ᠠᠷᠠᠳ ᠤᠨ ᠡᠳᠦᠷ ᠤᠨ ᠰᠣᠨᠢᠨ᠄ ᠤᠰᠤᠨ ᠠᠰᠢᠭᠯᠠᠯᠲᠠ ᠶᠢᠨ ᠶᠠᠮᠤᠨ᠂ ᠣᠶᠢᠷ᠎ᠠ ᠶᠢᠨ ᠭᠤᠷᠪᠠᠨ ᠡᠳᠦᠷ ᠲᠤ ᠵᠢᠶᠠᠩᠰᠢ ᠹᠦᠵᠢᠶᠠᠨ ᠵᠡᠷᠭᠡ ᠭᠠᠵᠠᠷ ᠲᠤ 21 ᠭᠤᠤᠯ ᠮᠥᠷᠡᠨ ᠬᠡᠲᠤ ᠰᠡᠷᠡᠮᠵᠢ ᠠᠴᠠ ᠳᠠᠪᠠᠵᠤ ᠦᠶᠡᠷ ᠤᠨ ᠭᠠᠮᠰᠢᠭ ᠭᠠᠷᠴᠠᠢ
ᠨᠡᠶᠢᠲᠡᠯᠡᠭᠰᠡᠨ ᠴᠠᠭ᠄
2023/5/9
  ᠠᠷᠠᠣᠠ ᠤᠨ ᠡᠳᠦᠷ ᠤᠨ ᠰᠣᠨᠢᠠ ︵2023 ᠣᠨ ᠤ 05 ᠳ᠋ᠤᠭᠠᠷ ᠰᠠᠷ᠎ᠠ ᠶᠢᠨ 08᠎ ᠤ ᠡᠳᠦᠷ ᠤᠨ ᠬᠡᠪᠯᠠᠯ ᠤᠨ 04 ᠳ᠋ᠦ᠋ᠭᠡᠷ ᠨᠢᠭᠤᠷ︶  ᠠᠷᠠᠣᠠ ᠤᠨ ᠡᠳᠦᠷ ᠤᠨ ᠰᠣᠨᠢᠠ ᠤ ᠪᠡᠭᠡᠵᠢᠩ ᠤᠨ 5 ᠳ᠋ᠤᠭᠠᠷ ᠰᠠᠷ᠎ᠠ ᠶᠢᠨ 7᠎ ᠤ ᠡᠳᠦᠷ ᠤᠨ ᠮᠡᠳᠡᠭᠡ ︵ ᠰᠣᠷᠪᠤᠯᠵᠢᠯᠠᠬᠴᠢ ᠸᠠᠩ ᠬᠤᠤ︶ ᠣᠰᠣᠠ ᠠᠰᠢᠬᠯᠠᠯᠲᠠ ᠶᠢᠨ ᠶᠠᠮᠣᠠ 7᠎ ᠤ ᠡᠳᠦᠷ ᠮᠠᠲᠠᠭᠡᠯᠠᠯ ᠨᠠᠶᠢᠲᠠᠯᠠᠵᠤ᠂ 5 ᠳ᠋ᠤᠭᠠᠷ ᠰᠠᠷ᠎ᠠ ᠶᠢᠨ 5᠎ ᠤ ᠡᠳᠦᠷ ᠠᠴᠠ ᠨᠠᠰᠢ᠂ ᠮᠠᠨ ᠤ ᠤᠯᠤᠰ ᠤᠨ ᠵᠢᠶᠠᠩᠨᠠᠨ ᠣᠷᠣᠠ ᠤ ᠤᠯᠠᠩᠬᠢ ᠭᠠᠵᠠᠷ᠂ ᠡᠮᠣᠨᠠᠲᠤ ᠣᠷᠣᠠ ᠤ ᠤᠮᠠᠷᠠᠲᠤ ᠬᠡᠰᠡᠭ᠂ ᠪᠠᠷᠠᠭᠤᠠ ᠡᠮᠣᠨᠠᠲᠤ ᠣᠷᠣᠨ ᠤ ᠵᠡᠭᠦᠨ ᠬᠤᠶᠢᠲᠤ ᠬᠡᠰᠡᠭ ᠤᠨ ᠭᠠᠵᠠᠷ ᠵᠠᠷᠭᠡ ᠭᠠᠵᠠᠷ ᠲᠤ ᠶᠡᠭᠡ ᠪᠤᠷᠤᠭᠠᠨ ᠣᠷᠣᠵᠠᠢ᠃ ᠰᠢᠷᠦᠭᠦᠨ ᠪᠣᠷᠣᠭᠠᠨ ᠤ ᠨᠥᠯᠥᠭᠡ ᠪᠠᠷ ᠵᠢᠶᠠᠩᠰᠢ᠂ ᠹᠦᠵᠢᠶᠠᠨ ᠵᠡᠷᠭᠡ ᠭᠠᠵᠠᠷ ᠲᠤ 21 ᠭᠤᠣᠯ ᠮᠥᠷᠡᠨ ᠬᠡᠲᠦ ᠰᠡᠷᠡᠮᠵᠢ ᠠᠴᠠ ᠳᠠᠪᠠᠵᠤ ᠦᠶᠡᠷ ᠤᠨ ᠭᠠᠮᠰᠢᠭ ᠭᠠᠷᠴᠤ᠂ ᠡᠭᠦᠨ ᠤ ᠳᠣᠲᠣᠷ᠎ᠠ 3 ᠭᠤᠣᠯ ᠨᠢ ᠪᠠᠲᠤᠯᠠᠭ᠎ᠠ ᠲᠠᠢ᠂ 2 ᠭᠤᠣᠯ ᠮᠥᠷᠡᠨ ᠳᠤ ᠪᠣᠳᠠᠲᠠᠶ ᠬᠡᠮᠵᠢᠯᠲᠡ ᠶᠢᠨ ᠲᠡᠮᠳᠡᠭᠯᠡᠯ ᠲᠠᠢ ᠪᠣᠯᠣᠭᠰᠠᠨ ᠠᠴᠠ ᠨᠠᠰᠢᠬᠢ ᠬᠠᠮᠤᠭ ᠤᠨ ᠶᠡᠭᠡ ᠦᠶᠡᠷ ᠪᠣᠯᠵᠠᠶ᠃  ᠦᠶᠡᠷ ᠤᠨ ᠪᠠᠶᠢᠳᠠᠯ᠂ ᠮᠠᠨ ᠤ ᠤᠯᠤᠰ 3 ᠳ᠋ᠤᠭᠠᠷ ᠰᠠᠷ᠎ᠠ ᠶᠢᠨ 24᠎ ᠤ ᠡᠳᠦᠷ ᠦᠶᠡᠷ ᠤᠨ ᠬᠤᠭᠤᠴᠠᠭᠠᠨ ᠳᠤ ᠣᠷᠣᠭᠰᠠᠨ ᠠᠴᠠ ᠨᠠᠭᠠᠰᠢ ᠂ ᠭᠤᠣᠯ ᠮᠥᠷᠡᠨ ᠤ ᠦᠶᠡᠷ ᠤᠨ ᠪᠠᠶᠢᠳᠠᠯ ᠶᠡᠷᠦᠩᠬᠡᠶ ᠳᠡᠭᠡᠨ ᠲᠣᠭᠲᠠᠭᠤᠨ ᠪᠠᠶᠢᠵᠤ᠂ ᠡᠮᠦᠨᠡᠲᠦ ᠣᠷᠣᠨ ᠤ ᠬᠡᠰᠡᠭ ᠭᠠᠵᠠᠷ ᠲᠤ ᠳᠣᠭᠰᠢᠨ ᠪᠣᠷᠣᠭᠠᠨ ᠣᠷᠣᠵᠠᠶ᠃ ᠪᠦᠬᠦ ᠤᠯᠤᠰ ᠤᠨ ᠳᠤᠮᠳᠠᠴᠢ ᠬᠤᠷ᠎ᠠ ᠲᠤᠠᠳᠠᠰᠤᠨ ᠤ ᠬᠡᠮᠵᠢᠶ᠎ᠡ 70 ᠮᠢᠯᠢᠮᠧᠲᠷ ᠪᠠᠶᠢᠵᠤ᠂ ᠡᠩ ᠤᠨ ᠵᠢᠯ ᠤᠨ ᠠᠳᠠᠯᠢ ᠬᠤᠭᠤᠴᠠᠭᠠᠨ ᠤ ᠬᠢ ᠠᠴᠠ 6% ᠢᠯᠡᠭᠦᠦ ᠪᠠᠶᠢᠵᠤ᠂ ᠡᠭᠦᠨ ᠤ ᠳᠣᠲᠣᠷ᠎ᠠ ᠪᠠᠷᠠᠭᠤᠨ ᠬᠤᠶᠢᠲᠤ ᠣᠷᠣᠨ ᠤ ᠵᠡᠭᠦᠨ ᠬᠡᠰᠡᠭ᠂ ᠤᠮᠠᠷᠠᠲᠤ ᠣᠷᠣᠨ ᠤ ᠶᠡᠬᠡᠩᠬᠢ ᠬᠡᠰᠡᠭ᠂ ᠬᠠᠲᠤᠨ ᠭᠤᠣᠯ ᠤᠨ ᠡᠮᠦᠨᠡᠲᠦ ᠬᠤᠸᠠᠢ ᠾᠧ ᠭᠤᠣᠯ ᠤᠨ ᠬᠤᠶᠢᠲᠤ ᠬᠡᠰᠡᠭ᠂ ᠬᠥᠬᠡᠮᠦ᠋ᠷᠡᠨ ᠤ ᠳᠤᠮᠳᠠ ᠳᠣᠣᠷᠠᠳᠤ ᠤᠷᠤᠰᠬᠠᠯ ᠬᠤᠸᠠᠢ ᠾᠧ ᠭᠤᠤᠯ ᠤᠨ ᠬᠤᠶᠢᠲᠤ ᠬᠡᠰᠡᠭ ᠵᠢᠴᠢ ᠬᠤᠪᠧᠶ ᠶᠢᠨ ᠵᠡᠭᠦᠨ ᠬᠤᠶᠢᠲᠤ ᠬᠡᠰᠡᠭ ᠵᠡᠷᠭᠡ ᠭᠠᠵᠠᠷ ᠲᠤ ᠲᠠᠪᠤᠨ ᠬᠤᠪᠢ ᠠᠴᠠ ᠬᠤᠶᠠᠷ ᠳᠠᠬᠢᠨ ᠢᠯᠡᠭᠦᠦ ᠪᠠᠶᠢᠵᠠᠢ᠃ ᠬᠡᠰᠡᠭ ᠳᠤᠮᠳᠠ ᠪᠠᠭ᠎ᠠ ᠭᠤᠣᠯ ᠤᠨ ᠤᠷᠤᠰᠬᠠᠯ ᠬᠡᠲᠤ ᠰᠡᠷᠡᠮᠵᠢ ᠳᠠᠪᠠᠵᠠᠢ᠃ ᠬᠡᠰᠡᠭ ᠭᠠᠵᠠᠷ ᠣᠷᠣᠨ ᠳᠤ ᠰᠢᠷᠦᠭᠦᠨ ᠪᠣᠷᠣᠭᠠᠨ ᠣᠷᠣᠵᠤ ᠵᠢᠶᠠᠩᠰᠢ᠂ ᠬᠤᠨᠠᠨ᠂ ᠹᠦᠵᠢᠶᠠᠨ᠂ ᠵᠧᠵᠢᠶᠠᠩ᠂ ᠭᠤᠸᠠᠩᠳᠦ᠋ᠩ ᠂ ᠭᠤᠸᠠᠩᠰᠢ ᠵᠡᠷᠭᠡ 6 ᠮᠤᠵᠢ ᠣᠷᠣᠨ ᠤ 50 ᠭᠤᠣᠯ ᠮᠥᠷᠡᠨ ᠬᠡᠲᠦ ᠰᠡᠷᠡᠮᠵᠢ ᠠᠴᠠ ᠳᠠᠪᠠᠵᠤ ᠦᠶᠡᠷ ᠤᠨ ᠭᠠᠮᠰᠢᠭ ᠭᠠᠷᠴᠤ᠂ ᠣᠶᠢᠷ᠎ᠠ ᠶᠢᠨ 3ᠵᠢᠯ ᠤᠨ ᠠᠳᠠᠯᠢ ᠬᠤᠭᠤᠴᠠᠭᠠᠨ ᠤ ᠬᠢᠨ ᠠᠴᠠ ᠨᠠᠢᠮᠠᠨ ᠬᠤᠪᠢ ᠳᠡᠭᠡᠭᠰᠢᠯᠡᠵᠡᠢ᠃  