ᠰᠢᠨᠬᠤᠸᠠ ᠬᠤᠷᠢᠶ᠎ᠠ᠄ ᠡᠷᠬᠡ ᠰᠦᠷᠲᠦ ᠲᠦᠷᠭᠡᠨ ᠰᠣᠨᠢᠨ — ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ︽ᠤᠯᠤᠰ ᠤᠨ ᠤᠰᠤᠨ ᠠᠰᠢᠭᠯᠠᠯᠲᠠ ᠶᠢᠨ ᠲᠣᠣᠷ ᠤᠨ ᠪᠦᠲᠦᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠶᠢᠨ ᠬᠥᠲᠥᠯᠪᠦᠷᠢ︾ ᠶᠢ ᠳᠠᠷᠤᠮᠠᠯᠯᠠᠨ ᠲᠠᠷᠬᠠᠭᠠᠪᠠ
ᠨᠡᠶᠢᠲᠡᠯᠡᠭᠰᠡᠨ ᠴᠠᠭ᠄
2023/5/25
  ︽ᠤᠯᠤᠰ ᠤᠨ ᠤᠰᠤᠨ ᠠᠰᠢᠭᠯᠠᠯᠲᠠ ᠶᠢᠨ ᠲᠤᠤᠷ ᠤᠨ ᠪᠥᠲᠥᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠶᠢᠨ ᠬᠥᠲᠥᠯᠪᠦᠷᠢ︾ ᠪᠣᠯ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠤᠯᠤᠰ ᠤᠨ ᠤᠰᠤᠨ ᠠᠰᠢᠭᠯᠠᠯᠲᠠ ᠶᠢᠨ ᠲᠤᠤᠷ ᠤᠨ ᠪᠥᠲᠥᠭᠡᠨ ᠪᠠᠶᠢᠭᠤᠯᠤᠯᠲᠠ ᠶᠢᠨ ᠴᠢᠬᠤᠯᠠ ᠵᠢᠯᠣᠭᠤᠳᠬᠤ ᠴᠢᠨᠠᠷᠲᠠᠶ ᠪᠢᠴᠢᠭ ᠮᠠᠲ᠋ᠧᠷᠢᠶᠠᠯ ᠪᠣᠯᠤᠨ᠎ᠠ᠂ ᠲᠥᠯᠥᠪᠵᠢᠭᠦᠯᠭᠡ ᠶᠢᠨ ᠬᠤᠭᠤᠴᠠᠭ᠎ᠠ ᠨᠢ 2021 ᠣᠨ ᠠᠴᠠ 2035 ᠣᠨ ᠪᠣᠯᠤᠨ᠎ᠠ᠃  ᠤᠯᠤᠰ ᠤᠨ ᠤᠰᠤᠨ ᠠᠰᠢᠭᠯᠠᠯᠲᠠ ᠶᠢᠨ ᠲᠣᠣᠷ —  ᠪᠠᠶᠢᠭᠠᠯᠢ ᠶᠢᠨ ᠭᠤᠤᠯ ᠮᠥᠷᠡᠨ ᠨᠠᠭᠤᠷ ᠴᠥᠭᠦᠷᠥᠮ ᠢᠶᠠᠷ ᠰᠠᠭᠤᠷᠢ ᠪᠣᠯᠭᠠᠵᠤ᠂ ᠤᠰᠤ ᠲᠠᠲᠠᠬᠤ ᠤᠰᠤ ᠵᠠᠯᠠᠬᠤ ᠢᠨᠵᠧᠨᠧᠷᠢᠩ ᠢᠶᠠᠷ ᠨᠡᠪᠲᠡᠷᠡᠬᠦ ᠵᠠᠮ ᠪᠣᠯᠭᠠᠵᠤ᠂ ᠲᠣᠬᠢᠷᠠᠭᠤᠯᠤᠨ ᠬᠠᠳᠠᠭᠠᠯᠠᠬᠤ ᠢᠨᠵᠧᠨᠧᠷᠢᠩ ᠢᠶᠠᠷ ᠵᠠᠩᠭᠢᠯᠠᠭ᠎ᠠ ᠴᠡᠭ ᠪᠣᠯᠭᠠᠵᠤ᠂ ᠣᠶᠤᠨᠴᠢ ᠪᠠᠷ ᠲᠣᠬᠢᠷᠠᠭᠤᠯᠤᠨ ᠡᠵᠡᠮᠳᠡᠬᠦ ᠪᠠᠷ ᠠᠷᠭ᠎ᠠ ᠪᠠᠷᠢᠯ ᠪᠣᠯᠭᠠᠵᠤ᠂ ᠤᠰᠤᠨ ᠤ ᠡᠬᠢ ᠪᠠᠶᠠᠯᠢᠭ ᠢ ᠰᠢᠯᠢᠳᠡᠭᠵᠢᠭᠦᠯᠦᠨ ᠲᠣᠬᠢᠷᠠᠭᠤᠯᠬᠤ᠂ ᠰᠠᠪᠠ ᠭᠠᠵᠠᠷ ᠤᠨ ᠦᠶᠡᠷ ᠢ ᠰᠡᠷᠭᠡᠶᠢᠯᠡᠵᠦ ᠭᠠᠮᠰᠢᠭ ᠢ ᠪᠠᠭᠠᠰᠬᠠᠬᠤ᠂ ᠤᠰᠤᠨ ᠤ ᠠᠮᠢ ᠠᠬᠤᠶ ᠶᠢᠨ ᠰᠢᠰᠲ᠋ᠧᠮ ᠢ ᠬᠠᠮᠠᠭᠠᠯᠠᠬᠤ ᠵᠡᠷᠭᠡ ᠴᠢᠳᠠᠮᠵᠢ ᠶᠢ ᠨᠢᠭᠡ ᠴᠣᠭᠴᠠᠵᠢᠭᠤᠯᠤᠭᠰᠠᠨ ᠶᠡᠷᠦᠩᠬᠡᠶᠢᠯᠡᠭᠰᠡᠨ ᠰᠢᠰᠲ᠋ᠧᠮᠵᠢ ᠶᠢ ᠲᠡᠭᠦᠯᠳᠡᠷᠵᠢᠭᠦᠯᠦᠨ᠎ᠡ᠃  ᠤᠯᠤᠰ ᠤᠨ ᠤᠰᠤᠨ ᠠᠰᠢᠭᠯᠠᠯᠲᠠ ᠶᠢᠨ ᠲᠣᠣᠷ ᠤᠨ ᠶᠡᠷᠦᠩᠬᠡᠶ ᠪᠠᠶᠢᠷᠢᠯᠠᠭᠤᠯᠤᠯᠲᠠ —  ᠤᠯᠤᠰ ᠤᠨ ᠤᠰᠤᠨ ᠠᠰᠢᠭᠯᠠᠯᠲᠠ ᠶᠢᠨ ᠲᠣᠣᠷ ᠤᠨ ᠭᠤᠣᠯ ᠪᠣᠷᠣ ᠲᠥᠯᠥᠪ ᠢ ᠲᠦᠷᠭᠡᠳᠭᠡᠨ ᠪᠠᠶᠢᠭᠤᠯᠵᠤ᠂ ᠤᠯᠤᠰ ᠤᠨ ᠤᠰᠤᠨ ᠠᠰᠢᠭᠯᠠᠯᠲᠠ ᠶᠢᠨ ᠲᠣᠣᠷ ᠤᠨ ᠲᠣᠮᠣ ᠯᠤᠭᠰᠢᠭᠤᠨ ᠰᠤᠳᠠᠯ ᠢ ᠰᠠᠭᠠᠳ ᠦᠭᠡᠢ ᠨᠡᠪᠲᠡᠷᠡᠭᠦᠯᠵᠦ᠂ ᠭᠤᠣᠯᠯᠠᠭᠴᠢ ᠤᠰᠤ ᠳᠠᠮᠵᠢᠭᠤᠯᠬᠤ ᠵᠠᠯᠠᠬᠤ ᠵᠠᠮ ᠢ ᠪᠠᠶᠢᠭᠤᠯᠤᠨ᠎ᠠ᠃  2035 ᠣᠨ ᠪᠣᠯᠲᠠᠯ᠎ᠠ —  ᠤᠯᠤᠰ ᠤᠨ ᠤᠰᠤᠨ ᠠᠰᠢᠭᠯᠠᠯᠲᠠ ᠶᠢᠨ ᠲᠣᠣᠷ ᠤᠨ ᠶᠡᠷᠦᠩᠬᠡᠶ ᠪᠠᠶᠢᠷᠢᠰᠢᠯ ᠢ ᠦᠨᠳᠦᠰᠦᠨ ᠳᠡᠭᠡᠨ ᠪᠦᠷᠢᠯᠳᠦᠭᠦᠯᠵᠦ᠂ ᠤᠯᠤᠰ ᠤᠨ ᠤᠰᠤᠨ ᠠᠰᠢᠭᠯᠠᠯᠲᠠ ᠶᠢᠨ ᠲᠣᠣᠷ ᠤᠨ ᠭᠤᠣᠯ ᠴᠣᠭᠴᠠ ᠪᠠ ᠭᠤᠣᠯ ᠯᠤᠭᠰᠢᠭᠤᠨ ᠰᠤᠳᠠᠯ ᠢ ᠠᠯᠬᠤᠮ ᠠᠯᠬᠤᠮ ᠢᠶᠠᠷ  ᠪᠠᠶᠢᠭᠤᠯᠵᠦ᠂ ᠮᠤᠵᠢ ᠬᠤᠲᠠ ᠰᠢᠶᠠᠨ ᠤ ᠤᠰᠤᠨ ᠠᠰᠢᠭᠯᠠᠯᠲᠠ ᠶᠢᠨ ᠲᠣᠣᠷ ᠢ ᠦᠨᠳᠦᠰᠦᠨ ᠳᠡᠭᠡᠨ ᠲᠡᠭᠦᠯᠳᠡᠷᠵᠢᠭᠦᠯᠵᠦ᠂ ᠨᠡᠶᠢᠭᠡᠮ ᠵᠢᠷᠤᠮ ᠤᠨ ᠣᠳᠣᠬᠢᠴᠢᠯᠠᠯᠲᠠ ᠶᠢ ᠦᠨᠳᠦᠰᠦᠨ ᠳᠡᠭᠡᠨ ᠪᠡᠶᠡᠯᠡᠭᠦᠯᠬᠦ ᠲᠠᠢ ᠵᠣᠬᠢᠴᠠᠯᠳᠤᠭᠰᠠᠨ ᠤᠯᠤᠰ ᠤᠨ ᠤᠰᠤᠨ ᠠᠰᠢᠭᠯᠠᠯᠲᠠ ᠶᠢᠨ ᠠᠮᠤᠷ ᠲᠦᠪᠰᠢᠨ ᠤ ᠪᠠᠲᠤᠯᠠᠭ᠎ᠠ ᠶᠢᠨ ᠰᠢᠰᠲ᠋ᠧᠮ ᠢ ᠪᠠᠶᠢᠭᠤᠯᠤᠨ᠎ᠠ᠃ 
 
ᠢᠷᠡᠯᠲᠡ᠄ ᠰᠢᠨᠬᠤᠸᠠ ᠬᠤᠷᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号