ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠰᠤᠨ ᠠᠰᠢᠭᠯᠠᠯᠲᠠ ᠶᠢᠨ ᠦᠢᠯᠡᠰ ᠤᠨ ᠬᠥᠭᠵᠢᠯᠲᠡ ᠶᠢᠨ ᠲᠥᠪ ᠤᠨ ᠤᠳᠤᠷᠢᠳᠬᠤ ᠺᠠᠳ᠋ᠷ ᠤᠨ ᠶᠡᠭᠡ ᠬᠤᠷᠠᠯ ᠬᠤᠷᠠᠯᠳᠤᠭᠤᠯᠵᠤ ᠵᠠᠩ ᠸᠧᠢ ᠨᠥᠬᠦᠷ ᠤᠨ ᠲᠤᠰᠢᠶᠠᠯ ᠡᠭᠦᠷᠭᠡᠯᠡᠬᠦ ᠲᠣᠭᠲᠠᠭᠠᠯ ᠢ ᠨᠡᠶᠢᠲᠡᠯᠡᠪᠡ
ᠨᠡᠶᠢᠲᠡᠯᠡᠭᠰᠡᠨ ᠴᠠᠭ᠄
2023/5/24
  5 ᠳ᠋ᠤᠭᠠᠷ ᠰᠠᠷ᠎ᠠ ᠶᠢᠨ 18 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠦᠢᠯᠡᠰ ᠤᠨ ᠬᠥᠭᠵᠢᠯᠲᠡ ᠶᠢᠨ ᠲᠥᠪ ᠺᠠᠳ᠋ᠷᠴᠦᠳ ᠤᠨ ᠶᠡᠭᠡ ᠬᠤᠷᠠᠯ ᠬᠤᠷᠠᠯᠳᠤᠭᠤᠯᠵᠤ᠂ ᠬᠦᠭᠵᠢᠯᠲᠡ ᠶᠢᠨ ᠲᠥᠪ ᠤᠨ ᠭᠤᠤᠯ ᠤᠳᠤᠷᠢᠳᠤᠯᠭ᠎ᠠ ᠶᠢᠨ ᠲᠤᠰᠢᠶᠠᠯ ᠡᠭᠦᠷᠭᠡᠯᠡᠬᠦ ᠲᠤᠬᠠᠶ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠲᠣᠭᠲᠠᠭᠠᠯ ᠢ ᠨᠡᠶᠢᠲᠡᠯᠡᠪᠡ᠃ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠱᠧᠩ ᠰᠢᠶᠤᠤ ᠶᠢᠦ ᠶᠡᠭᠡ ᠬᠤᠷᠠᠯ ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠵᠤ᠂ ᠤᠰᠤᠨ ᠠᠰᠢᠭᠯᠠᠯᠲᠠ ᠶᠢᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠲᠢᠩᠬᠢᠮ ᠤᠨ ᠳᠡᠳ᠋ ᠳᠠᠷᠤᠭ᠎ᠠ ᠵᠣᠣ ᠴᠠᠩ ᠴᠢᠩ ᠬᠤᠷᠠᠯ ᠢ ᠡᠷᠭᠢᠯᠡᠪᠡ᠃
张炜同志任职的决定.jpg
  ᠤᠰᠤᠨ ᠠᠰᠢᠭᠯᠠᠯᠲᠠ ᠶᠢᠨ ᠲᠢᠩᠬᠢᠮ ᠤᠨ ᠠᠵᠢᠯᠲᠠᠨ ᠤ ᠶᠠᠪᠤᠳᠠᠯ ᠤᠨ ᠭᠠᠵᠠᠷ ᠤᠨ ᠭᠤᠤᠯ ᠬᠠᠷᠢᠭᠤᠴᠠᠯᠭᠠᠲᠠᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠲᠣᠭᠲᠠᠭᠠᠯ ᠢ ᠤᠩᠰᠢᠨ ᠨᠡᠶᠢᠲᠡᠯᠡᠪᠡ᠄ ᠵᠠᠩ ᠸᠧᠢ ᠨᠦᠬᠦᠷ ᠦᠪᠡᠷᠲᠡᠭᠡᠨ ᠵᠠᠰᠠᠬᠤ ᠤᠷᠤᠨ ᠤ ᠤᠰᠤᠨ ᠠᠰᠢᠭᠯᠠᠯᠲᠠ ᠶᠢᠨ ᠦᠢᠯᠡᠰ ᠤᠨ ᠬᠦᠭᠵᠢᠯᠲᠡ ᠶᠢᠨ ᠲᠦᠪ ᠤᠨ ᠨᠠᠮ ᠤᠨ ᠬᠤᠷᠢᠶᠠᠨ ᠤ ᠱᠦᠵᠢ᠂ ᠡᠷᠬᠢᠯᠡᠭᠴᠢ ᠶᠢᠨ ᠲᠤᠰᠢᠶᠠᠯ ᠢ ᠬᠠᠷᠢᠭᠤᠴᠠᠨ᠎ᠠ᠃  ᠱᠧᠩ ᠰᠢᠶᠤᠤ ᠶᠢᠦ ᠠᠴᠠ ᠵᠠᠩ ᠸᠧᠶ ᠨᠥᠬᠦᠷ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠶ ᠭᠦᠢᠴᠡᠳᠭᠡᠵᠦ᠂ ᠲᠣᠰ ᠪᠡᠶ᠎ᠡ ᠶᠢᠨ ᠪᠠᠶᠢᠭᠤᠯᠤᠯᠲᠠ ᠪᠠᠨ ᠲᠠᠰᠤᠷᠠᠯᠲᠠ ᠥᠬᠡᠶ ᠴᠢᠩᠭᠠᠳᠬᠠᠨ᠂ ᠰᠢᠨ᠎ᠡ ᠨᠢᠭᠡ ᠬᠤᠭᠤᠴᠠᠭᠠᠨ ᠤ ᠤᠳᠤᠷᠢᠳᠬᠤ ᠪᠠᠭ ᠲᠠᠢ ᠪᠠᠨ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠡᠷᠡᠮᠡᠬᠡᠶᠢᠯᠡᠨ ᠲᠡᠮᠡᠴᠡᠵᠦ ᠵᠢᠳᠬᠦᠯ ᠴᠢᠷᠮᠠᠶᠢᠯᠭ᠎ᠠ ᠭᠠᠷᠭᠠᠵᠤ᠂ ᠵᠣᠷᠢᠭᠲᠠᠶ ᠪᠠᠷ ᠲᠦᠷᠦᠭᠦᠯᠡᠨ ᠬᠢᠵᠦ᠂ ᠴᠢᠳᠠᠮᠠᠭᠠᠶ ᠬᠢᠵᠦ ᠴᠢᠳᠠᠮᠠᠭᠠᠶ ᠪᠦᠲᠦᠭᠡᠵᠦ᠂ ᠬᠦᠭᠵᠢᠯᠲᠡ ᠶᠢᠨ ᠲᠦᠪ ᠤᠨ ᠥᠷᠭᠡᠨ ᠣᠯᠠᠨ ᠺᠠᠳ᠋ᠷ ᠠᠵᠢᠯᠲᠠᠨ ᠢᠶᠠᠨ ᠳᠠᠭᠠᠭᠤᠯᠤᠨ ᠴᠢᠷᠮᠠᠶᠢᠨ ᠲᠡᠮᠡᠴᠡᠵᠦ᠂ ᠤᠰᠤᠨ ᠠᠰᠢᠭᠯᠠᠯᠲᠠ ᠶᠢᠨ ᠮᠡᠷᠭᠡᠵᠢᠯ ᠤᠨ ︽ᠰᠠᠭᠤᠷᠢ ᠴᠢᠯᠠᠭᠤ︾ ᠶᠢᠨ ᠦᠢᠯᠡᠳᠦᠯ ᠢ ᠭᠦᠢᠴᠡᠳ ᠪᠠᠳᠠᠷᠠᠭᠤᠯᠤᠨ᠂ ᠪᠥᠬᠦ ᠣᠷᠣᠨ ᠤ ᠤᠰᠤᠨ ᠠᠰᠢᠭᠯᠠᠯᠲᠠ ᠶᠢᠨ ᠴᠢᠨᠠᠷ ᠰᠠᠶᠢᠲᠠᠶ ᠬᠥᠭᠵᠢᠯᠲᠡ ᠳᠤ ᠬᠦᠴᠦᠨ ᠨᠡᠮᠡᠷᠢᠯᠡᠵᠦ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠨ ᠦᠭᠭᠦᠭᠰᠡᠨ ᠲᠠᠪᠤᠨ ᠶᠡᠭᠡ ᠡᠭᠦᠷᠭᠡ ᠶᠢ ᠪᠡᠶᠡᠯᠡᠭᠦᠯᠬᠦ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠢ ᠪᠡᠶᠡᠯᠡᠭᠦᠯᠬᠦ ᠳᠤ ᠦᠵᠡᠭᠦᠯᠪᠡᠰᠦ ᠵᠣᠬᠢᠬᠤ ᠬᠤᠪᠢ ᠨᠡᠮᠡᠷᠢ ᠪᠠᠨ ᠦᠵᠡᠭᠦᠯᠬᠦ ᠶᠢ ᠬᠦᠰᠡᠵᠦ ᠪᠠᠶᠢᠨ᠎ᠠ ᠭᠡᠪᠡ᠃  ᠱᠧᠩ ᠰᠢᠶᠤᠤ ᠶᠢᠦ ᠴᠢᠬᠤᠯᠠᠴᠢᠯᠠᠬᠤ ᠳᠠᠭᠠᠨ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ᠬᠠᠷᠢᠭᠤᠴᠠᠯᠭᠠᠲᠤ ᠰᠡᠳᠬᠢᠯᠭᠡ ᠪᠤᠯᠤᠨ ᠡᠭᠦᠷᠭᠡᠲᠦ ᠰᠡᠳᠭᠢᠯᠭᠡ ᠪᠠᠨ ᠦᠨᠡᠨ ᠬᠦ ᠴᠢᠩᠭᠠᠳᠬᠠᠬᠤ ᠬᠡᠷᠡᠭᠲᠡᠢ᠃ ᠰᠠᠶᠢᠨ ᠰᠤᠷᠲᠠᠯ ᠢᠶᠠᠷ ᠭᠤᠤᠯ ᠰᠡᠳᠦᠪᠲᠦ ᠬᠥᠮᠦᠵᠢᠯ ᠤᠨ ᠪᠣᠳᠠᠲᠤ ᠦᠷ᠎ᠡ ᠪᠦᠲᠦᠮᠵᠢ ᠣᠯᠬᠤ ᠶᠢ ᠪᠠᠲᠤᠯᠠᠬᠤ ᠬᠡᠷᠡᠭᠲᠡᠢ᠃ ᠤᠰᠤᠨ ᠠᠰᠢᠭᠯᠠᠯᠲᠠ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠶᠢᠨ ᠲᠣᠭᠤᠷᠢᠨ ᠳᠤ᠂ ᠮᠡᠷᠭᠡᠵᠢᠯ ᠤᠨ ᠲᠤᠯᠭᠠᠭᠤᠷᠢᠯᠠᠯ ᠪᠣᠯᠬᠤ ᠪᠠᠲᠤᠯᠠᠭ᠎ᠠ ᠶᠢᠨ ᠦᠢᠯᠡᠳᠦᠯ ᠢᠶᠠᠨ ᠪᠠᠳᠠᠷᠠᠭᠤᠯᠤᠨ ᠤᠰᠤᠨ ᠠᠰᠢᠭᠯᠠᠯᠲᠠ ᠶᠢᠨ ᠲᠢᠩᠬᠢᠮ ᠤᠨ ︽ᠤᠶᠤᠨᠲᠤ ᠪᠦᠯᠬᠦᠮ︾ ᠪᠣᠯᠤᠨ ︽ᠦᠵᠡᠯ ᠰᠠᠨᠠᠭᠠᠨ ᠤ ᠬᠥᠮᠥᠷᠭᠡ︾ ᠶᠢ ᠰᠠᠶᠢᠲᠤᠷ ᠬᠢᠵᠦ᠂ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠤᠰᠤᠨ ᠠᠰᠢᠭᠯᠠᠯᠲᠠ ᠶᠢᠨ ᠲᠤᠰᠬᠠᠶ ᠠᠵᠢᠯ ᠢ ᠰᠠᠶᠢᠲᠤᠷ ᠪᠡᠶᠡᠯᠡᠭᠦᠯᠵᠦ᠂ ᠲᠢᠩᠬᠢᠮ ᠤᠨ ᠪᠠᠶᠢᠭᠤᠯᠭ᠎ᠠ ᠶᠢᠨ ᠡᠯ᠎ᠡ ᠵᠦᠢᠯ ᠤᠨ ᠭᠤᠤᠯᠳᠠᠯᠭ᠎ᠠ ᠲᠠᠢ ᠠᠵᠢᠯ ᠢ ᠰᠠᠶᠢᠲᠤᠷ ᠪᠠᠲᠤᠯᠠᠨ ᠲᠤᠯᠭᠠᠭᠤᠷᠢᠯᠠᠬᠤ ᠬᠡᠷᠡᠭᠲᠡᠢ᠃ ᠤᠳᠤᠷᠢᠳᠬᠤ ᠪᠠᠭ ᠤᠨ ᠪᠠᠶᠢᠭᠤᠯᠤᠯᠲᠠ ᠶᠢ ᠪᠥᠬᠦ ᠲᠠᠯ᠎ᠠ ᠪᠠᠷ ᠴᠢᠩᠭᠠᠳᠬᠠᠵᠤ ᠤᠰᠤᠨ ᠠᠰᠢᠭᠯᠠᠯᠲᠠ ᠶᠢᠨ ᠦᠢᠯᠡᠰ ᠤᠨ ᠬᠥᠭᠵᠢᠯᠲᠡ ᠶᠢᠨ ᠲᠥᠪ ᠤᠨ ᠰᠤᠷᠲᠠᠯ ᠢᠶᠠᠨ ᠬᠤᠪᠢᠷᠠᠭᠤᠯᠵᠤ ᠳᠦᠷᠢ ᠲᠥᠷᠬᠦ ᠶᠢ ᠪᠣᠶ ᠪᠣᠯᠭᠠᠬᠤ ᠶᠢ ᠬᠥᠲᠥᠯᠥᠨ ᠳᠠᠭᠠᠭᠤᠯᠵᠤ᠂ ᠴᠠᠭ ᠦᠶ᠎ᠡ ᠲᠠᠢ ᠵᠡᠷᠭᠡ ᠪᠠᠷ ᠤᠷᠤᠭᠰᠢᠯᠠᠨ ᠦᠵᠡᠯ ᠰᠠᠨᠠᠭ᠎ᠠ ᠪᠠᠨ ᠴᠢᠯᠥᠭᠡᠯᠡᠬᠦ ᠢᠯᠡ ᠲᠣᠳᠣ ᠤᠳᠤᠷᠢᠳᠤᠮᠵᠢ ᠶᠢ ᠪᠣᠶ ᠪᠣᠯᠭᠠᠵᠤ᠂ ᠰᠡᠳᠬᠢᠯ ᠨᠢᠭᠡᠳᠦᠨ ᠬᠦᠴᠦ ᠪᠠᠨ ᠬᠠᠮᠳᠤᠳᠬᠠᠨ᠂ ᠪᠦᠯᠬᠦᠮᠳᠡᠨ ᠬᠠᠮᠵᠢᠯᠴᠠᠬᠤ ᠢᠯᠡ ᠲᠣᠳᠣ ᠤᠳᠤᠷᠢᠳᠤᠮᠵᠢ ᠶᠢ ᠪᠣᠶ ᠪᠣᠯᠭᠠᠵᠤ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠨ ᠦᠨᠡᠨ ᠬᠦ ᠠᠳᠬᠤᠨ ᠪᠣᠳᠠᠲᠠᠶ ᠠᠵᠢᠯᠯᠠᠬᠤ ᠢᠯᠡ ᠲᠣᠳᠣ ᠤᠳᠤᠷᠢᠳᠤᠮᠵᠢ ᠶᠢ ᠪᠣᠶ ᠪᠣᠯᠭᠠᠵᠤ᠂ ᠱᠠᠩᠨᠠᠯ ᠲᠤᠷᠭᠠᠭᠤᠯᠢ ᠨᠢ ᠲᠣᠳᠣᠷᠬᠠᠶ᠂ ᠠᠵᠢᠯ ᠬᠢᠬᠦ ᠶᠢ ᠵᠣᠷᠢᠭᠵᠢᠭᠤᠯᠬᠤ ᠢᠯᠡ ᠲᠣᠳᠣ ᠤᠳᠤᠷᠢᠳᠤᠮᠵᠢ ᠶᠢ ᠪᠣᠶ ᠪᠣᠯᠭᠠᠵᠤ᠂ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠦᠢᠯᠡᠰ ᠤᠨ ᠬᠥᠭᠵᠢᠯᠲᠡ ᠶᠢᠨ ᠲᠥᠪ ᠤᠨ ᠡᠷᠡᠮᠡᠬᠡᠶᠢᠯᠡᠨ ᠤᠷᠤᠭᠰᠢᠯᠠᠬᠤ ᠳᠦᠷᠢ ᠲᠥᠷᠬᠦ ᠶᠢ ᠪᠣᠶ ᠪᠣᠯᠭᠠᠵᠤ᠂ ᠦᠨᠡᠨ ᠬᠦ ᠠᠳᠬᠤᠨ ᠪᠣᠳᠠᠲᠠᠶ ᠠᠵᠢᠯᠯᠠᠬᠤ ᠳᠦᠷᠢ ᠲᠥᠷᠬᠦ ᠶᠢ ᠪᠣᠶ ᠪᠣᠯᠭᠠᠬᠤ ᠪᠠᠷ ᠴᠢᠷᠮᠠᠶᠢᠬᠤ ᠬᠡᠷᠡᠭᠲᠡᠢ᠃  ᠵᠠᠩ ᠸᠧᠶ ᠢᠯᠡᠷᠬᠡᠶᠢᠯᠡᠬᠦ ᠳᠡᠭᠡᠨ᠂ ᠵᠣᠬᠢᠶᠠᠨ ᠪᠠᠶᠢᠭᠤᠯᠤᠯᠲᠠ ᠶᠢᠨ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠬᠦᠭᠵᠢᠯᠲᠡ ᠶᠢᠨ ᠲᠥᠪ ᠲᠤ ᠦᠨᠳᠦᠰᠦ ᠬᠠᠳᠬᠤᠵᠤ᠂ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠠᠲᠤ ᠴᠢᠩᠭ᠎ᠠ ᠤᠳᠤᠷᠢᠳᠤᠯᠭ᠎ᠠ ᠳᠤᠤᠷ᠎ᠠ ᠪᠤᠤᠭᠢᠶ᠎ᠠ ᠤᠷᠤᠯᠳᠤᠭᠠᠨ ᠢ ᠰᠠᠶᠢᠲᠤᠷ ᠭᠦᠶᠦᠵᠦ᠂ ᠰᠢᠯᠭᠠᠯᠲᠠ ᠶᠢᠨ ᠵᠠᠮ ᠢ ᠰᠠᠶᠢᠲᠤᠷ ᠵᠠᠮᠨᠠᠵᠤ᠂ ᠬᠠᠷᠢᠭᠤᠯᠲᠠ ᠶᠢᠨ ᠬᠠᠭᠤᠳᠠᠰᠤ ᠶᠢ ᠰᠠᠶᠢᠲᠤᠷ ᠬᠠᠷᠢᠭᠤᠯᠤᠨ᠎ᠠ᠃ ᠨᠢᠭᠡ ᠳᠤ᠂ ᠤᠯᠤᠰ ᠲᠦᠷᠦ ᠶᠢ ᠡᠷᠬᠢᠮᠯᠡᠬᠦ ᠴᠠᠭ ᠶᠢ ᠢᠮᠠᠭᠲᠠ ᠲᠡᠷᠢᠭᠦᠨ ᠴᠢᠬᠤᠯᠠ ᠡᠭᠦᠷᠭᠡ ᠪᠣᠯᠭᠠᠵᠤ᠂ ᠤᠯᠤᠰ ᠲᠦᠷᠦ ᠶᠢᠨ ᠮᠠᠭᠠᠳᠯᠠᠬᠤ ᠴᠢᠳᠠᠪᠤᠷᠢ᠂ ᠤᠯᠤᠰ ᠲᠦᠷᠦ ᠶᠢᠨ ᠤᠬᠠᠬᠤ ᠴᠢᠳᠠᠪᠤᠷᠢ᠂ ᠤᠯᠤᠰ ᠲᠦᠷᠦ ᠶᠢᠨ ᠬᠡᠷᠡᠭᠵᠢᠭᠦᠯᠬᠦ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ᠬᠤᠶᠠᠷ ᠲᠤ᠂ ᠬᠡᠬᠦᠳᠡᠭ ᠴᠡᠭᠡᠵᠢᠨ ᠳᠡᠭᠡᠨ ᠶᠡᠭᠡ ᠲᠠᠯ᠎ᠠ ᠶᠢ ᠪᠣᠳᠣᠯᠬᠢᠯᠠᠨ ᠬᠥᠭᠵᠢᠯᠲᠡ ᠶᠢ ᠠᠬᠢᠭᠤᠯᠵᠤ᠂ ᠠᠵᠢᠯ ᠦᠢᠯᠡᠰ ᠲᠡᠭᠡᠨ ᠬᠢᠵᠠᠭᠠᠯᠠᠰᠢ ᠦᠭᠡᠢ ᠦᠨᠡᠨᠴᠢ ᠰᠢᠳᠤᠷᠭᠤ ᠪᠠᠶᠢᠬᠤ ᠶᠢ ᠢᠮᠠᠭᠲᠠ ᠪᠡᠶᠡᠯᠡᠭᠦᠯᠦᠨ᠎ᠡ᠃ ᠭᠤᠷᠪᠠ ᠳᠤ᠂ ᠭᠤᠣᠯ ᠠᠵᠢᠯ ᠤᠨ ᠶᠠᠰᠤ ᠴᠢᠨᠠᠷ ᠪᠣᠯᠣᠨ ᠦᠷ᠎ᠡ ᠠᠰᠢᠭ ᠢ ᠳᠡᠭᠡᠭᠰᠢᠯᠡᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠢᠯ ᠤᠨ ᠪᠠᠶᠢᠷᠢ ᠪᠠᠨ ᠢᠮᠠᠭᠲᠠ ᠬᠤᠪᠢ ᠲᠠᠬᠢᠨ ᠨᠠᠨᠳᠢᠩᠨᠠᠨ᠎ᠠ᠃ ᠲᠦᠷᠪᠡ ᠳᠤ᠂ ᠰᠡᠳᠬᠢᠯ ᠳᠡᠭᠡᠨ ᠰᠠᠬᠢᠯᠭ᠎ᠠ ᠪᠠᠲᠤ  ᠶᠢ ᠲᠤᠭᠲᠠᠭᠠᠵᠤ᠂ ᠢᠮᠠᠭᠲᠠ ᠥᠪᠡᠷ ᠢ ᠪᠠᠨ ᠴᠢᠩᠭ᠎ᠠ ᠱᠠᠭᠠᠷᠳᠠᠨ᠎ᠠ ᠭᠡᠵᠡᠢ᠃  ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠠᠯᠪᠠᠨ ᠬᠡᠷ ᠤᠨ ᠬᠤᠯᠪᠤᠭᠳᠠᠯ ᠪᠥᠬᠦᠶ ᠬᠠᠷᠢᠭᠤᠴᠠᠯᠭᠠᠲᠠᠨ᠂ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠦᠢᠯᠡᠰ ᠤᠨ ᠬᠥᠭᠵᠢᠯᠲᠡ ᠶᠢᠨ ᠲᠥᠪ ᠤᠨ ᠭᠠᠵᠠᠷ ᠤᠨ ᠲᠠᠰ ᠠᠴᠠ ᠳᠡᠭᠡᠭᠰᠢᠬᠢ ᠺᠠᠳ᠋ᠷᠴᠤᠳ ᠬᠤᠷᠠᠯ ᠳᠤ ᠣᠷᠣᠯᠴᠠᠪᠠ᠃   ︵ᠡᠬᠡ ᠪᠢᠴᠢᠭ ᠰᠣᠨᠢᠨ ᠮᠡᠳᠡᠭᠡᠨ ᠤ ᠤᠬᠠᠭᠤᠯᠬᠤ ᠬᠡᠯᠲᠡᠰ ᠤᠨ ᠯᠢ ᠴᠧᠨ ᠢᠦᠶ ᠬᠠᠩᠭᠠᠪᠠ︶ 
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号