ᠡᠯ᠎ᠡ ᠠᠶᠢᠮᠠᠭ ᠬᠤᠲᠠ ᠶᠢᠨ ᠤᠰᠤᠨ ᠠᠰᠢᠭᠯᠠᠯᠲᠠ ︵ᠤᠰᠤᠨ ᠤ ᠶᠠᠪᠤᠳᠠᠯ︶ ᠶᠢᠨ ᠲᠣᠪᠴᠢᠶ᠎ᠠ᠂ ᠲᠢᠩᠬᠢᠮ ᠤᠨ | ᠪᠠᠶᠢᠭᠤᠯᠭ᠎ᠠ ᠶᠢᠨ ᠡᠯ᠎ᠡ ᠭᠠᠵᠠᠷ ᠠᠯᠪᠠᠨ ᠭᠡᠷ᠂ ᠲᠢᠩᠬᠢᠮ ᠳᠤ ᠬᠠᠷᠢᠶᠠᠯᠠᠭᠳᠠᠬᠤ ᠡᠯ᠎ᠡ ᠨᠢᠭᠡᠴᠢ᠂ ᠡᠯ᠎ᠡ ᠬᠠᠮᠢᠶ᠎ᠠ ᠪᠦᠬᠦᠢ | ᠨᠢᠭᠡᠴᠢ ᠳᠤ᠄ | ︽2023 ᠣᠨ ᠤ ︿ᠠᠶᠤᠯᠭᠦᠢ ᠦᠢᠯᠡᠳᠪᠦᠷᠢᠯᠡᠯ ᠤᠨ ᠰᠠᠷ᠎ᠠ﹀ ᠶᠢᠨ ᠠᠵᠢᠯᠯᠠᠭ᠎ᠠ ᠶᠢ ᠥᠷᠨᠢᠭᠦᠯᠬᠦ ᠲᠤᠬᠠᠶ | ᠤᠰᠤᠨ ᠠᠰᠢᠭᠯᠠᠯᠲᠠ ᠶᠢᠨ ᠶᠠᠮᠤᠨ ᠤ ᠠᠯᠪᠠᠨ ᠲᠢᠩᠬᠢᠮ ᠤᠨ ᠮᠡᠳᠡᠭᠳᠡᠯ︾ ᠪᠠ ︽2023 ᠣᠨ ᠤ ︿ᠠᠶᠤᠯᠭᠦᠢ | ᠦᠢᠯᠡᠳᠪᠦᠷᠢᠯᠡᠯ ᠤᠨ ᠰᠠᠷ᠎ᠠ﹀ ᠶᠢᠨ ᠠᠵᠢᠯᠯᠠᠭ᠎ᠠ ᠶᠢ ᠥᠷᠨᠢᠭᠦᠯᠬᠦ ᠲᠤᠬᠠᠶ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠮᠡᠳᠡᠭᠳᠡᠯ︾ ᠤᠨ ᠱᠠᠭᠠᠷᠳᠠᠯᠭ᠎ᠠ ᠶᠢ ᠦᠨᠳᠦᠰᠦᠯᠡᠨ | ᠰᠤᠳᠤᠯᠬᠤ ᠪᠠᠷ ᠳᠡᠮᠵᠢᠨ᠂ 2023 ᠣᠨ ᠤ 6 ᠳ᠋ᠤᠭᠠᠷ ᠰᠠᠷ᠎ᠠ ᠳᠤ ᠪᠥᠬᠦ ᠣᠷᠣᠨ ᠤ ᠤᠰᠤᠨ ᠠᠰᠢᠭᠯᠠᠯᠲᠠ ᠶᠢᠨ | ᠰᠢᠰᠲ᠋ᠧᠮ ᠳᠤ ︽ᠬᠥᠮᠦᠨ ᠪᠦᠬᠦᠨ ᠠᠮᠤᠷ ᠲᠦᠪᠰᠢᠨ ᠢ ᠡᠷᠬᠢᠮᠯᠡᠵᠦ᠂ ᠬᠥᠮᠦᠨ ᠪᠦᠬᠦᠨ ᠪᠠᠴᠢᠮ ᠪᠠᠶᠢᠳᠠᠯ ᠢ | ᠠᠷᠭᠠᠴᠠᠬᠤ︾ ᠪᠠᠷ ᠭᠤᠤᠯ ᠰᠡᠳᠦᠪ ᠪᠣᠯᠭᠠᠭᠰᠠᠨ ᠤᠰᠤᠨ ᠠᠰᠢᠭᠯᠠᠯᠲᠠ ᠶᠢᠨ ︽ᠠᠶᠤᠯᠭᠦᠢ ᠦᠢᠯᠡᠳᠪᠦᠷᠢᠯᠡᠯ ᠤᠨ | ᠰᠠᠷ᠎ᠠ︾ ᠶᠢᠨ ᠠᠵᠢᠯᠯᠠᠭ᠎ᠠ ᠶᠢ ᠥᠷᠨᠢᠭᠦᠯᠬᠦ ᠪᠠᠷ ᠲᠣᠭᠲᠠᠪᠠ᠂ ᠡᠳᠦᠭᠡ ᠬᠤᠯᠪᠣᠭᠳᠠᠯ ᠪᠥᠬᠦᠶ ᠱᠠᠭᠠᠷᠳᠠᠯᠭ᠎ᠠ ᠶᠢ | ᠳᠤᠤᠷᠠᠬᠢ ᠮᠡᠲᠦ ᠮᠡᠳᠡᠭᠳᠡᠶ᠎ᠡ᠃ | ᠨᠢᠭᠡ᠂ ᠶᠡᠷᠦᠩᠬᠡᠶ ᠱᠠᠭᠠᠷᠳᠠᠯᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠᠷ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠣᠯᠤᠨ ᠶᠡᠷᠦᠩᠬᠡᠢ ᠱᠦᠵᠢ | ᠰᠢ ᠶᠢᠨ ᠫᠢᠩ ᠤᠨ ᠠᠶᠤᠯᠭᠦᠢ ᠦᠢᠯᠡᠳᠪᠦᠷᠢᠯᠡᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠤᠬᠠᠭᠤᠯᠤᠨ | ᠲᠤᠭᠤᠰᠢᠯᠠᠭᠤᠯᠪᠠ᠂ ᠠᠮᠤᠷ ᠲᠦᠪᠰᠢᠨ ᠢ ᠲᠡᠷᠢᠭᠦᠨ ᠳᠤ ᠲᠠᠯᠪᠢᠬᠤ ᠶᠢ ᠪᠠᠷᠢᠮᠳᠠᠯᠠᠵᠦ᠂ ᠰᠡᠷᠭᠡᠶᠢᠯᠡᠬᠦ ᠪᠠᠷ ᠭᠤᠣᠯ | ᠪᠣᠯᠭᠠᠬᠤ᠂ ᠠᠮᠤᠷ ᠲᠦᠪᠰᠢᠨ ᠤ ᠤᠯᠠᠭᠠᠨ ᠱᠤᠭᠤᠮ ᠤᠨ ᠤᠬᠠᠮᠰᠠᠷ ᠢ ᠦᠷᠭᠦᠯᠵᠢᠯᠡᠨ ᠪᠠᠲᠤ ᠪᠤᠢ ᠪᠣᠯᠭᠠᠬᠤ | ᠬᠡᠷᠡᠭᠲᠡᠶ᠂ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠠᠬᠢᠭᠤᠯᠵᠦ᠂ | ᠲᠦᠭᠰᠢᠭᠦᠷᠢ ᠶᠢᠨ ᠳᠠᠯᠳᠠ ᠭᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠶᠠᠰᠤ ᠴᠢᠨᠠᠷ ᠢ ᠦᠨᠡᠨ ᠬᠦ | ᠳᠡᠭᠡᠭᠰᠢᠯᠡᠭᠦᠯᠬᠦ ᠬᠡᠷᠡᠭᠲᠡᠶ᠂ ᠬᠥᠮᠦᠨ ᠪᠣᠯᠭᠠᠨ ᠠᠮᠤᠷ ᠲᠦᠪᠰᠢᠨ ᠢ ᠡᠷᠬᠢᠮᠯᠡᠬᠦ᠂ ᠨᠢᠭᠡ ᠨᠢᠭᠡ ᠪᠠᠷ ᠢᠶᠠᠨ ᠪᠠᠴᠢᠮ | ᠪᠠᠶᠢᠳᠠᠯ ᠢ ᠠᠷᠭᠠᠴᠠᠬᠤ ᠪᠠᠷ ᠭᠤᠣᠯᠳᠠᠯᠭ᠎ᠠ ᠪᠣᠯᠭᠠᠨ 2023 ᠣᠨ ᠤ ᠪᠥᠬᠦ ᠣᠷᠣᠨ ᠤ ᠤᠰᠤᠨ ᠠᠰᠢᠭᠯᠠᠯᠲᠠ ᠶᠢᠨ | ︽ᠠᠶᠤᠯᠭᠦᠢ ᠦᠢᠯᠡᠳᠪᠦᠷᠢᠯᠡᠯ ᠤᠨ ᠰᠠᠷ᠎ᠠ︾ ᠶᠢᠨ ᠠᠵᠢᠯᠯᠠᠭ᠎ᠠ ᠶᠢ ᠭᠤᠤᠯᠳᠠᠯᠭ᠎ᠠ ᠲᠠᠢ ᠥᠷᠨᠢᠭᠦᠯᠬᠦ ᠬᠡᠷᠡᠭᠲᠡᠶ᠂ | ᠬᠥᠮᠦᠵᠢᠯ ᠪᠤᠯᠪᠠᠰᠤᠷᠠᠯ ᠥᠷᠨᠢᠭᠦᠯᠬᠦ ᠂ ᠳᠠᠯᠳᠠ ᠭᠡᠮ ᠢ ᠢᠯᠡᠴᠢᠯᠡᠬᠦ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ᠂ | ᠲᠤᠷᠰᠢᠯᠭ᠎ᠠ ᠳᠡᠯᠭᠡᠷᠡᠭᠦᠯᠬᠦ᠂ ᠬᠡᠷᠡᠭ ᠤᠨ ᠵᠢᠱᠢᠶ᠎ᠡ ᠶᠢᠨ ᠰᠡᠷᠡᠮᠵᠢ᠂ ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ᠂ | ᠮᠡᠳᠡᠯᠭᠡ ᠲᠦᠭᠡᠮᠡᠯᠵᠢᠭᠦᠯᠬᠦ ᠵᠡᠷᠭᠡ ᠰᠦᠷ ᠬᠦᠴᠦᠨ ᠲᠠᠢ ᠮᠥᠷᠲᠡᠭᠡᠨ ᠪᠣᠳᠠᠲᠤ ᠦᠷ᠎ᠡ ᠪᠦᠲᠦᠮᠵᠢᠲᠡᠶ ᠤᠬᠠᠭᠤᠯᠭ᠎ᠠ | ᠬᠥᠮᠦᠵᠢᠯ ᠤᠨ ᠠᠵᠢᠯᠯᠠᠭ᠎ᠠ ᠦᠷᠨᠢᠭᠦᠯᠬᠦ ᠪᠠᠷ ᠳᠠᠮᠵᠢᠭᠤᠯᠤᠨ᠂ ᠤᠰᠤᠨ ᠠᠰᠢᠭᠯᠠᠯᠲᠠ ᠶᠢᠨ ᠺᠠᠳ᠋ᠷ ᠠᠵᠢᠯᠲᠠᠨ | ᠠᠵᠢᠯᠴᠢᠨ ᠤ ᠠᠮᠤᠷ ᠲᠦᠪᠰᠢᠨ ᠤ ᠬᠡᠪ ᠴᠢᠨᠠᠷ ᠢ ᠳᠡᠭᠡᠭᠰᠢᠯᠡᠭᠦᠯᠵᠦ᠂ ᠤᠰᠤᠨ ᠠᠰᠢᠭᠯᠠᠯᠲᠠ ᠶᠢᠨ ᠠᠵᠢᠯ | ᠲᠥᠷᠥᠯ ᠤᠨ ᠠᠶᠤᠯᠭᠦᠢ ᠦᠢᠯᠡᠳᠪᠦᠷᠢᠯᠡᠯ ᠤᠨ ᠦᠵᠡᠯ ᠤᠬᠠᠮᠰᠠᠷ ᠪᠣᠯᠤᠨ ᠠᠶᠤᠯ ᠠᠴᠠ ᠵᠠᠶᠢᠯᠠᠵᠤ ᠠᠮᠢ ᠵᠢᠭᠤᠲᠠᠬᠤ | ᠴᠢᠳᠠᠪᠤᠷᠢ ᠶᠢ ᠴᠢᠩᠭᠠᠷᠠᠭᠤᠯᠤᠨ᠂ ᠠᠶᠤᠯᠭᠦᠶ ᠦᠢᠯᠡᠳᠪᠦᠷᠢᠯᠡᠯ ᠤᠨ ᠰᠠᠶᠢᠨ ᠰᠠᠶᠢᠬᠠᠨ ᠠᠭᠤᠷ ᠠᠮᠢᠰᠬᠤᠯ ᠢ ᠪᠣᠶ | ᠪᠣᠯᠭᠠᠵᠤ᠂ ᠤᠰᠤᠨ ᠠᠰᠢᠭᠯᠠᠯᠲᠠ ᠶᠢᠨ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠤᠨ ᠦᠷᠭᠦᠯᠵᠢᠯᠡᠨ ᠲᠣᠭᠲᠠᠭᠤᠨ | ᠪᠠᠶᠢᠬᠤ ᠶᠢ ᠠᠬᠢᠭᠤᠯᠤᠨ᠎ᠠ᠃ | ᠬᠤᠶᠠᠷ᠂ ᠠᠵᠢᠯᠯᠠᠭ᠎ᠠ ᠶᠢᠨ ᠠᠭᠤᠯᠭ᠎ᠠ | ︵ᠨᠢᠭᠡ︶ ᠶᠡᠷᠦᠩᠬᠡᠶ ᠱᠦᠵᠢ ᠰᠢ ᠶᠢᠨ ᠫᠢᠩ ᠤᠨ ᠠᠶᠤᠯᠭᠦᠢ ᠦᠢᠯᠡᠳᠪᠦᠷᠢᠯᠡᠯ ᠤᠨ ᠲᠤᠬᠠᠶ ᠴᠢᠬᠤᠯᠠ | ᠥᠭᠦᠯᠡᠯᠲᠡ ᠶᠢ ᠤᠬᠠᠭᠤᠯᠤᠨ ᠲᠤᠭᠤᠰᠢᠯᠠᠭᠤᠯᠬᠤ ᠠᠵᠢᠯᠯᠠᠭ᠎ᠠ ᠶᠢ ᠭᠦᠨᠵᠡᠭᠡᠶ ᠥᠷᠨᠢᠭᠦᠯᠦᠨ᠎ᠡ | ᠶᠡᠷᠦᠩᠬᠡᠶ ᠱᠦᠵᠢ ᠰᠢ ᠶᠢᠨ ᠫᠢᠩ ᠤᠨ ᠠᠶᠤᠯᠭᠦᠢ ᠦᠢᠯᠡᠳᠪᠦᠷᠢᠯᠡᠯ ᠤᠨ ᠢᠯᠠᠩᠭᠤᠶ᠎ᠠ ᠠᠮᠤᠷ ᠲᠦᠪᠰᠢᠨ ᠤ | ᠤᠯᠠᠭᠠᠨ ᠱᠤᠭᠤᠮ ᠤᠨ ᠲᠤᠬᠠᠶ ᠴᠢᠬᠤᠯᠠ ᠥᠭᠦᠯᠡᠯᠲᠡ ᠶᠢᠨ ᠲᠣᠭᠤᠷᠢᠨ ᠳᠤ ᠤᠬᠠᠭᠤᠯᠤᠨ ᠲᠤᠭᠤᠰᠢᠯᠠᠭᠤᠯᠬᠤ | ᠠᠵᠢᠯᠯᠠᠭ᠎ᠠ ᠥᠷᠨᠢᠭᠦᠯᠦᠨ᠂ ᠡᠯ᠎ᠡ ᠠᠶᠢᠮᠠᠭ ᠬᠤᠲᠠ ᠡᠯ᠎ᠡ ᠬᠤᠰᠢᠭᠤ ᠰᠢᠶᠠᠨ ᠤ ᠤᠰᠤᠨ ᠤ ᠵᠠᠰᠠᠭ ᠵᠠᠬᠢᠷᠭᠠᠨ ᠤ | ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠬᠠᠷᠢᠶ᠎ᠠ ᠣᠷᠣᠨ ᠤ ᠪᠠᠨ ᠳᠣᠲᠣᠷᠠᠬᠢ ᠤᠰᠤᠨ ᠤ ᠵᠠᠰᠠᠭ | ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠣᠯᠤᠨ ᠤᠰᠤᠨ ᠠᠰᠢᠭᠯᠠᠯᠲᠠ ᠶᠢᠨ ᠦᠢᠯᠡᠳᠪᠦᠷᠢᠯᠡᠯ | ᠡᠵᠡᠩᠨᠡᠯᠲᠡ ᠶᠢᠨ ᠨᠢᠭᠡᠴᠢ ᠶᠢᠨ ᠭᠤᠤᠯ ᠬᠠᠷᠢᠭᠤᠴᠠᠯᠭᠠᠲᠠᠨ ᠢ ᠵᠣᠬᠢᠶᠠᠨ ᠪᠠᠶᠢᠭᠤᠯᠤᠨ ᠤᠬᠠᠭᠤᠯᠤᠨ ᠲᠠᠶᠢᠯᠪᠤᠷᠢᠯᠠᠬᠤ | ᠠᠵᠢᠯᠯᠠᠭ᠎ᠠ ᠥᠷᠨᠢᠭᠦᠯᠵᠦ᠂ ᠰᠢᠭᠦᠮᠵᠢ ᠶᠢᠨ ᠵᠣᠬᠢᠶᠠᠯ ᠪᠤᠶᠤ ᠣᠯᠤᠯᠲᠠ ᠲᠥᠷᠥᠭᠳᠡᠯ ᠢᠶᠠᠨ ᠨᠡᠶᠢᠲᠡᠯᠡᠬᠦ ᠬᠡᠷᠡᠭᠲᠡᠶ᠃ | ᠡᠯ᠎ᠡ ᠤᠰᠤᠨ ᠠᠰᠢᠭᠯᠠᠯᠲᠠ ᠶᠢᠨ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ ᠨᠦᠭᠦᠳ ︽ᠠᠶᠤᠯᠭᠦᠢ | ᠦᠢᠯᠡᠳᠪᠦᠷᠢᠯᠡᠯ ᠢ ᠣᠯᠠᠨ ᠢᠶᠠᠷ ᠢᠶᠠᠨ ᠶᠠᠷᠢᠯᠴᠠᠬᠤ︾᠂ ︽ᠠᠩᠭᠢ ᠶᠢᠨ ᠡᠮᠦᠨᠡᠬᠢ ᠬᠤᠷᠠᠯ︾᠂ ︽ᠬᠡᠷᠡᠭ ᠢᠶᠠᠷ | ᠬᠠᠤᠯᠢ ᠲᠠᠶᠢᠯᠪᠤᠷᠢᠯᠠᠬᠤ︾ ᠵᠡᠷᠭᠡ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ ᠪᠠᠶᠢᠭᠠᠳ ᠰᠤᠷᠤᠯᠴᠠᠭᠰᠠᠨ | ᠲᠥᠷᠥᠭᠳᠡᠯ ᠢᠶᠠᠨ ᠰᠣᠯᠢᠯᠴᠠᠨ᠂ ᠰᠡᠷᠡᠮᠵᠢᠯᠡᠭᠦᠯᠬᠦ ᠬᠥᠮᠦᠵᠢᠯ ᠬᠢᠬᠦ ᠬᠡᠷᠡᠭᠲᠡᠶ᠃ ᠲᠢᠩᠬᠢᠮ ᠤᠨ ᠰᠢᠭᠤᠳ ᠬᠠᠷᠢᠶ᠎ᠠ ᠡᠯ᠎ᠡ | ᠨᠢᠭᠡᠴᠢ ᠶᠢᠨ ᠬᠢᠨ ᠶᠡᠷᠦᠩᠬᠡᠢ ᠱᠦᠵᠢ ᠰᠢ ᠶᠢᠨ ᠫᠢᠩ ᠤᠨ ᠠᠶᠤᠯᠭᠦᠢ ᠦᠢᠯᠡᠳᠪᠦᠷᠢᠯᠡᠯ ᠤᠨ ᠲᠤᠬᠠᠢ ᠴᠢᠬᠤᠯᠠ | ᠥᠭᠦᠯᠡᠯᠲᠡ ᠶᠢ ᠤᠬᠠᠭᠤᠯᠤᠨ ᠲᠤᠭᠤᠰᠢᠯᠠᠭᠤᠯᠬᠤ ᠠᠵᠢᠯᠯᠠᠭ᠎ᠠ ᠶᠢ ᠰᠠᠶᠢᠲᠤᠷ ᠵᠣᠬᠢᠶᠠᠨ ᠪᠠᠶᠢᠭᠤᠯᠤᠨ ᠥᠷᠨᠢᠭᠦᠯᠬᠦ | ᠬᠡᠷᠡᠭᠲᠡᠢ᠃ ᠠᠵᠢᠯᠯᠠᠭ᠎ᠠ ᠪᠠᠷ ᠳᠠᠮᠵᠢᠭᠤᠯᠤᠨ᠂ ᠲᠦᠢᠯ ᠤᠨ ᠲᠣᠳᠣᠷᠬᠠᠢ᠂ ᠲᠦᠢᠯ ᠤᠨ ᠡᠷᠡᠰ ᠴᠢᠩᠭ᠎ᠠ ᠣᠪᠣᠷ ᠢᠶᠠᠷ | ᠠᠮᠤᠷ ᠲᠦᠪᠰᠢᠨ ᠤ ᠤᠯᠠᠭᠠᠨ ᠱᠤᠭᠤᠮ ᠤᠨ ᠤᠬᠠᠮᠰᠠᠷ ᠢ ᠪᠠᠲᠤ ᠪᠤᠢ ᠪᠣᠯᠭᠠᠬᠤ ᠬᠡᠷᠡᠭᠲᠡᠢ᠃ | ︵ᠬᠤᠶᠠᠷ︶ ᠪᠦᠬᠦ ᠣᠷᠣᠨ ᠤ ︽ᠠᠶᠤᠯᠭᠦᠢ ᠦᠢᠯᠡᠳᠪᠦᠷᠢᠯᠡᠯ ᠤᠨ ᠰᠠᠷ᠎ᠠ︾ ᠶᠢᠨ ᠠᠵᠢᠯᠯᠠᠭ᠎ᠠ ᠶᠢ ᠬᠢᠨᠠᠮᠠᠭᠠᠶ | ᠥᠷᠨᠢᠭᠦᠯᠬᠦ ᠬᠡᠷᠡᠭᠲᠡᠶ | 2023 ᠣᠨ ᠤ ᠪᠥᠬᠦ ᠣᠷᠣᠨ ᠤ ︽ᠠᠶᠤᠯᠭᠦᠢ ᠦᠢᠯᠡᠳᠪᠦᠷᠢᠯᠡᠯ ᠤᠨ ᠰᠠᠷ᠎ᠠ︾ ᠶᠢᠨ ᠡᠯ᠎ᠡ ᠵᠦᠢᠯ ᠤᠨ | ᠠᠵᠢᠯᠯᠠᠭ᠎ᠠ ᠳᠤ ᠢᠳᠡᠪᠬᠢᠲᠡᠶ ᠣᠷᠣᠯᠴᠠᠵᠤ᠂ ᠪᠥᠬᠦ ᠣᠷᠣᠨ ᠤ ᠤᠰᠤᠨ ᠠᠰᠢᠭᠯᠠᠯᠲᠠ ᠶᠢᠨ ᠬᠦᠨᠳᠦ ᠶᠡᠭᠡ ᠠᠳᠡᠯ ᠤᠨ | ᠳᠠᠯᠳᠡ ᠭᠡᠮ ᠢ ᠲᠤᠰᠬᠠᠶᠢᠯᠠᠨ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ 2023 ᠠᠵᠢᠯᠯᠠᠭ᠎ᠠ ᠶᠢᠨ | ᠱᠠᠭᠠᠷᠳᠠᠯᠭ᠎ᠠ ᠶᠢᠨ ᠲᠣᠭᠤᠷᠢᠨ ᠳᠤ᠂ ᠤᠰᠤᠨ ᠠᠰᠢᠭᠯᠠᠯᠲᠠ ᠶᠢᠨ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ ᠶᠢᠨ | ᠭᠤᠤᠯ ᠬᠠᠷᠢᠭᠤᠴᠠᠯᠭᠠᠲᠠᠨ ᠤ ︽ᠲᠠᠪᠤ ᠶᠢ ᠲᠦᠷᠦᠭᠦᠯᠡᠨ ᠬᠢᠬᠦ︾ ︵ᠲᠣᠰ ᠨᠢᠭᠡᠴᠢ ᠶᠢᠨ ᠬᠦᠨᠳᠦ ᠶᠡᠭᠡ ᠠᠳᠡᠯ ᠤᠨ | ᠳᠠᠯᠳᠠ ᠬᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠲᠦᠷᠦᠭᠦᠯᠡᠨ ᠰᠤᠳᠤᠯᠵᠤ ᠵᠣᠬᠢᠶᠠᠨ ᠪᠠᠶᠢᠭᠤᠯᠬᠤ᠂ | ᠪᠥᠬᠦ ᠠᠵᠢᠯᠲᠠᠨ ᠤ ᠠᠶᠤᠯᠭᠦᠢ ᠦᠢᠯᠡᠳᠪᠦᠷᠢᠯᠡᠯ ᠤᠨ ᠠᠵᠢᠯ ᠤᠨ ᠪᠠᠶᠢᠷᠢ ᠶᠢᠨ ᠬᠠᠷᠢᠭᠤᠴᠠᠯᠭ᠎ᠠ ᠶᠢ ᠲᠦᠷᠦᠭᠦᠯᠡᠨ | ᠨᠠᠶᠢᠳᠠᠪᠤᠷᠢᠵᠢᠭᠤᠯᠵᠤ ᠬᠠᠮᠢᠶᠠᠷᠤᠯᠲᠠ ᠶᠢᠨ ᠪᠦᠯᠬᠦᠮ ᠨᠡᠶᠢᠲᠡ ᠪᠠ ᠲᠤᠰᠬᠠᠶ ᠮᠡᠷᠭᠡᠵᠢᠯᠲᠡᠨ ᠤ ᠦᠢᠯᠡᠳᠦᠯ ᠢ | ᠪᠠᠳᠠᠷᠠᠭᠤᠯᠬᠤ᠂ ᠲᠦᠷᠦᠭᠦᠯᠡᠨ ᠭᠠᠯ ᠭᠠᠷᠤᠭᠰᠠᠨ ᠵᠡᠷᠭᠡ ᠠᠶᠤᠯᠲᠠᠶ ᠠᠵᠢᠯ ᠢ ᠵᠢᠭᠰᠠᠭᠠᠨ ᠪᠠᠶᠢᠴᠠᠭᠠᠵᠤ ᠴᠡᠭᠴᠡᠯᠡᠨ | ᠵᠠᠰᠠᠬᠤ᠂ ᠲᠦᠷᠦᠭᠦᠯᠡᠨ ᠭᠠᠳᠠᠭᠰᠢ ᠳᠠᠭᠠᠭᠠᠴᠢᠯᠠᠭᠤᠯᠤᠨ ᠲᠦᠷᠢᠶᠡᠰᠦᠯᠡᠭᠦᠯᠬᠦ ᠵᠡᠷᠭᠡ ᠦᠢᠯᠡᠳᠪᠦᠷᠢᠯᠡᠯ | ᠡᠵᠡᠩᠨᠡᠯᠲᠡ ᠶᠢᠨ ᠠᠵᠢᠯᠯᠠᠭ᠎ᠠ ᠶᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ᠂ ᠲᠦᠷᠦᠭᠦᠯᠡᠨ ᠠᠳᠡᠯ ᠤᠨ ᠪᠠᠴᠢᠮ | ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠰᠣᠷᠢᠯᠲᠠ ᠶᠢᠨ ᠠᠵᠢᠯᠯᠠᠭ᠎ᠠ ᠦᠷᠨᠢᠭᠦᠯᠬᠦ︶ ᠠᠬᠢᠴᠠ ᠶᠢᠨ ᠪᠠᠶᠢᠳᠠᠯ ᠢ | ᠢᠳᠡᠪᠬᠢᠲᠡᠶ ᠪᠠᠷ ᠵᠣᠬᠢᠶᠠᠨ ᠪᠠᠶᠢᠭᠤᠯᠤᠨ ᠤᠬᠠᠭᠤᠯᠤᠨ ᠮᠡᠳᠡᠭᠡᠯᠡᠵᠦ᠂ ᠠᠮᠤᠷ ᠲᠦᠪᠰᠢᠨ ᠤ ᠤᠬᠠᠭᠤᠯᠭ᠎ᠠ ᠶᠢᠨ ︽ | ᠲᠠᠪᠤ ᠶᠢ ᠣᠷᠣᠭᠤᠯᠬᠤ︾᠂ ᠪᠥᠬᠦ ᠠᠵᠢᠯᠲᠠᠨ ᠤ ᠳᠡᠷᠭᠡᠳᠡᠬᠢ ᠳᠠᠯᠳᠠ ᠬᠡᠮ ᠢ ᠡᠷᠢᠬᠦ ᠤᠬᠠᠭᠤᠯᠭ᠎ᠠ᠂ ᠪᠠᠴᠢᠮ | ᠪᠠᠶᠢᠳᠠᠯ ᠢ ᠠᠷᠭᠠᠴᠠᠭᠠᠬᠤ ᠬᠡᠪᠰᠢᠭᠰᠡᠨ ᠰᠣᠷᠢᠯᠲᠠ᠂ ︽ᠠᠮᠤᠷ ᠲᠦᠪᠰᠢᠨ ᠤ ᠤᠬᠠᠭᠤᠯᠭ᠎ᠠ ᠶᠢᠨ ᠯᠠᠪᠯᠠᠭ᠎ᠠ ᠶᠢᠨ | ᠡᠳᠦᠷ︾ ᠵᠡᠷᠭᠡ ᠠᠵᠢᠯᠯᠠᠭ᠎ᠠ ᠶᠢ ᠵᠣᠬᠢᠶᠠᠨ ᠪᠠᠶᠢᠭᠤᠯᠬᠤ ᠠᠵᠢᠯ ᠢ ᠰᠠᠶᠢᠲᠤᠷ ᠬᠢᠬᠦ ᠬᠡᠷᠡᠭᠲᠡᠶ᠃ | ︵ᠭᠤᠷᠪᠠ︶ ᠪᠥᠬᠦ ᠣᠷᠣᠨ ᠤ ᠤᠰᠤᠨ ᠠᠰᠢᠭᠯᠠᠯᠲᠠ ᠶᠢᠨ ᠠᠵᠢᠯ ᠲᠥᠷᠥᠯ ᠤᠨ ︽ᠠᠶᠤᠯᠭᠦᠢ | ᠦᠢᠯᠡᠳᠪᠦᠷᠢᠯᠡᠯ ᠤᠨ ᠰᠠᠷ᠎ᠠ︾ ᠶᠢᠨ ᠠᠵᠢᠯᠯᠠᠭ᠎ᠠ ᠶᠢ ᠯᠠᠪᠳᠠᠭᠤᠨ ᠪᠠᠲᠤᠲᠠᠶ ᠥᠷᠨᠢᠭᠦᠯᠦᠨ᠎ᠡ | 1 . ︽ᠨᠢᠭᠡᠳᠦᠭᠡᠷ ᠭᠠᠷ︾ ᠠᠶᠤᠯᠭᠦᠢ ᠦᠢᠯᠡᠳᠪᠦᠷᠢᠯᠡᠯ ᠤᠨ ᠠᠵᠢᠯᠯᠠᠭ᠎ᠠ ᠶᠢᠨ ᠲᠤᠬᠠᠶ ᠶᠠᠷᠢᠪᠠ᠃ ︽ | ᠬᠥᠮᠦᠨ ᠪᠦᠬᠦᠨ ᠠᠮᠤᠷ ᠲᠦᠪᠰᠢᠨ ᠢ ᠡᠷᠬᠢᠮᠯᠡᠵᠦ᠂ ᠬᠤᠪᠢ ᠬᠥᠮᠦᠨ ᠪᠠᠴᠢᠮ ᠪᠠᠶᠢᠳᠠᠯ ᠢ ᠠᠷᠭᠠᠴᠠᠬᠤ︾ ᠪᠠᠷ ᠭᠤᠤᠯ | ᠰᠡᠳᠦᠪ ᠪᠣᠯᠭᠠᠨ᠂ ᠲᠢᠩᠬᠢᠮ ᠤᠨ ᠰᠢᠭᠤᠳ ᠬᠠᠷᠢᠶ᠎ᠠ ᠡᠯ᠎ᠡ ᠨᠢᠭᠡᠴᠢ ᠪᠣᠯᠤᠨ ᠡᠯ᠎ᠡ ᠱᠠᠲᠤᠨ ᠤ ᠤᠰᠤᠨ ᠤ ᠵᠠᠰᠠᠭ | ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠢ ᠤᠷᠢᠵᠤ ᠠᠵᠢᠯ ᠤᠨ | ᠪᠣᠳᠠᠲᠠᠶ ᠲᠠᠢ ᠪᠠᠨ ᠤᠶᠠᠯᠳᠤᠭᠤᠯᠤᠨ ᠠᠶᠤᠯᠭᠦᠢ ᠦᠢᠯᠡᠳᠪᠦᠷᠢᠯᠡᠯ ᠤᠨ ᠠᠵᠢᠯ ᠤᠨ ᠣᠯᠤᠯᠲᠠ ᠲᠥᠷᠥᠭᠳᠡᠯ ᠢ | ᠶᠠᠷᠢᠭᠤᠯᠤᠨ᠎ᠠ ︵ᠲᠥᠰᠦᠯ ᠢ ᠳᠠᠭᠠᠯᠳᠤᠭᠤᠯᠤᠯ 1 ᠶᠢ ᠦᠵᠡ︶᠃ | 2 . ᠤᠰᠤᠨ ᠠᠰᠢᠭᠯᠠᠯᠲᠠ ᠶᠢᠨ ᠠᠶᠤᠯᠭᠦᠢ ᠦᠢᠯᠡᠳᠪᠦᠷᠢᠯᠡᠯ ᠤᠨ ᠲᠦᠭᠰᠢᠭᠦᠷᠢ ᠶᠢ ᠬᠠᠮᠢᠶᠠᠷᠤᠨ ᠡᠵᠡᠮᠳᠡᠬᠦ ︽ | ᠵᠢᠷᠭᠤᠭᠠᠨ ᠵᠦᠢᠯ ᠤᠨ ᠲᠣᠭᠲᠠᠴᠠ︾ ᠶᠢᠨ ᠰᠦᠯᠵᠢᠶᠡᠨ ᠳᠡᠭᠡᠷ᠎ᠡ ᠰᠡᠳᠦᠪ ᠬᠠᠷᠢᠭᠤᠯᠬᠤ ᠠᠵᠢᠯᠯᠠᠭ᠎ᠠ᠃ ᠶᠡᠷᠦᠩᠬᠡᠶ | ᠱᠦᠵᠢ ᠰᠢ ᠶᠢᠨ ᠫᠢᠩ ᠤᠨ ᠠᠶᠤᠯᠭᠦᠢ ᠦᠢᠯᠡᠳᠪᠦᠷᠢᠯᠡᠯ ᠤᠨ ᠲᠤᠬᠠᠶ ᠴᠢᠬᠤᠯᠠ ᠥᠭᠦᠯᠡᠯᠲᠡ᠂ ᠠᠶᠤᠯᠭᠦᠢ | ᠦᠢᠯᠡᠳᠪᠦᠷᠢᠯᠡᠯ ᠤᠨ ᠬᠠᠤᠯᠢ ᠪᠣᠯᠤᠨ ᠤᠰᠤᠨ ᠠᠰᠢᠭᠯᠠᠯᠲᠠ ᠶᠢᠨ ᠠᠶᠤᠯᠭᠦᠢ ᠦᠢᠯᠡᠳᠪᠦᠷᠢᠯᠡᠯ ᠤᠨ ᠲᠦᠭᠰᠢᠭᠦᠷᠢ ᠶᠢ | ᠬᠠᠮᠢᠶᠠᠷᠤᠨ ᠡᠵᠡᠮᠳᠡᠬᠦ ︽ᠵᠢᠷᠭᠤᠭᠠᠨ ᠵᠦᠢᠯ ᠤᠨ ᠲᠣᠭᠲᠠᠴᠠ︾ ᠪᠠᠷ ᠭᠤᠤᠯ ᠠᠭᠤᠯᠭ᠎ᠠ ᠪᠣᠯᠭᠠᠵᠤ᠂ ᠤᠰᠤᠨ | ᠠᠰᠢᠭᠯᠠᠯᠲᠠ ᠶᠢᠨ ᠠᠵᠢᠯ ᠲᠥᠷᠥᠯ ᠤᠨ ᠠᠵᠢᠯ ᠡᠷᠭᠢᠯᠡᠭᠰᠡᠳ ᠤᠨ ᠰᠦᠯᠵᠢᠶᠡᠨ ᠤ ᠤᠷᠤᠯᠳᠤᠭᠠᠨ ᠤ ᠰᠡᠳᠦᠪ | ᠬᠠᠷᠢᠭᠤᠯᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ ︵ᠲᠥᠰᠦᠯ ᠢ ᠳᠠᠭᠠᠯᠳᠤᠭᠤᠯᠤᠯ 2 ᠢ | ᠦᠵᠡ︶᠃ | 3 . ᠪᠦᠬᠦ ᠣᠷᠣᠨ ᠤ ᠤᠰᠤᠨ ᠠᠰᠢᠭᠯᠠᠯᠲᠠ ᠶᠢᠨ ᠠᠶᠤᠯᠭᠦᠢ ᠦᠢᠯᠡᠳᠪᠦᠷᠢᠯᠡᠯ ᠤᠨ ᠪᠠᠴᠢᠮ ᠪᠠᠶᠢᠳᠠᠯ ᠢ | ᠠᠷᠭᠠᠴᠠᠬᠤ ᠰᠣᠷᠢᠯᠲᠠ ᠶᠢᠨ ᠰᠢᠯᠭᠠᠷᠠᠭᠤᠯᠵᠤ ᠳᠡᠯᠭᠡᠨ ᠦᠵᠡᠭᠦᠯᠬᠦ ᠠᠵᠢᠯᠯᠠᠭ᠎ᠠ᠃ ᠠᠳᠡᠯ ᠢ ᠰᠡᠷᠭᠡᠶᠢᠯᠡᠬᠦ ᠪᠠ | ᠠᠷᠭᠠᠴᠠᠬᠤ ᠴᠢᠳᠠᠪᠤᠷᠢ ᠶᠢ ᠳᠡᠭᠡᠭᠰᠢᠯᠡᠭᠦᠯᠬᠦ ᠪᠠᠷ ᠭᠤᠣᠯᠳᠠᠯᠭ᠎ᠠ ᠪᠣᠯᠭᠠᠨ᠂ ᠪᠠᠴᠢᠮ ᠪᠠᠶᠢᠳᠠᠯ ᠢ ᠠᠷᠭᠠᠴᠠᠬᠤ | ᠬᠠᠮᠢᠶᠠᠷᠤᠯᠲᠠ ᠶᠢᠨ ᠨᠡᠶᠢᠲᠡ ᠶᠢᠨ ᠠᠰᠠᠷᠠᠮᠵᠢ ᠶᠢᠨ ᠲᠠᠶᠢᠯᠤᠮᠵᠢ ︵ᠲᠥᠰᠦᠯ ᠢ ᠳᠠᠭᠠᠯᠳᠤᠭᠤᠯᠤᠯ 3 ᠶᠢ ᠦᠵᠡ︶ ᠶᠢ | ᠵᠣᠬᠢᠶᠠᠨ ᠪᠠᠶᠢᠭᠤᠯᠵᠤ᠂ ᠪᠥᠬᠦ ᠣᠷᠣᠨ ᠤ ᠤᠰᠤᠨ ᠠᠰᠢᠭᠯᠠᠯᠲᠠ ᠶᠢᠨ ᠠᠶᠤᠯᠭᠦᠢ ᠦᠢᠯᠡᠳᠪᠦᠷᠢᠯᠡᠯ ᠤᠨ ᠪᠠᠴᠢᠮ | ᠪᠠᠶᠢᠳᠠᠯ ᠢ ᠠᠷᠭᠠᠴᠠᠬᠤ ᠰᠣᠷᠢᠯᠲᠠ ᠶᠢᠨ ᠰᠢᠯᠭᠠᠷᠠᠭᠤᠯᠵᠤ ᠳᠡᠯᠭᠡᠨ ᠦᠵᠡᠭᠦᠯᠬᠦ ᠠᠵᠢᠯᠯᠠᠭ᠎ᠠ ᠥᠷᠨᠢᠭᠦᠯᠦᠨ᠎ᠡ ︵ | ᠲᠥᠰᠦᠯ ᠢ ᠳᠠᠭᠠᠯᠳᠤᠭᠤᠯᠤᠯ 4 ᠶᠢ ᠦᠵᠡ︶᠃ ᠲᠢᠩᠬᠢᠮ ᠤᠨ ᠰᠢᠭᠤᠳ ᠬᠠᠷᠢᠶ᠎ᠠ ᠡᠯ᠎ᠡ ᠨᠢᠭᠡᠴᠢ᠂ ᠡᠯ᠎ᠡ ᠱᠠᠲᠤᠨ ᠤ | ᠤᠰᠤᠨ ᠤ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠬᠠᠷᠢᠶ᠎ᠠ ᠬᠡᠪᠴᠢᠶᠡᠨ ᠤ ᠪᠠᠨ | ᠳᠣᠲᠣᠷᠠᠬᠢ ᠤᠰᠤᠨ ᠠᠰᠢᠭᠯᠠᠯᠲᠠ ᠶᠢᠨ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ ᠶᠢ ᠵᠣᠬᠢᠶᠠᠨ ᠪᠠᠶᠢᠭᠤᠯᠤᠨ | ᠠᠳᠡᠯ ᠤᠨ ᠪᠠᠴᠢᠮ ᠪᠠᠶᠢᠳᠠᠯ ᠢ ᠠᠷᠭᠠᠴᠠᠬᠤ ᠨᠢᠭᠡ ᠤᠳᠠᠭᠠᠨ ᠤ ᠰᠣᠷᠢᠯᠲᠠ ᠪᠣᠯᠤᠨ ᠠᠵᠢᠯ ᠡᠷᠬᠢᠯᠡᠭᠰᠡᠳ ᠤᠨ | ᠥᠪᠡᠷ ᠢ ᠪᠠᠨ ᠠᠪᠤᠷᠠᠬᠤ ᠬᠠᠷᠢᠯᠴᠠᠨ ᠠᠪᠤᠷᠠᠬᠤ ᠮᠡᠷᠭᠡᠵᠢᠯ ᠤᠨ ᠴᠢᠳᠠᠪᠤᠷᠢ ᠶᠢᠨ ᠪᠤᠯᠪᠠᠰᠤᠷᠠᠯ ᠢ ᠥᠷᠨᠢᠭᠦᠯᠬᠦ | ᠬᠡᠷᠡᠭᠲᠡᠶ᠃ | 4 . ᠤᠰᠤᠨ ᠠᠰᠢᠭᠯᠠᠯᠲᠠ ᠶᠢᠨ ᠠᠶᠤᠯᠭᠦᠢ ᠦᠢᠯᠡᠳᠪᠦᠷᠢᠯᠡᠯ ᠤᠨ ᠮᠡᠳᠡᠯᠭᠡ ᠶᠢᠨ ᠰᠦᠯᠵᠢᠶᠡᠨ ᠤ | ᠠᠵᠢᠯᠯᠠᠭ᠎ᠠ — ︽ᠤᠰᠤᠨ ᠠᠶᠤᠯᠭᠦᠶ ᠶᠢᠨ ᠵᠠᠩᠵᠤᠨ︾ ᠤ ᠠᠵᠢᠯᠯᠠᠭ᠎ᠠ᠃ ᠠᠮᠤᠷ ᠲᠦᠪᠰᠢᠨ ᠤ ᠤᠬᠠᠭᠤᠯᠭ᠎ᠠ ᠶᠢᠨ | ︽ᠲᠠᠪᠤ ᠶᠢ ᠠᠬᠢᠭᠤᠯᠬᠤ︾ ᠶᠢ ᠳᠥᠯᠭᠢᠨ ᠠᠬᠢᠭᠤᠯᠬᠤ᠂ ᠪᠥᠬᠦ ᠠᠵᠢᠯᠲᠠᠨ ᠤ ᠠᠮᠤᠷ ᠲᠦᠪᠰᠢᠨ ᠤ ᠤᠬᠠᠮᠰᠠᠷ ᠪᠠ | ᠠᠮᠤᠷ ᠲᠦᠪᠰᠢᠨ ᠤ ᠬᠡᠪ ᠴᠢᠨᠠᠷ ᠢ ᠳᠡᠭᠡᠭᠰᠢᠯᠡᠭᠦᠯᠬᠦ ᠪᠠᠷ ᠭᠤᠤᠯᠳᠠᠯᠭ᠎ᠠ ᠪᠣᠯᠭᠠᠵᠤ᠂ ᠤᠰᠤᠨ ᠠᠰᠢᠭᠯᠠᠯᠲᠠ ᠶᠢᠨ | ᠠᠶᠤᠯᠭᠦᠢ ᠦᠢᠯᠡᠳᠪᠦᠷᠢᠯᠡᠯ ᠤᠨ ᠮᠡᠳᠡᠯᠭᠡ ᠶᠢᠨ ᠰᠦᠯᠵᠢᠶᠡᠨ ᠤ ᠤᠷᠤᠯᠳᠤᠭᠠᠨ ︽ᠤᠰᠤᠨ ᠠᠶᠤᠯᠭᠦᠶ ᠶᠢᠨ ᠵᠠᠩᠵᠤᠨ︾ | ᠤ ᠬᠦᠳᠡᠯᠭᠡᠭᠡᠨ ᠥᠷᠨᠢᠭᠦᠯᠦᠨ᠎ᠡ ︵ᠲᠥᠰᠦᠯ ᠢ ᠳᠠᠭᠠᠯᠳᠤᠭᠤᠯᠤᠯ 5 ᠶᠢ ᠦᠵᠡ︶᠃ | ᠭᠤᠷᠪᠠ᠂ ᠬᠤᠯᠪᠣᠭᠳᠠᠯ ᠪᠦᠬᠦᠢ ᠱᠠᠭᠠᠷᠳᠠᠯᠭ᠎ᠠ | ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠬᠤ ᠬᠡᠷᠡᠭᠲᠡᠶ᠃ ᠡᠯ᠎ᠡ | ᠨᠢᠭᠡᠴᠢ ᠨᠦᠭᠦᠳ ︽ᠠᠶᠤᠯᠭᠦᠢ ᠦᠢᠯᠡᠳᠪᠦᠷᠢᠯᠡᠯ ᠤᠨ ᠰᠠᠷ᠎ᠠ︾ ᠶᠢᠨ ᠠᠵᠢᠯᠯᠠᠭ᠎ᠠ ᠶᠢ ᠪᠦᠬᠦ ᠵᠢᠯ ᠤᠨ ᠠᠶᠤᠯᠭᠦᠢ | ᠦᠢᠯᠡᠳᠪᠦᠷᠢᠯᠡᠯ ᠤᠨ ᠭᠤᠣᠯᠳᠠᠯᠭ᠎ᠠ ᠲᠠᠢ ᠠᠵᠢᠯ ᠤᠨ ᠲᠥᠯᠥᠪᠯᠡᠭᠡ ᠳᠡᠭᠡᠨ ᠣᠷᠣᠭᠤᠯᠵᠤ᠂ ᠣᠯᠠᠨ ᠰᠠᠯᠠᠭ᠎ᠠ ᠮᠥᠴᠢᠷ | ᠬᠤᠷᠰᠢᠯᠴᠠᠬᠤ᠂ ᠬᠤᠯᠪᠣᠭᠳᠠᠯ ᠪᠦᠬᠦᠢ ᠲᠠᠯ᠎ᠠ ᠶᠢᠨ ᠬᠢᠨ ᠬᠠᠮᠵᠢᠯᠴᠠᠨ ᠬᠠᠮᠲᠤᠷᠠᠨ ᠬᠥᠳᠡᠯᠦᠯᠴᠡᠬᠦ ᠠᠵᠢᠯ ᠤᠨ | ᠲᠣᠭᠲᠠᠴᠠ ᠶᠢ ᠪᠠᠶᠢᠭᠤᠯᠤᠨ᠂ ᠨᠢᠭᠲᠠ ᠬᠠᠮᠵᠢᠯᠴᠠᠬᠤ ᠪᠠᠨ ᠴᠢᠩᠭᠠᠳᠬᠠᠵᠤ᠂ ᠬᠦᠴᠦ ᠪᠠᠨ ᠨᠢᠭᠡᠳᠬᠡᠨ | ᠬᠠᠮᠵᠢᠯᠴᠠᠬᠤ ᠶᠢ ᠰᠠᠶᠢᠲᠤᠷ ᠬᠢᠬᠦ ᠬᠡᠷᠡᠭᠲᠡᠶ᠃ ︽ᠠᠶᠤᠯᠭᠦᠢ ᠦᠢᠯᠡᠳᠪᠦᠷᠢᠯᠡᠯ ᠤᠨ ᠰᠠᠷ᠎ᠠ︾ ᠶᠢᠨ ᠠᠵᠢᠯᠯᠠᠭ᠎ᠠ ᠶᠢ | ᠵᠣᠬᠢᠶᠠᠨ ᠪᠠᠶᠢᠭᠤᠯᠵᠤ ᠤᠳᠤᠷᠢᠳᠬᠤ ᠪᠠᠨ ᠦᠨᠡᠨ ᠬᠦ ᠴᠢᠩᠭᠠᠳᠬᠠᠨ᠂ ᠭᠤᠣᠯ ᠤᠳᠤᠷᠢᠳᠤᠯᠭ᠎ᠠ ᠪᠡᠶ᠎ᠡ ᠪᠠᠷ ᠢᠶᠠᠨ | ᠠᠳᠬᠤᠵᠤ᠂ ᠬᠤᠪᠢᠳᠠᠨ ᠬᠠᠮᠢᠶᠠᠷᠴᠤ ᠪᠦᠬᠦᠢ ᠤᠳᠤᠷᠢᠳᠤᠯᠭ᠎ᠠ ᠪᠣᠳᠠᠲᠠᠶ ᠨᠠᠶᠢᠳᠠᠪᠤᠷᠢᠵᠢᠭᠤᠯᠤᠨ᠂ | ᠬᠠᠷᠢᠭᠤᠴᠠᠯᠭ᠎ᠠ ᠲᠠᠢ ᠨᠢᠭᠡᠴᠢ᠂ ᠬᠠᠷᠢᠭᠤᠴᠠᠯᠭ᠎ᠠ ᠡᠭᠦᠷᠭᠡᠯᠡᠭᠴᠢ ᠪᠣᠯᠤᠨ ᠭᠤᠣᠯᠳᠠᠯᠭ᠎ᠠ ᠲᠠᠢ ᠠᠵᠢᠯᠯᠠᠭ᠎ᠠ ᠶᠢᠨ | ᠠᠵᠢᠯ ᠤᠨ ᠬᠤᠪᠢᠶᠠᠷᠢᠯᠠᠯ ᠢ ᠲᠣᠳᠣᠷᠬᠠᠶᠢᠯᠠᠵᠤ᠂ ᠱᠠᠲᠤ ᠱᠠᠲᠤ ᠪᠠᠷ ᠠᠳᠬᠤᠬᠤ ᠬᠥᠮᠦᠨ ᠲᠠᠢ᠂ ᠶᠠᠪᠤᠳᠠᠯ ᠪᠣᠯᠭᠠᠨ ᠢ | ᠬᠠᠮᠢᠶᠠᠷᠬᠤ ᠬᠥᠮᠦᠨ ᠲᠠᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ᠃ | ︵ᠬᠤᠶᠠᠷ︶ ᠤᠬᠠᠭᠤᠯᠬᠤ ᠡᠷᠴᠢᠮ ᠢᠶᠠᠨ ᠨᠡᠮᠡᠭᠳᠡᠭᠦᠯᠬᠦ ᠬᠡᠷᠡᠭᠲᠡᠶ᠃ ᠡᠯ᠎ᠡ ᠨᠢᠭᠡᠴᠢ ᠨᠦᠭᠦᠳ ᠭᠤᠣᠯ ᠪᠣᠯᠬᠤ | ᠵᠠᠭᠤᠴᠢᠯᠠᠭᠤᠷ᠂ ᠠᠵᠢᠯ ᠲᠥᠷᠥᠯ ᠤᠨ ᠵᠠᠭᠤᠴᠢᠯᠠᠭᠤᠷ ᠵᠢᠴᠢ ᠰᠢᠨ᠎ᠡ ᠵᠠᠭᠤᠴᠢᠯᠠᠭᠤᠷ ᠢ ᠭᠦᠢᠴᠡᠳ ᠠᠰᠢᠭᠯᠠᠨ | ᠤᠬᠠᠭᠤᠯᠬᠤ ᠡᠷᠴᠢᠮ ᠢᠶᠠᠨ ᠴᠢᠩᠭᠠᠷᠠᠭᠤᠯᠵᠤ᠂ ︽ᠠᠶᠤᠯᠭᠦᠢ ᠦᠢᠯᠡᠳᠪᠦᠷᠢᠯᠡᠯ ᠤᠨ ᠰᠠᠷ᠎ᠠ︾ ᠶᠢᠨ ᠠᠵᠢᠯᠯᠠᠭ᠎ᠠ ᠶᠢᠨ | ᠲᠤᠰᠬᠠᠶ ᠪᠤᠯᠤᠩ ᠪᠠ ᠲᠤᠰᠬᠠᠶ ᠰᠡᠳᠦᠪᠲᠦ ᠡᠬᠡ ᠪᠢᠴᠢᠭ ᠥᠭᠬᠦ ᠤᠬᠠᠭᠤᠯᠭ᠎ᠠ ᠶᠢ ᠢᠳᠡᠪᠬᠢᠲᠡᠶ ᠪᠠᠷ ᠥᠷᠨᠢᠭᠦᠯᠦᠨ᠂ | ᠠᠵᠢᠯᠯᠠᠭ᠎ᠠ ᠶᠢᠨ ᠤᠬᠠᠭᠤᠯᠭ᠎ᠠ ᠶᠢᠨ ᠨᠢᠭᠤᠷ᠂ ᠴᠠᠭ ᠬᠤᠭᠤᠴᠠᠭ᠎ᠠ ᠪᠠ ᠳᠠᠪᠲᠠᠮᠵᠢ ᠶᠢ ᠴᠢᠷᠮᠠᠶᠢᠨ ᠨᠡᠮᠡᠭᠳᠡᠭᠦᠯᠵᠦ᠂ | ᠢᠯᠠᠩᠭᠤᠶ᠎ᠠ ︽ᠠᠶᠤᠯᠭᠦᠢ ᠦᠢᠯᠡᠳᠪᠦᠷᠢᠯᠡᠯ ᠤᠨ ᠰᠠᠷ᠎ᠠ︾ ᠶᠢ ᠡᠬᠢᠯᠡᠭᠦᠯᠬᠦ᠂ ︽ᠠᠶᠤᠯᠭᠦᠢ ᠦᠢᠯᠡᠳᠪᠦᠷᠢᠯᠡᠯ ᠤᠨ | ᠤᠬᠠᠭᠤᠯᠭ᠎ᠠ ᠯᠠᠪᠯᠠᠯᠭ᠎ᠠ ᠶᠢᠨ ᠡᠳᠦᠷ︾ ᠤᠨ ᠠᠵᠢᠯᠯᠠᠭ᠎ᠠ ᠵᠡᠷᠭᠡ ᠴᠢᠬᠤᠯᠠ ᠴᠠᠭ ᠬᠤᠭᠤᠴᠠᠭ᠎ᠠ ᠶᠢᠨ ᠵᠠᠩᠭᠢᠯᠠᠭ᠎ᠠ ᠶᠢᠨ | ᠴᠡᠭ ᠲᠤ ᠭᠤᠣᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠶᠢ ᠥᠷᠨᠢᠭᠦᠯᠵᠦ᠂ ᠱᠠᠲᠤ ᠦᠶ᠎ᠡ ᠶᠢᠨ ᠴᠢᠨᠠᠷᠲᠠᠶ | ᠤᠬᠠᠭᠤᠯᠭ᠎ᠠ ᠶᠢᠨ ᠬᠠᠯᠠᠭᠤᠨ ᠥᠷᠨᠢᠯᠲᠡ ᠶᠢ ᠪᠣᠶ ᠪᠣᠯᠭᠠᠨ᠂ ᠠᠵᠢᠯᠯᠠᠭ᠎ᠠ ᠶᠢᠨ ᠨᠥᠯᠥᠭᠡᠯᠡᠬᠦ ᠬᠦᠴᠦᠨ ᠪᠠ | ᠨᠥᠯᠥᠭᠡᠯᠡᠬᠦ ᠬᠦᠴᠦᠨ ᠢ ᠲᠠᠰᠤᠷᠠᠯᠲᠠ ᠤᠢᠭᠡᠢ ᠨᠡᠮᠡᠭᠳᠡᠭᠦᠯᠬᠦ ᠬᠡᠷᠡᠭᠲᠡᠶ᠂ ᠮᠠᠨ ᠤ ᠲᠢᠩᠬᠢᠮ ᠠᠴᠠ ᠤᠰᠤᠨ | ᠠᠰᠢᠭᠯᠠᠯᠲᠠ ᠶᠢᠨ ᠲᠢᠩᠬᠢᠮ ᠤᠨ ᠠᠯᠪᠠᠨ ᠤ ᠰᠦᠯᠵᠢᠶᠡᠨ ᠥᠷᠲᠡᠭᠡ ᠳᠤ 2023 ᠣᠨ ᠤ ᠤᠰᠤᠨ | ᠠᠰᠢᠭᠯᠠᠯᠲᠠ ᠶᠢᠨ ︽ᠠᠶᠤᠯᠭᠦᠢ ᠦᠢᠯᠡᠳᠪᠦᠷᠢᠯᠡᠯ ᠤᠨ ᠰᠠᠷ᠎ᠠ︾ ᠲᠤᠰᠬᠠᠢ ᠪᠤᠯᠤᠩ ᠭᠠᠷᠭᠠᠵᠤ ᠠᠵᠢᠯᠯᠠᠭ᠎ᠠ ᠶᠢᠨ | ᠤᠬᠠᠭᠤᠯᠭ᠎ᠠ ᠬᠢᠬᠦ ᠪᠤᠯᠤᠨ᠎ᠠ ᠃ ᠡᠯ᠎ᠡ ᠨᠢᠭᠡᠴᠢ ᠶᠢᠨ ᠵᠣᠬᠢᠶᠠᠨ ᠪᠠᠶᠢᠭᠤᠯᠵᠤ ᠦᠢᠯᠡᠳᠦᠭᠰᠡᠨ ᠠᠶᠤᠯᠭᠦᠢ | ᠦᠢᠯᠡᠳᠪᠦᠷᠢᠯᠡᠯ ᠤᠨ ᠰᠠᠷ᠎ᠠ ᠶᠢᠨ ᠠᠵᠢᠯᠯᠠᠭ᠎ᠠ ᠶᠢᠨ ᠰᠢᠷᠢᠰ ᠤᠬᠠᠭᠤᠯᠭ᠎ᠠ ᠬᠥᠮᠦᠵᠢᠯ ᠤᠨ ᠦᠢᠯᠡᠳᠭᠦᠨ ᠢ ᠤᠰᠤᠨ | ᠠᠰᠢᠭᠯᠠᠯᠲᠠ ᠶᠢᠨ ᠶᠠᠮᠤᠨ ᠤ ᠬᠠᠮᠢᠶ᠎ᠠ ᠪᠥᠬᠦᠶ ᠱᠠᠭᠠᠷᠳᠠᠯᠭ᠎ᠠ ᠶᠢ ᠦᠨᠳᠦᠰᠦᠯᠡᠨ ᠰᠣᠩᠭᠤᠨ ᠬᠡᠷᠡᠭᠯᠡᠵᠦ ᠪᠣᠯᠤᠨ᠎ᠠ ︵ | ᠳᠠᠭᠠᠯᠳᠤᠭᠤᠯᠤᠯ 6 ᠶᠢ ᠦᠵᠡ︶᠃ ᠤᠰᠤᠨ ᠠᠰᠢᠭᠯᠠᠯᠲᠠ ᠶᠢᠨ ᠲᠢᠩᠬᠢᠮ ᠤᠨ ᠰᠢᠷᠢᠰ ᠤᠬᠠᠭᠤᠯᠭ᠎ᠠ | ᠬᠥᠮᠦᠵᠢᠯ ᠤᠨ ᠪᠦᠲᠦᠭᠡᠭᠳᠡᠬᠦᠨ ᠦᠢᠯᠡᠳᠬᠦ ᠠᠵᠢᠯ ᠢ ᠤᠰᠤᠨ ᠠᠰᠢᠭᠯᠠᠯᠲᠠ ᠶᠢᠨ ᠦᠢᠯᠡᠰ ᠤᠨ ᠬᠥᠭᠵᠢᠯᠲᠡ ᠶᠢᠨ | ᠲᠥᠪ ᠠᠴᠠ ᠬᠠᠷᠢᠭᠤᠴᠠᠨ᠎ᠠ᠃ | ︵ᠭᠤᠷᠪᠠ︶ ᠨᠡᠶᠢᠭᠡᠮ ᠤᠨ ᠬᠢᠨᠠᠯᠲᠠ ᠲᠠᠯᠪᠢᠯᠲᠠ ᠶᠢ ᠴᠢᠩᠭᠠᠷᠠᠭᠤᠯᠬᠤ ᠬᠡᠷᠡᠭᠲᠡᠶ᠃ ᠡᠯ᠎ᠡ ᠨᠢᠭᠡᠴᠢ ᠨᠦᠭᠦᠳ | ᠠᠶᠤᠯᠭᠦᠢ ᠦᠢᠯᠡᠳᠪᠦᠷᠢᠯᠡᠯ ᠤᠨ ᠲᠤᠰᠬᠠᠶ ᠮᠡᠷᠭᠡᠵᠢᠯᠲᠡᠨ ᠪᠣᠯᠤᠨ ᠵᠠᠭᠤᠴᠢᠯᠠᠭᠤᠷ ᠤᠨ ᠰᠤᠷᠪᠤᠯᠵᠢᠯᠠᠭᠴᠢ ᠶᠢ | ᠵᠣᠬᠢᠶᠠᠨ ᠪᠠᠶᠢᠭᠤᠯᠤᠨ᠂ ᠬᠠᠮᠢᠶ᠎ᠠ ᠪᠦᠬᠦᠢ ᠭᠠᠵᠠᠷ ᠣᠷᠣᠨ ᠪᠣᠯᠤᠨ ᠭᠤᠣᠯᠳᠠᠯᠭ᠎ᠠ ᠲᠠᠢ ᠬᠦᠷᠢᠶᠡᠨ ᠳᠤ ᠭᠦᠨᠵᠡᠭᠡᠶᠢᠷᠡᠨ | ᠰᠤᠷᠪᠤᠯᠵᠢᠯᠠᠵᠤ᠂ ︽ᠬᠠᠤᠯᠢ ᠪᠤᠰᠤ ᠪᠠ ᠬᠠᠤᠯᠢ ᠠᠴᠠ ᠵᠥᠷᠢᠴᠡᠭᠰᠡᠨ ᠳᠤ ᠴᠣᠬᠢᠯᠲᠠ ᠥᠭᠬᠦ︾᠂ ︽ᠠᠶᠤᠯᠭᠦᠢ | ᠦᠢᠯᠡᠳᠪᠦᠷᠢᠯᠡᠯ ᠤᠨ ᠶᠡᠭᠡ ᠪᠠᠶᠢᠴᠠᠭᠠᠯᠲᠠ︾᠂ ︽ᠢᠯᠡ ᠪᠠᠷ ᠪᠠᠶᠢᠴᠠᠭᠠᠵᠤ ᠳᠠᠯᠳᠠ ᠠᠴᠠ ᠰᠤᠷᠪᠤᠯᠵᠢᠯᠠᠬᠤ︾ | ᠵᠡᠷᠭᠡ ᠠᠵᠢᠯ ᠲᠠᠢ ᠤᠶᠠᠯᠳᠤᠭᠤᠯᠤᠨ᠂ ᠬᠦᠨᠳᠦ ᠶᠡᠭᠡ ᠠᠳᠡᠯ ᠤᠨ ᠳᠠᠯᠳᠠ ᠭᠡᠮ ᠪᠣᠯᠤᠨ ᠳᠣᠪᠤᠶᠢᠮ᠎ᠠ ᠠᠰᠠᠭᠤᠳᠠᠯ ᠢ | ᠣᠯᠠᠨ ᠳᠤ ᠢᠯᠡ ᠦᠵᠡᠭᠦᠯᠬᠦ ᠬᠡᠷᠡᠭᠲᠡᠶ᠃ ᠡᠯ᠎ᠡ ᠠᠶᠢᠮᠠᠭ ᠬᠤᠲᠠ ᠶᠢᠨ ᠤᠰᠤᠨ ᠤ ᠵᠠᠰᠠᠭ ᠵᠠᠬᠢᠷᠭᠠᠨ ᠤ ᠭᠤᠤᠯᠴᠢᠯᠠᠨ | ᠬᠠᠮᠢᠶᠠᠷᠬᠤ ᠰᠠᠯᠠᠭ᠎ᠠ ᠮᠥᠴᠢᠷ ᠨᠢ ᠵᠠᠷᠴᠢᠮ ᠳᠡᠭᠡᠷ᠎ᠡ ᠪᠠᠨ ᠤᠯᠠᠷᠢᠯ ᠪᠦᠷᠢ ᠨᠠᠭᠠᠳᠤ ᠵᠠᠬ᠎ᠠ ᠳᠠᠭᠠᠨ ᠭᠤᠤᠯ ᠪᠣᠯᠬᠤ | ᠵᠠᠭᠤᠴᠢᠯᠠᠭᠤᠷ ᠳᠡᠭᠡᠷ᠎ᠡ ᠨᠢᠭᠡ ᠨᠡᠶᠢᠲᠡᠯᠢᠭ ᠬᠡᠷᠡᠭ ᠤᠨ ᠵᠢᠱᠢᠶ᠎ᠡ ᠶᠢ ᠢᠯᠡᠴᠢᠯᠡᠵᠦ᠂ ᠵᠢᠩᠬᠢᠨᠢ ᠰᠦᠷᠳᠡᠭᠦᠯᠬᠦ | ᠬᠦᠴᠦᠨ ᠲᠠᠢ ᠪᠣᠯᠭᠠᠬᠤ ᠶᠢᠨ ᠬᠠᠮᠲᠤ᠂ ᠤᠰᠤᠨ ᠠᠰᠢᠭᠯᠠᠯᠲᠠ ᠶᠢᠨ ᠲᠢᠩᠬᠢᠮ ᠤᠨ ᠲᠡᠭᠡᠭᠡᠪᠦᠷᠢ ᠶᠢᠨ | ᠬᠠᠮᠢᠶᠠᠷᠤᠯᠲᠠ ᠶᠢᠨ ᠭᠠᠵᠠᠷ ᠲᠤ ᠮᠡᠳᠡᠭᠦᠯᠦᠨ ᠬᠦᠷᠭᠡᠬᠦ ᠬᠡᠷᠡᠭᠲᠡᠶ᠃ ︽12314︾ ᠬᠢᠨᠠᠯᠲᠠ ᠲᠠᠯᠪᠢᠵᠤ | ᠢᠯᠡᠴᠢᠯᠡᠨ ᠮᠡᠳᠡᠭᠦᠯᠬᠦ ᠦᠢᠯᠡᠴᠢᠯᠡᠭᠡᠨ ᠤ ᠲᠠᠪᠴᠠᠩ ᠤᠨ ᠦᠢᠯᠡᠳᠦᠯ ᠢ ᠪᠠᠳᠠᠷᠠᠭᠤᠯᠤᠨ᠂ ᠥᠷᠭᠡᠨ ᠣᠯᠠᠨ ᠲᠦᠮᠡᠨ ᠤ | ᠤᠰᠤ ᠲᠠᠢ ᠬᠤᠯᠪᠣᠭᠳᠠᠭᠰᠠᠨ ᠠᠶᠤᠯᠭᠦᠢ ᠦᠢᠯᠡᠳᠪᠦᠷᠢᠯᠡᠯ ᠤᠨ ᠬᠦᠨᠳᠦ ᠶᠡᠭᠡ ᠲᠦᠭᠰᠢᠭᠦᠷᠢ᠂ ᠠᠳᠡᠯ ᠤᠨ ᠳᠠᠯᠳᠠ | ᠭᠡᠮ ᠪᠣᠯᠤᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠢᠯᠡᠴᠢᠯᠡᠨ ᠮᠡᠳᠡᠭᠦᠯᠬᠦ ᠶᠢ ᠵᠣᠷᠢᠭᠵᠢᠭᠤᠯᠵᠤ᠂ | ᠢᠯᠡᠴᠢᠯᠡᠨ ᠮᠡᠳᠡᠭᠦᠯᠦᠭᠰᠡᠨ ᠠᠶᠤᠯᠭᠦᠢ ᠦᠢᠯᠡᠳᠪᠦᠷᠢᠯᠡᠯ ᠤᠨ ᠠᠰᠠᠭᠤᠳᠠᠯ ᠤᠨ ᠰᠦᠪᠡᠭᠴᠢ ᠶᠢ ᠬᠢᠨᠠᠨ | ᠬᠠᠷᠭᠤᠭᠤᠯᠬᠤ ᠲᠠᠢ ᠵᠡᠷᠭᠡ ᠬᠠᠤᠯᠢ ᠶᠣᠰᠣᠭᠠᠷ ᠴᠢᠩᠭ᠎ᠠ ᠪᠠᠶᠢᠴᠠᠭᠠᠨ ᠰᠢᠢᠳᠪᠦᠷᠢᠯᠡᠬᠦ ᠬᠡᠷᠡᠭᠲᠡᠶ᠃ | ︵ᠳᠥᠷᠪᠡ︶ ᠠᠵᠢᠯᠯᠠᠭ᠎ᠠ ᠶᠢᠨ ᠪᠣᠳᠠᠲᠤ ᠦᠷ᠎ᠡ ᠪᠦᠲᠦᠮᠵᠢ ᠶᠢ ᠦᠨᠡᠨ ᠬᠦ ᠪᠠᠲᠤᠯᠠᠬᠤ ᠬᠡᠷᠡᠭᠲᠡᠶ᠃ ᠡᠯ᠎ᠡ | ᠨᠢᠭᠡᠴᠢ ᠶᠢᠨ ᠬᠢᠨ ᠠᠵᠢᠯᠯᠠᠭ᠎ᠠ ᠪᠠᠨ ᠣᠳᠣᠬᠠᠨ ᠤ ᠤᠰᠤᠨ ᠠᠰᠢᠭᠯᠠᠯᠲᠠ ᠶᠢᠨ ᠠᠵᠢᠯ ᠲᠦᠷᠦᠯ ᠤᠨ ᠠᠮᠤᠷ | ᠲᠦᠪᠰᠢᠨ ᠤ ᠬᠥᠭᠵᠢᠯᠲᠡ ᠶᠢᠨ ᠳᠤᠮᠳᠠᠬᠢ ᠬᠠᠯᠠᠮᠰᠢᠯ ᠠᠰᠠᠭᠤᠳᠠᠯ ᠬᠦᠴᠢᠷ ᠠᠰᠠᠭᠤᠳᠠᠯ ᠢ ᠰᠢᠢᠳᠪᠦᠷᠢᠯᠡᠬᠦ ᠲᠠᠢ | ᠤᠶᠠᠯᠳᠤᠭᠤᠯᠵᠤ᠂ ᠤᠰᠤᠨ ᠠᠰᠢᠭᠯᠠᠯᠲᠠ ᠶᠢᠨ ᠬᠦᠨᠳᠦ ᠶᠡᠭᠡ ᠠᠳᠡᠯ ᠤᠨ ᠳᠠᠯᠳᠠ ᠭᠡᠮ ᠢ ᠲᠤᠰᠬᠠᠢ ᠲᠦᠷᠦᠯ ᠢᠶᠠᠷ | ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ 2023 ᠠᠵᠢᠯᠯᠠᠭ᠎ᠠ ᠵᠡᠷᠭᠡ ᠭᠤᠣᠯᠳᠠᠯᠭ᠎ᠠ ᠲᠠᠢ ᠠᠵᠢᠯ ᠲᠠᠢ | ᠤᠶᠠᠯᠳᠤᠭᠤᠯᠵᠤ᠂ ᠡᠯ᠎ᠡ ᠲᠠᠯ᠎ᠠ ᠶᠢᠨ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ | ᠠᠬᠢᠭᠤᠯᠬᠤ ᠲᠠᠢ ᠤᠶᠠᠯᠳᠤᠭᠤᠯᠵᠤ᠂ ᠠᠵᠢᠯ ᠤᠨ ᠠᠷᠭ᠎ᠠ ᠬᠡᠮᠵᠢᠶ᠎ᠡ ᠶᠢᠨ ᠰᠢᠨ᠎ᠡ ᠶᠢ ᠡᠭᠦᠳᠴᠦ᠂ ᠬᠦᠨᠳᠦ ᠶᠡᠭᠡ | ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠶᠢ ᠠᠬᠢᠭᠤᠯᠵᠤ᠂ ᠠᠶᠤᠯᠭᠦᠢ ᠦᠢᠯᠡᠳᠪᠦᠷᠢᠯᠡᠯ ᠤᠨ ᠲᠦᠪᠰᠢᠨ ᠤ | ᠳᠡᠭᠡᠭᠰᠢᠯᠡᠯᠲᠡ ᠶᠢ ᠠᠬᠢᠭᠤᠯᠵᠤ᠂ ᠠᠷᠠᠳ ᠤᠯᠠᠨ ᠤ ᠬᠦᠷᠲᠡᠮᠵᠢ ᠶᠢᠨ ᠲᠦᠷᠦᠭᠳᠡᠯ᠂ ᠵᠢᠷᠭᠠᠯᠲᠤ ᠲᠦᠷᠦᠭᠳᠡᠯ᠂ ᠠᠮᠤᠷ | ᠲᠦᠪᠰᠢᠨ ᠤ ᠲᠦᠷᠦᠭᠳᠡᠯ ᠢ ᠦᠨᠡᠨ ᠬᠦ ᠨᠡᠮᠡᠭᠳᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃ | ᠡᠯ᠎ᠡ ᠨᠢᠭᠡᠴᠢ ᠨᠦᠭᠦᠳ ︽ᠠᠶᠤᠯᠭᠦᠢ ᠦᠢᠯᠡᠳᠪᠦᠷᠢᠯᠡᠯ ᠤᠨ ᠰᠠᠷ᠎ᠠ︾ ᠶᠢᠨ ᠠᠵᠢᠯᠯᠠᠭ᠎ᠠ ᠶᠢᠨ ᠮᠡᠳᠡᠭᠡ | ᠵᠠᠩᠭᠢ ᠶᠢ ᠮᠡᠳᠡᠭᠦᠯᠦᠨ ᠬᠦᠷᠭᠡᠬᠦ ᠠᠵᠢᠯ ᠢ ᠰᠠᠶᠢᠲᠤᠷ ᠬᠢᠵᠦ᠂ 1 ᠬᠤᠯᠪᠣᠭᠠᠴᠢᠨ ᠢ ᠲᠣᠳᠣᠷᠬᠠᠶᠢᠯᠠᠨ᠂ | ᠠᠵᠢᠯᠯᠠᠭ᠎ᠠ ᠶᠢᠨ ᠬᠤᠭᠤᠴᠠᠭᠠᠨ ᠳᠠᠬᠢ ᠰᠠᠶᠢᠨ ᠬᠢᠳᠡᠯ ᠪᠠ ᠸᠢᠳᠤ᠋᠂ ᠵᠢᠷᠤᠭ ᠵᠡᠷᠭᠡ ᠮᠠᠲ᠋ᠧᠷᠢᠶᠠᠯ ᠢ ᠴᠠᠭ ᠲᠤᠬᠠᠶ ᠳᠤᠨᠢ | ᠮᠡᠳᠡᠭᠦᠯᠦᠨ ᠬᠦᠷᠭᠡᠵᠦ᠂ 5 ᠳ᠋ᠤᠭᠠᠷ ᠰᠠᠷ᠎ᠠ ᠶᠢᠨ 30 ᠤ ᠡᠳᠦᠷ ᠠᠴᠠ ᠡᠮᠦᠨ᠎ᠡ ᠬᠤᠯᠪᠣᠭᠠᠴᠢᠨ ᠤ ᠮᠡᠳᠡᠭᠡ ᠵᠠᠩᠭᠢ ︵ | ᠳᠠᠭᠠᠯᠳᠤᠭᠤᠯᠤᠯ 7 ᠶᠢ ᠦᠵᠡ︶ ᠶᠢ ᠮᠡᠳᠡᠭᠦᠯᠦᠨ ᠬᠦᠷᠭᠡᠵᠦ᠂ 7 ᠳ᠋ᠤᠭᠠᠷ ᠰᠠᠷ᠎ᠠ ᠶᠢᠨ 1 ᠤ ᠡᠳᠦᠷ ᠠᠴᠠ ᠡᠮᠦᠨ᠎ᠡ | ᠳ᠋ᠦᠩᠨᠡᠯᠲᠡ ᠶᠢᠨ ᠮᠡᠳᠡᠭᠦᠯᠦᠯᠲᠡ ᠪᠠ ᠪᠦᠷᠢᠳᠬᠡᠯ ᠤᠨ ᠬᠦᠰᠦᠨᠦᠭᠲᠦ ᠶᠢ ᠮᠡᠳᠡᠭᠦᠯᠦᠨ ᠬᠦᠷᠭᠡᠬᠦ ᠬᠡᠷᠡᠭᠲᠡᠶ ︵ | ᠳᠠᠭᠠᠯᠳᠤᠭᠤᠯᠤᠯ 8 ᠶᠢ ᠦᠵᠡ︶᠃ | ᠬᠠᠷᠢᠯᠴᠠᠬᠤ ᠬᠥᠮᠦᠨ᠄ ᠴᠧᠩ ᠭᠤᠸᠠᠩ ᠶᠤᠸᠠᠨ | ᠬᠠᠷᠢᠯᠴᠠᠬᠤ ᠤᠲᠠᠰᠤ᠄ 0471 – 5259658 | ᠢᠮᠧᠯ᠄ nms1yg@163.com | | | ᠳᠠᠭᠠᠯᠳᠤᠭᠤᠯᠤᠯ᠄ 1. ᠨᠢᠭᠡᠳᠦᠭᠡᠷ ᠭᠠᠷ ᠠᠶᠤᠯᠭᠦᠢ ᠦᠢᠯᠡᠳᠪᠦᠷᠢᠯᠡᠯ ᠤᠨ ᠠᠵᠢᠯᠯᠠᠭ᠎ᠠ ᠶᠢᠨ ᠲᠥᠰᠦᠯ ᠢ ᠶᠠᠷᠢᠯᠴᠠᠨ᠎ᠠ | · docx | 2 . ᠤᠰᠤᠨ ᠠᠰᠢᠭᠯᠠᠯᠲᠠ ᠶᠢᠨ ᠠᠶᠤᠯᠭᠦᠢ ᠦᠢᠯᠡᠳᠪᠦᠷᠢᠯᠡᠯ ᠤᠨ ᠲᠦᠭᠰᠢᠭᠦᠷᠢ ᠶᠢ ᠬᠠᠮᠢᠶᠠᠷᠤᠨ ᠡᠵᠡᠮᠳᠡᠬᠦ ︽ | ᠵᠢᠷᠭᠤᠭᠠᠨ ᠵᠦᠢᠯ ᠤᠨ ᠲᠣᠭᠲᠠᠴᠠ︾ ᠶᠢᠨ ᠲᠣᠣᠷ ᠰᠦᠯᠵᠢᠶᠡᠨ ᠳᠡᠭᠡᠷ᠎ᠡ ᠰᠡᠳᠦᠪ ᠬᠠᠷᠢᠭᠤᠯᠬᠤ ᠠᠵᠢᠯᠯᠠᠭ᠎ᠠ ᠶᠢᠨ | ᠲᠥᠰᠦᠯ · doc | 3 . ᠤᠰᠤᠨ ᠠᠰᠢᠭᠯᠠᠯᠲᠠ ᠶᠢᠨ ᠠᠶᠤᠯᠭᠦᠢ ᠦᠢᠯᠡᠳᠪᠦᠷᠢᠯᠡᠯ ᠤᠨ ᠪᠠᠴᠢᠮ ᠪᠠᠶᠢᠳᠠᠯ ᠢ ᠠᠷᠭᠠᠴᠠᠬᠤ | ᠬᠠᠮᠢᠶᠠᠷᠤᠯᠲᠠ ᠶᠢᠨ ᠨᠡᠶᠢᠲᠡ ᠶᠢᠨ ᠠᠰᠠᠷᠠᠮᠵᠢ ᠶᠢᠨ ᠪᠤᠯᠪᠠᠰᠤᠷᠠᠯ ᠤᠨ ᠲᠥᠰᠦᠯ · docx | 4 . 2023 ᠣᠨ ᠤ ᠪᠥᠬᠦ ᠣᠷᠣᠨ ᠤ ᠤᠰᠤᠨ ᠠᠰᠢᠭᠯᠠᠯᠲᠠ ᠶᠢᠨ ᠠᠶᠤᠯᠭᠦᠢ ᠦᠢᠯᠡᠳᠪᠦᠷᠢᠯᠡᠯ ᠤᠨ ᠪᠠᠴᠢᠮ | ᠪᠠᠶᠢᠳᠠᠯ ᠢ ᠠᠷᠭᠠᠴᠠᠬᠤ ᠰᠣᠷᠢᠯᠲᠠ ᠶᠢᠨ ᠦᠷ᠎ᠡ ᠪᠦᠲᠦᠭᠡᠯ ᠢ ᠰᠢᠯᠭᠠᠷᠠᠭᠤᠯᠤᠨ ᠳᠡᠯᠭᠡᠨ ᠦᠵᠡᠭᠦᠯᠬᠦ ᠠᠵᠢᠯᠯᠠᠭ᠎ᠠ ᠶᠢᠨ | ᠲᠥᠰᠦᠯ · doc | 5 . ᠤᠰᠤᠨ ᠠᠰᠢᠭᠯᠠᠯᠲᠠ ᠶᠢᠨ ᠠᠶᠤᠯᠭᠦᠶ ᠦᠢᠯᠡᠳᠪᠦᠷᠢᠯᠡᠯ ᠤᠨ ᠮᠡᠳᠡᠯᠭᠡ ᠶᠢᠨ ᠰᠦᠯᠵᠢᠶᠡᠨ ᠤ ᠤᠷᠤᠯᠳᠤᠭᠠᠨ — | ︽ᠤᠰᠤᠨ ᠠᠶᠤᠯᠭᠦᠶ ᠶᠢᠨ ᠵᠠᠩᠵᠤᠨ︾ ᠤ ᠠᠵᠢᠯᠯᠠᠭ᠎ᠠ ᠶᠢᠨ ᠲᠥᠰᠦᠯ · doc | 6 . 2023 ᠣᠨ ᠤ ︽ᠠᠶᠤᠯᠭᠦᠢ ᠦᠢᠯᠡᠳᠪᠦᠷᠢᠯᠡᠯ ᠤᠨ ᠰᠠᠷ᠎ᠠ︾ ᠰᠢᠷᠢᠰ ᠤᠬᠠᠭᠤᠯᠭ᠎ᠠ ᠵᠠᠬᠢᠶᠠᠯᠠᠬᠤ ᠠᠵᠢᠯ ᠢ | ᠵᠣᠬᠢᠶᠠᠨ ᠪᠠᠶᠢᠭᠤᠯᠵᠤ ᠥᠷᠨᠢᠭᠦᠯᠬᠦ ᠲᠤᠬᠠᠶ ᠳᠤᠮᠳᠠᠳᠤ ᠤᠯᠤᠰ ᠤᠨ ᠤᠰᠤᠨ ᠠᠰᠢᠭᠯᠠᠯᠲᠠ ᠶᠢᠨ ᠰᠣᠨᠢᠨ ᠤ | ᠬᠤᠷᠢᠶ᠎ᠠ ᠶᠢᠨ ᠵᠠᠬᠢᠳᠠᠯ · doc | 7. ᠤᠰᠤᠨ ᠠᠰᠢᠭᠯᠠᠯᠲᠠ ᠶᠢᠨ ︽ᠠᠶᠤᠯᠭᠦᠢ ᠦᠢᠯᠡᠳᠪᠦᠷᠢᠯᠡᠯ ᠤᠨ ᠰᠠᠷ᠎ᠠ︾ ᠶᠢᠨ ᠠᠵᠢᠯᠯᠠᠭ᠎ᠠ ᠶᠢᠨ | ᠬᠤᠯᠪᠣᠭᠠᠴᠢᠨ ᠤ ᠲᠠᠨᠢᠯᠴᠠᠭᠤᠯᠤᠭᠰᠠᠨ ᠬᠦᠰᠦᠨᠦᠭᠲᠦ · doc | 8 . ᠤᠰᠤᠨ ᠠᠰᠢᠭᠯᠠᠯᠲᠠ ᠶᠢᠨ ︽ᠠᠶᠤᠯᠭᠦᠢ ᠦᠢᠯᠡᠳᠪᠦᠷᠢᠯᠡᠯ ᠤᠨ ᠰᠠᠷ᠎ᠠ︾ ᠶᠢᠨ ᠠᠵᠢᠯᠯᠠᠭ᠎ᠠ ᠶᠢᠨ ᠠᠬᠢᠴᠠ ᠶᠢᠨ | ᠪᠠᠶᠢᠳᠠᠯ ᠤᠨ ᠪᠦᠷᠢᠳᠬᠡᠯ ᠤᠨ ᠬᠦᠰᠦᠨᠦᠭᠲᠦ · docx | | 2023 ᠣᠨ ᠤ 5 ᠳ᠋ᠤᠭᠠᠷ ᠰᠠᠷ᠎ᠠ ᠶᠢᠨ 28 ᠤ ᠡᠳᠦᠷ | | | | |