ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠰᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠣᠯᠪᠠᠰᠤᠷᠠᠯ ᠤᠨ ᠠᠩᠭᠢ ᠡᠷᠬᠢᠯᠡᠪᠡ
ᠨᠡᠶᠢᠲᠡᠯᠡᠭᠰᠡᠨ ᠴᠠᠭ᠄
2023/5/26
  5 ᠳ᠋ᠤᠭᠠᠷ ᠰᠠᠷ᠎ᠠ ᠶᠢᠨ 23 ᠠᠴᠠ 24 ᠤ ᠡᠳᠦᠷ᠂ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠬᠥᠬᠡᠬᠤᠲᠠ ᠳᠤ ᠪᠥᠬᠦ ᠣᠷᠣᠨ ᠤ ᠤᠰᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠣᠯᠪᠠᠰᠤᠷᠠᠯ ᠤᠨ ᠠᠩᠭᠢ ᠡᠷᠭᠢᠯᠡᠪᠡ᠃  ᠲᠣᠰ ᠤᠳᠠᠭᠠᠨ ᠤ ᠪᠣᠯᠪᠠᠰᠤᠷᠠᠯ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ᠬᠠᠤᠯᠢ ᠪᠠᠷ ᠵᠠᠰᠠᠬᠤ ᠭᠤᠤᠯ ᠬᠠᠷᠢᠭᠤᠴᠠᠯᠭ᠎ᠠ ᠭᠤᠤᠯ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠤᠰᠤᠨ ᠤ ᠶᠠᠪᠤᠳᠠᠯ ᠤᠨ ᠬᠠᠤᠯᠢ ᠠᠴᠠ ᠵᠥᠷᠢᠴᠡᠭᠰᠡᠨ ᠬᠡᠷᠡᠭ ᠤᠨ ᠨᠡᠶᠢᠲᠡᠯᠢᠭ ᠬᠡᠷᠡᠭ ᠤᠨ ᠵᠢᠱᠢᠶ᠎ᠡ᠂ ᠬᠠᠤᠯᠢ ᠬᠡᠷᠡᠭᠵᠢᠭᠦᠯᠦᠯᠲᠡ ᠶᠢ ᠵᠢᠷᠤᠮᠵᠢᠭᠤᠯᠤᠨ ᠭᠦᠢᠴᠡᠳᠭᠡᠬᠦ ᠲᠠᠶᠢᠯᠤᠮᠵᠢ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠠᠶᠢᠮᠠᠭ ᠬᠤᠲᠠ ᠶᠢᠨ ᠤᠰᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠨ ᠤ ᠬᠠᠤᠯᠢ ᠬᠡᠷᠡᠭᠵᠢᠭᠦᠯᠬᠦ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠤᠰᠤᠨ ᠳᠤ ᠬᠤᠯᠪᠣᠭᠳᠠᠭᠰᠠᠨ ᠬᠠᠤᠯᠢ ᠬᠡᠷᠡᠭᠵᠢᠭᠦᠯᠬᠦ  ᠦᠢᠯᠡ‌ᠠᠵᠢᠯᠯᠠᠭ᠎ᠠ ᠶᠢ ᠵᠢᠷᠤᠮᠵᠢᠭᠤᠯᠬᠤ ᠳᠤ ᠠᠰᠢᠭᠲᠠᠶ ᠨᠥᠬᠦᠴᠡᠯ ᠢ ᠡᠭᠦᠳᠴᠦ᠂ ᠤᠰᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠤᠨ ᠰᠢᠨ᠎ᠡ ᠬᠥᠭᠵᠢᠯᠲᠡ ᠶᠢ ᠬᠦᠴᠦᠯᠡᠨ ᠠᠬᠢᠭᠤᠯᠬᠤ ᠬᠡᠷᠡᠭᠲᠡᠢ᠃  ᠪᠣᠯᠪᠠᠰᠤᠷᠠᠯ ᠨᠢ ᠣᠳᠣᠬᠠᠨ ᠤ ᠪᠥᠬᠦ ᠣᠷᠣᠨ ᠤ ᠤᠰᠤᠨ ᠤ ᠵᠠᠰᠠᠭ ᠵᠠᠬᠢᠷᠭᠠᠨ ᠤ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠥᠭᠡᠷᠡᠴᠢᠯᠡᠯᠲᠡ ᠶᠢᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠣᠨᠣᠯ ᠤᠨ ᠪᠣᠯᠪᠠᠰᠤᠷᠠᠯ ᠪᠠ ᠬᠠᠤᠯᠢ ᠬᠡᠷᠡᠭᠵᠢᠭᠦᠯᠦᠭᠰᠡᠨ ᠬᠡᠷᠡᠭ ᠤᠨ ᠵᠢᠱᠢᠶ᠎ᠡ ᠶᠢ ᠲᠤᠬᠠᠶ ᠶᠢᠨ ᠲᠠᠯᠠᠪᠤᠷ ᠲᠤ ᠵᠢᠭᠠᠨ ᠰᠤᠷᠭᠠᠬᠤ ᠶᠢ ᠤᠶᠠᠯᠳᠤᠭᠤᠯᠬᠤ ᠠᠷᠭ᠎ᠠ ᠮᠠᠶ᠋ᠢᠭ ᠢ ᠠᠪᠴᠤ᠂ ᠤᠰᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠣᠳᠠᠲᠤ ᠶᠠᠪᠤᠳᠠᠯ᠂ ᠤᠰᠤᠨ ᠤ ᠵᠠᠰᠠᠭ ᠵᠠᠬᠢᠷᠭᠠᠨ ᠤ ᠰᠢᠢᠳᠭᠡᠯ ᠲᠣᠷᠭᠠᠭᠤᠯᠢ ᠶᠢᠨ ᠠᠯᠬᠤᠮ ᠳᠠᠷᠠᠭ᠎ᠠ ᠵᠡᠷᠭᠡ ᠠᠭᠤᠯᠭ᠎ᠠ ᠳᠤ ᠬᠡᠷᠡᠭ ᠤᠨ ᠵᠢᠱᠢᠶ᠎ᠡ ᠶᠢ ᠵᠠᠳᠠᠯᠬᠤ ᠬᠡᠯᠪᠡᠷᠢ ᠪᠠᠷ ᠪᠣᠳᠠᠲᠤ ᠪᠠᠶᠢᠯᠳᠤᠭᠠᠨᠴᠢᠯᠠᠭᠰᠠᠨ ᠠᠵᠢᠯᠯᠠᠭᠠᠨ ᠤ ᠵᠢᠭᠠᠨ ᠰᠤᠷᠭᠠᠯᠲᠠ ᠬᠢᠪᠠ᠃ ᠡᠭᠦᠨ ᠤ ᠬᠠᠮᠲᠤ᠂ ᠤᠰᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠠᠰ ᠳᠠᠷᠠᠭᠠᠯᠠᠯ ᠳᠠᠬᠢ ᠬᠠᠤᠯᠢ ᠴᠠᠭᠠᠵᠠ ᠶᠢᠨ ᠮᠡᠳᠡᠯᠭᠡ ᠶᠢ ᠲᠦᠭᠡᠮᠡᠯᠵᠢᠭᠦᠯᠬᠦ᠂ ᠪᠠᠶᠢᠴᠠᠭᠠᠵᠤ ᠭᠡᠷᠡᠴᠢ ᠠᠪᠬᠤ ᠭᠤᠤᠯᠳᠠᠯᠭ᠎ᠠ᠂ ᠬᠠᠤᠯᠢ ᠲᠦᠷᠢᠮ ᠤᠨ ᠬᠢᠨᠠᠨ ᠬᠠᠷᠭᠤᠭᠤᠯᠤᠯᠲᠠ ᠶᠢᠨ ᠱᠠᠭᠠᠷᠳᠠᠯᠭ᠎ᠠ᠂ ᠬᠦᠷᠭᠡᠬᠦ ᠲᠠᠰ ᠳᠠᠷᠠᠭᠠᠯᠠᠯ᠂ ᠬᠠᠤᠯᠢ ᠬᠡᠷᠡᠭᠵᠢᠭᠦᠯᠬᠦ ᠪᠢᠴᠢᠭ ᠬᠠᠷ᠎ᠠ ᠪᠢᠴᠢᠬᠦ ᠵᠡᠷᠭᠡ ᠠᠭᠤᠯᠭ᠎ᠠ ᠳᠤ ᠨᠠᠷᠢᠨ ᠲᠠᠶᠢᠯᠤᠮᠵᠢ ᠬᠢᠪᠠ᠃  ᠲᠣᠰ ᠤᠳᠠᠭᠠᠨ ᠤ ᠪᠣᠯᠪᠠᠰᠤᠷᠠᠯ ᠢᠶᠠᠷ ᠳᠠᠮᠵᠢᠭᠤᠯᠤᠨ᠂ ᠤᠰᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠨ ᠤ ᠲᠤᠬᠠᠶᠢᠯᠠᠭᠰᠠᠨ ᠠᠵᠢᠯ ᠤᠨ ᠮᠡᠳᠡᠯᠭᠡ ᠶᠢ ᠤᠯᠠᠮ ᠨᠢᠭᠡ ᠠᠯᠬᠤᠮ ᠪᠠᠶᠠᠯᠢᠭᠵᠢᠭᠤᠯᠵᠤ᠂ ᠬᠠᠤᠯᠢ ᠬᠡᠷᠡᠭᠵᠢᠭᠦᠯᠬᠦ ᠬᠡᠪ ᠴᠢᠨᠠᠷ ᠢ ᠳᠡᠭᠡᠭᠰᠢᠯᠡᠭᠦᠯᠦᠨ᠂ ᠬᠠᠤᠯᠢ ᠬᠡᠷᠡᠭᠵᠢᠭᠦᠯᠬᠦ ᠦᠢᠯᠡ ᠠᠵᠢᠯᠯᠠᠭ᠎ᠠ ᠶᠢ ᠵᠢᠷᠤᠮᠵᠢᠭᠤᠯᠵᠤ᠂ ᠤᠰᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠡᠩᠨᠡᠭᠡ ᠶᠢᠨ ᠪᠦᠬᠦᠯᠢ ᠴᠣᠭᠴᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠪᠡ᠃ ᠪᠣᠯᠪᠠᠰᠤᠷᠠᠯ ᠳᠤ ᠣᠷᠣᠯᠴᠠᠭᠰᠠᠳ ᠢᠯᠡᠷᠬᠡᠶᠢᠯᠡᠬᠦ ᠳᠡᠭᠡᠨ᠂ ᠰᠤᠷᠤᠯᠴᠠᠭᠰᠠᠨ ᠣᠯᠤᠯᠲᠠ ᠪᠠᠨ ᠲᠤᠬᠠᠶᠢᠯᠠᠭᠰᠠᠨ ᠠᠵᠢᠯ ᠪᠠ ᠪᠣᠳᠠᠲᠤ ᠠᠵᠢᠯᠯᠠᠭ᠎ᠠ ᠳᠡᠭᠡᠷ᠎ᠡ ᠪᠠᠨ ᠢᠯᠡᠷᠡᠭᠦᠯᠵᠦ᠂ ᠮᠡᠳᠡᠬᠦᠶ ᠬᠢᠬᠦᠶ ᠪᠠᠨ ᠨᠢᠭᠡᠳᠬᠡᠵᠦ᠂ ᠤᠰᠤᠨ ᠠᠰᠢᠭᠯᠠᠯᠲᠠ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠬᠠᠤᠯᠢ ᠪᠠᠷ ᠵᠠᠰᠠᠬᠤ ᠬᠦᠴᠦᠨ ᠴᠢᠳᠠᠯ ᠢᠶᠠᠨ ᠡᠷᠭᠦᠨ᠎ᠡ ᠭᠡᠵᠡᠶ᠃  ᠪᠣᠯᠪᠠᠰᠤᠷᠠᠯ ᠤᠨ ᠠᠩᠭᠢ ᠶᠢ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠦᠢᠯᠡᠰ ᠤᠨ ᠬᠥᠭᠵᠢᠯᠲᠡ ᠶᠢᠨ ᠲᠥᠪ ᠠᠴᠠ ᠳᠠᠭᠠᠭᠠᠨ ᠡᠷᠭᠢᠯᠡᠵᠦ᠂ ᠪᠥᠬᠦ ᠣᠷᠣᠨ ᠤ ᠡᠯ᠎ᠡ ᠠᠶᠢᠮᠠᠭ ᠬᠤᠲᠠ ᠶᠢᠨ ᠤᠰᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠵᠢᠴᠢ ᠬᠥᠬᠡᠬᠤᠲᠠ ᠶᠢᠨ ᠰᠢᠶᠠᠩ ᠪᠠᠯᠭᠠᠰᠤᠨ ᠤ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠤᠨ 150 ᠰᠢᠬᠠᠮ ᠬᠥᠮᠦᠨ ᠪᠣᠯᠪᠠᠰᠤᠷᠠᠯ ᠳᠤ ᠣᠷᠣᠯᠴᠠᠵᠠᠶ᠃  
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号