ᠱᠧᠩ ᠰᠢᠶᠤᠤ ᠶᠢᠦ ᠵᠥᠩ ᠱᠦᠶ ᠶᠢᠨ ᠵᠡᠭᠦᠨ ᠬᠤᠶᠢᠲᠤ ᠶᠢᠨ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠮᠠ ᠵᠢᠶᠦ᠋ᠨ ᠨᠠᠷ ᠲᠠᠢ ᠠᠭᠤᠯᠵᠠᠪᠠ
ᠨᠡᠶᠢᠲᠡᠯᠡᠭᠰᠡᠨ ᠴᠠᠭ᠄
2023/5/25
  5 ᠳ᠋ᠤᠭᠠᠷ ᠰᠠᠷ᠎ᠠ ᠶᠢᠨ 23 ᠤ ᠡᠳᠦᠷ᠂ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠱᠧᠩ ᠰᠢᠶᠤᠤ ᠶᠢᠦ ᠵᠥᠩ ᠱᠦᠶ ᠵᠡᠭᠦᠨ ᠬᠤᠶᠢᠲᠤ ᠶᠢᠨ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠮᠠ ᠵᠢᠶᠦ᠋ᠨ ᠨᠡᠷ ᠲᠠᠢ ᠠᠭᠤᠯᠵᠠᠵᠤ᠂ ᠴᠤᠤᠯ ᠭᠤᠤᠯ ᠤᠨ ᠤᠰᠤ ᠶᠢ ᠯᠢᠶᠣᠤᠾᠧ ᠭᠤᠤᠯ ᠳᠤ ᠲᠠᠲᠠᠵᠤ ᠣᠷᠣᠭᠤᠯᠬᠤ ᠬᠤᠶᠠᠳᠤᠭᠠᠷ ᠬᠤᠭᠤᠴᠠᠭᠠᠨ ᠤ ᠢᠨᠵᠧᠨᠧᠷᠢᠩ᠂ ᠤᠰᠤᠨ ᠲᠤᠤᠷ ᠤᠨ ᠪᠥᠲᠥᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠵᠢᠴᠢ ᠴᠤᠤᠯ ᠭᠤᠤᠯ ᠤᠨ ᠤᠰᠤ ᠶᠢ ᠯᠢᠶᠣᠤᠾᠧ ᠭᠤᠤᠯ ᠳᠤ ᠲᠠᠲᠠᠵᠤ ᠣᠷᠣᠭᠤᠯᠬᠤ ᠢᠨᠵᠧᠨᠧᠷᠢᠩ ᠤᠨ ᠬᠢᠨᠠᠨ ᠪᠤᠳᠤᠵᠤ ᠴᠡᠭᠴᠡᠯᠡᠨ ᠰᠠᠶᠢᠵᠢᠷᠠᠭᠤᠯᠬᠤ ᠵᠡᠷᠭᠡ ᠬᠠᠮᠢᠶ᠎ᠠ ᠪᠥᠬᠦᠶ ᠠᠵᠢᠯ ᠤᠨ ᠲᠤᠬᠠᠶ ᠶᠠᠷᠢᠯᠴᠠᠵᠤ ᠰᠠᠨᠠᠯ ᠢᠶᠠᠨ ᠰᠣᠯᠢᠯᠴᠠᠪᠠ᠃
董事长马军一行1.jpg
  ᠱᠧᠩ ᠰᠢᠶᠤᠤ ᠶᠢᠦ ᠮᠠ ᠵᠢᠶᠦ᠋ᠨ ᠨᠡᠷ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠪᠡ᠃ ᠬᠤᠯᠪᠣᠭᠳᠠᠯ ᠪᠦᠬᠦᠢ ᠨᠢᠭᠡᠴᠢ ᠶᠢᠨ ᠲᠥᠷᠥᠯ ᠵᠦᠢᠯ ᠤᠨ ᠠᠵᠢᠯ ᠤᠨ ᠠᠬᠢᠴᠠ ᠶᠢᠨ ᠪᠠᠶᠢᠳᠠᠯ ᠵᠢᠴᠢ ᠣᠷᠣᠰᠢᠵᠤ ᠪᠠᠶᠢᠭ᠎ᠠ ᠠᠰᠠᠭᠤᠳᠠᠯ ᠤᠨ ᠲᠤᠬᠠᠶ ᠲᠠᠨᠢᠯᠴᠠᠭᠤᠯᠭ᠎ᠠ ᠶᠢ ᠰᠣᠨᠣᠰᠤᠭᠰᠠᠨ ᠤ ᠳᠠᠷᠠᠭ᠎ᠠ᠂ ᠱᠧᠩ ᠰᠢᠶᠤᠤ ᠶᠢᠦ ᠴᠤᠤᠯ ᠭᠤᠣᠯ ᠤᠨ ᠤᠰᠤ ᠶᠢ ᠲᠠᠲᠠᠵᠤ ᠯᠢᠶᠣᠤᠾᠧ ᠭᠤᠣᠯ ᠳᠤ ᠨᠡᠮᠡᠷᠢᠯᠡᠬᠦ ᠬᠤᠶᠠᠳᠤᠭᠠᠷ ᠬᠤᠭᠤᠴᠠᠭᠠᠨ ᠤ ᠢᠨᠵᠧᠨᠧᠷᠢᠩ ᠢ ᠲᠦᠯᠬᠢᠨ ᠠᠬᠢᠭᠤᠯᠬᠤ ᠲᠤᠬᠠᠶ ᠪᠣᠳᠠᠲᠠᠶ ᠱᠠᠭᠠᠷᠳᠠᠯᠭ᠎ᠠ ᠳᠤᠷᠠᠳᠪᠠ᠂ ᠲᠡᠷᠡ ᠴᠢᠬᠤᠯᠠᠴᠢᠯᠠᠭᠰᠠᠨ ᠨᠢ᠂ ᠴᠤᠤᠯ ᠭᠤᠣᠯ ᠤᠨ ᠤᠰᠤ ᠶᠢ ᠲᠠᠲᠠᠵᠤ ᠯᠢᠶᠣᠤᠾᠧ ᠭᠤᠣᠯ ᠳᠤ ᠨᠡᠮᠡᠷᠢᠯᠡᠬᠦ ᠢᠨᠵᠧᠨᠧᠷᠢᠩ ᠪᠣᠯ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠡᠦᠬᠡᠨ ᠳᠡᠭᠡᠷᠡᠬᠢ ᠪᠡᠯᠡ ᠣᠷᠣᠭᠤᠯᠤᠯᠲᠠ ᠶᠢᠨ ᠬᠡᠪᠴᠢᠶ᠎ᠡ ᠪᠠᠷ ᠬᠠᠮᠤᠭ ᠤᠨ ᠶᠡᠭᠡ᠂ ᠠᠰᠢᠭ ᠬᠦᠷᠲᠡᠬᠦ ᠲᠠᠯᠠᠪᠠᠶ ᠪᠠᠷ ᠬᠠᠮᠤᠭ ᠤᠨ ᠥᠷᠭᠡᠨ ᠢᠨᠵᠧᠨᠧᠷᠢᠩ ᠪᠣᠯᠤᠨ᠎ᠠ᠂ ᠬᠥᠮᠦᠨ ᠤ ᠬᠦᠴᠦᠨ ᠤ ᠣᠷᠣᠭᠤᠯᠤᠯᠲᠠ ᠪᠠᠨ ᠨᠡᠮᠡᠭᠳᠡᠭᠦᠯᠵᠦ᠂ ᠶᠠᠰᠤ ᠴᠢᠨᠠᠷ ᠪᠣᠯᠤᠨ ᠠᠮᠤᠷ ᠲᠦᠪᠰᠢᠨ ᠢ ᠦᠨᠡᠨ ᠬᠦ ᠪᠠᠲᠤᠯᠠᠭᠰᠠᠨ ᠤᠷᠢᠲᠠᠯ ᠳᠣᠣᠷ᠎ᠠ᠂ ᠨᠢᠭᠡᠨᠲᠡ ᠲᠣᠭᠲᠠᠭᠰᠠᠨ ᠴᠠᠭ ᠤᠨ ᠵᠠᠩᠭᠢᠶᠠᠰᠤ ᠶᠢᠨ ᠶᠣᠰᠣᠭᠠᠷ᠂ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠨ ᠠᠬᠢᠭᠤᠯᠤᠨ᠎ᠠ᠃ ᠤᠰᠤᠨ ᠠᠰᠢᠭᠯᠠᠯᠲᠠ ᠶᠢᠨ ᠲᠢᠩᠬᠢᠮ ᠬᠤᠯᠪᠣᠭᠳᠠᠯ ᠪᠥᠬᠦᠶ ᠨᠢᠭᠡᠴᠢ ᠶᠢ ᠢᠳᠡᠪᠬᠢᠲᠡᠶ ᠪᠠᠷ ᠵᠢᠯᠣᠭᠤᠳᠤᠨ ᠦᠢᠯᠡᠴᠢᠯᠡᠵᠦ ᠬᠠᠮᠢᠶ᠎ᠠ ᠪᠥᠬᠦᠶ ᠠᠵᠢᠯ ᠢ ᠰᠠᠶᠢᠲᠤᠷ ᠬᠢᠬᠦ ᠪᠣᠯᠤᠨ᠎ᠠ ᠭᠡᠵᠡᠢ᠃
董事长马军一行2.jpg
  ᠮᠠ ᠵᠢᠶᠦ᠋ᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠢᠮᠠᠭᠲᠠ ᠶᠢᠨ ᠬᠦᠴᠦᠲᠡᠢ ᠳᠡᠮᠵᠢᠯᠭᠡ ᠪᠠ ᠬᠠᠯᠠᠮᠵᠢᠯᠠᠨ ᠵᠢᠯᠣᠭᠤᠳᠤᠭᠰᠠᠨ ᠳᠤ ᠲᠠᠯᠠᠷᠬᠠᠵᠤ᠂ ᠢᠨᠵᠧᠨᠧᠷᠢᠩ ᠤᠨ ᠲᠥᠯᠥᠪᠵᠢᠭᠦᠯᠭᠡ ᠪᠦᠳᠦᠭᠡᠨ ᠪᠠᠶᠢᠭᠤᠯᠤᠯᠲᠠ ᠶᠢᠨ ᠬᠤᠯᠪᠣᠭᠳᠠᠯ ᠪᠦᠬᠦᠢ ᠠᠰᠠᠭᠤᠳᠠᠯ ᠢ ᠰᠠᠶᠢᠲᠤᠷ ᠨᠠᠶᠢᠳᠠᠪᠤᠷᠢᠵᠢᠭᠤᠯᠵᠤ᠂ ᠤᠷᠢᠳᠠᠴᠢ ᠴᠢᠨᠠᠷᠲᠠᠢ ᠪᠣᠳᠣᠯᠬᠢᠯᠠᠯ᠂ ᠪᠦᠬᠦ ᠲᠠᠯ᠎ᠠ ᠶᠢᠨ ᠴᠢᠨᠠᠷᠲᠠᠢ ᠲᠥᠯᠥᠪᠵᠢᠭᠦᠯᠭᠡ ᠪᠠ ᠪᠦᠬᠦᠯᠢ ᠴᠣᠭᠴᠠ ᠪᠠᠷ ᠠᠬᠢᠭᠤᠯᠬᠤ ᠶᠢ ᠲᠠᠰᠤᠷᠠᠯᠳᠠ ᠦᠭᠡᠢ ᠴᠢᠩᠭᠠᠳᠬᠠᠨ᠂ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠠᠴᠠ ᠦᠷᠭᠦᠯᠵᠢᠯᠡᠨ ᠬᠠᠯᠠᠮᠵᠢᠯᠠᠨ ᠵᠢᠯᠣᠭᠤᠳᠬᠤ ᠶᠢ ᠬᠦᠰᠡᠵᠦ ᠪᠠᠶᠢᠨ᠎ᠠ ᠭᠡᠵᠦ ᠢᠯᠡᠳᠬᠡᠪᠡ᠃  ᠲᠢᠩᠬᠢᠮ ᠤᠨ ᠠᠯᠪᠠᠨ ᠬᠡᠷ᠂ ᠡᠳ᠋ ᠤᠨ ᠶᠠᠪᠤᠳᠠᠯ ᠤᠨ ᠭᠠᠵᠠᠷ᠂ ᠪᠥᠲᠥᠭᠡᠨ ᠪᠠᠶᠢᠭᠤᠯᠤᠯᠲᠠ ᠶᠢᠨ ᠭᠠᠵᠠᠷ᠂ ᠤᠰᠤᠨ ᠠᠰᠢᠭᠯᠠᠯᠲᠠ ᠶᠢᠨ ᠦᠢᠯᠡᠰ ᠤᠨ ᠬᠥᠭᠵᠢᠯᠲᠡ ᠶᠢᠨ ᠲᠥᠪ᠂ ᠤᠰᠤᠨ ᠠᠰᠢᠭᠯᠠᠯᠲᠠ ᠶᠢᠨ ᠪᠠᠯᠠ ᠣᠷᠣᠭᠤᠯᠤᠯᠲᠠ ᠶᠢᠨ ᠪᠦᠯᠦᠭᠯᠡᠯ᠂ ᠤᠰᠤᠨ ᠠᠰᠢᠭᠯᠠᠯᠲᠠ ᠶᠢᠨ ᠵᠢᠷᠤᠭ ᠲᠥᠯᠥᠪᠯᠡᠭᠡᠨ ᠤ ᠬᠦᠷᠢᠶᠡᠯᠡᠩ ᠵᠡᠷᠭᠡ ᠬᠤᠯᠪᠤᠭᠳᠠᠯ ᠪᠥᠬᠦᠶ ᠬᠠᠷᠢᠭᠤᠴᠠᠯᠭᠠᠲᠠᠨ ᠶᠠᠷᠢᠯᠴᠠᠬᠤ ᠬᠤᠷᠠᠯ ᠳᠤ ᠤᠷᠤᠯᠴᠠᠪᠠ᠃  ︵ᠰᠣᠨᠢᠨ ᠮᠡᠳᠡᠭᠡᠨ ᠤ ᠤᠬᠠᠭᠤᠯᠬᠤ ᠬᠡᠯᠲᠡᠰ ᠠᠴᠠ ᠡᠬᠡ ᠪᠢᠴᠢᠭ ᠬᠠᠩᠭᠠᠪᠠ︶ 
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号