ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠬᠤ ᠶᠢᠨ ᠲᠥᠯᠥᠭᠡ᠂ ᠶᠡᠷᠦᠩᠬᠡᠶ ᠱᠦᠵᠢ ᠰᠢ ᠶᠢᠨ | ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢ ᠨᠠᠶᠢᠳᠠᠪᠤᠷᠢᠵᠢᠭᠤᠯᠤᠨ᠎ᠠ᠂ ᠭᠤᠤᠯ | ᠰᠡᠳᠦᠪᠲᠦ ᠬᠥᠮᠦᠵᠢᠯ ᠥᠷᠨᠢᠭᠦᠯᠬᠦ ᠶᠢ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ | ᠲᠤᠭᠤᠰᠢᠯᠠᠭᠤᠯᠬᠤ ᠬᠡᠷᠡᠭᠲᠡᠶ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠠᠯᠪᠢᠭᠰᠠᠨ ᠴᠢᠬᠤᠯᠠ | ᠶᠠᠷᠢᠶᠠᠨ ᠤ ᠵᠣᠷᠢᠭ ᠰᠠᠨᠠᠭ᠎ᠠ ᠪᠣᠯᠤᠨ ᠵᠠᠯᠠᠭᠤ ᠨᠢᠭᠡ ᠦᠶ᠎ᠡ ᠶᠢᠨ ᠬᠢᠨ ᠳᠤ ᠲᠠᠯᠪᠢᠭᠰᠠᠨ ᠬᠦᠰᠡᠯ ᠨᠠᠶᠢᠳᠠᠯᠭ᠎ᠠ ᠲᠠᠢ | ᠨᠢᠭᠲᠠ ᠤᠶᠠᠯᠳᠤᠪᠠ᠂ ᠭᠤᠤᠯ ᠰᠡᠳᠦᠪᠲᠦ ᠬᠥᠮᠦᠵᠢᠯ ᠤᠨ ᠰᠤᠷᠤᠯᠴᠠᠯᠭ᠎ᠠ ᠶᠢᠨ ᠦᠷ᠎ᠡ ᠪᠦᠲᠦᠮᠵᠢ ᠶᠢ | ᠨᠡᠮᠡᠭᠳᠡᠭᠦᠯᠦᠨ᠎ᠡ᠂ ᠰᠢᠨ᠎ᠡ ᠴᠠᠭ ᠦᠶ᠎ᠡ ᠶᠢᠨ ᠤᠰᠤᠨ ᠠᠰᠢᠭᠯᠠᠯᠲᠠ ᠶᠢᠨ ᠬᠥᠮᠦᠰ ᠤᠨ ᠵᠣᠷᠢᠭᠲᠠᠶ ᠪᠠᠷ ᠬᠠᠷᠢᠭᠤᠴᠠᠯᠭ᠎ᠠ | ᠡᠭᠦᠷᠭᠡᠯᠡᠬᠦ ᠵᠣᠷᠢᠭ ᠰᠠᠨᠠᠭᠠᠨ ᠤ ᠳᠦᠷᠰᠦ ᠪᠠᠶᠢᠳᠠᠯ ᠢ ᠢᠯᠡᠷᠡᠭᠦᠯᠪᠡ᠂ 6 ᠳ᠋ᠤᠭᠠᠷ ᠰᠠᠷ᠎ᠠ ᠶᠢᠨ 16 ᠤ ᠡᠳᠦᠷ᠂ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠦᠢᠯᠡᠰ ᠤᠨ ᠬᠥᠭᠵᠢᠯᠲᠡ ᠶᠢᠨ | ᠲᠥᠪ ︽ᠦᠵᠡᠯ ᠰᠠᠨᠠᠭ᠎ᠠ ᠶᠢ ᠰᠤᠷᠤᠯᠴᠠᠨ ᠨᠠᠮᠴᠢ ᠴᠢᠨᠠᠷ ᠢ ᠴᠢᠩᠭᠠᠳᠬᠠᠵᠤ ᠦᠢᠯᠡᠳᠦᠯᠭᠡ ᠶᠢ ᠴᠢᠬᠤᠯᠠᠴᠢᠯᠠᠨ ᠰᠢᠨ᠎ᠡ | ᠭᠠᠪᠢᠶ᠎ᠠ ᠪᠠᠶᠢᠭᠤᠯᠬᠤ︾ ᠭᠤᠤᠯ ᠰᠡᠳᠦᠪᠲᠦ ᠬᠥᠮᠦᠵᠢᠯ ᠤᠨ ᠶᠠᠷᠢᠶ᠎ᠠ ᠢᠯᠡᠳᠬᠡᠯ ᠤᠨ ᠤᠷᠤᠯᠳᠤᠭᠠᠨ ᠤ ᠠᠩᠬᠠᠨ ᠤ | ᠤᠷᠤᠯᠳᠤᠭᠠᠨ ᠢ ᠵᠣᠬᠢᠶᠠᠨ ᠪᠠᠶᠢᠭᠤᠯᠤᠨ ᠥᠷᠨᠢᠭᠦᠯᠪᠡ᠃ | | | | | | ᠡᠮᠦᠨᠡᠬᠢ ᠬᠤᠭᠤᠴᠠᠭᠠᠨ ᠤ ᠭᠦᠢᠴᠡᠳ ᠪᠡᠯᠡᠳᠬᠡᠯ ᠢᠶᠠᠷ ᠲᠠᠮᠵᠢᠨ᠂ 16 ᠤ ᠦᠳᠡ ᠶᠢᠨ ᠬᠤᠶᠢᠨ᠎ᠠ᠂ | ᠲᠥᠪ ᠤᠨ 17 ᠰᠠᠯᠠᠭ᠎ᠠ ᠮᠥᠴᠢᠷ ᠤᠨ ᠲᠠᠮᠢᠷᠴᠢᠳ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ᠂ ᠨᠠᠮ ᠤᠨ ᠬᠤᠷᠢᠳᠤᠭᠠᠷ ᠶᠡᠭᠡ ᠬᠤᠷᠠᠯ ᠤᠨ | ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢᠨ ᠲᠣᠭᠤᠷᠢᠨ ᠳᠤ᠂ ᠲᠡᠦᠬᠡ ᠶᠢ ᠡᠷᠭᠢᠴᠡᠭᠦᠯᠬᠦ᠂ ᠰᠢᠨ᠎ᠡ ᠴᠠᠭ | ᠦᠶ᠎ᠡ ᠶᠢ ᠣᠶᠢᠯᠠᠭᠠᠬᠤ᠂ ᠤᠷ᠎ᠠ ᠮᠡᠷᠭᠡᠵᠢᠯ ᠢᠶᠠᠷ ᠤᠯᠤᠰ ᠲᠠᠭᠠᠨ ᠵᠢᠳᠬᠦᠬᠦ ᠵᠡᠷᠭᠡ ᠬᠠᠷᠠᠭᠠᠰᠤ ᠠᠴᠠ᠂ ᠲᠤᠰ | ᠪᠡᠶ᠎ᠡ ᠶᠢᠨ ᠰᠤᠷᠤᠯᠴᠠᠯᠭ᠎ᠠ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ ᠣᠷᠭᠢᠯᠤᠮ᠎ᠠ ᠬᠠᠯᠠᠭᠤᠨ | ᠰᠡᠳᠬᠢᠯᠭᠡ ᠪᠠᠷ ᠶᠠᠷᠢᠶ᠎ᠠ ᠢᠯᠡᠳᠬᠡᠯ ᠬᠢᠵᠦ᠂ ᠴᠢᠩ ᠦᠨᠡᠨᠴᠢ ᠬᠠᠯᠠᠭᠤᠨ ᠰᠡᠳᠬᠢᠯᠭᠡ ᠪᠠᠷ ᠵᠠᠯᠠᠭᠤ ᠨᠠᠰᠤ ᠪᠠ ᠬᠦᠴᠦ | ᠬᠥᠯᠥᠰᠥ ᠪᠠᠷ ᠢᠶᠠᠨ ᠰᠢᠨ᠎ᠡ ᠴᠠᠭ ᠦᠶ᠎ᠡ ᠶᠢᠨ ᠤᠰᠤᠨ ᠠᠰᠢᠭᠯᠠᠯᠲᠠ ᠶᠢᠨ ᠳᠠᠭᠤᠤ ᠶᠢ ᠪᠢᠴᠢᠭᠯᠡᠭᠰᠡᠨ ᠣᠮᠤᠭ | ᠲᠡᠭᠦᠯᠳᠡᠷ ᠰᠡᠳᠬᠢᠯᠭᠡ ᠪᠠᠨ ᠢᠯᠡᠳᠬᠡᠪᠡ᠃ ᠲᠠᠮᠢᠷᠴᠢᠳ ᠤᠨ ᠰᠡᠳᠬᠢᠯᠭᠡ ᠨᠢᠭᠡᠲᠡᠢ ᠶᠠᠷᠢᠶ᠎ᠠ ᠢᠯᠡᠳᠬᠡᠯ ᠨᠢ ᠤᠯᠠᠨ ᠳᠤ | ᠰᠢᠨ᠎ᠡ ᠴᠠᠭ ᠦᠶ᠎ᠡ ᠶᠢᠨ ᠤᠰᠤᠨ ᠠᠰᠢᠭᠯᠠᠯᠲᠠ ᠶᠢᠨ ᠬᠥᠮᠦᠰ ᠤᠨ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠬᠦ᠂ | ᠵᠣᠷᠢᠭᠲᠠᠢ ᠪᠠᠷ ᠵᠢᠳᠬᠦᠯ ᠴᠢᠷᠮᠠᠶᠢᠯᠭ᠎ᠠ ᠭᠠᠷᠭᠠᠬᠤ ᠰᠠᠶᠢᠨ ᠰᠠᠶᠢᠬᠠᠨ ᠤᠶᠤᠨ ᠰᠠᠨᠠᠭᠠᠨ ᠤ ᠳᠦᠷᠰᠦ ᠪᠠᠶᠢᠳᠠᠯ ᠢ | ᠳᠡᠯᠭᠡᠨ ᠦᠵᠡᠭᠦᠯᠵᠦ᠂ ᠰᠢᠯᠭᠠᠷᠠᠭᠤᠯᠬᠤ ᠺᠣᠮᠢᠰ ᠤᠨ ᠭᠡᠰᠢᠭᠦᠳ ᠤᠨ ᠨᠢᠭᠡᠳᠦᠯᠲᠡᠢ ᠰᠠᠶᠢᠨ ᠦᠨᠡᠯᠡᠯᠲᠡ ᠪᠣᠯᠤᠨ | ᠲᠤᠬᠠᠢ ᠶᠢᠨ ᠲᠠᠯᠠᠪᠠᠢ ᠶᠢᠨ ᠦᠵᠡᠭᠴᠢᠳ ᠤᠨ ᠬᠠᠯᠠᠭᠤᠨ ᠠᠯᠠᠭ᠎ᠠ ᠲᠠᠰᠢᠯᠳᠠ ᠶᠢ ᠣᠯᠵᠠᠢ᠃ | ᠰᠢᠯᠭᠠᠷᠠᠭᠤᠯᠬᠤ ᠺᠣᠮᠢᠰ ᠤᠨ ᠭᠡᠰᠢᠭᠦᠨ ᠬᠤᠪᠢ ᠥᠭᠴᠦ ᠰᠢᠯᠢᠨ ᠰᠣᠩᠭᠤᠬᠤ ᠪᠠᠷ ᠳᠠᠮᠵᠢᠭᠠᠳ᠂ | ᠡᠴᠦᠰ ᠲᠡᠭᠡᠨ ᠬᠢᠷᠢ ᠪᠦᠲᠦᠮᠵᠢ ᠪᠠᠷ ᠨᠢ ᠬᠥᠷᠥᠰᠥ ᠰᠢᠷᠣᠶ ᠶᠢ ᠬᠠᠮᠠᠭᠠᠯᠠᠬᠤ ᠶᠠᠮᠤᠨ ᠤ ᠺᠠᠩ ᠮᠧᠩ ᠲᠢᠩ᠂ ᠰᠣᠨᠢᠨ | ᠮᠡᠳᠡᠭᠡ ᠤᠬᠠᠭᠤᠯᠬᠤ ᠬᠡᠯᠲᠡᠰ ᠤᠨ ᠵᠣᠣ ᠴᠢᠶᠠᠨ᠂ ᠬᠢᠨᠠᠨ ᠵᠥᠪᠰᠢᠶᠡᠷᠡᠬᠦ ᠦᠢᠯᠡᠴᠢᠯᠡᠭᠡᠨ ᠤ ᠬᠡᠯᠲᠡᠰ ᠤᠨ ᠵᠠᠩ ᠢ | ᠵᠧᠨ ᠵᠡᠷᠭᠡ 10 ᠲᠠᠮᠢᠷᠴᠢᠨ ᠰᠢᠢᠳᠪᠦᠷᠢᠲᠦ ᠤᠷᠤᠯᠳᠤᠭᠠᠨ ᠳᠤ ᠣᠷᠣᠪᠠ᠃ | ᠲᠠᠷᠠᠭᠠᠴᠢ ᠶᠢᠨ ᠠᠯᠬᠤᠮ ᠳᠤ᠂ ᠬᠥᠭᠵᠢᠯᠲᠡ ᠶᠢᠨ ᠲᠥᠪ ᠠᠴᠠ ᠶᠠᠷᠢᠶ᠎ᠠ ᠢᠯᠡᠳᠬᠡᠯ ᠤᠨ ᠤᠷᠤᠯᠳᠤᠭᠠᠨ ᠤ | ᠰᠢᠢᠳᠪᠦᠷᠢᠲᠦ ᠤᠷᠤᠯᠳᠤᠭᠠᠨ ᠢ ᠢᠳᠡᠪᠬᠢᠲᠡᠶ ᠪᠡᠯᠡᠳᠬᠡᠵᠦ᠂ ᠡᠭᠦᠨ ᠢᠶᠠᠷ ᠭᠤᠤᠯ ᠰᠡᠳᠦᠪᠲᠦ ᠬᠥᠮᠦᠵᠢᠯ ᠤᠨ | ᠠᠭᠤᠯᠤᠭᠳᠠᠬᠤᠨ ᠪᠠ ᠬᠡᠯᠪᠡᠷᠢ ᠶᠢ ᠪᠠᠶᠠᠯᠢᠭᠵᠢᠭᠤᠯᠵᠤ᠂ ᠨᠠᠮ ᠤᠨ ᠭᠡᠰᠢᠭᠦᠨ ᠺᠠᠳ᠋ᠷ ᠠᠵᠢᠯᠲᠠᠨ ᠠᠵᠢᠯᠴᠢᠨ ᠤ | ᠣᠨᠣᠯ ᠤᠨ ᠰᠤᠷᠤᠯᠴᠠᠯᠭ᠎ᠠ ᠶᠢᠨ ᠦᠷ᠎ᠡ ᠪᠦᠲᠦᠭᠡᠯ ᠢᠶᠠᠨ ᠪᠣᠳᠠᠲᠤ ᠠᠵᠢᠯᠯᠠᠭ᠎ᠠ ᠪᠣᠯᠭᠠᠨ ᠬᠤᠪᠢᠷᠠᠭᠤᠯᠬᠤ ᠶᠢ | ᠵᠣᠷᠢᠭᠵᠢᠭᠤᠯᠵᠤ᠂ ᠨᠠᠩ ᠴᠤᠭ ᠪᠠᠳᠠᠷᠠᠩᠭᠤᠶ ᠲᠡᠮᠡᠴᠡᠯ ᠤᠨ ᠵᠣᠷᠢᠭ ᠢᠶᠠᠷ ᠥᠪᠥᠷ ᠮᠣᠩᠭᠤᠯ ᠤᠨ ᠤᠰᠤᠨ | ᠠᠰᠢᠭᠯᠠᠯᠲᠠ ᠶᠢᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠦᠢᠯᠡᠳᠦᠯᠭᠡ ᠳᠤ ᠣᠷᠣᠯᠴᠠᠵᠤ᠂ | ᠪᠣᠳᠠᠲᠤ ᠠᠵᠢᠯᠯᠠᠭ᠎ᠠ ᠪᠠᠷ ᠢᠶᠠᠨ ᠵᠠᠯᠠᠭᠤᠴᠤᠳ ᠤᠨ ᠬᠠᠷᠢᠭᠤᠯᠲᠠ ᠶᠢᠨ ᠬᠠᠭᠤᠳᠠᠰᠤ ᠶᠢ ᠪᠢᠴᠢᠭᠯᠡᠵᠦ᠂ ᠤᠰᠤᠨ | ᠠᠰᠢᠭᠯᠠᠯᠲᠠ ᠶᠢᠨ ᠢᠳᠡᠪᠬᠢ ᠬᠦᠴᠦᠨ ᠢ ᠬᠠᠩᠭᠢᠨᠠᠭᠤᠯᠤᠨ᠎ᠠ︕ | ︵ᠡᠬᠡ ᠪᠢᠴᠢᠭ ᠢ ᠤᠰᠤᠨ ᠠᠰᠢᠭᠯᠠᠯᠲᠠ ᠶᠢᠨ ᠦᠢᠯᠡᠰ ᠤᠨ ᠬᠥᠭᠵᠢᠯᠲᠡ ᠶᠢᠨ ᠲᠥᠪ ᠤᠨ ᠭᠤᠤᠯ ᠰᠡᠳᠦᠪᠲᠦ | ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠬᠡᠷ ᠬᠠᠩᠭᠠᠪᠠ︶ | |