ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ ᠠᠴᠠ ᠨᠡᠶᠢᠲᠡᠯᠡᠭᠰᠡᠨ ᠬᠠᠮᠤᠭ ᠤᠨ | ᠰᠢᠨ᠎ᠡ ᠲᠤᠭ᠎ᠠ ᠪᠦᠷᠢᠳᠬᠡᠯ ᠤᠨ ᠠᠯᠪᠠᠨ ᠮᠡᠳᠡᠭᠡ ᠠᠴᠠ ᠦᠵᠡᠪᠡᠯ᠄ ᠡᠨᠡ ᠵᠢᠯ ᠤᠨ 1 ᠡᠴᠡ4 ᠳ᠋ᠦ᠋ᠭᠡᠷ | ᠰᠠᠷ᠎ᠠ ᠳᠤ᠂ ᠥᠪᠥᠷ ᠮᠣᠩᠭᠤᠯ ᠤᠨ ᠬᠡᠪᠴᠢᠶᠡᠵᠢᠯ ᠠᠴᠠ ᠳᠡᠭᠡᠭᠰᠢᠬᠢ ᠡᠨᠧᠷᠭᠢ ᠶᠢᠨ ᠠᠵᠤ ᠦᠢᠯᠡᠳᠪᠦᠷᠢ ᠶᠢᠨ ᠭᠤᠣᠯ | ᠪᠣᠯᠬᠤ ᠦᠢᠯᠡᠳᠬᠦᠨ ᠤ ᠭᠠᠷᠤᠯᠲᠠ ᠦᠷᠭᠦᠯᠵᠢᠯᠡᠨ ᠨᠡᠮᠡᠭᠳᠡᠪᠡ᠃ ᠡᠭᠦᠨ ᠳᠤ 5 ᠲᠥᠷᠥᠯ ᠤᠨ ᠡᠷᠴᠢᠮ ᠬᠦᠴᠦᠨ ᠤ | ᠠᠵᠤ ᠦᠢᠯᠡᠳᠪᠦᠷᠢ ᠶᠢᠨ ᠦᠵᠡᠭᠦᠯᠦᠯᠲᠡ ᠨᠢ ᠪᠦᠬᠦ ᠣᠯᠥᠰ ᠤᠨ ᠲᠡᠷᠢᠭᠦᠨ ᠡᠩᠨᠡᠭᠡᠨ ᠳᠤ ᠵᠢᠭᠰᠠᠭᠠᠭᠳᠠᠪᠠ᠃ | ᠲᠦᠭᠦᠬᠡᠶ ᠨᠡᠭᠦᠷᠡᠰᠦᠨ ᠤ ᠭᠠᠷᠤᠯᠲᠠ ᠠᠴᠠ ᠦᠵᠡᠪᠡᠯ᠂ 1 ᠠᠴᠠ 4 ᠳ᠋ᠦ᠋ᠭᠡᠷ ᠰᠠᠷ᠎ᠠ ᠳᠤ᠂ ᠪᠥᠬᠦ ᠣᠷᠣᠨ ᠤ | ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠲᠦᠭᠦᠬᠡᠶ ᠨᠡᠭᠦᠷᠡᠰᠦᠨ ᠤ | ᠭᠠᠷᠤᠯᠲᠠ ︵4.08 ᠳ᠋ᠦᠩᠰᠢᠭᠤᠷ ᠲᠣᠨ︶ ᠪᠥᠬᠦ ᠤᠯᠤᠰ ᠤᠨ ᠬᠤᠶᠠᠳᠤᠭᠠᠷ ᠲᠤ ᠣᠷᠣᠵᠤ᠂ ᠠᠳᠠᠯᠢ | ᠬᠤᠭᠤᠴᠠᠭᠠᠨ ᠤ ᠪᠥᠬᠦ ᠤᠯᠤᠰ ᠤᠨ ᠲᠦᠭᠦᠬᠡᠶ ᠨᠡᠭᠦᠷᠡᠰᠦᠨ ᠤ ᠭᠠᠷᠤᠯᠲᠠ ᠶᠢᠨ 26.7% ᠶᠢ ᠡᠵᠡᠯᠡᠵᠦ᠂ ᠠᠳᠠᠯᠢ | ᠬᠤᠭᠤᠴᠠᠭᠠᠨ ᠤ ᠪᠥᠬᠦ ᠤᠯᠤᠰ ᠤᠨ ᠲᠦᠭᠦᠬᠡᠶ ᠨᠡᠭᠦᠷᠡᠰᠦᠨ ᠤ ᠭᠠᠷᠤᠯᠲᠠ ᠶᠢ ᠳᠠᠶᠢᠴᠢᠯᠠᠨ ᠠᠳᠠᠯᠢ | ᠬᠤᠭᠤᠴᠠᠭᠠᠨ ᠤ ᠬᠢ ᠠᠴᠠ 0.7 ᠵᠠᠭᠤᠨ ᠤ ᠴᠡᠭ ᠨᠡᠮᠡᠭᠳᠡᠭᠦᠯᠪᠡ᠃ | ᠴᠠᠬᠢᠯᠭᠠᠨ ᠭᠠᠷᠭᠠᠬᠤ ᠬᠡᠮᠵᠢᠶ᠎ᠡ ᠠᠴᠠ ᠦᠵᠡᠪᠡᠯ᠂ 1 ᠠᠴᠠ 4 ᠳ᠋ᠦ᠋ᠭᠡᠷ ᠰᠠᠷ᠎ᠠ ᠳᠤ᠂ ᠪᠥᠬᠦ ᠣᠷᠣᠨ ᠤ | ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠤᠷᠢ ᠶᠢᠨ ᠠᠵᠤ ᠠᠬᠤᠶᠢᠯᠠᠯ ᠤᠨ ᠢᠯᠴᠢ ᠶᠢᠨ ᠬᠦᠴᠦᠨ ᠢᠶᠠᠷ | ᠴᠠᠬᠢᠯᠭᠠᠨ ᠭᠠᠷᠭᠠᠭᠰᠠᠨ ᠬᠡᠮᠵᠢᠶ᠎ᠡ 1765.7 ᠳ᠋ᠦᠩᠰᠢᠭᠤᠷ ᠺᠢᠯᠣᠸᠠᠲ ᠴᠠᠭ᠂ ᠰᠠᠯᠬᠢᠨ ᠬᠦᠴᠦᠨ ᠢᠶᠠᠷ ᠴᠠᠬᠢᠯᠭᠠᠨ | ᠭᠠᠷᠭᠠᠭᠰᠠᠨ ᠬᠡᠮᠵᠢᠶ᠎ᠡ 431.8 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠲᠣᠰ ᠲᠣᠰ ᠠᠳᠠᠯᠢ | ᠬᠤᠭᠤᠴᠠᠭᠠᠨ ᠤ ᠪᠥᠬᠦ ᠤᠯᠤᠰ ᠤᠨ ᠢᠯᠴᠢ ᠶᠢᠨ ᠬᠦᠴᠦᠨ ᠢᠶᠠᠷ ᠴᠠᠬᠢᠯᠭᠠᠨ ᠭᠠᠷᠭᠠᠭᠰᠠᠨ ᠬᠡᠮᠵᠢᠶ᠎ᠡ᠂ ᠰᠠᠯᠬᠢᠨ | ᠬᠦᠴᠦᠨ ᠢᠶᠠᠷ ᠴᠠᠬᠢᠯᠭᠠᠨ ᠭᠠᠷᠭᠠᠭᠰᠠᠨ ᠬᠡᠮᠵᠢᠶ᠎ᠡ ᠶᠢᠨ 9.1%᠂ 14.8% ᠶᠢ ᠡᠵᠡᠯᠡᠵᠦ᠂ ᠴᠥᠮ ᠪᠥᠬᠦ | ᠤᠯᠤᠰ ᠲᠤ ᠲᠡᠷᠢᠭᠦᠯᠡᠪᠡ᠃ | ᠰᠢᠩᠭᠡᠨᠵᠢᠮᠡᠯ ᠪᠠᠶᠢᠭᠠᠯᠢ ᠶᠢᠨ ᠰᠢᠲᠠᠮᠠᠬᠠᠶ ᠬᠡᠢ ᠶᠢᠨ ᠭᠠᠷᠤᠯᠲᠠ ᠠᠴᠠ ᠦᠵᠡᠪᠡᠯ᠂ 1 