ᠤᠰᠤᠨ ᠠᠰᠢᠭᠯᠠᠯᠲᠠ ᠶᠢᠨ ᠶᠠᠮᠤᠨ ᠤ ᠤᠰᠤ ᠭᠠᠩ ᠤᠨ ᠭᠠᠮᠰᠢᠭ ᠢ ᠰᠡᠷᠭᠡᠶᠢᠯᠡᠬᠦ ᠵᠤᠷᠭᠠᠨ ᠤ ᠬᠠᠮᠢᠶ᠎ᠠ ᠪᠦᠬᠦᠢ ᠬᠠᠷᠢᠭᠤᠴᠠᠯᠭᠠᠲᠠᠨ ᠢᠯᠡᠷᠬᠡᠶᠢᠯᠡᠭᠰᠡᠨ ᠨᠢ᠂ ᠣᠶᠢᠷ᠎ᠠ ᠶᠢᠨ ᠬᠤᠭᠤᠴᠠᠭᠠᠨ ᠤ ᠡᠮᠦᠨᠡᠲᠦ ᠣᠷᠣᠨ ᠳᠤ ᠡᠭᠦᠰᠦᠭᠰᠡᠨ ᠰᠢᠷᠦᠭᠦᠨ ᠪᠣᠷᠣᠭᠠᠨ ᠤ ᠦᠶᠡᠷ᠂ ᠢᠯᠠᠩᠭᠤᠶ᠎ᠠ ᠵᠢᠶᠠᠩᠰᠢ ᠵᠡᠷᠭᠡ ᠭᠠᠵᠠᠷ ᠲᠤ ᠡᠭᠦᠰᠦᠭᠰᠡᠨ ᠰᠢᠷᠦᠭᠦᠨ ᠪᠣᠷᠣᠭᠠᠨ ᠤ ᠦᠶᠡᠷ ᠪᠠ ᠭᠡᠨᠡᠳᠲᠡ ᠶᠢᠨ ᠠᠶᠤᠯ ᠤᠨ ᠪᠠᠶᠢᠳᠠᠯ ᠳᠤ ᠴᠢᠭᠯᠡᠭᠦᠯᠦᠨ᠂ ᠤᠰᠤᠨ ᠠᠰᠢᠭᠯᠠᠯᠲᠠ ᠶᠢᠨ ᠶᠠᠮᠤᠨ ᠠᠴᠠ ᠴᠠᠭ ᠲᠤᠬᠠᠶ ᠳᠤᠨᠢ ᠠᠵᠢᠯᠯᠠᠬᠤ ᠳᠤᠭᠤᠶᠢᠯᠠᠩ ᠲᠣᠮᠢᠯᠠᠨ ᠲᠤᠬᠠᠶ ᠶᠢᠨ ᠲᠠᠯᠠᠪᠠᠶ ᠳᠤ ᠣᠴᠢᠭᠤᠯᠵᠤ ᠰᠢᠷᠦᠭᠦᠨ ᠪᠣᠷᠣᠭᠠᠨ ᠤ ᠦᠶᠡᠷ ᠤᠰᠤ ᠶᠢ ᠰᠡᠷᠭᠡᠶᠢᠯᠡᠨ ᠠᠷᠭᠠᠴᠠᠬᠤ᠂ ᠤᠰᠤᠨ ᠤ ᠢᠨᠵᠧᠨᠧᠷᠢᠩ ᠤᠨ ᠲᠣᠬᠢᠷᠠᠭᠤᠯᠤᠯᠲᠠ ᠪᠠ ᠲᠦᠭᠰᠢᠭᠦᠷᠢᠲᠦ ᠪᠠᠶᠢᠳᠠᠯ ᠢ ᠰᠢᠢᠳᠪᠦᠷᠢᠯᠡᠬᠦ ᠠᠵᠢᠯ ᠢ ᠵᠢᠯᠣᠭᠤᠳᠴᠠᠶ᠃ 
 
ᠢᠷᠡᠯᠲᠡ᠄ ᠠᠷᠠᠳ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号