ᠯᠢ ᠭᠦᠸᠧ ᠶᠢᠩ ᠵᠧᠵᠢᠶᠠᠩ ᠤᠨ ᠰᠢᠶᠠᠩ ᠱᠠᠨ᠂ ᠢᠦᠢ ᠶᠣᠣ ᠳᠤ ᠬᠦᠷᠴᠦ ᠤᠰᠤᠨ ᠴᠥᠭᠦᠷᠥᠮ ᠤᠨ ᠶᠡᠭᠡ ᠬᠠᠰᠢᠯᠭ᠎ᠠ ᠶᠢᠨ ᠴᠠᠭᠠᠨ ᠰᠢᠷᠭᠤᠯᠵᠢ ᠶᠢᠨ ᠳᠠᠯᠳᠠ ᠭᠡᠮ ᠢ ᠰᠡᠷᠭᠡᠶᠢᠯᠡᠨ ᠵᠠᠰᠠᠬᠤ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2023/5/25
隐患防治工作.jpg
  ᠯᠢ ᠭᠦᠸᠧ ᠶᠢᠩ ᡂᠢ ᠺᠠᠨ ᠤᠰᠤᠨ ᠴᠥᠭᠦᠷᠥᠮ ᠤᠨ ᠬᠠᠰᠢᠯᠭ᠎ᠠ ᠳᠡᠭᠡᠷ᠎ᠡ ᠴᠠᠭᠠᠨ ᠰᠢᠷᠭᠤᠯᠵᠢ ᠶᠢᠨ ᠬᠢᠨᠠᠨ ᠬᠡᠮᠵᠢᠬᠦ ᠴᠡᠭ ᠤᠨ ᠥᠳᠥᠭᠡᠨ ᠲᠠᠲᠠᠬᠤ ᠪᠠᠭᠠᠨ᠎ᠠ ᠶᠢ ᠪᠠᠶᠢᠴᠠᠭᠠᠨ ᠦᠵᠡᠵᠦ ᠪᠠᠶᠢᠬᠤ  5 ᠳ᠋ᠤᠭᠠᠷ ᠰᠠᠷ᠎ᠠ ᠶᠢᠨ 23 ᠠᠴᠠ 24 ᠤ ᠡᠳᠦᠷ ᠪᠣᠯᠲᠠᠯ᠎ᠠ᠂ ᠤᠰᠤᠨ ᠠᠰᠢᠭᠯᠠᠯᠲᠠ ᠶᠢᠨ ᠶᠠᠮᠤᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠰᠠᠶᠢᠳ ᠯᠢ ᠭᠦᠸᠧ ᠶᠢᠩ ᠵᠧᠵᠢᠶᠠᠩ ᠤᠨ ᠰᠢᠶᠠᠩ ᠱᠠᠨ᠂ ᠢᠦᠶ ᠶᠣᠣ ᠳᠤ ᠬᠦᠷᠴᠦ ᠤᠰᠤᠨ ᠴᠥᠭᠦᠷᠥᠮ ᠤᠨ ᠶᠡᠭᠡ ᠬᠠᠰᠢᠯᠭ᠎ᠠ ᠶᠢᠨ ᠴᠠᠭᠠᠨ ᠰᠢᠷᠭᠤᠯᠵᠢ ᠶᠢᠨ ᠳᠠᠯᠳᠠ ᠭᠡᠮ ᠢ ᠰᠡᠷᠭᠡᠶᠢᠯᠡᠨ ᠵᠠᠰᠠᠬᠤ ᠠᠵᠢᠯ ᠢ ᠪᠠᠶᠢᠴᠠᠭᠠᠨ ᠰᠤᠳᠤᠯᠪᠠ᠃ ᠲᠡᠷᠡ ᠴᠢᠬᠤᠯᠠᠴᠢᠯᠠᠬᠤ ᠳᠠᠭᠠᠨ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠣᠯᠤᠨ ︽ᠬᠤᠶᠠᠷ ᠢ ᠪᠠᠷᠢᠮᠲᠠᠯᠠᠵᠤ᠂ ᠭᠤᠷᠪᠠ ᠶᠢ ᠬᠤᠪᠢᠷᠠᠭᠤᠯᠬᠤ︾ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠣᠶᠢᠯᠠᠭᠠᠭᠳᠠᠬᠤᠨ ᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠤᠰᠤᠨ ᠴᠥᠭᠦᠷᠥᠮ ᠤᠨ ᠶᠡᠭᠡ ᠬᠠᠰᠢᠯᠭ᠎ᠠ ᠶᠢᠨ ᠴᠠᠭᠠᠨ ᠰᠢᠷᠭᠤᠯᠵᠢ ᠶᠢᠨ ᠳᠠᠯᠳᠠ ᠭᠡᠮ ᠢ ᠰᠡᠷᠭᠡᠶᠢᠯᠡᠨ ᠵᠠᠰᠠᠬᠤ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠤᠰᠤᠨ ᠴᠥᠭᠦᠷᠥᠮ ᠤᠨ ᠶᠡᠭᠡ ᠬᠠᠰᠢᠯᠭ᠎ᠠ ᠶᠢᠨ ᠴᠠᠭᠠᠨ ᠰᠢᠷᠭᠤᠯᠵᠢ ᠶᠢᠨ ᠳᠠᠯᠳᠠ ᠭᠡᠮ ᠢ ᠰᠡᠷᠭᠡᠶᠢᠯᠡᠨ ᠵᠠᠰᠠᠬᠤ ᠠᠵᠢᠯ ᠤᠨ ᠪᠠᠶᠢᠭᠤᠯᠤᠮᠵᠢ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠤ᠂ ᠬᠠᠷᠠᠯᠲᠠ ᠪᠠᠨ ᠲᠣᠳᠣᠷᠬᠠᠶᠢᠯᠠᠵᠤ᠂ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠵᠤ᠂ ᠴᠢᠳᠠᠪᠤᠷᠢ ᠪᠠᠨ ᠳᠡᠭᠡᠭᠰᠢᠯᠡᠭᠦᠯᠵᠦ᠂ ᠤᠰᠤᠨ ᠴᠥᠭᠦᠷᠥᠮ ᠤᠨ ᠶᠡᠭᠡ ᠬᠠᠰᠢᠯᠭ᠎ᠠ ᠶᠢᠨ ᠠᠮᠤᠷ ᠲᠦᠪᠰᠢᠨ ᠤ ᠬᠤᠷᠢᠭ᠎ᠠ ᠱᠤᠭᠤᠮ ᠢ ᠡᠷᠡᠰ ᠰᠠᠬᠢᠬᠤ ᠬᠡᠷᠡᠭᠲᠡᠢ ᠭᠡᠵᠡᠢ᠃  ᠯᠢ ᠭᠦᠸᠧ ᠶᠢᠩ ᠤᠷᠢᠳ ᠬᠤᠵᠢᠳ ᠵᠧᠵᠢᠶᠠᠩ ᠮᠤᠵᠢ ᠶᠢᠨ ᠰᠢᠶᠠᠩ ᠱᠠᠨ ᠰᠢᠶᠠᠨ ᠤ ‍ᠤᠤᠢ ᠺᠠᠨ ᠤᠰᠤᠨ ᠴᠥᠭᠦᠷᠥᠮ᠂ ᠢᠦᠶ ᠶᠣᠣ ᠬᠤᠲᠠ ᠶᠢᠨ ᠰᠧ ᠮᠢᠩ ᠬᠤ᠋ ᠤᠰᠤᠨ ᠴᠥᠭᠦᠷᠥᠮ ᠳᠤ ᠭᠦᠨᠵᠡᠭᠡᠶᠢᠷᠡᠨ ᠴᠠᠭᠠᠨ ᠰᠢᠷᠭᠤᠯᠵᠢ ᠶᠢᠨ ᠳᠠᠯᠳᠠ ᠬᠡᠮ ᠢ ᠰᠡᠷᠭᠡᠶᠢᠯᠡᠨ ᠵᠠᠰᠠᠬᠤ ᠠᠵᠢᠯ ᠤᠨ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠰᠢᠨᠵᠢᠵᠦ᠂ ᠨᠢᠩᠪᠦ᠋ᠸᠧ ᠬᠤᠲᠠ ᠶᠢᠨ ᠴᠠᠭᠠᠨ ᠰᠢᠷᠭᠤᠯᠵᠢ ᠶᠢ ᠰᠡᠷᠭᠡᠶᠢᠯᠡᠨ ᠵᠠᠰᠠᠬᠤ ᠲᠥᠪ ᠲᠤ ᠬᠦᠷᠴᠦ ᠴᠠᠭᠠᠨ ᠰᠢᠷᠭᠤᠯᠵᠢ ᠶᠢ ᠰᠡᠷᠭᠡᠶᠢᠯᠡᠨ ᠵᠠᠰᠠᠬᠤ ᠰᠠᠭᠤᠷᠢ ᠰᠤᠳᠤᠯᠭᠠᠨ ᠤ ᠪᠠᠶᠢᠳᠠᠯ ᠢ ᠨᠠᠷᠢᠨ ᠣᠶᠢᠯᠠᠭᠠᠭᠰᠠᠨ ᠪᠥᠭᠡᠳ ᠨᠢᠩᠪᠦ᠋ᠸᠧ ᠬᠤᠲᠠ ᠶᠢᠨ ᠤᠰᠤᠨ ᠠᠰᠢᠭᠯᠠᠯᠲᠠ ᠶᠢᠨ ᠲᠣᠪᠴᠢᠶ᠎ᠠ ᠳᠤ ᠶᠠᠷᠢᠯᠴᠠᠬᠤ ᠬᠤᠷᠠᠯ ᠡᠷᠭᠢᠯᠡᠨ ᠬᠤᠷᠠᠯᠳᠤᠭᠤᠯᠵᠤ᠂ ᠣᠷᠣᠨ ᠨᠤᠲᠤᠭ ᠤᠨ ᠤᠰᠤᠨ ᠠᠰᠢᠭᠯᠠᠯᠲᠠ ᠶᠢᠨ ᠰᠠᠯᠠᠭ᠎ᠠ ᠮᠥᠴᠢᠷ ᠪᠣᠯᠤᠨ ᠤᠰᠤᠨ ᠴᠥᠭᠦᠷᠥᠮ ᠤᠨ ᠬᠠᠮᠢᠶᠠᠷᠤᠯᠲᠠ ᠶᠢᠨ ᠨᠢᠭᠡᠴᠢ ᠶᠢᠨ ᠬᠠᠷᠢᠭᠤᠴᠠᠯᠭᠠᠲᠠᠨ᠂ ᠶᠡᠭᠡ ᠳᠡᠭᠡᠳᠦ ᠰᠤᠷᠭᠠᠭᠤᠯᠢ ᠶᠢᠨ ᠲᠤᠰᠬᠠᠶ ᠮᠡᠷᠭᠡᠵᠢᠯᠲᠡᠨ ᠫᠷᠤᠹᠧᠰᠰᠤᠷ᠂ ᠴᠠᠭᠠᠨ ᠰᠢᠷᠭᠤᠯᠵᠢ ᠶᠢ ᠰᠡᠷᠭᠡᠶᠢᠯᠡᠨ ᠵᠠᠰᠠᠬᠤ ᠠᠵᠤ ᠠᠬᠤᠶᠢᠯᠠᠯ ᠤᠨ ᠬᠠᠷᠢᠭᠤᠴᠠᠯᠭᠠᠲᠠᠨ᠂ ᠤᠰᠤᠨ ᠴᠥᠭᠦᠷᠥᠮ ᠤᠨ ᠶᠡᠭᠡ ᠬᠠᠰᠢᠯᠭ᠎ᠠ ᠶᠢᠨ ᠲᠣᠭᠤᠷᠢᠨ ᠪᠠᠶᠢᠴᠠᠭᠠᠭᠴᠢ᠂ ᠲᠤᠬᠠᠶ ᠶᠢᠨ ᠭᠠᠵᠠᠷ ᠤᠨ ᠲᠣᠰᠬᠤᠨ ᠤ ᠠᠷᠠᠳ ᠤᠨ ᠲᠥᠯᠥᠭᠡᠯᠡᠭᠴᠢ ᠶᠢᠨ ᠤᠰᠤᠨ ᠴᠥᠭᠦᠷᠥᠮ ᠤᠨ ᠶᠡᠭᠡ ᠬᠠᠰᠢᠯᠭ᠎ᠠ ᠶᠢᠨ ᠴᠠᠭᠠᠨ ᠰᠢᠷᠭᠤᠯᠵᠢ ᠶᠢᠨ ᠳᠠᠯᠳᠠ ᠬᠡᠮ ᠢ ᠰᠡᠷᠭᠡᠶᠢᠯᠡᠨ ᠵᠠᠰᠠᠬᠤ ᠠᠵᠢᠯ ᠤᠨ ᠲᠤᠬᠠᠶ ᠰᠠᠨᠠᠯ ᠰᠠᠨᠠᠭᠤᠯᠭ᠎ᠠ ᠶᠢ ᠰᠣᠨᠣᠰᠪᠠ᠃
隐患防治工作1.jpg
  ᠯᠢ ᠭᠦᠸᠧ ᠶᠢᠩ ᠰᠧ ᠮᠢᠩ ᠬᠤ᠋ ᠤᠰᠤᠨ ᠴᠥᠭᠦᠷᠥᠮ ᠳᠤ ᠴᠠᠭᠠᠨ ᠰᠢᠷᠭᠤᠯᠵᠢ ᠶᠢᠨ ᠠᠦ᠋ᠲ᠋ᠣ᠋ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠰᠢᠰᠲ᠋ᠧᠮ ᠢ ᠪᠠᠶᠢᠴᠠᠭᠠᠨ ᠦᠵᠡᠵᠦ ᠪᠠᠶᠢᠭ᠎ᠠ  ᠯᠢ ᠭᠦᠸᠧ ᠶᠢᠩ ᠵᠢᠭᠠᠵᠦ ᠭᠠᠷᠭᠠᠬᠤ ᠳᠠᠭᠠᠨ᠂ ᠤᠰᠤᠨ ᠴᠥᠭᠦᠷᠥᠮ ᠤᠨ ᠶᠡᠭᠡ ᠬᠠᠰᠢᠯᠭ᠎ᠠ ᠶᠢᠨ ᠴᠠᠭᠠᠨ ᠰᠢᠷᠭᠤᠯᠵᠢ ᠶᠢᠨ ᠳᠠᠯᠳᠠ ᠭᠡᠮ ᠢ ᠰᠡᠷᠭᠡᠶᠢᠯᠡᠨ ᠵᠠᠰᠠᠬᠤ ᠠᠵᠢᠯ ᠢ ᠰᠠᠶᠢᠲᠤᠷ ᠬᠢᠵᠦ᠂ ᠤᠰᠤᠨ ᠴᠥᠭᠦᠷᠥᠮ ᠤᠨ ᠶᠡᠭᠡ ᠬᠠᠰᠢᠯᠭ᠎ᠠ ᠶᠢᠨ ᠠᠮᠤᠷ ᠲᠦᠪᠰᠢᠨ ᠢ ᠦᠨᠡᠨ ᠬᠦ ᠪᠠᠲᠤᠯᠠᠬᠤ ᠪᠣᠯ ᠤᠳᠠᠭᠠᠨ ᠳᠠᠭᠠᠭᠠᠮᠠᠭᠠᠶ ᠲᠡᠶᠢᠨ ᠪᠣᠯᠤᠨ᠎ᠠ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠬᠠᠷᠠᠯᠲᠠ ᠪᠠᠷ ᠤᠳᠤᠷᠢᠳᠤᠮᠵᠢ ᠪᠣᠯᠭᠠᠬᠤ ᠶᠢ ᠪᠤᠢ ᠪᠣᠯᠭᠠᠵᠤ᠂ ᠴᠥᠬᠦᠷᠡᠰᠢ ᠦᠭᠡᠢ ᠪᠠᠷ ᠰᠠᠶᠢᠲᠤᠷ ᠵᠥᠪᠯᠡᠵᠦ ᠪᠠᠶᠢᠭᠠᠳ ᠡᠨᠡ ᠬᠦ ᠠᠵᠢᠯ ᠢ ᠰᠠᠶᠢᠲᠤᠷ ᠬᠢᠵᠦ᠂ ︽ᠰᠤᠳᠤᠯᠬᠤ — ᠲᠤᠷᠰᠢᠬᠤ — ᠵᠢᠮ᠎ᠡ ᠶᠣᠰᠣ︾ ︽ᠰᠡᠷᠭᠡᠶᠢᠯᠡᠬᠦ — ᠢᠯᠡᠷᠡᠭᠦᠯᠬᠦ — ᠰᠢᠢᠳᠪᠦᠷᠢᠯᠡᠬᠦ︾ ︽ᠴᠢᠳᠠᠪᠤᠷᠢ — ᠲᠣᠭᠲᠠᠴᠠ — ᠵᠠᠷᠤᠳᠠᠯ︾ ︽ᠵᠢᠷᠤᠮᠵᠢᠭᠤᠯᠬᠤ — ᠨᠤᠷᠮ᠎ᠠ ᠲᠣᠭᠲᠠᠭᠠᠬᠤ — ᠲᠦᠷᠢᠮ︾ ᠢᠶᠠᠷ ᠪᠦᠷᠢᠯᠳᠦᠭᠰᠡᠨ ᠶᠡᠷᠦᠩᠬᠡᠶᠢᠯᠡᠨ ᠰᠡᠷᠭᠡᠶᠢᠯᠡᠨ ᠵᠠᠰᠠᠬᠤ ᠠᠵᠢᠯ ᠤᠨ ᠰᠢᠰᠲ᠋ᠧᠮ ᠢ ᠪᠠᠶᠢᠭᠤᠯᠤᠨ᠎ᠠ᠃ ᠬᠡᠷᠡᠭᠴᠡᠭᠡ ᠱᠠᠭᠠᠷᠳᠠᠯᠭ᠎ᠠ ᠪᠠᠷ ᠬᠥᠲᠥᠯᠥᠨ ᠳᠠᠭᠠᠭᠤᠯᠬᠤ᠂ ᠬᠡᠷᠡᠭᠯᠡᠭᠡᠨ ᠢ ᠳᠡᠭᠡᠳᠦᠯᠡᠬᠦ ᠶᠢ ᠪᠠᠷᠢᠮᠲᠠᠯᠠᠵᠤ᠂ ᠴᠠᠭᠠᠨ ᠰᠢᠷᠭᠤᠯᠵᠢ ᠶᠢᠨ ᠣᠷᠣᠰᠢᠨ ᠠᠮᠢᠳᠤᠷᠠᠬᠤ ᠠᠵᠢᠯᠯᠠᠭ᠎ᠠ ᠶᠢᠨ ᠬᠡᠪᠰᠢᠯ ᠤᠨ ᠵᠢᠮ᠎ᠡ ᠶᠣᠰᠣᠨ ᠤ ᠰᠤᠳᠤᠯᠭᠠᠨ ᠢ ᠴᠢᠩᠭᠠᠳᠬᠠᠵᠤ᠂ ᠨᠢᠭᠡ ᠪᠦᠯᠦᠭ ᠴᠢᠭᠯᠡᠭᠦᠯᠦᠯᠲᠦ ᠴᠢᠨᠠᠷ᠂ ᠬᠡᠷᠡᠭᠯᠡᠭᠡᠨ ᠤ ᠴᠢᠨᠠᠷ᠂ ᠪᠦᠲᠦᠮᠵᠢᠲᠦ ᠴᠢᠨᠠᠷ ᠢᠶᠠᠷ ᠴᠢᠩᠭ᠎ᠠ ᠰᠡᠷᠭᠡᠶᠢᠯᠡᠨ ᠵᠠᠰᠠᠬᠤ ᠮᠡᠷᠭᠡᠵᠢᠯ ᠪᠣᠯᠤᠨ ᠲᠣᠨᠤᠭ ᠲᠥᠬᠦᠭᠡᠷᠦᠮᠵᠢ ᠶᠢ ᠲᠦᠷᠭᠡᠨ ᠰᠤᠳᠤᠯᠤᠨ ᠨᠡᠬᠡᠬᠡᠨ᠎ᠡ᠃ ᠰᠡᠷᠭᠡᠶᠢᠯᠡᠬᠦ ᠪᠠᠷ ᠭᠤᠤᠯ ᠪᠣᠯᠭᠠᠬᠤ᠂ ᠰᠡᠷᠭᠡᠶᠢᠯᠡᠬᠦ ᠪᠠ ᠵᠠᠰᠠᠬᠤ ᠶᠢ ᠤᠶᠠᠯᠳᠤᠭᠤᠯᠬᠤ ᠶᠢ ᠪᠠᠷᠢᠮᠲᠠᠯᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠴᠢᠳᠠᠮᠵᠢ ᠪᠠᠨ ᠨᠡᠮᠡᠭᠳᠡᠭᠦᠯᠬᠦ ᠶᠢ ᠴᠢᠩᠭᠠᠳᠬᠠᠵᠤ᠂ ᠴᠠᠭᠠᠨ ᠰᠢᠷᠭᠤᠯᠵᠢ ᠶᠢᠨ ᠳᠠᠯᠳᠠ ᠭᠡᠮ ᠢ ᠬᠥᠳᠡᠯᠦᠩᠭᠦᠶ ᠪᠠᠷ ᠬᠢᠨᠠᠨ ᠡᠵᠡᠮᠳᠡᠬᠦ ᠪᠠ ᠤᠷᠢᠳᠴᠢᠯᠠᠨ ᠮᠡᠳᠡᠭᠡᠯᠡᠵᠦ ᠤᠷᠢᠳᠴᠢᠯᠠᠨ ᠰᠡᠷᠡᠮᠵᠢᠯᠡᠭᠦᠯᠬᠦ ᠰᠢᠰᠲ᠋ᠧᠮ ᠢ ᠪᠠᠶᠢᠭᠤᠯᠵᠤ᠂ ᠳᠠᠯᠳᠠ ᠭᠡᠮ ᠢ ᠴᠠᠭ ᠲᠤᠬᠠᠶ ᠳᠤᠨᠢ ᠥᠨᠳᠥᠷ ᠪᠦᠲᠦᠮᠵᠢᠲᠡᠶ ᠪᠠᠷ ᠣᠨᠣᠴᠠᠲᠠᠶ ᠢᠯᠡᠷᠡᠭᠦᠯᠵᠦ᠂ ᠳᠠᠯᠳᠠ ᠭᠡᠮ ᠢ ᠴᠠᠭ ᠲᠤᠬᠠᠶ ᠳᠤᠨᠢ ᠠᠷᠢᠯᠭᠠᠨ᠂ ᠪᠠᠭ᠎ᠠ ᠠᠴᠠ ᠨᠢ ᠵᠠᠰᠠᠬᠤ᠂ ᠡᠷᠲᠡ ᠵᠠᠰᠠᠬᠤ᠂ ᠵᠠᠰᠠᠬᠤ ᠪᠠᠷ ᠴᠢᠷᠮᠠᠶᠢᠵᠤ᠂ ᠠᠶᠤᠯ ᠲᠦᠭᠰᠢᠭᠦᠷᠢ ᠶᠢᠨ ᠳᠠᠯᠳᠠ ᠭᠡᠮ ᠢ ᠡᠭᠦᠰᠬᠦ ᠠᠴᠠ ᠨᠢ ᠡᠮᠦᠨ᠎ᠡ ᠠᠷᠢᠯᠭᠠᠨ᠎ᠠ᠃ ᠶᠡᠷᠦᠩᠬᠡᠶᠢᠯᠡᠭᠰᠡᠨ ᠠᠷᠭ᠎ᠠ ᠬᠡᠮᠵᠢᠶ᠎ᠡ ᠠᠪᠴᠤ ᠤᠷᠢᠳᠴᠢᠯᠠᠨ ᠰᠡᠷᠭᠡᠶᠢᠯᠡᠬᠦ᠂ ᠢᠯᠡᠷᠡᠭᠦᠯᠬᠦ᠂  ᠰᠢᠢᠳᠪᠦᠷᠢᠯᠡᠬᠦ ᠴᠢᠳᠠᠪᠤᠷᠢ ᠪᠠᠨ ᠲᠠᠰᠤᠷᠠᠯᠲᠠ ᠥᠬᠡᠶ ᠳᠡᠭᠡᠭᠰᠢᠯᠡᠭᠦᠯᠵᠦ᠂ ᠳᠠᠯᠳᠠ ᠬᠡᠮ ᠢ ᠲᠣᠭᠤᠷᠢᠨ ᠪᠠᠶᠢᠴᠠᠭᠠᠬᠤ ᠪᠠᠶᠢᠩᠭᠤᠵᠢᠬᠰᠠᠨ ᠠᠵᠢᠯ ᠤᠨ ᠲᠣᠭᠲᠠᠴᠠ ᠶᠢ ᠪᠠᠶᠢᠭᠤᠯᠵᠤ᠂ ᠢᠯᠠᠩᠭᠤᠶ᠎ᠠ ᠦᠶᠡᠷ ᠤᠨ ᠬᠤᠭᠤᠴᠠᠭ᠎ᠠ ᠠᠴᠠ ᠡᠮᠦᠨ᠎ᠡ ᠪᠥᠬᠦ ᠲᠠᠯ᠎ᠠ ᠪᠠᠷ ᠲᠣᠭᠤᠷᠢᠨ ᠪᠠᠶᠢᠴᠠᠭᠠᠬᠤ᠂ ᠭᠤᠤᠯ ᠦᠶᠡᠷ ᠤᠨ ᠬᠤᠭᠤᠴᠠᠭ᠎ᠠ ᠠᠴᠠ ᠡᠮᠦᠨ᠎ᠡ ᠬᠤᠶᠠᠷ ᠤᠳᠠᠭ᠎ᠠ ᠲᠣᠭᠤᠷᠢᠨ ᠪᠠᠶᠢᠴᠠᠭᠠᠬᠤ᠂ ᠴᠠᠭᠠᠨ ᠰᠢᠷᠭᠤᠯᠵᠢ ᠶᠢᠨ ᠠᠵᠢᠯᠯᠠᠭ᠎ᠠ ᠶᠢ ᠤᠷᠢᠳᠴᠢᠯᠠᠨ ᠰᠡᠷᠡᠮᠵᠢᠯᠡᠭᠦᠯᠬᠦ ᠭᠤᠤᠯᠳᠠᠯᠭ᠎ᠠ ᠲᠠᠢ ᠪᠠᠷ ᠲᠣᠭᠤᠷᠢᠨ ᠪᠠᠶᠢᠴᠠᠭᠠᠬᠤ ᠲᠣᠭᠲᠠᠴᠠ ᠶᠢ ᠪᠠᠶᠢᠭᠤᠯᠤᠨ᠎ᠠ᠃ ᠠᠵᠢᠯ ᠲᠥᠷᠥᠯ ᠤᠨ ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ ᠶᠢ ᠣᠨᠣᠪᠴᠢᠲᠠᠶ ᠲᠣᠭᠲᠠᠭᠠᠵᠤ᠂ ᠰᠡᠷᠭᠡᠶᠢᠯᠡᠬᠦ᠂ ᠢᠯᠡᠷᠡᠭᠦᠯᠬᠦ᠂ ᠰᠢᠢᠳᠪᠦᠷᠢᠯᠡᠬᠦ᠂ ᠵᠠᠰᠠᠬᠤ᠂ ᠰᠢᠯᠭᠠᠨ ᠠᠪᠬᠤ ᠵᠡᠷᠭᠡ ᠰᠡᠷᠭᠡᠶᠢᠯᠡᠨ ᠵᠠᠰᠠᠬᠤ ᠪᠥᠬᠦ ᠬᠡᠯᠬᠢᠶ᠎ᠡ ᠶᠢ ᠬᠠᠮᠤᠷᠤᠭᠰᠠᠨ ᠠᠵᠢᠯ ᠲᠥᠷᠥᠯ ᠤᠨ ᠮᠡᠷᠭᠡᠵᠢᠯ ᠤᠨ ᠵᠢᠷᠤᠮᠵᠢᠯ ᠢ ᠲᠦᠷᠭᠡᠨ ᠲᠣᠭᠲᠠᠭᠠᠵᠤ᠂ ᠨᠣᠷᠮ᠎ᠠ ᠲᠣᠭᠲᠠᠭᠠᠬᠤ ᠪᠠᠷᠢᠮᠵᠢᠶ᠎ᠠ ᠶᠢ ᠪᠠᠶᠢᠭᠤᠯᠤᠨ ᠪᠦᠷᠢᠨᠰᠢᠭᠦᠯᠵᠦ᠂ ᠤᠰᠤᠨ ᠴᠥᠭᠦᠷᠥᠮ ᠤᠨ ᠲᠣᠮᠣ ᠬᠠᠰᠢᠯᠭ᠎ᠠ ᠶᠢᠨ ᠴᠠᠭᠠᠨ ᠰᠢᠷᠭᠤᠯᠵᠢ ᠶᠢᠨ ᠳᠠᠯᠳᠠ ᠬᠡᠮ ᠢ ᠰᠡᠷᠭᠡᠶᠢᠯᠡᠨ ᠵᠠᠰᠠᠬᠤ ᠬᠠᠮᠢᠶᠠᠷᠤᠯᠲᠠ ᠶᠢᠨ ᠠᠵᠢᠯ ᠤᠨ ᠰᠢᠰᠲ᠋ᠧᠮᠵᠢ ᠶᠢ ᠲᠡᠭᠦᠯᠳᠡᠷᠵᠢᠭᠦᠯᠦᠨ᠎ᠡ ᠭᠡᠵᠡᠢ᠃ 
 
ᠢᠷᠡᠯᠲᠡ᠄ ᠤᠰᠤᠨ ᠠᠰᠢᠭᠯᠠᠯᠲᠠ ᠶᠢᠨ ᠶᠠᠮᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号