5 ᠳ᠋ᠤᠭᠠᠷ ᠰᠠᠷ᠎ᠠ ᠶᠢᠨ 20 ᠠᠴᠠ 21 ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠤᠰᠤᠨ | ᠠᠰᠢᠭᠯᠠᠯᠲᠠ ᠶᠢᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠲᠢᠩᠬᠢᠮ ᠤᠨ ᠳᠡᠳ᠋ | ᠳᠠᠷᠤᠭ᠎ᠠ ᠫᠧᠩ ᠶᠠ ᠯᠢ ᠪᠠᠶᠠᠨᠨᠠᠭᠤᠷ ᠬᠤᠲᠠ ᠶᠢᠨ ᠤᠷᠠᠳ ᠤᠨ ᠡᠮᠦᠨᠡᠲᠦ ᠬᠤᠰᠢᠭᠤ᠂ ᠳ᠋ᠧᠩᠺᠸᠤ ᠰᠢᠶᠠᠨ ᠳᠤ | ᠬᠦᠷᠴᠦ ᠦᠨᠳᠦᠰᠦᠨ ᠱᠠᠲᠤᠨ ᠤ ᠤᠰᠤᠨ ᠠᠰᠢᠭᠯᠠᠯᠲᠠ ᠶᠢᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠶᠢᠨ | ᠴᠣᠭᠴᠠᠯᠠᠯᠲᠠ ᠶᠢᠨ ᠲᠤᠬᠠᠶ ᠲᠤᠰᠬᠠᠶ ᠰᠡᠳᠦᠪᠲᠦ ᠪᠠᠶᠢᠴᠠᠭᠠᠨ ᠰᠤᠳᠤᠯᠤᠯᠲᠠ ᠥᠷᠨᠢᠭᠦᠯᠪᠡ᠃ | | | | | | ᠪᠠᠶᠢᠴᠠᠭᠠᠨ ᠰᠤᠳᠤᠯᠬᠤ ᠳᠤᠭᠤᠶᠢᠯᠠᠩ ᠲᠠᠷᠢᠶᠠᠴᠢᠳ ᠤᠨ ᠤᠰᠤ ᠬᠡᠷᠡᠭᠯᠡᠬᠦ ᠨᠡᠶᠢᠭᠡᠮᠯᠢᠭ ᠲᠤ ᠭᠦᠨᠵᠡᠭᠡᠶᠢᠷᠡᠨ᠂ | ᠪᠠᠶᠢᠴᠠᠭᠠᠨ ᠰᠤᠳᠤᠯᠬᠤ ᠭᠤᠤᠯ ᠰᠡᠳᠦᠪ ᠤᠨ ᠲᠣᠭᠤᠷᠢᠨ ᠳᠤ ᠶᠠᠷᠢᠯᠴᠠᠨ ᠰᠣᠯᠢᠯᠴᠠᠵᠤ᠂ ᠲᠠᠷᠢᠶᠠᠴᠢᠳ ᠤᠨ ᠤᠰᠤ | ᠬᠡᠷᠡᠭᠯᠡᠬᠦ ᠨᠡᠶᠢᠭᠡᠮᠯᠢᠭ ᠤᠨ ᠣᠳᠣᠬᠢ ᠪᠠᠶᠢᠳᠠᠯ᠂ ᠦᠢᠯᠡᠳᠦᠯ ᠢᠶᠠᠨ ᠪᠠᠳᠠᠷᠠᠭᠤᠯᠵᠤ ᠪᠠᠶᠢᠭ᠎ᠠ ᠪᠠᠶᠢᠳᠠᠯ ᠵᠢᠴᠢ ᠣᠷᠣᠰᠢᠵᠤ | ᠪᠠᠶᠢᠭ᠎ᠠ ᠠᠰᠠᠭᠤᠳᠠᠯ ᠢ ᠣᠶᠢᠯᠠᠭᠠᠭᠰᠠᠨ ᠪᠥᠭᠡᠳ ᠲᠤᠬᠠᠶ ᠶᠢᠨ ᠭᠠᠵᠠᠷ ᠤᠨ ᠲᠠᠷᠢᠶᠠᠴᠢᠳ ᠤᠨ ᠤᠰᠤ ᠬᠡᠷᠡᠭᠯᠡᠬᠦ | ᠨᠡᠶᠢᠭᠡᠮᠯᠢᠭ ᠤᠨ ᠪᠠᠶᠢᠭᠤᠯᠤᠯᠲᠠ ᠶᠢᠨ ᠲᠤᠬᠠᠶ ᠰᠠᠨᠠᠯ ᠰᠠᠨᠠᠭᠤᠯᠭ᠎ᠠ ᠶᠢ ᠬᠤᠷᠢᠶᠠᠵᠠᠶ᠃ | ᠫᠧᠩ ᠶᠠ ᠯᠢ ᠴᠢᠬᠤᠯᠠᠴᠢᠯᠠᠬᠤ ᠳᠠᠭᠠᠨ᠂ ᠲᠠᠷᠢᠶᠠᠴᠢᠳ ᠤᠨ ᠤᠰᠤ ᠬᠡᠷᠡᠭᠯᠡᠬᠦ ᠨᠡᠶᠢᠭᠡᠮᠯᠢᠭ ᠪᠣᠯ ᠦᠨᠳᠦᠰᠦᠨ | ᠱᠠᠲᠤᠨ ᠤ ᠤᠰᠤᠨ ᠠᠰᠢᠭᠯᠠᠯᠲᠠ ᠶᠢᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠶᠢᠨ ᠴᠢᠬᠤᠯᠠ ᠪᠦᠷᠢᠯᠳᠦᠬᠦᠨ | ᠬᠡᠰᠡᠭ ᠪᠣᠯᠤᠨ᠎ᠠ᠂ ᠲᠠᠷᠢᠶᠠᠴᠢᠳ ᠤᠰᠤᠨ ᠤ ᠬᠠᠮᠢᠶᠠᠷᠤᠯᠲᠠ ᠳᠤ ᠣᠷᠣᠯᠴᠠᠵᠤ᠂ ᠤᠰᠤᠨ ᠠᠰᠢᠭᠯᠠᠯᠲᠠ ᠶᠢᠨ | ᠪᠠᠷᠢᠯᠭ᠎ᠠ ᠶᠢᠨ ᠴᠢᠬᠤᠯᠠ ᠵᠣᠬᠢᠶᠠᠨ ᠪᠠᠶᠢᠭᠤᠯᠤᠯᠲᠠ ᠶᠢᠨ ᠬᠡᠯᠪᠡᠷᠢ ᠶᠢ ᠤᠬᠠᠮᠰᠠᠷ ᠠᠴᠠ ᠪᠠᠨ ᠬᠠᠮᠠᠭᠠᠯᠠᠨ᠎ᠠ᠂ ᠤᠰᠤᠨ ᠤ | ᠡᠬᠢ ᠪᠠᠶᠠᠯᠢᠭ ᠢ ᠡᠷᠴᠢᠮᠵᠢᠭᠦᠯᠦᠨ ᠠᠷᠪᠢᠯᠠᠨ ᠠᠰᠢᠭᠯᠠᠬᠤ ᠶᠢᠨ ᠴᠢᠬᠤᠯᠠ ᠭᠠᠷᠳᠠᠴᠠ ᠪᠣᠯᠤᠨ᠎ᠠ᠂ ᠣᠳᠣᠬᠠᠨ ᠤ | ᠪᠠᠶᠢᠳᠠᠯ ᠳᠤᠤᠷ᠎ᠠ ᠤᠰᠤᠯᠠᠯᠲᠠ ᠶᠢᠨ ᠣᠷᠣᠨ ᠤ ᠭᠦᠨᠵᠡᠭᠡᠶ ᠤᠰᠤ ᠠᠷᠪᠢᠯᠠᠵᠤ ᠤᠰᠤ ᠡᠵᠡᠮᠳᠡᠬᠦ ᠶᠢᠨ ᠲᠤᠯᠭᠠᠮ᠎ᠠ | ᠴᠢᠨᠠᠷ ᠢ ᠭᠦᠢᠴᠡᠳ ᠲᠠᠨᠢᠵᠦ᠂ ᠴᠢᠬᠤᠯᠠ ᠴᠢᠨᠠᠷ᠂ ᠤᠰᠤᠯᠠᠯᠲᠠ ᠶᠢᠨ ᠣᠷᠣᠨ ᠤ ᠪᠦᠲᠦᠭᠡᠨ ᠪᠠᠶᠢᠭᠤᠯᠤᠯᠲᠠ ᠪᠠ | ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠳᠤ ᠲᠠᠷᠢᠶᠠᠴᠢᠳ ᠤᠨ ᠤᠰᠤ ᠬᠡᠷᠡᠭᠯᠡᠬᠦ ᠬᠤᠷᠰᠢᠭᠰᠠᠨ ᠵᠣᠬᠢᠶᠠᠨ | ᠪᠠᠶᠢᠭᠤᠯᠤᠯᠲᠠ ᠶᠢᠨ ᠣᠷᠣᠯᠴᠠᠬᠤ ᠢᠳᠡᠪᠬᠢᠵᠢᠯ ᠢ ᠳᠠᠶᠢᠴᠢᠯᠠᠨ᠎ᠠ᠂ ᠡᠭᠦᠷᠭᠡ ᠴᠢᠳᠠᠪᠬᠢ ᠲᠣᠳᠣᠷᠬᠠᠢ ᠪᠠᠶᠢᠬᠤ ᠶᠢ | ᠬᠦᠴᠦᠯᠡᠨ ᠪᠤᠢ ᠪᠤᠯᠭᠠᠵᠦ᠂ ᠵᠦᠢ ᠵᠣᠬᠢᠰᠲᠠᠶ ᠪᠠᠶᠢᠷᠢᠯᠠᠭᠤᠯᠬᠤ᠂ ᠡᠩᠨᠡᠭᠡ ᠰᠢᠯᠢᠳᠡᠭ᠂ ᠦᠨᠳᠦᠰᠦᠨ ᠱᠠᠲᠤᠨ ᠤ | ᠤᠰᠤᠨ ᠠᠰᠢᠭᠯᠠᠯᠲᠠ ᠶᠢᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠳᠤ ᠦᠢᠯᠡᠴᠢᠯᠡᠬᠦ᠂ ᠦᠨᠳᠦᠰᠦᠨ ᠱᠠᠲᠤᠨ ᠤ | ᠤᠰᠤᠨ ᠠᠰᠢᠭᠯᠠᠯᠲᠠ ᠶᠢᠨ ᠠᠵᠢᠯ ᠤᠨ ᠰᠠᠭᠤᠷᠢ ᠶᠢ ᠪᠠᠬᠢᠵᠢᠭᠦᠯᠦᠨ ᠦᠨᠳᠦᠰᠦᠨ ᠱᠠᠲᠤᠨ ᠤ ᠤᠰᠤᠨ | ᠠᠰᠢᠭᠯᠠᠯᠲᠠ ᠶᠢᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠎ᠡ ᠭᠡᠵᠡᠢ᠃ | ︵ᠤᠰᠤᠨ ᠠᠰᠢᠭᠯᠠᠯᠲᠠ ᠶᠢᠨ ᠲᠢᠩᠬᠢᠮ ᠤᠨ ᠲᠠᠷᠢᠶᠠᠯᠠᠩ ᠮᠠᠯ ᠠᠵᠤ ᠠᠬᠤᠶ ᠶᠢᠨ ᠭᠠᠵᠠᠷ ᠨᠤᠤᠷᠠᠭ | ᠬᠠᠩᠭᠠᠪᠠ︶ | |