5 ᠰᠠᠷ᠎ᠠ ᠶᠢᠨ 29 ᠤ ᠡᠳᠦᠷ ᠸᠠᠩ ᠯᠢ ᠰᠢᠶᠠ ᠸᠢᠳᠢᠤ᠋ ᠬᠤᠷᠠᠯ ᠡᠷᠭᠢᠯᠡᠨ ᠬᠤᠷᠠᠯᠳᠤᠭᠤᠯᠵᠤ᠂ ᠪᠦᠭᠦ | ᠣᠷᠣᠨ ᠤ ᠠᠶᠤᠯᠭᠦᠢ ᠦᠢᠯᠡᠳᠪᠦᠷᠢᠯᠡᠯ ᠤᠨ ᠭᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ | ᠭᠤᠷᠪᠠᠳᠤᠭᠠᠷ ᠤᠳᠠᠭ᠎ᠠ ᠲᠥᠪᠯᠡᠷᠡᠭᠦᠯᠦᠨ ᠲᠣᠬᠢᠷᠠᠭᠤᠯᠪᠠ᠃ | ᠬᠤᠷᠠᠯ ᠳᠡᠭᠡᠷ᠎ᠡ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠭᠰᠠᠨ ᠠᠵᠢᠯ ᠤᠨ ᠪᠠᠶᠢᠳᠠᠯ ᠢ ᠵᠠᠷᠯᠠᠨ ᠮᠡᠳᠡᠭᠳᠡᠵᠦ᠂ | ᠸᠠᠩ ᠯᠢ ᠰᠢᠶᠠ ᠣᠷᠣᠰᠢᠵᠤ ᠪᠠᠶᠢᠭ᠎ᠠ ᠲᠣᠪᠣᠶᠢᠮ᠎ᠠ ᠠᠰᠠᠭᠤᠳᠠᠯ ᠢ ᠨᠢᠭᠡᠳ ᠨᠢᠭᠡ ᠪᠠᠷ ᠰᠢᠭᠤᠳ ᠵᠢᠭᠠᠵᠤ | ᠭᠠᠷᠭᠠᠵᠤ᠂ ᠨᠢᠭᠤᠷᠳᠠᠨ ᠰᠠᠭᠤᠵᠤ ᠪᠣᠳᠠᠲᠠᠢ ᠠᠷᠭ᠎ᠠ ᠬᠡᠮᠵᠢᠶ᠎ᠡ ᠶᠢ ᠳᠤᠷᠠᠳᠴᠤ᠂ ᠨᠡᠷ᠎ᠡ ᠣᠪᠣᠭ ᠢ ᠨᠢ ᠳᠤᠷᠠᠳᠤᠨ | ᠵᠠᠷᠯᠠᠨ ᠮᠡᠳᠡᠭᠳᠡᠬᠦ ᠶᠢ ᠱᠠᠭᠠᠷᠳᠠᠪᠠ᠃ | ᠸᠠᠩ ᠯᠢ ᠰᠢᠶᠠ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠭᠤᠣᠯ ᠰᠡᠳᠦᠪᠲᠦ ᠬᠥᠮᠦᠵᠢᠯ ᠲᠠᠢ | ᠤᠶᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠠᠶᠤᠯᠭᠦᠢ ᠦᠢᠯᠡᠳᠪᠦᠷᠢᠯᠡᠯ ᠤᠨ ᠲᠤᠬᠠᠢ ᠴᠢᠬᠤᠯᠠ | ᠥᠭᠦᠯᠡᠯᠲᠡ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ | ᠲᠣᠭᠲᠠᠭᠤᠨ ᠤ ᠬᠠᠯᠬᠠᠪᠴᠢ ᠶᠢ ᠪᠠᠲᠤ ᠴᠣᠭᠴᠠᠯᠠᠬᠤ ᠤᠯᠤᠰ ᠲᠦᠷᠦ ᠶᠢᠨ ᠥᠨᠳᠥᠷᠴᠡ ᠠᠴᠠ ᠴᠠᠭ ᠢᠮᠠᠭᠲᠠ | ᠰᠠᠨᠠᠭ᠎ᠠ ᠠᠮᠤᠷ ᠦᠭᠡᠢ ᠪᠠᠶᠢᠬᠤ ᠬᠠᠷᠢᠭᠤᠴᠠᠯᠭᠠᠲᠤ ᠰᠡᠳᠬᠢᠯᠭᠡ ᠪᠠᠷ ᠠᠶᠤᠯᠭᠦᠢ ᠦᠢᠯᠡᠳᠪᠦᠷᠢᠯᠡᠯ ᠢ ᠨᠢᠳᠦ ᠴᠠᠪᠴᠢᠯ | ᠦᠭᠡᠢ ᠴᠢᠬᠤᠯᠠᠴᠢᠯᠠᠨ ᠠᠳᠬᠤᠬᠤ ᠬᠡᠷᠡᠭᠲᠡᠢ᠃ ᠵᠢᠭᠰᠠᠭᠠᠨ ᠪᠠᠶᠢᠴᠠᠭᠠᠬᠤ ᠪᠠᠷ ᠲᠤᠭᠤᠰᠢᠲᠠᠢ ᠪᠢᠰᠢ ᠪᠠᠶᠢᠬᠤ | ᠠᠰᠠᠭᠤᠳᠠᠯ ᠢ ᠰᠢᠢᠳᠪᠦᠷᠢᠯᠡᠵᠦ᠂ ᠪᠠᠷᠢᠮᠵᠢᠶ᠎ᠠ ᠶᠢ ᠴᠢᠩᠳᠠᠯᠠᠵᠤ᠂ ᠶᠠᠰᠤ ᠴᠢᠨᠠᠷ ᠢ ᠳᠡᠭᠡᠭᠰᠢᠯᠡᠭᠦᠯᠵᠦ᠂ ᠬᠠᠲᠠᠭᠤ ᠲᠠᠢ | ᠨᠢ ᠬᠠᠯᠳᠠᠵᠤ᠂ ᠭᠡᠮ ᠰᠣᠭᠤᠭ ᠢ ᠶᠠᠭᠠᠬᠢᠭᠰᠠᠨ ᠴᠤ ᠠᠳᠡᠯ ᠪᠣᠯᠭᠠᠨ ᠬᠤᠪᠢᠷᠠᠭᠤᠯᠵᠤ ᠪᠤᠯᠬᠤ ᠦᠭᠡᠢ᠃ ᠴᠡᠭᠴᠡᠯᠡᠨ | ᠵᠠᠰᠠᠭᠰᠠᠨ ᠨᠢ ᠲᠤᠶᠢᠯᠪᠤᠷᠢᠲᠠᠢ ᠪᠢᠰᠢ ᠪᠠᠶᠢᠬᠤ ᠠᠰᠠᠭᠤᠳᠠᠯ ᠢ ᠰᠢᠢᠳᠪᠦᠷᠢᠯᠡᠵᠦ᠂ ᠪᠠᠶᠢᠴᠠᠭᠠᠳ ᠬᠠᠮᠢᠶᠠᠷᠬᠤ ᠦᠭᠡᠢ᠂ | ᠬᠠᠮᠢᠶᠠᠷᠤᠭᠠᠳ ᠵᠠᠰᠠᠬᠤ ᠦᠭᠡᠢ ᠪᠠᠶᠢᠬᠤ ᠶᠢ ᠡᠷᠡᠰ ᠲᠡᠪᠴᠢᠵᠦ᠂ ᠴᠡᠭᠴᠡᠯᠡᠨ ᠵᠠᠰᠠᠭᠰᠠᠨ ᠨᠢ ᠭᠦᠢᠴᠡᠳ | ᠦᠭᠡᠢ ᠠᠴᠠ ᠪᠣᠯᠵᠤ ᠲᠠᠭᠢᠨ ᠠᠳᠡᠯ ᠭᠠᠷᠭᠠᠵᠤ ᠶᠠᠭᠠᠬᠢᠭᠰᠠᠨ ᠴᠤ ᠪᠤᠯᠬᠤ ᠦᠭᠡᠢ᠃ ᠲᠣᠭᠲᠠᠴᠠ ᠪᠦᠷᠢᠨ ᠪᠤᠰᠤ | ᠪᠠᠶᠢᠬᠤ ᠠᠰᠠᠭᠤᠳᠠᠯ ᠢ ᠰᠢᠢᠳᠪᠦᠷᠢᠯᠡᠵᠦ᠂ ᠭᠤᠣᠯ ᠶᠠᠪᠤᠳᠠᠯ᠂ ᠵᠠᠩᠭᠢᠯᠠᠭ᠎ᠠ ᠶᠢᠨ ᠬᠡᠰᠡᠭ ᠢ ᠴᠢᠩᠭ᠎ᠠ ᠠᠩᠬᠠᠷᠴᠤ | ᠠᠵᠢᠯ ᠤᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠬᠢᠨᠠᠯᠲᠠ ᠲᠠᠯᠪᠢᠵᠤ ᠪᠠᠶᠢᠴᠠᠭᠠᠬᠤ ᠪᠠᠨ ᠴᠢᠩᠭᠠᠳᠬᠠᠵᠤ᠂ | ᠬᠠᠷᠢᠭᠤᠴᠠᠯᠭ᠎ᠠ ᠶᠢ ᠪᠣᠳᠠᠲᠠᠢ ᠬᠥᠮᠥᠨ ᠨᠢᠭᠡᠪᠦᠷᠢ ᠳᠤ ᠨᠠᠶᠢᠳᠠᠪᠤᠷᠢᠵᠢᠭᠤᠯᠵᠤ᠂ ᠲᠣᠭᠲᠠᠴᠠ ᠶᠢᠨ ᠦᠨᠡᠨ ᠬᠦ | ᠦᠢᠯᠡᠳᠦᠯ ᠦᠵᠡᠭᠦᠯᠭᠦ ᠶᠢ ᠪᠠᠲᠤᠯᠠᠬᠤ ᠬᠡᠷᠡᠭᠲᠡᠢ᠃ ᠬᠢᠨᠠᠯᠲᠠ ᠬᠠᠮᠢᠶᠠᠷᠤᠯᠲᠠ ᠴᠢᠩᠭ᠎ᠠ ᠪᠤᠰᠤ ᠪᠠᠶᠢᠬᠤ ᠠᠰᠠᠭᠤᠳᠠᠯ ᠢ | ᠰᠢᠢᠳᠪᠦᠷᠢᠯᠡᠵᠦ᠂ ᠤᠴᠢᠷ ᠶᠠᠪᠤᠳᠠᠯ ᠭᠠᠷᠬᠤ ᠦᠭᠡᠢ ᠪᠠᠶᠢᠬᠤ ᠪᠠᠷ ᠬᠤᠷᠢᠭ᠎ᠠ ᠱᠤᠭᠤᠮ ᠪᠤᠯᠭᠠᠵᠤ᠂ ᠠᠮᠤᠷ | ᠲᠦᠪᠰᠢᠨ ᠤ ᠪᠠᠷᠢᠮᠵᠢᠶ᠎ᠠ ᠶᠢᠨ ᠪᠣᠭᠤᠮᠲᠠ ᠶᠢ ᠴᠢᠩᠭ᠎ᠠ ᠰᠠᠬᠢᠵᠤ᠂ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠲᠠᠢ | ᠤᠶᠠᠯᠳᠤᠭᠤᠯᠤᠨ ᠠᠮᠤᠷ ᠲᠦᠪᠰᠢᠨ ᠤ ᠰᠡᠷᠡᠮᠵᠢ ᠶᠢᠨ ᠬᠥᠮᠦᠵᠢᠯ ᠢ ᠪᠠᠶᠢᠩᠭᠤ ᠶᠢᠨ ᠴᠢᠨᠠᠷᠲᠠᠢ ᠥᠷᠨᠢᠭᠦᠯᠵᠦ᠂ ᠡᠯ᠎ᠡ | ᠲᠠᠯ᠎ᠠ ᠶᠢᠨ ᠬᠢᠨ ᠢ ᠱᠠᠭᠠᠷᠳᠠᠵᠤ ᠠᠮᠤᠷ ᠲᠦᠪᠰᠢᠨ ᠭᠡᠬᠦ ᠡᠨᠡ ᠬᠦ ᠬᠥᠪᠴᠢ ᠶᠢ ᠴᠢᠩᠭᠠᠯᠠᠬᠤ ᠬᠡᠷᠡᠭᠲᠡᠢ᠃ ᠬᠠᠤᠯᠢ | ᠬᠡᠷᠡᠭᠵᠢᠭᠦᠯᠦᠭᠰᠡᠨ ᠨᠢ ᠨᠠᠷᠢᠯᠢᠭ ᠣᠨᠣᠪᠴᠢᠲᠠᠢ ᠪᠢᠰᠢ ᠪᠠᠶᠢᠬᠤ ᠠᠰᠠᠭᠤᠳᠠᠯ ᠢ ᠰᠢᠢᠳᠪᠦᠷᠢᠯᠡᠵᠦ᠂ ᠬᠠᠤᠯᠢ | ᠬᠡᠷᠡᠭᠵᠢᠭᠦᠯᠦᠯᠲᠡ ᠶᠢᠨ ᠬᠢᠨᠠᠯᠲᠠ ᠶᠢ ᠴᠢᠩᠭᠠᠳᠬᠠᠵᠤ᠂ ᠬᠠᠤᠯᠢ ᠬᠡᠷᠡᠭᠵᠢᠭᠦᠯᠬᠦ ᠦᠷ᠎ᠡ ᠪᠦᠲᠦᠮᠵᠢ ᠶᠢ ᠨᠡᠮᠡᠭᠳᠡᠭᠦᠯᠬᠦ | ᠬᠡᠷᠡᠭᠲᠡᠢ᠃ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠦᠭᠡᠢ ᠪᠠᠶᠢᠬᠤ ᠠᠰᠠᠭᠤᠳᠠᠯ ᠢ ᠰᠢᠢᠳᠪᠦᠷᠢᠯᠡᠵᠦ᠂ ᠡᠯ᠎ᠡ | ᠱᠠᠲᠤᠨ ᠤ ᠵᠠᠰᠠᠭ ᠤᠨ ᠣᠷᠳᠣᠨ ᠤ ᠭᠤᠣᠯ ᠬᠠᠷᠢᠭᠤᠴᠠᠯᠭᠠᠲᠠᠨ ᠨᠥᠬᠦᠳ ᠪᠡᠶ᠎ᠡ ᠪᠠᠷ ᠢᠶᠠᠨ ᠣᠷᠣᠯᠴᠠᠵᠤ᠂ | ᠪᠡᠶ᠎ᠡ ᠪᠠᠷ ᠢᠶᠠᠨ ᠪᠠᠶᠢᠷᠢᠯᠠᠭᠤᠯᠵᠤ᠂ ᠪᠡᠶ᠎ᠡ ᠪᠠᠷ ᠢᠶᠠᠨ ᠵᠣᠬᠢᠴᠠᠭᠤᠯᠵᠤ᠂ ᠪᠡᠶ᠎ᠡ ᠪᠠᠷ ᠢᠶᠠᠨ ᠨᠠᠶᠢᠳᠠᠪᠤᠷᠢᠵᠢᠭᠤᠯᠵᠤ᠂ ᠡᠯ᠎ᠡ | ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ︽ᠭᠤᠷᠪᠠ ᠶᠢ ᠬᠠᠮᠢᠶᠠᠷᠬᠤ ᠭᠤᠷᠪᠠᠨ ᠡᠷᠬᠡᠪᠰᠢ︾ ᠶᠢᠨ | ᠱᠠᠭᠠᠷᠳᠠᠯᠭ᠎ᠠ ᠶᠣᠰᠣᠭᠠᠷ ᠠᠵᠢᠯ ᠲᠦᠷᠦᠯ ᠤᠨ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠠᠵᠤ ᠠᠬᠤᠶᠢᠯᠠᠯ ᠤᠨ | ᠭᠤᠣᠯ ᠬᠠᠷᠢᠭᠤᠴᠠᠯᠭᠠᠲᠠᠨ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠴᠢᠩᠭ᠎ᠠ ᠨᠠᠶᠢᠳᠠᠪᠤᠷᠢᠵᠢᠭᠤᠯᠵᠤ᠂ ᠬᠢᠨᠠᠨ | ᠬᠠᠮᠢᠶᠠᠷᠬᠤ ᠰᠠᠯᠠᠭ᠎ᠠ ᠮᠥᠴᠢᠷ ᠤᠨ ᠬᠢᠨ ᠬᠠᠷᠢᠭᠤᠴᠠᠯᠭ᠎ᠠ ᠳᠤ ᠬᠢᠨᠠᠯᠲᠠ ᠲᠠᠯᠪᠢᠬᠤ ᠪᠠᠨ ᠴᠢᠩᠭᠠᠳᠬᠠᠵᠤ᠂ ᠨᠠᠷᠢᠨ | ᠬᠢᠨᠠᠮᠠᠭᠠᠢ ᠣᠷᠣᠵᠤ ᠨᠢᠭᠲᠠ ᠠᠴᠠ ᠨᠢᠭᠲᠠ ᠬᠠᠨᠳᠤᠵᠤ᠂ ᠬᠠᠲᠠᠭᠤ ᠲᠠᠢ ᠨᠢ ᠬᠠᠯᠳᠠᠵᠤ᠂ ᠠᠮᠤᠷ ᠲᠦᠪᠰᠢᠨ ᠤ | ᠥᠴᠥᠬᠡᠨ ᠴᠦ ᠭᠡᠰᠡᠨ ᠭᠡᠮ ᠰᠣᠭᠤᠭ ᠢ ᠴᠤ ᠠᠯᠳᠠᠵᠤ ᠭᠠᠷᠭᠠᠬᠤ ᠦᠭᠡᠢ ᠪᠠᠶᠢᠵᠤ᠂ ︽ᠬᠤᠶᠠᠷ ᠶᠡᠭᠡ ᠶᠠᠪᠤᠳᠠᠯ︾ ᠢ | ᠰᠠᠶᠢᠲᠤᠷ ᠬᠢᠬᠦ ᠳᠤ ᠠᠮᠤᠷ ᠲᠦᠪᠰᠢᠨ ᠲᠣᠭᠲᠠᠭᠤᠨ ᠰᠠᠶᠢᠨ ᠰᠠᠶᠢᠬᠠᠨ ᠣᠷᠴᠢᠨ ᠲᠣᠭᠤᠷᠢᠨ ᠢ ᠡᠭᠦᠳᠬᠦ ᠬᠡᠷᠡᠭᠲᠡᠢ | ᠭᠡᠵᠡᠢ᠃ | ᠬᠤᠸᠠᠩ ᡁᠢ ᠴᠢᠶᠠᠩ᠂ ᠪᠠᠢ ᠴᠢᠩ ᠶᠤᠸᠠᠨ᠂ ᠶᠠᠩ ᠵᠢᠶᠧ ᠬᠤᠷᠠᠯ ᠳᠤ ᠣᠷᠣᠯᠴᠠᠪᠠ᠃ | |