ᠥᠪᠡᠷᠲᠡᠭᠡᠨ ᠵᠠᠰᠠᠬᠤ ᠣᠷᠣᠨ ︽ᠬᠡᠦᠬᠡᠳ ᠪᠠᠭᠠᠴᠤᠳ ᠨᠠᠮ ᠢᠶᠠᠨ ᠳᠠᠭᠠᠵᠤ ᠤᠯᠤᠰ ᠢᠶᠠᠨ ᠬᠦᠴᠦᠷᠬᠡᠭᠵᠢᠭᠦᠯᠬᠦ ᠬᠦᠰᠡᠯ ᠢᠶᠠᠨ ᠪᠡᠶᠡᠯᠡᠭᠦᠯᠵᠡᠭᠡᠶ᠎ᠡ︾ ᠭᠡᠬᠦ ︽6 · 1︾ ᠤ ᠳᠡᠯᠡᠬᠡᠢ ᠶᠢᠨ ᠬᠡᠦᠬᠡᠳ ᠤᠨ ᠪᠠᠶᠠᠷ ᠢ ᠪᠡᠯᠭᠡᠯᠡᠬᠦ ᠭᠤᠣᠯ ᠰᠡᠳᠦᠪᠲᠦ ᠠᠵᠢᠯᠯᠠᠭ᠎ᠠ ᠥᠷᠨᠢᠭᠦᠯᠵᠡᠢ  ᠪᠦᠦ ᠰᠢᠶᠠᠨ ᠬᠤᠸᠠ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠢ
ᠨᠡᠶᠢᠲᠡᠯᠡᠭᠰᠡᠨ ᠴᠠᠭ᠄
2023/6/2
  5 ᠳ᠋ᠤᠭᠠᠷ ᠰᠠᠷ᠎ᠠ ᠶᠢᠨ 31 ᠤ ᠡᠳᠦᠷ᠂ ᠥᠪᠡᠷᠲᠡᠭᠡᠨ ᠵᠠᠰᠠᠬᠤ ᠣᠷᠣᠨ ᠤ ᠡᠮᠡᠭᠲᠡᠶᠢᠴᠦᠳ ᠤᠨ ᠬᠤᠯᠪᠣᠭ᠎ᠠ᠂ ᠣᠶᠤᠨ ᠤ ᠪᠣᠯᠪᠠᠰᠤᠨ ᠤ ᠪᠠᠶᠢᠭᠤᠯᠤᠯᠲᠠ ᠶᠢᠨ ᠵᠥᠪᠯᠡᠯ ᠤᠨ ᠠᠯᠪᠠᠨ ᠭᠡᠷ ᠠᠴᠠ ᠭᠤᠣᠯᠴᠢᠯᠠᠨ ᠡᠷᠭᠢᠯᠡᠭᠰᠡᠨ ᠶᠡᠷᠦᠩᠬᠡᠢ ᠱᠦᠵᠢ ᠰᠢ ᠶᠢᠨ ᠫᠢᠩ ᠤᠨ ᠳᠤᠮᠳᠠᠳᠤ ᠤᠯᠤᠰ ᠤᠨ ᠪᠠᠭᠠᠴᠤᠳ ᠤᠨ ᠲᠥᠪ ᠪᠠᠶᠢᠭᠤᠯᠤᠭᠳᠠᠭᠰᠠᠨ 40 ᠵᠢᠯ ᠤᠨ ᠣᠶ ᠳᠤ ᠢᠯᠡᠭᠡᠭᠰᠡᠨ ᠪᠠᠶᠠᠷ ᠤᠨ ᠵᠠᠬᠢᠳᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠠᠷᠢᠯᠴᠠᠬᠤ ᠬᠤᠷᠠᠯ ᠵᠢᠴᠢ ︽ᠬᠡᠦᠬᠡᠳ ᠪᠠᠭᠠᠴᠤᠳ ᠨᠠᠮ ᠢᠶᠠᠨ ᠳᠠᠭᠠᠵᠤ ᠤᠯᠤᠰ ᠢᠶᠠᠨ ᠬᠦᠴᠦᠷᠬᠡᠭᠵᠢᠭᠦᠯᠬᠦ ᠬᠦᠰᠡᠯ ᠢᠶᠠᠨ ᠪᠡᠶᠡᠯᠡᠭᠦᠯᠵᠡᠭᠡᠶ᠎ᠡ︾ ᠭᠡᠬᠦ ︽6 · 1︾ ᠤ ᠳᠡᠯᠡᠬᠡᠢ ᠶᠢᠨ ᠬᠡᠦᠬᠡᠳ ᠤᠨ ᠪᠠᠶᠠᠷ ᠢ ᠪᠡᠯᠭᠡᠯᠡᠬᠦ ᠭᠤᠣᠯ ᠰᠡᠳᠦᠪᠲᠦ ᠠᠵᠢᠯᠯᠠᠭ᠎ᠠ ᠬᠥᠬᠡᠬᠤᠲᠠ ᠳᠤ ᠶᠠᠪᠤᠭᠳᠠᠪᠠ᠃ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ᠂ ᠡᠮᠡᠭᠲᠡᠶᠢᠴᠦᠳ ᠬᠡᠦᠬᠡᠳ ᠤᠨ ᠠᠵᠢᠯ ᠤᠨ ᠵᠥᠪᠯᠡᠯ ᠤᠨ ᠡᠷᠬᠢᠯᠡᠭᠴᠢ ᠪᠦᠦ ᠰᠢᠶᠠᠨ ᠬᠤᠸᠠ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠢ ᠃  ᠤᠯᠠᠨ ᠢᠶᠠᠷ ᠢᠶᠠᠨ ᠬᠡᠦᠬᠡᠳ ᠤᠨ ᠦᠰᠦᠨ ᠪᠤᠶᠢᠵᠢᠯᠲᠠ ᠶᠢᠨ ᠵᠠᠮᠴᠢᠯᠠᠭᠴᠢ᠂ ᠬᠡᠦᠬᠡᠳ ᠤᠨ ᠡᠷᠬᠡ ᠠᠰᠢᠭ ᠤᠨ ᠬᠠᠮᠠᠭᠠᠯᠠᠭᠴᠢ᠂ ᠬᠡᠦᠬᠡᠳ ᠤᠨ ᠢᠷᠡᠭᠡᠳᠦᠢ ᠶᠢᠨ ᠬᠦᠰᠡᠯ ᠢ ᠪᠡᠶᠡᠯᠡᠭᠦᠯᠦᠭᠴᠢ ᠶᠢᠨ ᠠᠵᠢᠯ ᠢ ᠰᠠᠶᠢᠲᠤᠷ ᠬᠢᠬᠦ ᠬᠡᠷᠡᠭᠲᠡᠢ ᠭᠡᠵᠦ ᠢᠯᠡᠳᠬᠡᠵᠡᠭᠡᠪᠡ᠃ ᠥᠪᠡᠷᠲᠡᠭᠡᠨ ᠵᠠᠰᠠᠬᠤ ᠣᠷᠣᠨ ᠤ ᠡᠮᠡᠭᠲᠡᠶᠢᠴᠦᠳ ᠤᠨ ᠬᠤᠯᠪᠣᠭ᠎ᠠ᠂ ᠪᠠᠶᠢᠴᠠᠭᠠᠬᠤ ᠬᠤᠷᠢᠶ᠎ᠠ᠂ ᠡᠮᠡᠭᠲᠡᠢ ᠠᠵᠤ ᠠᠬᠤᠶᠢᠯᠠᠯᠲᠠᠨ ᠤ ᠨᠡᠶᠢᠭᠡᠮᠯᠢᠭ᠂ ᠴᠧᠩ ᠴᠢᠤᠸᠠᠨ ᠳᠠᠭᠠᠭᠠᠴᠢᠯᠠᠯᠲᠠ ᠵᠠᠷᠯᠠᠬᠤ ᠬᠢᠵᠠᠭᠠᠷᠲᠤ ᠺᠣᠮᠫᠠᠨᠢ ᠵᠡᠷᠭᠡ ᠠᠴᠠ 12 ᠲᠦᠮᠡᠨ ᠲᠥᠭᠦᠷᠢᠭ ᠤᠨ ᠥᠷᠲᠡᠭ ᠪᠦᠬᠦᠢ ᠪᠢᠴᠢᠭ ᠤᠨ ᠬᠡᠷᠡᠭᠰᠡᠯ ᠬᠠᠨᠳᠢᠪᠯᠡᠵᠤ᠂ ᠬᠦᠴᠢᠷᠳᠡᠯ ᠳᠤ ᠲᠤᠯᠭᠠᠷᠠᠭᠰᠠᠨ 30 ᠬᠡᠦᠬᠡᠳ ᠲᠤ 3 ᠲᠦᠮᠡᠨ ᠲᠥᠭᠦᠷᠢᠭ ᠤᠨ ᠬᠠᠶᠢᠷ᠎ᠠ ᠬᠠᠯᠠᠮᠵᠢ ᠶᠢᠨ ᠮᠥᠩᠭᠦ ᠣᠯᠭᠤᠪᠠ᠃ 
 
ᠢᠷᠡᠯᠲᠡ᠄ ᠦᠪᠦᠷ ᠮᠤᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号