ᠳᠥᠷᠪᠡᠳᠦᠭᠡᠷ ᠬᠤᠭᠤᠴᠠᠭᠠᠨ ᠤ ︽ᠬᠠᠮᠤᠭ ᠤᠨ ᠭᠤᠶᠣ ᠤᠰᠤᠨ ᠠᠰᠢᠭᠯᠠᠯᠲᠠ ᠶᠢᠨ ᠠᠵᠢᠯᠲᠠᠨ︾ ᠢ ᠲᠠᠨᠢᠯᠴᠠᠭᠤᠯᠬᠤ ᠲᠤᠬᠠᠢ ᠰᠢᠯᠭᠠᠷᠠᠭᠤᠯᠤᠭᠰᠠᠨ ᠦᠷ᠎ᠡ ᠳ᠋ᠦᠩ  ᠤᠨ ᠵᠠᠷᠯᠠᠯ
ᠨᠡᠶᠢᠲᠡᠯᠡᠭᠰᠡᠨ ᠴᠠᠭ᠄
2023/5/24
  ︽ᠳᠥᠷᠪᠡᠳᠦᠭᠡᠷ ᠬᠤᠭᠤᠴᠠᠭᠠᠨ ᠤ ︿ᠬᠠᠮᠤᠭ ᠤᠨ ᠭᠤᠶᠣ ᠤᠰᠤᠨ ᠠᠰᠢᠭᠯᠠᠯᠲᠠ ᠶᠢᠨ ᠠᠵᠢᠯᠲᠠᠨ﹀ ᠢ ᠵᠣᠬᠢᠶᠠᠨ ᠪᠠᠶᠢᠭᠤᠯᠤᠨ ᠲᠠᠨᠢᠯᠴᠠᠭᠤᠯᠬᠤ ᠲᠤᠬᠠᠶ ᠤᠰᠤᠨ ᠠᠰᠢᠭᠯᠠᠯᠲᠠ ᠶᠢᠨ ᠶᠠᠮᠤᠨ ᠤ ᠣᠶᠤᠨ ᠤ ᠪᠣᠯᠪᠠᠰᠤᠨ ᠤ ᠪᠠᠶᠢᠭᠤᠯᠤᠯᠲᠠ ᠶᠢᠨ ᠵᠢᠯᠣᠭᠤᠳᠬᠤ ᠺᠣᠮᠢᠰ ᠤᠨ ᠮᠡᠳᠡᠭᠳᠡᠯ︾ ︵ᠤᠰᠤᠨ‌ᠣᠶᠤᠨ ﹇ 2023 ﹈ 3 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠢ ᠦᠨᠳᠦᠰᠦᠯᠡᠨ᠂ᠰᠣᠩᠭᠤᠨ ᠭᠠᠷᠭᠠᠬᠤ ᠪᠠᠷᠢᠮᠵᠢᠶ᠎ᠠ ᠶᠣᠰᠣᠭᠠᠷ᠂ ᠵᠣᠬᠢᠶᠠᠨ ᠪᠠᠶᠢᠭᠤᠯᠤᠨ ᠰᠤᠳᠤᠯᠬᠤ ᠪᠠᠷ ᠳᠠᠮᠵᠢᠭᠠᠳ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠠᠴᠠ ᠳᠥᠷᠪᠡᠳᠦᠭᠡᠷ ᠬᠤᠭᠤᠴᠠᠭᠠᠨ ᠤ ︽ᠬᠠᠮᠤᠭ ᠤᠨ ᠭᠤᠶᠣ ᠤᠰᠤᠨ ᠠᠰᠢᠭᠯᠠᠯᠲᠠ ᠶᠢᠨ ᠠᠵᠢᠯᠲᠠᠨ︾ ᠤ ᠵᠢᠱᠢᠭᠳᠡᠭᠴᠢ 2 ᠬᠦᠮᠦᠨ ᠢ ᠪᠠᠲᠤᠯᠠᠨ ᠲᠠᠨᠢᠯᠴᠠᠭᠤᠯᠬᠤ ᠪᠠᠷ ᠪᠠᠶᠢᠨ᠎ᠠ᠂ ᠡᠳᠦᠭᠡ ᠪᠠᠲᠤᠯᠠᠨ ᠲᠠᠨᠢᠯᠴᠠᠭᠤᠯᠬᠤ ᠪᠠᠷ ᠪᠠᠶᠢᠭ᠎ᠠ ᠡᠲᠡᠭᠡᠳ ᠢ ᠢᠯᠡ ᠨᠡᠶᠢᠲᠡᠯᠡᠨ᠎ᠡ᠃  ᠨᠢᠭᠡ᠂ ᠳᠥᠷᠪᠡᠳᠦᠭᠡᠷ ᠬᠤᠭᠤᠴᠠᠭᠠᠨ ᠤ ︽ᠬᠠᠮᠤᠭ ᠤᠨ ᠭᠤᠶᠤ ᠤᠰᠤᠨ ᠠᠰᠢᠭᠯᠠᠯᠲᠠ ᠶᠢᠨ ᠠᠵᠢᠯᠲᠠᠨ︾ ᠤ ᠵᠢᠱᠢᠭᠳᠡᠭᠰᠡᠳ ︵2 ᠬᠥᠮᠦᠨ︶  1 . ᠮᠠ ᠫᠧᠩ ᠹᠧᠶ᠂ ᠤᠯᠠᠭᠠᠨᠬᠠᠳᠠ ᠬᠤᠲᠠ ᠶᠢᠨ ᠤᠰᠤᠨ ᠠᠰᠢᠭᠯᠠᠯᠲᠠ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ᠃  2 . ᠵᠣᠣ ᠴᠦᠨ ᠳ᠋ᠧ᠂ ᠯᠤᠸᠠᠨ ᠵᠢᠩ ᠲᠠᠨ ᠬᠠᠲᠤᠨ ᠭᠤᠣᠯ ᠤᠨ ᠥᠨᠳᠥᠷ ᠡᠷᠭᠦᠭᠳᠡᠴᠡᠲᠦ ᠤᠰᠤᠯᠠᠯᠲᠠ ᠶᠢᠨ ᠦᠢᠯᠡᠰ ᠤᠨ ᠬᠥᠭᠵᠢᠯᠲᠡ ᠶᠢᠨ ᠲᠥᠪ ᠤᠨ ᠲᠤᠭ᠎ᠠ ᠪᠠᠷᠢᠮᠲᠠ ᠶᠢᠨ ᠮᠡᠳᠡᠭᠡ ᠵᠠᠩᠭᠢ ᠶᠢᠨ ᠰᠠᠯᠠᠭᠠᠨ ᠤ ᠳᠡᠳ᠋ ᠳᠠᠷᠤᠭ᠎ᠠ᠃  5 ᠳ᠋ᠤᠭᠠᠷ ᠰᠠᠷ᠎ᠠ ᠶᠢᠨ 24 ᠤ ᠡᠳᠦᠷ ᠠᠴᠠ 5 ᠳ᠋ᠤᠭᠠᠷ ᠰᠠᠷ᠎ᠠ ᠶᠢᠨ 30 ᠤ ᠡᠳᠦᠷ ᠪᠣᠯᠲᠠᠯ᠎ᠠ ᠵᠠᠷᠯᠠᠨ ᠨᠡᠶᠢᠲᠡᠯᠡᠨ᠎ᠡ᠃  ᠬᠡᠷᠪᠡ ᠣᠨᠳᠣᠣ ᠰᠠᠨᠠᠯ ᠲᠠᠢ ᠪᠣᠯ ᠵᠠᠬᠢᠳᠠᠯ᠂ ᠤᠲᠠᠰᠤ᠂ ᠰᠤᠷᠪᠤᠯᠵᠢᠯᠠᠭ᠎ᠠ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠣᠶᠤᠨ ᠤ ᠪᠣᠯᠪᠠᠰᠤᠨ ᠤ ᠠᠯᠪᠠᠨ ᠭᠡᠷ ᠲᠤ ᠲᠤᠰᠬᠠᠵᠤ ᠪᠣᠯᠤᠨ᠎ᠠ᠃  ᠤᠳᠠᠰᠦ᠄ 0471-5259635  ᠬᠠᠶ᠋ᠢᠭ᠄ ᠬᠥᠬᠡᠬᠤᠲᠠ ᠶᠢᠨ ᠰᠠᠶᠢᠬᠠᠨ ᠲᠣᠭᠤᠷᠢᠭ ᠤᠨ ᠬᠤᠲᠠ ᠶᠢᠨ ᠲᠣᠭᠤᠷᠢᠭ ᠤᠨ ᠬᠥᠯᠥᠨ ᠪᠤᠶᠢᠷ ᠡᠮᠦᠨ᠎ᠡ ᠵᠠᠮ ᠤᠨ 119 ᠳ᠋ᠦ᠋ᠭᠡᠷ ᠨᠣᠮᠧᠷ᠃ 
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号