ᠪᠦᠬᠦ ᠣᠷᠣᠨ ᠤ ᠶᠡᠭᠡ ᠳᠡᠭᠡᠳᠦ ᠰᠤᠷᠭᠠᠭᠤᠯᠢ ᠠᠴᠠ ᠲᠡᠭᠦᠰᠦᠭᠰᠡᠳ ᠵᠡᠷᠭᠡ ᠵᠠᠯᠠᠭᠤᠴᠤᠳ ᠲᠤ ᠠᠵᠢᠯ ᠣᠯᠭᠤᠵᠤ ᠦᠢᠯᠡᠰ ᠪᠣᠰᠬᠠᠬᠤ ᠠᠵᠢᠯ ᠤᠨ ᠲᠧᠯᠸᠢᠰ ᠤᠲᠠᠰᠤᠲᠤ ᠬᠤᠷᠠᠯ ᠬᠤᠷᠠᠯᠳᠤᠪᠠ  ᠴᠢ᠊ ᠪᠠᠲᠤ ᠶᠠᠷᠢᠶ᠎ᠠ ᠲᠠᠯᠪᠢᠵᠤ  ᠪᠦᠦ ᠰᠢᠶᠠᠨ ᠬᠤᠸᠠ  ᠶᠠᠩ ᠵᠢᠶᠧ ᠬᠤᠷᠠᠯ ᠳᠤ ᠣᠷᠣᠯᠴᠠᠪᠠ
ᠨᠡᠶᠢᠲᠡᠯᠡᠭᠰᠡᠨ ᠴᠠᠭ᠄
2023/5/24
  5 ᠳ᠋ᠤᠭᠠᠷ ᠰᠠᠷ᠎ᠠ ᠶᠢᠨ 23 ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠠᠴᠠ ᠪᠥᠬᠦ ᠣᠷᠣᠨ ᠤ ᠶᠡᠭᠡ ᠳᠡᠭᠡᠳᠦ ᠰᠤᠷᠭᠠᠭᠤᠯᠢ ᠠᠴᠠ ᠲᠡᠭᠦᠰᠦᠭᠰᠡᠳ ᠵᠡᠷᠭᠡ ᠵᠠᠯᠠᠭᠤᠴᠤᠳ ᠲᠤ ᠠᠵᠢᠯ ᠣᠯᠭᠤᠵᠤ ᠦᠢᠯᠡᠰ ᠪᠣᠰᠬᠠᠬᠤ ᠠᠵᠢᠯ ᠤᠨ ᠲᠧᠯᠸᠢᠰ ᠤᠲᠠᠰᠤᠲᠤ ᠬᠤᠷᠠᠯ ᠢ ᠬᠤᠷᠠᠯᠳᠤᠭᠤᠯᠪᠠ᠃  ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠴᠢ᠊ ᠪᠠᠲᠤ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠪᠦᠦ ᠰᠢᠶᠠᠨ ᠬᠤᠸᠠ ᠪᠥᠬᠦ ᠤᠯᠤᠰ ᠤᠨ ᠶᠡᠭᠡ ᠳᠡᠭᠡᠳᠦ ᠰᠤᠷᠭᠠᠭᠤᠯᠢ ᠠᠴᠠ ᠲᠡᠭᠦᠰᠦᠭᠰᠡᠳ ᠵᠡᠷᠭᠡ ᠵᠠᠯᠠᠭᠤᠴᠤᠳ ᠲᠤ ᠠᠵᠢᠯ ᠣᠯᠭᠤᠵᠤ ᠦᠢᠯᠡᠰ ᠪᠣᠰᠬᠠᠬᠤ ᠠᠵᠢᠯ ᠤᠨ ᠲᠧᠯᠸᠢᠰ ᠤᠲᠠᠰᠤᠲᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠰᠤᠷᠭᠠᠨ ᠬᠥᠮᠦᠵᠢᠯ ᠤᠨ ᠲᠢᠩᠬᠢᠮ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠤᠨ ᠭᠤᠣᠯ ᠬᠠᠷᠢᠭᠤᠴᠠᠯᠭᠠᠲᠠᠨ ᠨᠥᠬᠦᠳ ᠰᠠᠨᠠᠯ ᠢᠶᠠᠨ ᠰᠣᠯᠢᠯᠴᠠᠪᠠ ᠃  ᠬᠤᠷᠠᠯ ᠠᠴᠠ ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠡᠯ᠎ᠡ ᠶᠡᠭᠡ ᠳᠡᠭᠡᠳᠦ ᠰᠤᠷᠭᠠᠭᠤᠯᠢ ᠶᠢᠨ ᠬᠢᠨ ᠤᠯᠤᠰ ᠲᠦᠷᠦ ᠶᠢᠨ ᠵᠣᠭᠰᠣᠴᠠ ᠪᠠᠨ ᠦᠨᠡᠨ ᠬᠦ ᠳᠡᠭᠡᠭᠰᠢᠯᠡᠭᠦᠯᠵᠦ ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠤᠯᠠᠮ ᠨᠢᠭᠡ ᠠᠯᠬᠤᠮ ᠴᠢᠩᠭᠠᠳᠬᠠᠵᠤ ᠂ ᠠᠵᠢᠯ ᠤᠨ ᠨᠡᠶᠢᠯᠡᠮᠡᠯ ᠤᠨ ᠬᠦᠴᠦᠨ ᠢ ᠥᠷᠭᠡᠨ ᠢᠶᠠᠷ ᠨᠢᠭᠲᠠᠷᠠᠭᠤᠯᠵᠤ ᠂ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ ᠲᠦᠷᠦ ᠶᠢᠨ ᠪᠣᠳᠣᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ ᠂ ᠠᠵᠢᠯ ᠣᠯᠭᠤᠵᠤ ᠦᠢᠯᠡᠰ ᠪᠣᠰᠬᠠᠬᠤ ᠠᠷᠭ᠎ᠠ ᠵᠠᠮ ᠢ ᠢᠳᠡᠪᠬᠢᠲᠡᠢ ᠥᠷᠭᠡᠳᠬᠡᠵᠦ ᠂ ᠠᠵᠢᠯ ᠣᠯᠭᠤᠵᠤ ᠦᠢᠯᠡᠰ ᠪᠣᠰᠬᠠᠬᠤ ᠦᠢᠯᠡᠴᠢᠯᠡᠭᠡᠨ ᠤ ᠶᠠᠰᠤ ᠴᠢᠨᠠᠷ ᠦᠷ᠎ᠡ ᠠᠰᠢᠭ ᠢ ᠬᠦᠴᠦᠯᠡᠨ ᠳᠡᠭᠡᠭᠰᠢᠯᠡᠭᠦᠯᠵᠦ ᠂ ᠶᠡᠭᠡ ᠳᠡᠭᠡᠳᠦ ᠰᠤᠷᠭᠠᠭᠤᠯᠢ ᠠᠴᠠ ᠲᠡᠭᠦᠰᠦᠭᠰᠡᠳ ᠵᠡᠷᠭᠡ ᠵᠠᠯᠠᠭᠤᠴᠤᠳ ᠲᠤ ᠠᠵᠢᠯ ᠣᠯᠭᠤᠵᠤ ᠦᠢᠯᠡᠰ ᠪᠣᠰᠬᠠᠬᠤ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ ᠃ 
 
ᠢᠷᠡᠯᠲᠡ᠄ ᠦᠪᠦᠷ ᠮᠤᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号