᠣᠭᠤᠷᠢᠨ ᠦᠵᠡᠪᠡ᠃ ᠤᠯᠠᠨ ᠢᠶᠠᠷ ᠢᠶᠠᠨ ᠨᠠᠷᠢᠨ ᠬᠢᠨᠠᠮᠠᠭᠠᠢ ᠰᠣᠨᠣᠰᠴᠤ᠂ ᠨᠠᠷᠢᠨ ᠬᠢᠨᠠᠮᠠᠭᠠᠢ ᠦᠵᠡᠵᠦ᠂ ᠭᠦᠨᠵᠡᠭᠡᠢ ᠣᠶᠢᠯᠠᠭᠠᠵᠤ᠂ ︽ᠰᠢᠨ᠎ᠡ ᠴᠠᠭ ᠦᠶ᠎ᠡ ᠶᠢᠨ ᠠᠭᠤᠤ ᠶᠡᠭᠡ ᠠᠮᠵᠢᠯᠲᠠ︾᠂ ︽ᠠᠭᠤᠤ ᠶᠡᠭᠡ ᠲᠤᠭ ᠢ ᠥᠨᠳᠥᠷ ᠮᠠᠨᠳᠤᠭᠤᠯᠬᠤ︾᠂ ︽ᠰᠢᠨ᠎ᠡ ᠠᠭᠤᠤ ᠦᠢᠯᠡᠰ ᠢ ᠴᠣᠭᠴᠠᠯᠠᠶ᠎ᠠ︾ ᠭᠡᠬᠦ 3 ᠨᠢᠭᠡᠴᠢ ᠠᠴᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯᠤᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭᠠᠨ ᠤ ᠭᠦᠨᠵᠡᠭᠡᠢ ᠠᠭᠤᠯᠤᠭᠳᠠᠬᠤᠨ ᠢ ᠭᠦᠨᠵᠡᠭᠡᠢ ᠣᠶᠢᠯᠠᠭᠠᠪᠠ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠵᠠᠭᠤᠨ ᠵᠢᠯ ᠤᠨ ᠲᠡᠦᠬᠡ ᠶᠢᠨ ᠲᠡᠮᠡᠴᠡᠯ ᠤᠨ ᠶᠠᠪᠤᠴᠠ ᠠᠴᠠ ᠤᠯᠠᠭᠠᠨ ᠣᠩᠭᠤᠴᠠᠨ ᠤ ᠵᠣᠷᠢᠭ ᠰᠠᠨᠠᠭ᠎ᠠ᠂ ᠵᠢᠩᠭᠠᠩᠱᠠᠨ ᠤ ᠵᠣᠷᠢᠭ ᠰᠠᠨᠠᠭ᠎ᠠ᠂ ᠤᠷᠳᠤ ᠵᠠᠮ ᠤᠨ ᠠᠶᠠᠨ ᠲᠠᠶᠢᠨ ᠤ ᠵᠣᠷᠢᠭ ᠰᠠᠨᠠᠭ᠎ᠠ᠂ ᠶᠠᠨ ᠠᠨ ᠤ ᠵᠣᠷᠢᠭ ᠰᠠᠨᠠᠭ᠎ᠠ᠂ ᠨᠠᠮ ᠪᠠᠶᠢᠭᠤᠯᠬᠤ ᠠᠭᠤᠤ ᠶᠡᠭᠡ ᠵᠣᠷᠢᠭ ᠰᠠᠨᠠᠭ᠎ᠠ ᠵᠡᠷᠭᠡ ᠵᠣᠷᠢᠭ ᠰᠠᠨᠠᠭᠠᠨ ᠤ ᠴᠠᠭ ᠦᠶ᠎ᠡ ᠶᠢᠨ ᠦᠨ᠎ᠡ ᠦᠷᠳᠡᠭ ᠢ ᠭᠦᠨᠵᠡᠭᠡᠢ ᠣᠶᠢᠯᠠᠭᠠᠪᠠ᠃ ᠥᠪᠥᠷ ᠮᠣᠩᠭᠤᠯ ᠤᠨ ᠬᠥᠭᠵᠢᠯᠲᠡ ᠶᠢᠨ ᠴᠢᠬᠤᠯᠠ ᠶᠡᠭᠡ ᠠᠮᠵᠢᠯᠲᠠ ᠪᠦᠲᠦᠮᠵᠢ ᠠᠴᠠ ︽ᠮᠣᠩᠭᠤᠯ ᠮᠣᠷᠢᠨ ᠤ ᠵᠣᠷᠢᠭ ᠰᠠᠨᠠᠭ᠎ᠠ︾ ᠶᠢ ᠶᠡᠭᠡ ᠪᠠᠷ ᠪᠠᠳᠠᠷᠠᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ︽ᠲᠠᠪᠤᠨ ᠶᠡᠭᠡ ᠡᠭᠦᠷᠭᠡ︾ ᠪᠠ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠤᠨ ᠢᠲᠡᠭᠡᠯ ᠵᠣᠷᠢᠭ ᠢ ᠡᠷᠡᠰ ᠪᠡᠶᠡᠯᠡᠭᠦᠯᠵᠦ᠂ ᠥᠷᠭᠡᠨ ᠣᠯᠠᠨ ᠨᠠᠮ ᠤᠨ ᠭᠡᠰᠢᠭᠦᠨ ᠺᠠᠳ᠋ᠷᠴᠤᠳ ᠤᠨ ᠰᠢᠨ᠎ᠡ ᠱᠠᠲᠤ ᠦᠶ᠎ᠡ ᠶᠢᠨ ᠤᠰᠤᠨ ᠠᠰᠢᠭᠯᠠᠯᠲᠠ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠠᠵᠢᠯ ᠤᠨ ᠬᠠᠯᠠᠭᠤᠨ ᠰᠡᠳᠬᠢᠯᠭᠡ ᠶᠢ ᠬᠥᠭᠵᠢᠭᠡᠪᠡ᠃ ᠦᠵᠡᠰᠬᠦᠯᠡᠩ ᠢ ᠲᠣᠭᠤᠷᠢᠨ ᠦᠵᠡᠵᠦ ᠳᠠᠭᠤᠰᠤᠭᠰᠠᠨ ᠤ ᠲᠠᠷᠠᠭ᠎ᠠ᠂ ᠤᠰᠤᠨ ᠠᠰᠢᠭᠯᠠᠯᠲᠠ ᠶᠢᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠱᠧᠩ ᠰᠢᠶᠣᠣ ᠶᠢᠥ ᠨᠠᠮ ᠤᠨ ᠭᠡᠰᠢᠭᠦᠨ ᠺᠠᠳ᠋ᠷᠴᠤᠳ ᠢ ᠳᠠᠭᠠᠭᠤᠯᠤᠨ ᠨᠠᠮ ᠳᠤ ᠣᠷᠣᠬᠤ ᠲᠠᠩᠭᠠᠷᠢᠭ ᠤᠨ ᠦᠭᠡᠰ ᠢᠶᠠᠨ ᠲᠠᠬᠢᠨ ᠡᠷᠭᠢᠴᠡᠭᠦᠯᠪᠡ᠃
主题党日活动2.jpg
        ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠭᠤᠤᠯ ᠰᠡᠳᠦᠪᠲᠦ ᠬᠥᠮᠦᠵᠢᠯ ᠤᠨ ᠶᠢᠰᠦᠳᠦᠭᠡᠷ ᠲᠣᠭᠤᠷᠢᠨ ᠵᠢᠯᠣᠭᠤᠳᠬᠤ ᠲᠤᠭᠤᠶᠢᠯᠠᠩ ᠤᠨ ᠪᠦᠷᠢᠯᠳᠦᠬᠦᠨ᠂ ᠤᠰᠤᠨ ᠠᠰᠢᠭᠯᠠᠯᠲᠠ ᠶᠢᠨ ᠲᠢᠩᠬᠢᠮ ᠤᠨ ᠤᠳᠤᠷᠢᠳᠤᠯᠭ᠎ᠠ᠂ ᠲᠢᠩᠬᠢᠮ ᠤᠨ ᠪᠠᠶᠢᠭᠤᠯᠭ᠎ᠠ ᠶᠢᠨ ᠨᠠᠮ ᠤᠨ ᠭᠡᠰᠢᠭᠦᠨ ᠺᠠᠳ᠋ᠷ ᠪᠣᠯᠤᠨ ᠬᠥᠬᠡᠬᠤᠲᠠ ᠳᠤ ᠰᠠᠭᠤᠭ᠎ᠠ ᠡᠯ᠎ᠡ ᠨᠢᠭᠡᠴᠢ ᠶᠢᠨ ᠤᠳᠤᠷᠢᠳᠬᠤ ᠪᠠᠭ ᠤᠨ ᠪᠦᠷᠢᠯᠳᠦᠬᠦᠨ ᠨᠡᠶᠢᠲᠡ 50 ᠭᠠᠷᠤᠶ ᠬᠥᠮᠦᠨ ᠭᠤᠤᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠳᠤ ᠣᠷᠣᠯᠴᠠᠪᠠ᠃    ︵ᠲᠢᠩᠬᠢᠮ ᠤᠨ ᠪᠠᠶᠢᠭᠤᠯᠭ᠎ᠠ ᠶᠢᠨ ᠨᠠᠮ ᠤᠨ ᠬᠤᠷᠢᠶ᠎ᠠ ᠠᠴᠠ ᠡᠬᠡ ᠪᠢᠴᠢᠭ ᠬᠠᠩᠭᠠᠪᠠ︶ 
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号