ᠠᠴᠠ 4 ᠳ᠋ᠦ᠋ᠭᠡᠷ | ᠰᠠᠷ᠎ᠠ ᠳᠤ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ | ᠰᠢᠩᠭᠡᠨᠵᠢᠮᠡᠯ ᠪᠠᠶᠢᠭᠠᠯᠢ ᠶᠢᠨ ᠰᠢᠲᠠᠮᠠᠬᠠᠶ ᠬᠡᠢ ᠶᠢᠨ ᠭᠠᠷᠤᠯᠲᠠ 178.4 ᠲᠦᠮᠡᠨ ᠲᠣᠨ ︵ᠠᠳᠠᠯᠢ | ᠬᠤᠭᠤᠴᠠᠭᠠᠨ ᠤ ᠬᠢ ᠠᠴᠠ 11.5% ᠪᠠᠷ ᠨᠡᠮᠡᠭᠳᠡᠪᠡ︶︔ ᠠᠳᠠᠯᠢ ᠬᠤᠭᠤᠴᠠᠭᠠᠨ ᠤ ᠪᠥᠬᠦ ᠤᠯᠤᠰ ᠤᠨ | ᠰᠢᠩᠭᠡᠨᠵᠢᠮᠡᠯ ᠪᠠᠶᠢᠭᠠᠯᠢ ᠶᠢᠨ ᠰᠢᠲᠠᠮᠠᠬᠠᠶ ᠬᠡᠢ ᠶᠢᠨ ᠭᠠᠷᠤᠯᠲᠠ ᠶᠢᠨ 29.8% ᠶᠢ ᠡᠵᠡᠯᠡᠵᠦ᠂ ᠪᠥᠬᠦ ᠤᠯᠤᠰ ᠲᠤ | ᠲᠡᠷᠢᠭᠦᠯᠡᠪᠡ᠃ | ᠬᠡᠦᠷᠡᠰᠦ ᠶᠢᠨ ᠭᠠᠷᠤᠯᠲᠠ ᠠᠴᠠ ᠦᠵᠡᠪᠡᠯ᠂ 1 ᠠᠴᠠ 4 ᠳ᠋ᠦ᠋ᠭᠡᠷ ᠰᠠᠷ᠎ᠠ ᠳᠤ᠂ ᠪᠥᠬᠦ ᠣᠷᠣᠨ ᠤ | ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠦᠢᠯᠡᠳᠪᠦᠷᠢᠯᠡᠯ ᠤᠨ ᠬᠡᠦᠷᠡᠰᠦ | 1684.7 ᠲᠦᠮᠡᠨ ᠲᠣᠨ ︵ᠠᠳᠠᠯᠢ ᠬᠤᠭᠤᠴᠠᠭᠠᠨ ᠤ ᠬᠢ ᠠᠴᠠ 10.4% ᠪᠠᠷ ᠨᠡᠮᠡᠭᠳᠡᠪᠡ︔ ᠠᠳᠠᠯᠢ | ᠬᠤᠭᠤᠴᠠᠭᠠᠨ ᠤ ᠪᠥᠬᠦ ᠤᠯᠤᠰ ᠤᠨ ᠬᠡᠦᠷᠡᠰᠦ ᠶᠢᠨ ᠭᠠᠷᠤᠯᠲᠠ ᠶᠢᠨ 10% ᠠᠴᠠ ᠳᠡᠭᠡᠭᠰᠢᠬᠢ ᠶᠢ ᠡᠵᠡᠯᠡᠵᠦ᠂ | ᠠᠳᠠᠯᠢ ᠬᠤᠭᠤᠴᠠᠭᠠᠨ ᠤ ᠪᠥᠬᠦ ᠤᠯᠤᠰ ᠤᠨ ᠬᠡᠦᠷᠡᠰᠦ ᠶᠢᠨ ᠭᠠᠷᠤᠯᠲᠠ ᠶᠢ 1.0 ᠵᠠᠭᠤᠨ ᠤ ᠴᠡᠭ ᠨᠡᠮᠡᠭᠳᠡᠭᠦᠯᠵᠡᠢ᠃ | |