ᠠᠷᠠᠳ ᠤᠨ ᠰᠦᠯᠵᠢᠶ᠎ᠡ ᠶᠢᠨ ᠪᠡᠭᠡᠵᠢᠩ ᠤᠨ 5 ᠳ᠋ᠤᠭᠠᠷ ᠰᠠᠷ᠎ᠠ ᠶᠢᠨ 29 ᠤ ᠡᠳᠦᠷ ᠤᠨ ᠴᠠᠬᠢᠯᠭᠠᠨ ᠮᠡᠳᠡᠭᠡ ︵ | ᠧᠦ ᠶᠠᠩ ᠢ ᠵᠢᠶᠠ︶ ᠤᠶᠢᠷ᠎ᠠ ᠶᠢᠨ ᠡᠳᠦᠷ᠂ ᠤᠰᠤᠨ ᠠᠰᠢᠭᠯᠠᠯᠲᠠ ᠶᠢᠨ ᠶᠠᠮᠤᠨ 2023 ᠤᠨ ᠳᠤ ᠡᠮᠤᠨᠡᠬᠢ | ᠬᠤᠭᠤᠴᠠᠭᠠᠨ ᠤ ᠠᠵᠢᠯ ᠢ ᠭᠤᠤᠯᠳᠠᠯᠠᠭ᠎ᠠ ᠲᠠᠢ ᠠᠬᠢᠭᠤᠯᠤᠭᠰᠠᠨ ᠴᠢᠬᠤᠯᠠ ᠶᠡᠭᠡ ᠤᠰᠤᠨ ᠠᠰᠢᠭᠯᠠᠯᠲᠠ ᠶᠢᠨ | ᠢᠨᠵᠧᠨᠧᠷᠢᠩ — ᠵᠢᠩᠵᠸᠤ ᠬᠤᠳᠠ ᠶᠢᠨ ᠲᠠᠢ ᠬᠤ᠋ ᠭᠠᠷᠠᠮ ᠤᠨ ᠤᠰᠤᠯᠠᠯᠲᠠ ᠶᠢᠨ ᠣᠷᠣᠨ ᠵᠢᠩᠬᠢᠨᠢ ᠪᠠᠷ | ᠠᠵᠢᠯ ᠢᠶᠠᠨ ᠡᠬᠢᠯᠡᠭᠦᠯᠵᠦ᠂ ᠬᠤᠪᠧᠢ ᠮᠣᠵᠢ ᠶᠢᠨ ᠪᠠᠰᠠ ᠨᠢᠭᠡᠨ ᠴᠢᠬᠤᠯᠠ ᠤᠰᠤᠯᠠᠯᠲᠠ ᠶᠢᠨ ᠣᠷᠣᠨ ᠤ ᠲᠥᠷᠥᠯ | ᠵᠦᠢᠯ ᠬᠡᠷᠡᠭᠵᠢᠭᠦᠯᠬᠦ ᠱᠠᠲᠤᠨ ᠳᠤ ᠣᠷᠣᠭᠰᠠᠨ ᠢ ᠬᠠᠷᠠᠭᠤᠯᠵᠤ ᠪᠠᠶᠢᠨ᠎ᠠ᠃ | ᠵᠢᠩᠵᠸᠤ ᠬᠤᠳᠠ ᠶᠢᠨ ᠲᠠᠢ ᠬᠤ᠋ ᠭᠠᠷᠠᠮ ᠤᠨ ᠤᠰᠤᠯᠠᠯᠲᠠ ᠶᠢᠨ ᠣᠷᠣᠨ ᠪᠣᠯ ᠬᠠᠳᠠᠭᠠᠯᠠᠬᠤ᠂ ᠲᠠᠲᠠᠬᠤ᠂ | ᠳᠡᠭᠡᠭᠰᠢᠯᠡᠭᠦᠯᠬᠦ ᠶᠢ ᠤᠶᠠᠯᠳᠤᠭᠤᠯᠤᠨ ᠬᠠᠮᠲᠤᠷᠠᠨ ᠬᠡᠷᠡᠭᠯᠡᠭᠰᠡᠨ ᠲᠣᠮᠣ ᠬᠡᠯᠪᠡᠷᠢ ᠶᠢᠨ ᠤᠰᠤᠯᠠᠯᠲᠠ ᠶᠢᠨ ᠣᠷᠣᠨ | ᠪᠣᠯᠤᠨ᠎ᠠ᠂ ᠤᠤᠯ ᠤᠨ ᠲᠥᠯᠥᠪᠯᠡᠭᠰᠡᠨ ᠤᠰᠤᠯᠠᠯᠲᠠ ᠶᠢᠨ ᠲᠠᠯᠠᠪᠠᠢ ᠨᠢ 32 ᠲᠦᠮᠡᠨ ᠮᠦ ᠪᠠᠶᠢᠵᠤ᠂ ᠪᠦᠲᠦᠭᠡᠨ | ᠪᠠᠶᠢᠭᠤᠯᠬᠤ ᠠᠭᠤᠯᠭ᠎ᠠ ᠳᠤ ᠭᠤᠣᠯᠳᠠᠭᠤ ᠤᠰᠤᠨ ᠤ ᠡᠬᠢ ᠰᠤᠷᠪᠤᠯᠵᠢ ᠶᠢᠨ ᠪᠠᠷᠢᠯᠭ᠎ᠠ ᠶᠢ ᠪᠠᠬᠢᠵᠢᠭᠦᠯᠵᠦ᠂ | ᠤᠰᠤᠯᠠᠬᠤ᠂ ᠤᠰᠤ ᠵᠠᠯᠠᠬᠤ ᠰᠤᠪᠠᠭ ᠤᠨ ᠳᠤᠳᠤᠷᠯᠠᠬᠤ ᠵᠢᠴᠢ ᠮᠠᠯᠲᠠᠬᠤ᠂ ᠪᠠᠷᠢᠯᠭ᠎ᠠ ᠶᠢ ᠳᠠᠬᠢᠨ ︵ᠰᠢᠨ᠎ᠡ︶ | ᠪᠠᠶᠢᠭᠤᠯᠬᠤ ᠵᠢᠴᠢ ᠢᠵᠢ ᠪᠦᠷᠢᠳᠦᠭᠦᠯᠦᠨ ᠢ ᠴᠡᠭᠴᠡᠯᠡᠨ ᠵᠠᠰᠠᠬᠤ ᠵᠡᠷᠭᠡ ᠪᠣᠯᠤᠨ᠎ᠠ᠃ ᠣᠶᠢᠯᠠᠭᠠᠭᠰᠠᠨ ᠢᠶᠠᠷ᠂ | ᠲᠥᠷᠥᠯ ᠵᠦᠢᠯ ᠢ ᠬᠡᠷᠡᠭᠵᠢᠭᠦᠯᠦᠭᠰᠡᠨ ᠤ ᠳᠠᠷᠠᠭ᠎ᠠ᠂ ᠤᠰᠤᠯᠠᠯᠲᠠ ᠶᠢᠨ ᠣᠷᠣᠨ ᠤ ᠤᠰᠤᠯᠠᠯᠲᠠ ᠶᠢᠨ ᠲᠠᠯᠠᠪᠠᠶ ᠶᠢ 41. | 37 ᠲᠦᠮᠡᠨ ᠮᠥ ᠬᠦᠷᠲᠡᠯ᠎ᠡ ᠥᠷᠭᠡᠳᠬᠡᠵᠦ᠂ ᠠᠰᠢᠭ ᠭᠥᠷᠳᠡᠬᠦ ᠬᠡᠪᠴᠢᠶᠡᠨ ᠳᠤ ᠵᠢᠩᠵᠧᠦ ᠲᠣᠭᠤᠷᠢᠭ ᠤᠨ 6 | ᠰᠢᠶᠠᠩ ᠪᠠᠯᠭᠠᠰᠤ ᠵᠡᠭᠡᠯᠢ ᠶᠢᠨ ᠠᠯᠪᠠᠨ ᠬᠡᠷ᠂ ᠵᠢᠶ ᠨᠠᠨ ᠰᠣᠶᠣᠯ ᠵᠢᠭᠤᠯᠴᠢᠯᠠᠯ ᠤᠨ ᠲᠣᠭᠤᠷᠢᠭ ᠪᠠ ᠡᠯᠡᠰᠦᠨ ᠬᠤᠲᠠ | ᠲᠣᠭᠤᠷᠢᠭ ᠤᠨ 4 ᠰᠢᠶᠠᠩ ᠪᠠᠯᠭᠠᠰᠤᠨ ᠤ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠠᠯᠪᠠᠨ ᠬᠡᠷ ᠪᠠᠭᠲᠠᠵᠤ᠂ | ᠡᠭᠦᠨ ᠤ ᠬᠠᠮᠲᠤ ᠴᠠᠩ ᠬᠤ᠋ ᠳᠤ ᠠᠮᠢ ᠠᠬᠤᠶ ᠶᠢᠨ ᠤᠰᠤ ᠨᠥᠬᠦᠪᠥᠷᠢᠯᠡᠬᠦ ᠶᠢ ᠬᠡᠷᠡᠭᠵᠢᠭᠦᠯᠵᠦ᠂ ᠵᠢᠩ ᠮᠧᠨ᠂ | ᠮᠥᠷᠡᠨ ᠲᠠᠭᠠᠭᠰᠠᠨ ᠡᠯ᠎ᠡ ᠭᠠᠵᠠᠷ ᠲᠤ ᠠᠰᠢᠭ ᠬᠦᠷᠲᠡᠭᠡᠨ᠎ᠡ᠃ ᠵᠢᠩᠵᠸᠤ ᠬᠤᠳᠠ ᠶᠢᠨ ᠲᠠᠢ ᠬᠤ᠋ ᠭᠠᠩ | ᠤᠰᠤᠯᠠᠯᠲᠠ ᠶᠢᠨ ᠣᠷᠣᠨ ᠢ ᠰᠢᠨ᠎ᠡ ᠪᠠᠷ ᠪᠠᠶᠢᠭᠤᠯᠬᠤ ᠪᠠ ᠥᠷᠭᠡᠳᠭᠡᠨ ᠪᠠᠶᠢᠭᠤᠯᠬᠤ ᠢᠨᠵᠧᠨᠧᠷᠢᠩ ᠤᠨ ᠶᠡᠷᠦᠩᠬᠡᠢ | ᠪᠡᠯᠡ ᠣᠷᠣᠭᠤᠯᠤᠯᠲᠠ ᠨᠢ 8.5 ᠳ᠋ᠦᠩᠰᠢᠭᠤᠷ ᠲᠥᠭᠦᠷᠢᠭ ᠲᠤ ᠬᠦᠷᠴᠦ᠂ ᠶᠡᠷᠦᠩᠬᠡᠢ ᠠᠵᠢᠯ ᠤᠨ ᠬᠤᠭᠤᠴᠠᠭ᠎ᠠ ᠨᠢ | 48 ᠰᠠᠷ᠎ᠠ ᠪᠣᠯᠤᠨ᠎ᠠ᠂ ᠪᠠᠷᠢᠯᠭ᠎ᠠ ᠳᠠᠭᠤᠰᠤᠭᠰᠠᠨ ᠤ ᠳᠠᠷᠠᠭ᠎ᠠ ᠣᠷᠣᠨ ᠪᠦᠰᠡ ᠶᠢᠨ ᠳᠣᠲᠣᠷᠠᠬᠢ ᠠᠮᠤ ᠪᠤᠳᠠᠭᠠᠨ ᠤ | ᠶᠡᠷᠦᠩᠬᠡᠢᠯᠡᠭᠰᠡᠨ ᠦᠢᠯᠡᠳᠪᠦᠷᠢᠯᠡᠯ ᠤᠨ ᠴᠢᠳᠠᠪᠤᠷᠢ ᠶᠢ ᠲᠦᠢᠯ ᠤᠨ ᠶᠡᠭᠡ ᠪᠠᠷ ᠳᠡᠭᠡᠭᠰᠢᠯᠡᠭᠦᠯᠵᠤ᠂ ᠠᠮᠤ ᠪᠤᠳᠠᠭᠠᠨ ᠤ | ᠠᠮᠤᠷ ᠲᠦᠪᠰᠢᠨ ᠢ ᠪᠠᠲᠤᠯᠠᠬᠤ ᠪᠠ ᠲᠤᠬᠠᠢ ᠶᠢᠨ ᠭᠠᠵᠠᠷ ᠤᠨ ᠠᠷᠠᠳ ᠤᠨ ᠠᠮᠢᠳᠤᠷᠠᠯ ᠤᠨ ᠨᠥᠬᠦᠴᠡᠯ ᠢ | ᠰᠠᠶᠢᠵᠢᠷᠠᠭᠤᠯᠵᠤ᠂ ᠬᠥᠳᠡᠭᠡ ᠲᠣᠰᠭᠤᠨ ᠤ ᠤᠰᠤᠨ ᠠᠰᠢᠭᠯᠠᠯᠲᠠ ᠶᠢᠨ ᠰᠠᠭᠤᠷᠢ ᠪᠡᠯᠡᠳᠭᠡᠮᠵᠢ ᠶᠢᠨ ᠲᠣᠣᠷ | ᠰᠦᠯᠵᠢᠶ᠎ᠡ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠬᠥᠳᠡᠭᠡ ᠲᠣᠰᠭᠤᠨ ᠤ ᠤᠰᠤᠨ ᠤ ᠠᠮᠤᠷ ᠳᠦᠪᠰᠢᠨ ᠢ | ᠪᠠᠲᠤᠯᠠᠵᠤ᠂ ᠬᠥᠳᠡᠭᠡ ᠳᠤᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦ ᠨᠡᠮᠡᠷᠢᠯᠡᠪᠡ᠃ | ᠪᠦᠬᠦ ᠤᠯᠤᠰ ᠤᠨ ᠠᠮᠤ ᠪᠤᠳᠠᠭᠠᠨ ᠤ ᠭᠤᠤᠯ ᠭᠠᠷᠤᠯᠲᠠ ᠶᠢᠨ ᠮᠤᠵᠢ ᠪᠣᠯᠤᠭᠰᠠᠨ ᠤ ᠬᠤᠪᠢ ᠳᠤ᠂ ᠪᠠᠰᠠ ᠴᠤ | ᠪᠦᠬᠦ ᠤᠯᠤᠰ ᠤᠨ ᠠᠩᠬᠠᠳᠠᠭᠴᠢ ᠪᠦᠯᠦᠭ ᠮᠤᠵᠢ ᠶᠢᠨ ᠲᠡᠰ ᠤᠨ ᠤᠰᠤᠨ ᠠᠰᠢᠭᠯᠠᠯᠲᠠ ᠶᠢᠨ ᠲᠣᠣᠷ ᠤᠨ | ᠬᠤᠰᠢᠭᠤᠴᠢ ᠣᠷᠣᠨ ᠪᠣᠯᠤᠨ᠎ᠠ᠂ ᠬᠤᠪᠧᠶ ᠶᠠᠭ ᠤᠰᠤᠯᠠᠯᠲᠠ ᠶᠢᠨ ᠣᠷᠣᠨ ᠵᠡᠷᠭᠡ ᠴᠢᠬᠤᠯᠠ ᠶᠡᠭᠡ ᠤᠰᠤᠨ | ᠠᠰᠢᠭᠯᠠᠯᠲᠠ ᠶᠢᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠢᠶᠠᠨ ᠲᠦᠷᠭᠡᠳᠬᠡᠨ | ᠠᠬᠢᠭᠤᠯᠵᠤ᠂ ᠵᠠᠩ ᠾᠧ ᠵᠡᠷᠭᠡ 9 ᠭᠠᠵᠠᠷ ᠤᠨ ᠲᠤᠮᠤ ᠬᠡᠯᠪᠡᠷᠢ ᠶᠢᠨ ᠤᠰᠤᠯᠠᠯᠲᠠ ᠶᠢᠨ ᠣᠷᠣᠨ ᠤ | ᠣᠳᠣᠬᠢᠴᠢᠯᠠᠯᠲᠠ ᠶᠢᠨ ᠥᠭᠡᠷᠡᠴᠢᠯᠡᠯᠲᠡ ᠪᠣᠯᠤᠨ ᠴᠢ ᠱᠦᠢ᠂ ᠦ᠋ ᠰᠢᠦᠸᠠᠢ ᠪᠧᠢ᠂ ᠹᠦ᠋ ᠴᠢᠶᠣᠤ ᠾᠧ᠂ ᠲᠠᠢ ᠬᠤ᠋ | ᠭᠠᠷᠠᠮ ᠵᠡᠷᠭᠡ ᠶᠢ ᠰᠢᠨ᠎ᠡ ᠪᠠᠷ ᠪᠠᠶᠢᠭᠤᠯᠵᠤ ᠥᠷᠭᠡᠳᠬᠡᠨ ᠪᠠᠶᠢᠭᠤᠯᠵᠤ ᠪᠠᠶᠢᠭ᠎ᠠ ᠲᠤᠮᠤ ᠬᠡᠯᠪᠡᠷᠢ ᠶᠢᠨ | ᠤᠰᠤᠯᠠᠯᠲᠠ ᠶᠢᠨ ᠣᠷᠣᠨ ᠢ ᠶᠠᠭ ᠯᠠᠪᠳᠠᠭᠤᠨ ᠢᠶᠠᠷ ᠬᠡᠷᠡᠭᠵᠢᠭᠦᠯᠵᠦ ᠪᠠᠶᠢᠨ᠎ᠠ᠂ ᠨᠢᠭᠡ ᠪᠦᠯᠦᠭ ᠤᠰᠤᠯᠠᠯᠲᠠ ᠶᠢᠨ | ᠣᠷᠣᠨ ᠤ ᠲᠦᠷᠦᠯ ᠵᠦᠢᠯ ᠢ ᠬᠡᠷᠡᠭᠵᠢᠭᠦᠯᠬᠦ ᠨᠢ ᠬᠤᠪᠸᠢ ᠮᠤᠵᠢ ᠶᠢᠨ ᠠᠮᠤ ᠪᠤᠳᠠᠭᠠᠨ ᠤ ᠠᠮᠤᠷ ᠲᠦᠪᠰᠢᠨ ᠢ | ᠪᠠᠲᠤᠯᠠᠬᠤ᠂ ᠪᠦᠬᠦ ᠤᠯᠤᠰ ᠤᠨ ᠰᠢᠨ᠎ᠡ ᠬᠦᠭᠵᠢᠯᠲᠡ ᠶᠢᠨ ᠪᠠᠶᠢᠷᠢᠰᠢᠯ ᠤᠨ ᠤᠷᠢᠳ ᠢᠶᠠᠷ ᠬᠡᠷᠡᠭᠵᠢᠭᠦᠯᠬᠦ ᠤᠷᠤᠨ ᠢ | ᠪᠠᠶᠢᠭᠤᠯᠬᠤ ᠳᠤ ᠬᠦᠴᠦᠨ ᠨᠡᠮᠡᠷᠢᠯᠡᠵᠤ᠂ ᠪᠠᠳᠤ ᠪᠠᠬᠢ ᠤᠰᠤᠨ ᠠᠰᠢᠭᠯᠠᠯᠲᠠ ᠶᠢᠨ ᠲᠤᠯᠭᠠᠭᠤᠷᠢᠯᠠᠯ ᠬᠠᠩᠭᠠᠨ᠎ᠠ᠃ | |