ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠦᠢᠯᠡᠰ ᠤᠨ ᠬᠥᠭᠵᠢᠯᠲᠡ ᠶᠢᠨ ᠲᠥᠪ ᠨᠢ ᠵᠢᠵᠢᠭ ᠤᠰᠤᠨ ᠴᠠᠬᠢᠯᠭᠠᠨ ᠤ ᠠᠶᠤᠯᠭᠦᠢ ᠦᠢᠯᠡᠳᠪᠦᠷᠢᠯᠡᠯ ᠤᠨ ᠪᠠᠷᠢᠮᠵᠢᠶᠠᠵᠢᠭᠤᠯᠤᠯᠲᠠ ᠬᠢᠭᠡᠳ ᠪᠣᠬᠢᠷᠳᠤᠯ ᠦᠭᠡᠢ ᠵᠢᠵᠢᠭ ᠤᠰᠤᠨ ᠴᠠᠬᠢᠯᠭᠠᠨ ᠢ ᠡᠭᠦᠳᠦᠨ ᠪᠠᠶᠢᠭᠤᠯᠬᠤ ᠪᠤᠯᠪᠠᠰᠤᠷᠠᠯ ᠤᠨ ᠬᠤᠷᠠᠯ ᠡᠷᠬᠢᠯᠡᠪᠡ
ᠨᠡᠶᠢᠲᠡᠯᠡᠭᠰᠡᠨ ᠴᠠᠭ᠄
2023/5/9
  ᠵᠢᠵᠢᠭ ᠤᠰᠤᠨ ᠴᠠᠬᠢᠯᠭᠠᠨ ᠢ ᠪᠥᠬᠦ ᠲᠠᠯ᠎ᠠ ᠪᠠᠷ ᠲᠥᠷᠥᠯ ᠬᠤᠪᠢᠶᠠᠨ ᠴᠡᠭᠴᠡᠯᠡᠨ ᠰᠠᠶᠢᠵᠢᠷᠠᠭᠤᠯᠬᠤ ᠶᠢ ᠢᠳᠡᠪᠬᠢᠲᠡᠶ ᠯᠠᠪᠳᠠᠭᠤᠨ ᠢᠶᠠᠷ ᠠᠬᠢᠭᠤᠯᠬᠤ ᠶᠢᠨ ᠲᠤᠰᠠᠳᠠ᠂ ᠵᠢᠵᠢᠭ ᠤᠰᠤᠨ ᠴᠠᠬᠢᠯᠭᠠᠨ ᠤ ᠪᠣᠬᠢᠷᠲᠤᠯ ᠥᠬᠡᠶ ᠥᠭᠡᠷᠡᠴᠢᠯᠡᠯᠲᠡ ᠬᠢᠭᠡᠳ ᠣᠳᠣᠬᠢᠴᠢᠯᠠᠯᠲᠠ ᠶᠢᠨ ᠳᠡᠭᠡᠭᠰᠢᠯᠡᠯᠲᠡ ᠶᠢ ᠬᠡᠷᠡᠭᠵᠢᠭᠦᠯᠵᠦ᠂ ᠵᠢᠵᠢᠭ ᠤᠰᠤᠨ ᠴᠠᠬᠢᠯᠭᠠᠨ ᠤ ᠠᠮᠢ ᠠᠬᠤᠶ ᠶᠢᠨ ᠤᠷᠤᠰᠬᠠᠯ ᠤᠨ ᠬᠡᠮᠵᠢᠶ᠎ᠡ ᠶᠢ ᠨᠠᠶᠢᠳᠠᠪᠤᠷᠢᠵᠢᠭᠤᠯᠤᠨ᠂ ᠵᠢᠵᠢᠭ ᠤᠰᠤᠨ ᠴᠠᠬᠢᠯᠭᠠᠨ ᠤ ᠬᠥᠭᠵᠢᠯᠲᠡ ᠶᠢᠨ ᠪᠥᠬᠦ ᠲᠠᠯ᠎ᠠ ᠪᠠᠷ ᠪᠣᠬᠢᠷᠲᠤᠯ ᠥᠬᠡᠶ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠦᠷᠭᠦᠯᠵᠢᠯᠡᠨ ᠠᠬᠢᠭᠤᠯᠤᠨ᠎ᠠ᠃ 5 ᠳ᠋ᠤᠭᠠᠷ ᠰᠠᠷ᠎ᠠ ᠶᠢᠨ 8 ᠤ ᠡᠳᠦᠷ ᠠᠴᠠ 9 ᠤ ᠡᠳᠦᠷ ᠪᠣᠯᠲᠠᠯ᠎ᠠ᠂ ᠤᠰᠤᠨ ᠠᠰᠢᠭᠯᠠᠯᠲᠠ ᠶᠢᠨ ᠦᠢᠯᠡᠰ ᠤᠨ ᠬᠥᠭᠵᠢᠯᠲᠡ ᠶᠢᠨ ᠲᠥᠪ ᠨᠢ ᠬᠥᠬᠡᠬᠤᠲᠠ ᠳᠤ 2023 ᠣᠨ ᠤ ᠵᠢᠵᠢᠭ ᠤᠰᠤᠨ ᠴᠠᠬᠢᠯᠭᠠᠨ ᠤ ᠠᠶᠤᠯᠭᠦᠢ ᠦᠢᠯᠡᠳᠪᠦᠷᠢᠯᠡᠯ ᠤᠨ ᠪᠠᠷᠢᠮᠵᠢᠶᠠᠵᠢᠭᠤᠯᠤᠯᠲᠠ ᠬᠢᠭᠡᠳ ᠪᠣᠬᠢᠷᠲᠤᠯ ᠥᠬᠡᠶ ᠵᠢᠵᠢᠭ ᠤᠰᠤᠨ ᠴᠠᠬᠢᠯᠭᠠᠨ ᠢ ᠡᠭᠦᠳᠦᠨ ᠪᠠᠶᠢᠭᠤᠯᠬᠤ ᠪᠣᠯᠪᠠᠰᠤᠷᠠᠯ ᠤᠨ ᠬᠤᠷᠠᠯ ᠢ ᠡᠷᠭᠢᠯᠡᠪᠡ᠃ ᠤᠰᠤᠨ ᠠᠰᠢᠭᠯᠠᠯᠲᠠ ᠶᠢᠨ ᠦᠢᠯᠡᠰ ᠤᠨ ᠬᠥᠭᠵᠢᠯᠲᠡ ᠶᠢᠨ ᠲᠥᠪ ᠤᠨ ᠨᠠᠮ ᠤᠨ ᠬᠤᠷᠢᠶᠠᠨ ᠤ ᠳᠡᠳ᠋ ᠱᠦᠵᠢ᠂ ᠳᠡᠳ᠋ ᠡᠷᠬᠢᠯᠡᠭᠴᠢ ᠶᠧ ᠳ᠋ᠧ ᠴᠧᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃
小水电创建培训会议.jpg
  ᠲᠣᠰ ᠤᠳᠠᠭᠠᠨ ᠤ ᠪᠣᠯᠪᠠᠰᠤᠷᠠᠯ ᠳᠤ ᠳᠤᠮᠳᠠᠳᠤ ᠤᠯᠤᠰ ᠤᠨ ᠤᠰᠤᠨ ᠠᠰᠢᠭᠯᠠᠯᠲᠠ ᠤᠰᠤᠨ ᠴᠠᠬᠢᠯᠭᠠᠨ ᠤ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠤᠨ ᠤᠰᠤᠨ ᠴᠠᠬᠢᠯᠭᠠᠨ ᠤ ᠲᠥᠪ ᠤᠨ ᠳᠡᠭᠡᠳᠦ ᠵᠡᠷᠭᠡ ᠶᠢᠨ ᠢᠨᠵᠧᠨᠧᠷ ᠰᠦᠶ ᠰᠢᠨ᠂ ᠣᠯᠠᠨ ᠤᠯᠤᠰ ᠤᠨ ᠵᠢᠵᠢᠭ ᠤᠰᠤᠨ ᠴᠠᠬᠢᠯᠭᠠᠨ ᠤ ᠲᠥᠪ ᠤᠨ ᠳᠡᠭᠡᠳᠦ ᠵᠡᠷᠭᠡ ᠶᠢᠨ ᠢᠨᠵᠧᠨᠧᠷ ᠰᠦᠨ ᠯᠢ ᠵᠢᠴᠢ ᠤᠰᠤᠨ ᠠᠰᠢᠭᠯᠠᠯᠲᠠ ᠶᠢᠨ ᠶᠠᠮᠤᠨ ᠤ ᠬᠥᠳᠡᠭᠡ ᠲᠣᠰᠬᠤᠨ ᠤ ᠴᠠᠬᠢᠯᠭᠠᠨ ᠬᠢᠮᠢ ᠶᠢᠨ ᠰᠤᠳᠤᠯᠭᠠᠨ ᠤ ᠭᠠᠵᠠᠷ ᠤᠨ ᠳᠡᠭᠡᠳᠦ ᠵᠡᠷᠭᠡ ᠶᠢᠨ ᠢᠨᠵᠧᠨᠧᠷ ᠵᠧᠤ ᠯᠢ ᠨᠠ ᠵᠡᠷᠭᠡ ᠭᠤᠷᠪᠠᠨ ᠲᠤᠰᠬᠠᠶ ᠮᠡᠷᠭᠡᠵᠢᠯᠲᠡᠨ ᠢ ᠤᠷᠢᠵᠤ ᠬᠥᠳᠡᠭᠡ ᠲᠣᠰᠬᠤᠨ ᠤ ᠤᠰᠤᠨ ᠴᠠᠬᠢᠯᠭᠠᠨ ᠤ ᠥᠷᠲᠡᠭᠡ ᠶᠢᠨ ᠠᠶᠤᠯᠭᠦᠶ ᠦᠢᠯᠡᠳᠪᠦᠷᠢᠯᠡᠯ ᠤᠨ ᠪᠠᠷᠢᠮᠵᠢᠶ᠎ᠠ ᠶᠢ ᠡᠭᠦᠳᠦᠨ ᠪᠠᠶᠢᠭᠤᠯᠬᠤ᠂ ᠵᠢᠵᠢᠭ ᠤᠰᠤᠨ ᠴᠠᠬᠢᠯᠭᠠᠨ ᠤ ᠥᠷᠲᠡᠭᠡ ᠶᠢᠨ ᠠᠮᠢ ᠠᠬᠤᠶ ᠶᠢᠨ ᠤᠷᠤᠰᠬᠠᠯ ᠤᠨ ᠬᠡᠮᠵᠢᠶ᠎ᠡ ᠶᠢ ᠪᠠᠲᠤᠯᠠᠬᠤ ᠵᠢᠴᠢ ᠪᠣᠬᠢᠷᠲᠤᠯ ᠥᠬᠡᠶ ᠵᠢᠵᠢᠭ ᠤᠰᠤᠨ ᠴᠠᠬᠢᠯᠭᠠᠨ ᠢ ᠡᠭᠦᠳᠦᠨ ᠪᠠᠶᠢᠭᠤᠯᠬᠤ ᠪᠠᠷ ᠮᠡᠳᠡᠭᠦᠯᠬᠦ ᠵᠡᠷᠭᠡ ᠲᠠᠯ᠎ᠠ ᠪᠠᠷ ᠨᠠᠷᠢᠨ ᠲᠠᠶᠢᠯᠤᠮᠵᠢ ᠬᠢᠯᠭᠡᠵᠡᠶ᠃ ᠥᠪᠡᠷᠲᠡᠭᠡᠨ ᠵᠠᠰᠠᠬᠤ ᠣᠷᠣᠨ ᠤ ᠵᠢᠵᠢᠭ ᠤᠰᠤᠨ ᠴᠠᠬᠢᠯᠭᠠᠨ ᠤ ᠠᠶᠤᠯ ᠦᠭᠡᠶ ᠦᠢᠯᠡᠳᠪᠦᠷᠢᠯᠡᠯ ᠤᠨ ᠪᠠᠷᠢᠮᠵᠢᠶᠠᠵᠢᠭᠤᠯᠬᠤ ᠪᠦᠲᠦᠭᠡᠨ ᠪᠠᠶᠢᠭᠤᠯᠤᠯᠲᠠ ᠬᠢᠭᠡᠳ ᠪᠣᠬᠢᠷᠲᠤᠯ ᠦᠭᠡᠶ ᠵᠢᠵᠢᠭ ᠤᠰᠤᠨ ᠴᠠᠬᠢᠯᠭᠠᠨ ᠤ ᠵᠢᠱᠢᠶ᠎ᠡ ᠦᠵᠡᠭᠦᠯᠬᠦ ᠴᠠᠬᠢᠯᠭᠠᠨ ᠥᠷᠲᠡᠭᠡ ᠶᠢ ᠡᠭᠦᠳᠦᠨ ᠪᠠᠶᠢᠭᠤᠯᠬᠤ ᠠᠵᠢᠯ ᠢ ᠵᠢᠯᠣᠭᠤᠳᠬᠤ᠂ ᠥᠪᠡᠷᠲᠡᠭᠡᠨ ᠵᠠᠰᠠᠬᠤ ᠣᠷᠣᠨ ᠤ ᠵᠢᠵᠢᠭ ᠤᠰᠤᠨ ᠴᠠᠬᠢᠯᠭᠠᠨ ᠤ ᠦᠢᠯᠡᠰ ᠤᠨ ᠠᠵᠢᠯᠲᠠᠨ ᠤ ᠲᠤᠬᠠᠶᠢᠯᠠᠭᠰᠠᠨ ᠠᠵᠢᠯ ᠤᠨ ᠴᠢᠳᠠᠪᠤᠷᠢ ᠶᠢ ᠳᠡᠭᠡᠭᠰᠢᠯᠡᠭᠦᠯᠬᠦ ᠪᠠ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠤ ᠤᠰᠤᠨ ᠴᠠᠬᠢᠯᠭᠠᠨ ᠤ ᠠᠶᠤᠯᠭᠦᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠪᠦᠬᠦ ᠲᠠᠯ᠎ᠠ ᠪᠠᠷ ᠳᠡᠭᠡᠭᠰᠢᠯᠡᠭᠦᠯᠬᠦ ᠳᠤ ᠴᠢᠬᠤᠯᠠ ᠠᠴᠢ ᠬᠤᠯᠪᠣᠭᠳᠠᠯ ᠲᠠᠢ ᠶᠤᠮ᠃
小水电创建培训会议2.jpg
  ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠲᠠᠷᠢᠶᠠᠯᠠᠩ ᠮᠠᠯ ᠠᠵᠤ ᠠᠬᠤᠶ ᠶᠢᠨ ᠭᠠᠵᠠᠷ᠂ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠦᠢᠯᠡᠰ ᠤᠨ ᠬᠥᠭᠵᠢᠯᠲᠡ ᠶᠢᠨ ᠲᠥᠪ᠂ ᠬᠠᠮᠢᠶ᠎ᠠ ᠪᠥᠬᠦᠶ ᠠᠶᠢᠮᠠᠭ ᠬᠤᠲᠠ᠂ ᠬᠤᠰᠢᠭᠤ ᠰᠢᠶᠠᠨ ︵ᠲᠣᠭᠤᠷᠢᠭ︶ ᠤ ᠤᠰᠤᠨ ᠠᠰᠢᠭᠯᠠᠯᠲᠠ ᠶᠢᠨ ᠰᠠᠯᠠᠭ᠎ᠠ ᠮᠥᠴᠢᠷ᠂ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠤᠰᠤᠨ ᠴᠠᠬᠢᠯᠭᠠᠨ ᠤ ᠬᠠᠶᠢᠨ ᠰᠢᠨᠵᠢᠯᠡᠵᠦ ᠵᠢᠷᠤᠵᠤ ᠲᠥᠯᠥᠪᠯᠡᠬᠦ ᠬᠢᠵᠠᠭᠠᠷᠲᠤ ᠺᠣᠮᠫᠠᠨᠢ᠂ ᠤᠰᠤᠨ ᠴᠠᠬᠢᠯᠭᠠᠨ ᠤ ᠥᠷᠲᠡᠭᠡ᠂ ᠴᠠᠬᠢᠯᠭᠠᠨ ᠥᠷᠲᠡᠭᠡᠨ ᠤ ᠲᠥᠪᠯᠡᠷᠡᠭᠦᠯᠦᠨ ᠡᠵᠡᠮᠳᠡᠵᠦ ᠡᠵᠡᠩᠨᠡᠬᠦ ᠨᠢᠭᠡᠴᠢ᠂ ᠭᠤᠷᠪᠠᠳᠠᠬᠢ ᠡᠲᠡᠭᠡᠳ ᠤᠨ ᠮᠡᠷᠭᠡᠵᠢᠯ ᠤᠨ ᠨᠢᠭᠡᠴᠢ ᠵᠡᠷᠭᠡ ᠬᠤᠯᠪᠣᠭᠳᠠᠯ ᠪᠥᠬᠦᠶ ᠨᠥᠬᠦᠳ ᠵᠢᠷᠠ ᠰᠢᠬᠠᠮ ᠬᠥᠮᠦᠨ ᠬᠤᠷᠠᠯ ᠳᠤ ᠣᠷᠣᠯᠴᠠᠵᠠᠶ᠃  ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠦᠢᠯᠡᠰ ᠤᠨ ᠬᠥᠭᠵᠢᠭᠦᠯᠦᠯᠲᠡ ᠶᠢᠨ ᠲᠥᠪ ᠤᠨ ᠲᠠᠷᠢᠶᠠᠯᠠᠬᠤ ᠮᠠᠯᠵᠢᠬᠤ ᠣᠷᠣᠨ ᠤ ᠤᠰᠤ ᠬᠠᠩᠭᠠᠬᠤ ᠬᠡᠯᠲᠡᠰ ︵ᠤᠰᠤᠯᠠᠵᠤ ᠵᠠᠯᠠᠬᠤ ᠬᠡᠯᠲᠡᠰ︶ ᠤᠨ ᠡᠬᠡ ᠪᠢᠴᠢᠭ ᠬᠠᠩᠭᠠᠪᠠ     
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号