ᠡᠯ᠎ᠡ ᠬᠤᠯᠪᠣᠭᠳᠠᠯ ᠪᠦᠬᠦᠢ ᠨᠢᠭᠡᠴᠢ᠄ | | ᠮᠠᠨ ᠤ ᠲᠢᠩᠬᠢᠮ ᠤᠨ ︽2023 ᠣᠨ ᠤ ᠤᠰᠤᠨ ᠠᠰᠢᠭᠯᠠᠯᠲᠠ ᠤᠰᠤᠨ ᠴᠠᠬᠢᠯᠭᠠᠨ ᠤ ᠪᠠᠷᠢᠯᠭ᠎ᠠ ᠶᠢᠨ | ᠠᠵᠢᠯ ᠤᠨ ᠠᠵᠤ ᠠᠬᠤᠶᠢᠯᠠᠯ ᠤᠨ ᠭᠤᠤᠯ ᠬᠠᠷᠢᠭᠤᠴᠠᠯᠭᠠᠲᠠᠨ᠂ ᠲᠥᠷᠥᠯ ᠵᠦᠢᠯ ᠤᠨ ᠬᠠᠷᠢᠭᠤᠴᠠᠯᠭᠠᠲᠠᠨ ᠪᠠ | ᠲᠤᠰᠬᠠᠶ ᠲᠤᠰᠢᠶᠠᠯᠲᠤ ᠠᠶᠤᠯᠭᠦᠶ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠠᠵᠢᠯᠲᠠᠨ ᠤ ᠠᠶᠤᠯᠭᠦᠶ | ᠦᠢᠯᠡᠳᠪᠦᠷᠢᠯᠡᠯ ᠤᠨ ᠰᠢᠯᠭᠠᠯᠲᠠ ᠶᠢᠨ ᠲᠥᠯᠥᠪᠯᠡᠭᠡ ᠶᠢ ᠨᠡᠶᠢᠲᠡᠯᠡᠬᠦ ᠲᠤᠬᠠᠶ ᠮᠡᠳᠡᠭᠳᠡᠯ︾ ︵ᠥᠪᠥᠷ ᠤᠰᠤᠨ | ᠲᠡᠭᠡᠭᠡᠪᠦᠷᠢ ᠶᠢᠨ ᠬᠠᠮᠢᠶᠠᠷᠤᠯᠲᠠ ﹇2023 ﹈ 30 ᠳ᠋ᠤᠭᠠᠷ ᠲᠣᠭᠠᠲᠤ︶ ᠢ ᠦᠨᠳᠦᠰᠦᠯᠡᠨ᠂ ᠡᠳᠦᠭᠡ 2023 | ᠣᠨ ᠤ ᠠᠩᠬᠠᠳᠤᠭᠠᠷ ᠪᠦᠯᠦᠭ ᠤᠨ ᠠᠶᠤᠯᠭᠦᠶ ᠦᠢᠯᠡᠳᠪᠦᠷᠢᠯᠡᠯ ᠤᠨ ᠮᠡᠳᠡᠯᠭᠡ ᠶᠢᠨ ᠰᠢᠯᠭᠠᠯᠲᠠ ᠳᠤ ᠨᠡᠷ᠎ᠡ ᠮᠡᠳᠡᠭᠦᠯᠬᠦ | ᠵᠦᠢᠯᠡᠰ ᠢ ᠳᠣᠤᠷᠠᠬᠢ ᠮᠡᠲᠦ ᠮᠡᠳᠡᠭᠳᠡᠶ᠎ᠡ᠄ | ᠨᠢᠭᠡ᠂ ᠨᠡᠷ᠎ᠡ ᠮᠡᠳᠡᠭᠦᠯᠬᠦ ᠬᠡᠪᠴᠢᠶ᠎ᠡ | ᠥᠪᠥᠷ ᠮᠣᠩᠭᠤᠯ ᠤᠨ ᠤᠰᠤᠨ ᠠᠰᠢᠭᠯᠠᠯᠲᠠ ᠤᠰᠤᠨ ᠴᠠᠬᠢᠯᠭᠠᠨ ᠤ ᠪᠠᠷᠢᠯᠭ᠎ᠠ ᠶᠢᠨ ᠠᠵᠢᠯ ᠤᠨ ᠠᠵᠤ | ᠠᠬᠤᠶᠢᠯᠠᠯ ᠤᠨ ᠭᠤᠤᠯ ᠬᠠᠷᠢᠭᠤᠴᠠᠯᠭᠠᠲᠠᠨ ︵A ᠲᠥᠷᠥᠯ︶᠂ ᠲᠥᠷᠥᠯ ᠵᠦᠢᠯ ᠤᠨ ᠬᠠᠷᠢᠭᠤᠴᠠᠯᠭᠠᠲᠠᠨ ︵B | ᠲᠥᠷᠥᠯ︶᠂ ᠲᠤᠰᠬᠠᠶ ᠠᠶᠤᠯᠭᠦᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠠᠵᠢᠯᠲᠠᠨ ︵C ᠲᠥᠷᠥᠯ︶ ᠤᠨ | ᠦᠨᠡᠮᠯᠡᠯ ᠤᠨ ᠬᠠᠮᠢᠶ᠎ᠠ ᠪᠦᠬᠦᠢ ᠠᠵᠢᠯ ᠡᠷᠬᠢᠯᠡᠭᠰᠡᠳ᠃ ᠨᠢᠭᠡᠨᠲᠡ ᠦᠨᠡᠮᠯᠡᠯ ᠣᠯᠣᠭᠰᠠᠨ ᠪᠣᠯ ᠦᠨᠡᠮᠯᠡᠯ ᠢ | ᠦᠷᠭᠦᠯᠵᠢᠯᠡᠭᠦᠯᠬᠦ ᠬᠥᠮᠥᠨ ᠲᠤᠰ ᠤᠳᠠᠭᠠᠨ ᠤ ᠰᠢᠯᠭᠠᠯᠲᠠ ᠳᠤ ᠣᠷᠣᠯᠴᠠᠬᠤ ᠦᠭᠡᠢ᠃ | ᠬᠤᠶᠠᠷ᠂ ᠨᠡᠷ᠎ᠡ ᠮᠡᠳᠡᠭᠦᠯᠬᠦ ᠠᠷᠭ᠎ᠠ ᠮᠠᠶ᠋ᠢᠭ | ᠨᠡᠷ᠎ᠡ ᠮᠡᠳᠡᠭᠦᠯᠦᠭᠴᠢ ︽ᠥᠪᠥᠷ ᠮᠣᠩᠭᠤᠯ ᠤᠨ 2023 ᠣᠨ ᠤ ᠠᠩᠬᠠᠳᠤᠭᠠᠷ ᠪᠦᠯᠦᠭ ᠤᠨ ᠤᠰᠤᠨ | ᠠᠰᠢᠭᠯᠠᠯᠲᠠ ᠶᠢᠨ ᠠᠶᠤᠯᠭᠦᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠠᠵᠢᠯᠲᠠᠨ ᠤ ᠰᠢᠯᠭᠠᠯᠲᠠ ᠶᠢᠨ ᠨᠡᠷ᠎ᠡ | ᠮᠡᠳᠡᠭᠦᠯᠬᠦ ᠬᠦᠰᠦᠨᠦᠭᠲᠦ︾ ︵ᠳᠠᠭᠠᠯᠳᠤᠭᠤᠯᠤᠯ ᠳᠤ ᠨᠠᠷᠢᠨ ᠦᠵᠡᠭᠡᠷᠡᠶ ︶ ᠶᠢ ᠲᠠᠭᠯᠠᠵᠤ᠂ ᠪᠠᠶᠢᠭ᠎ᠠ | ᠨᠢᠭᠡᠴᠡ ᠠᠴᠠ ᠪᠠᠨ ᠬᠤᠷᠢᠶᠠᠩᠭᠤᠶᠢᠯᠠᠭᠰᠠᠨ ᠤ ᠳᠠᠷᠠᠭ᠎ᠠ᠂ nmgzjz123456@163.com ᠤᠨ | ᠰᠢᠤᠳᠠᠨ ᠬᠠᠶᠢᠷᠴᠠᠭ ᠲᠤ ᠢᠯᠡᠭᠡᠪᠡ᠃ | ᠭᠤᠷᠪᠠ᠂ ᠨᠡᠷ᠎ᠡ ᠮᠡᠳᠡᠭᠦᠯᠬᠦ ᠴᠠᠭ | 2023 ᠣᠨ ᠤ 4 ᠳ᠋ᠦ᠋ᠭᠡᠷ ᠰᠠᠷ᠎ᠠ ᠶᠢᠨ 28 ᠤ ᠡᠳᠦᠷ ᠠᠴᠠ 5 ᠳ᠋ᠤᠭᠠᠷ ᠰᠠᠷ᠎ᠠ ᠶᠢᠨ 12 ᠤᠨ ᠡᠳᠦᠷ | ᠪᠣᠯᠲᠠᠯ᠎ᠠ᠃ | ᠳᠥᠷᠪᠡ᠂ ᠪᠤᠰᠤᠳ ᠵᠦᠢᠯ | ︵ᠨᠢᠭᠡ︶ ᠰᠦᠢᠳᠬᠡᠯ ᠬᠤᠷᠢᠶᠠᠬᠤ ᠦᠭᠡᠢ ᠪᠠᠷ ᠨᠡᠷ᠎ᠡ ᠮᠡᠳᠡᠭᠦᠯᠪᠡᠯ᠃ | ︵ᠬᠤᠶᠠᠷ︶ ᠲᠣᠰ ᠤᠳᠠᠭᠠᠨ ᠤ ᠰᠢᠯᠭᠠᠯᠲᠠ ᠶᠢᠨ ᠳᠤᠲᠠᠭᠳᠠᠵᠤ ᠪᠠᠶᠢᠭ᠎ᠠ ᠪᠤᠶᠤ ᠬᠢᠷᠢ ᠪᠦᠲᠦᠮᠵᠢ ᠨᠢ ᠬᠢᠷᠢ | ᠲᠡᠩᠴᠡᠭᠰᠡᠨ ᠥᠬᠡᠶ ᠪᠠᠶᠢᠪᠠᠯ᠂ ᠮᠥᠨ ᠲᠣᠰ ᠵᠢᠯ ᠤᠨ ᠬᠤᠶᠠᠳᠤᠭᠠᠷ ᠪᠦᠯᠦᠭ ︵2023 ᠣᠨ ᠤ 11 ᠰᠠᠷ᠎ᠠ ᠳᠤ | ᠨᠡᠷ᠎ᠡ ᠮᠡᠳᠡᠭᠦᠯᠵᠦ ᠪᠣᠯᠤᠨ᠎ᠠ᠃︶ ᠰᠢᠯᠭᠠᠨ᠎ᠠ᠃ | ᠲᠠᠪᠤ᠂ ᠠᠰᠠᠭᠤᠨ ᠯᠠᠪᠯᠠᠬᠤ ᠤᠲᠠᠰᠤ | ᠬᠠᠷᠢᠯᠴᠠᠬᠤ ᠬᠥᠮᠦᠨ᠄ ᠶᠠᠩ ᠢᠦᠶ ᠬᠤᠸᠠ 0471 – 5259382 | ᠮᠠ ᠮᠢᠩ 0471 – 5259319 | ᠳᠠᠭᠠᠯᠳᠤᠭᠤᠯᠤᠯ᠄ ᠥᠪᠥᠷ ᠮᠣᠩᠭᠤᠯ ᠤᠨ 2023 ᠣᠨ ᠤ ᠠᠩᠬᠠᠳᠤᠭᠠᠷ ᠪᠦᠯᠦᠭ ᠤᠨ ᠤᠰᠤᠨ | ᠠᠰᠢᠭᠯᠠᠯᠲᠠ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯᠲᠠᠨ ᠤ ᠰᠢᠯᠭᠠᠯᠲᠠ ᠶᠢᠨ ᠮᠡᠳᠡᠭᠦᠯᠬᠦ ᠬᠦᠰᠦᠨᠦᠭᠲᠦ. | xlsx | | ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠤᠰᠤᠨ ᠠᠰᠢᠭᠯᠠᠯᠲᠠ ᠶᠢᠨ ᠲᠢᠩᠬᠢᠮ | 2023 ᠣᠨ ᠤ 4 ᠳ᠋ᠦ᠋ᠭᠡᠷ ᠰᠠᠷ᠎ᠠ ᠶᠢᠨ 28 ᠤ ᠡᠳᠦᠷ | | |