ᠥᠪᠥᠷ ᠮᠣᠩᠭᠤᠯ ᠤᠨ ᠤᠰᠤᠨ ᠠᠰᠢᠭᠯᠠᠯᠲᠠ ᠶᠢᠨ ᠦᠢᠯᠡᠰ ᠤᠨ ᠬᠥᠭᠵᠢᠯᠲᠡ ᠶᠢᠨ ᠲᠥᠪ ᠤᠨ ᠰᠠᠶᠢᠨ ᠳᠤᠷ᠎ᠠ ᠶᠢᠨ ᠠᠵᠢᠭᠯᠠᠭᠴᠢ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠶᠢᠨ ᠲᠥᠯᠥᠭᠡ ︽ᠠᠵᠢᠯ ᠤᠨ ᠪᠠᠶᠢᠷᠢ ᠳᠠᠭᠠᠨ ᠵᠢᠵᠢᠭᠦᠷᠯᠡᠬᠦ︾
ᠨᠡᠶᠢᠲᠡᠯᠡᠭᠰᠡᠨ ᠴᠠᠭ᠄
2023/5/4
  ᠪᠦᠬᠦ ᠬᠤᠳᠠ ᠶᠢᠨ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ᠤᠷᠢᠶᠠᠯᠠᠭ᠎ᠠ ᠶᠢ ᠢᠳᠡᠪᠬᠢᠲᠡᠢ ᠴᠤᠤᠷᠢᠶᠠᠲᠤᠨ ᠳᠠᠭᠠᠵᠤ᠂ ᠥᠷᠭᠡᠨ ᠤᠯᠠᠨ ᠬᠤᠳᠠ ᠶᠢᠨ ᠠᠷᠠᠳ ᠤᠨ ᠵᠠᠮ ᠬᠠᠷᠢᠯᠴᠠᠭᠠᠨ ᠤ ᠬᠠᠤᠯᠢ ᠲᠣᠭᠲᠠᠭᠠᠯ ᠢ ᠵᠢᠷᠤᠮᠯᠠᠬᠤ ᠤᠬᠠᠮᠰᠠᠷ ᠢ ᠳᠡᠭᠡᠭᠰᠢᠯᠡᠭᠦᠯᠵᠦ᠂ ᠪᠣᠯᠪᠠᠰᠤᠨ ᠵᠠᠮ ᠬᠠᠷᠢᠯᠴᠠᠭᠠᠨ ᠤ ᠣᠷᠴᠢᠨ ᠲᠣᠭᠤᠷᠢᠨ ᠢ ᠪᠤᠢ ᠪᠣᠯᠭᠠᠬᠤ ᠶᠢᠨ ᠲᠥᠯᠥᠭᠡ᠂ ᠰᠢᠨ᠎ᠡ ᠬᠤᠳᠠ ᠲᠣᠭᠤᠷᠢᠭ ᠤᠨ ᠵᠠᠰᠠᠭ ᠤᠨ ᠣᠷᠳᠣᠨ ᠵᠢᠴᠢ ᠬᠥᠭᠵᠢᠯᠲᠡ ᠶᠢᠨ ᠲᠥᠪ ᠤᠨ ᠨᠠᠮ ᠤᠨ ᠬᠤᠷᠢᠶᠠᠨ ᠤ ᠠᠵᠢᠯ ᠤᠨ ᠲᠤᠬᠢᠷᠠᠭᠤᠯᠤᠯᠳᠠ ᠶᠣᠰᠣᠭᠠᠷ᠂ 4 ᠳ᠋ᠦ᠋ᠭᠡᠷ ᠰᠠᠷ᠎ᠠ ᠶᠢᠨ 16 ᠤ ᠡᠳᠦᠷ ᠠᠴᠠ 30 ᠤ ᠡᠳᠦᠷ ᠪᠣᠯᠲᠠᠯ᠎ᠠ᠂ ᠭᠤᠣᠯ ᠡᠪᠯᠡᠯ ᠤᠨ ᠶᠡᠷᠦᠩᠬᠡᠢ ᠡᠭᠦᠷ᠂ ᠵᠠᠯᠠᠭᠤᠴᠤᠳ ᠤᠨ ᠠᠵᠢᠯ ᠤᠨ ᠵᠥᠪᠯᠡᠯ ᠠᠴᠠ ᠪᠣᠯᠪᠠᠰᠤᠨ ᠵᠠᠮ ᠬᠠᠷᠢᠯᠴᠠᠭᠠᠨ ᠤ ᠰᠠᠶᠢᠨ ᠳᠤᠷ᠎ᠠ ᠶᠢᠨ ᠠᠵᠢᠯᠯᠠᠭᠴᠢ ᠶᠢ ᠵᠣᠬᠢᠶᠠᠨ ᠪᠠᠶᠢᠭᠤᠯᠤᠨ ᠥᠷᠨᠢᠭᠦᠯᠪᠡ᠃ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠳᠤ ᠨᠡᠶᠢᠲᠡ 124 ᠬᠥᠮᠦᠨ ᠤᠳᠠᠭ᠎ᠠ ᠣᠷᠣᠯᠴᠠᠵᠤ᠂ ᠨᠡᠶᠢᠲᠡ 240 ᠴᠠᠭ ᠦᠢᠯᠡᠴᠢᠯᠡᠵᠦ᠂ 15 ᠡᠳᠦᠷ ᠤᠨ ᠬᠤᠭᠤᠴᠠᠭ᠎ᠠ ᠲᠠᠢ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯ ᠢ ᠲᠡᠭᠦᠰ ᠠᠮᠵᠢᠯᠲᠠ ᠲᠠᠢ ᠪᠡᠶᠡᠯᠡᠭᠦᠯᠪᠡ᠃
5-4-宣传-1.jpg
    ᠥᠷᠯᠥᠭᠡᠨ ᠤ ᠣᠷᠭᠢᠯ ᠤᠨ 7᠄ 00 - 9᠄ 00 ᠴᠠᠭ ᠪᠠ ᠣᠷᠣᠶ ᠶᠢᠨ ᠣᠷᠭᠢᠯ 17᠄ 00 - 19᠄ 00 ᠬᠤᠶᠠᠷ ᠴᠠᠭ ᠲᠤ ᠰᠠᠶᠢᠨ ᠳᠤᠷᠠᠴᠤᠳ ︽ᠵᠢᠵᠢᠭ ᠤᠰᠤᠨ ᠳᠤᠰᠤᠯ︾ ᠤᠨ ᠬᠥᠬᠡ ᠤᠤᠵᠢ ᠡᠮᠦᠰᠴᠦ᠂ ᠢᠳᠬᠠᠯ ᠤᠨ ᠵᠢᠵᠢᠭ ᠤᠯᠠᠭᠠᠨ ᠲᠤᠭ ᠢᠶᠠᠨ ᠠᠳᠬᠤᠵᠤ᠂ ᠬᠠᠪᠤᠷ ᠤᠨ ᠬᠦᠢᠲᠡᠨ ᠠᠴᠠ ᠠᠶᠤᠬᠤ ᠥᠬᠡᠶ᠂ ᠡᠯᠡᠰᠦᠨ ᠰᠢᠭᠤᠷᠭ᠎ᠠ ᠪᠣᠲᠠᠷᠠᠬᠤ ᠠᠴᠠ ᠠᠶᠤᠬᠤ ᠦᠭᠡᠢ᠂ ᠴᠤᠭ ᠵᠢᠪᠬᠤᠭ᠎ᠠ ᠪᠠᠳᠠᠷᠠᠩᠭᠤᠶ ᠰᠢᠨ᠎ᠡ ᠬᠤᠲᠠ ᠲᠣᠭᠤᠷᠢᠭ ᠤᠨ ᠪᠥᠸᠧ ᠬᠤᠶᠢᠲᠤ ᠵᠠᠮ ᠤᠨ ᠠᠭᠤᠯᠵᠠᠷ ᠲᠤ ᠵᠠᠮ ᠬᠠᠷᠢᠯᠴᠠᠭᠠᠨ ᠤ ᠴᠠᠭᠳᠠᠭ᠎ᠠ ᠶᠢᠨ ᠨᠢᠭᠡᠳᠦᠯᠲᠡᠶ ᠲᠣᠬᠢᠷᠠᠭᠤᠯᠤᠯᠲᠠ ᠶᠢ ᠦᠨᠳᠦᠰᠦᠯᠡᠨ᠂ ᠵᠠᠮ ᠬᠠᠷᠢᠯᠴᠠᠭᠠᠨ ᠤ ᠪᠣᠯᠪᠠᠰᠤᠨ ᠤ ᠶᠠᠪᠤᠳᠠᠯ ᠢ ᠬᠠᠪᠰᠤᠷᠤᠨ ᠵᠢᠯᠣᠭᠤᠳᠪᠠ᠃ ᠶᠠᠪᠠᠭᠠᠨ ᠬᠥᠮᠦᠨ ᠢ ᠵᠢᠯᠣᠭᠤᠳᠤᠨ ᠬᠥᠲᠥᠯᠥᠨ ᠵᠢᠯᠣᠭᠤᠳᠴᠤ ᠪᠠᠶᠢᠭᠠᠳ ᠮᠠᠰᠢᠨᠲᠤ ᠪᠤᠰᠤ ᠲᠡᠷᠭᠡ ᠵᠠᠮ ᠬᠠᠷᠢᠯᠴᠠᠭᠠᠨ ᠤ ᠳᠦᠷᠢᠮ ᠢ ᠵᠢᠷᠤᠮᠯᠠᠭᠤᠯᠵᠤ᠂ ᠶᠠᠪᠠᠭᠠᠨ ᠬᠥᠮᠦᠨ᠂ ᠮᠠᠰᠢᠨᠲᠤ ᠪᠤᠰᠤ ᠲᠡᠷᠭᠡ ᠤᠯᠠᠭᠠᠨ ᠳ᠋ᠧᠩ ᠢ ᠵᠥᠷᠢᠴᠡᠬᠦ᠂ ᠡᠷᠢᠶᠡᠨ ᠱᠤᠭᠤᠮ ᠢᠶᠠᠷ ᠶᠠᠪᠤᠬᠤ ᠦᠭᠡᠢ ᠵᠡᠷᠭᠡ ᠪᠣᠯᠪᠠᠰᠤᠨ ᠪᠤᠰᠤ ᠦᠢᠯᠡ ᠠᠵᠢᠯᠯᠠᠭ᠎ᠠ ᠶᠢ ᠢᠳᠬᠠᠵᠤ᠂ ᠣᠯᠠᠨ ᠲᠦᠮᠡᠨ ᠤ ᠵᠠᠮ ᠨᠡᠪᠲᠡᠷᠡᠯᠭᠡ ᠶᠢᠨ ᠣᠷᠴᠢᠨ ᠲᠣᠭᠤᠷᠢᠨ ᠢ ᠰᠠᠶᠢᠵᠢᠷᠠᠭᠤᠯᠵᠤ᠂ ᠵᠤᠭᠠᠴᠠᠭᠰᠠᠳ ᠤᠨ ᠠᠰᠠᠭᠤᠳᠠᠯ ᠢ ᠬᠠᠯᠠᠭᠤᠨ ᠢᠶᠠᠷ ᠬᠠᠷᠢᠭᠤᠯᠵᠤ᠂ ᠲᠡᠳᠡ ᠶᠠᠭᠠᠷᠠᠯᠲᠠᠢ ᠵᠠᠮ ᠤᠨ ᠠᠭᠤᠯᠵᠠᠷ ᠢ ᠡᠮᠬᠢ ᠳᠢᠭᠯᠢᠮ ᠲᠠᠢ ᠪᠣᠯᠭᠠᠵᠤ᠂ ᠬᠦᠴᠦ ᠬᠥᠯᠥᠰᠥ ᠪᠠᠷ ᠢᠶᠠᠨ ︽ᠬᠤᠪᠢ ᠨᠡᠮᠡᠷᠢ ᠦᠵᠡᠭᠦᠯᠬᠦ᠂ ᠨᠥᠬᠦᠷᠰᠡᠭ ᠢᠶᠠᠷ ᠬᠠᠶᠢᠷᠠᠯᠠᠬᠤ᠂ ᠬᠠᠷᠢᠯᠴᠠᠨ ᠬᠠᠪᠰᠤᠷᠤᠯᠴᠠᠬᠤ᠂ ᠲᠠᠪᠰᠢᠬᠤ︾ ᠰᠠᠶᠢᠨ ᠳᠤᠷ᠎ᠠ ᠶᠢᠨ ᠦᠢᠯᠡᠴᠢᠯᠡᠭᠡᠨ ᠤ ᠵᠣᠷᠢᠭ ᠰᠠᠨᠠᠭ᠎ᠠ ᠶᠢ ᠲᠠᠶᠢᠯᠪᠤᠷᠢᠯᠠᠵᠤ᠂ ᠮᠠᠨ ᠤ ᠬᠤᠲᠠ ᠶᠢᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠳᠤ ᠥᠪᠡᠷ ᠤᠨ ᠬᠦᠴᠦᠨ ᠴᠢᠳᠠᠯ ᠢᠶᠠᠨ ᠡᠷᠭᠦᠵᠡᠶ᠃
5-4-宣传-2.jpg
  ᠠᠵᠢᠯᠯᠠᠭ᠎ᠠ ᠶᠢᠨ ᠬᠤᠭᠤᠴᠠᠭᠠᠨ ᠳᠤ᠂ ᠬᠥᠭᠵᠢᠭᠦᠯᠦᠯᠲᠡ ᠶᠢᠨ ᠲᠥᠪ ᠤᠨ ᠨᠠᠮ ᠤᠨ ᠬᠤᠷᠢᠶᠠᠨ ᠤ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ ᠰᠡᠴᠡᠨ᠂ ᠬᠥᠭᠵᠢᠯᠲᠡ ᠶᠢᠨ ᠲᠥᠪ ᠤᠨ ᠨᠠᠮ ᠤᠨ ᠬᠤᠷᠢᠶᠠᠨ ᠤ ᠭᠡᠰᠢᠭᠦᠨ᠂ ᠳᠡᠳ᠋ ᠡᠷᠬᠢᠯᠡᠭᠴᠢ ᠫᠠᠨ ᠶᠢᠩ ᠬᠤᠸᠠ᠂ ᠯᠢᠦ ᠪᠢᠨ᠂ ᠲᠤᠬᠠᠢ ᠶᠢᠨ ᠲᠠᠯᠠᠪᠠᠢ ᠳᠤ ᠬᠦᠷᠴᠦ ᠵᠢᠵᠢᠭᠦᠷᠯᠡᠵᠦ ᠪᠠᠶᠢᠭ᠎ᠠ ᠨᠥᠬᠦᠳ ᠢ ᠲᠣᠬᠤᠨᠢᠭᠤᠯᠤᠭᠰᠠᠨ ᠪᠥᠭᠡᠳ ᠵᠢᠵᠢᠭᠦᠷᠯᠡᠵᠦ ᠪᠠᠶᠢᠭ᠎ᠠ ᠬᠥᠮᠦᠰ ᠲᠤ ᠪᠣᠷᠣᠭᠠᠨ ᠤ ᠨᠥᠮᠥᠷᠭᠡ ᠵᠡᠷᠭᠡ ᠪᠠᠲᠤᠯᠠᠭ᠎ᠠ ᠶᠢᠨ ᠡᠳ᠋ ᠪᠣᠳᠠᠰ ᠢ ᠠᠪᠴᠢᠷᠠᠭᠰᠠᠨ ᠪᠠᠶᠢᠨ᠎ᠠ᠃ 
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号