ᠵᠠᠰᠠᠭ ᠵᠠᠬᠢᠷᠭᠠᠨ ᠤ ᠵᠥᠪᠰᠢᠶᠡᠷᠡᠯ ᠥᠭᠬᠦ ᠲᠣᠭᠲᠠᠭᠠᠯ ᠤᠨ ᠪᠢᠴᠢᠭ
ᠨᠡᠶᠢᠲᠡᠯᠡᠭᠰᠡᠨ ᠴᠠᠭ᠄
2023/6/26
  ᠬᠡᠯᠬᠢᠶᠡᠰᠦᠨ ᠨᠣᠮᠧᠷ᠄ 000014348/2023 — 02860  ᠭᠤᠣᠯ ᠰᠡᠳᠦᠪ ᠤᠨ ᠠᠩᠭᠢᠯᠠᠯ᠄ ᠤᠰᠤᠨ ᠠᠰᠢᠭᠯᠠᠯᠲᠠ  ᠨᠡᠶᠢᠲᠡᠯᠡᠭᠰᠡᠨ ᠪᠠᠶᠢᠭᠤᠯᠤᠮᠵᠢ᠄ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ  ᠪᠢᠴᠢᠭ ᠤᠨ ᠳ᠋ᠤᠭᠠᠷ᠄ ᠦᠪᠦᠷ ᠤᠰᠤᠨ ᠤ ᠡᠬᠢ ᠪᠠᠶᠠᠯᠢᠭ ᠤᠨ ᠵᠦᠪᠰᠢᠶᠡᠷᠡᠯ ᠢᠶᠠᠷ ᠰᠢᠢᠳᠪᠦᠷᠢᠯᠡᠬᠦ           ﹇2023﹈ 7 ᠳ᠋ᠤᠭᠠᠷ ᠲᠣᠭᠠᠲᠤ  ᠪᠢᠴᠢᠭᠳᠡᠭᠰᠡᠨ ᠡᠳᠦᠷ ᠬᠤᠭᠤᠴᠠᠭ᠎ᠠ᠄ 2023 — 06 – 22  ᠠᠯᠪᠠᠨ ᠪᠢᠴᠢᠭ ᠤᠨ ᠬᠦᠴᠦᠨ ᠲᠠᠢ ᠬᠤᠭᠤᠴᠠᠭ᠎ᠠ᠄  ᠬᠥᠯᠥᠨ ᠪᠤᠶᠢᠷ ᠤᠨ ᠳ᠋ᠦᠩ ᠮᠢᠩ ᠵᠠᠳᠠᠭᠠᠶ ᠠᠭᠤᠷᠬᠠᠶ ᠶᠢᠨ ᠦᠢᠯᠡᠰ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠄  ᠮᠠᠨ ᠤ ᠲᠢᠩᠬᠢᠮ ᠲᠠᠨ ᠤ ᠺᠣᠮᠫᠠᠨᠢ ᠶᠢᠨ ᠳ᠋ᠦᠩ ᠮᠢᠩ ᠵᠠᠳᠠᠭᠠᠶ ᠠᠭᠤᠷᠬᠠᠶ ᠶᠢᠨ ᠴᠥᠮ᠎ᠡ ᠶᠢᠨ ᠦᠢᠯᠡᠳᠪᠦᠷᠢᠯᠡᠬᠦ ᠴᠢᠳᠠᠪᠤᠷᠢ ︵400 ᠲᠦᠮᠡᠨ t / a︶᠎ ᠶᠢᠨ ᠲᠥᠷᠥᠯ ᠵᠦᠢᠯ ᠢ ᠭᠥᠯᠢᠶᠡᠨ ᠠᠪᠴᠤ ᠰᠢᠢᠳᠪᠦᠷᠢᠯᠡᠨ᠎ᠡ᠃ ᠬᠢᠨᠠᠨ ᠪᠠᠶᠢᠴᠠᠭᠠᠭᠠᠳ᠂ ᠲᠤᠰ ᠭᠤᠶᠤᠴᠢᠯᠠᠯ ᠨᠢ ᠬᠠᠤᠯᠢ ᠳᠤ ᠲᠣᠭᠲᠠᠭᠠᠭᠰᠠᠨ ᠨᠥᠬᠦᠴᠡᠯ ᠳᠤ ᠨᠡᠶᠢᠴᠡᠨ᠎ᠡ᠃ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠵᠥᠪᠰᠢᠶᠡᠷᠡᠯ ᠤᠨ ᠬᠠᠤᠯᠢ︾᠎ ᠶᠢᠨ ᠭᠤᠴᠢᠨ ᠨᠠᠢᠮᠠᠳᠤᠭᠠᠷ ᠵᠦᠢᠯ ᠤᠨ ᠨᠢᠭᠡᠳᠦᠭᠡᠷ ᠵᠤᠷᠪᠤᠰ᠂ ︽ᠤᠰᠤᠨ ᠤ ᠵᠠᠰᠠᠭ ᠵᠠᠬᠢᠷᠭᠠᠨ ᠤ ᠵᠥᠪᠰᠢᠶᠡᠷᠡᠯ ᠤᠨ ᠬᠡᠷᠡᠭᠵᠢᠭᠦᠯᠬᠦ ᠠᠷᠭ᠎ᠠ︾᠎ ᠶᠢᠨ ᠭᠤᠴᠢᠨ ᠬᠤᠶᠠᠳᠤᠭᠠᠷ ᠵᠦᠢᠯ ᠤᠨ ︵ᠨᠢᠭᠡ︶ ᠳ᠋ᠦ᠋ᠭᠡᠷ ᠵᠤᠷᠪᠤᠰ᠂ ︽ᠤᠰᠤ ᠠᠪᠬᠤ ᠵᠥᠪᠰᠢᠶᠡᠷᠡᠯ ᠪᠠ ᠤᠰᠤᠨ ᠤ ᠡᠬᠢ ᠪᠠᠶᠠᠯᠢᠭ ᠤᠨ ᠰᠦᠢᠳᠬᠡᠯ ᠲᠠᠲᠠᠪᠤᠷᠢᠯᠠᠬᠤ ᠬᠠᠮᠢᠶᠠᠷᠤᠯᠲᠠ ᠶᠢᠨ ᠳᠦᠷᠢᠮ︾᠂ ︽ᠭᠠᠵᠠᠷ ᠳᠣᠣᠷᠠᠬᠢ ᠤᠰᠤᠨ ᠤ ᠬᠠᠮᠢᠶᠠᠷᠤᠯᠲᠠ ᠶᠢᠨ ᠳᠦᠷᠢᠮ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤ ᠠᠪᠬᠤ ᠵᠥᠪᠰᠢᠶᠡᠷᠡᠯ ᠪᠠ ᠤᠰᠤᠨ ᠤ ᠡᠬᠢ ᠪᠠᠶᠠᠯᠢᠭ ᠤᠨ ᠰᠦᠢᠳᠬᠡᠯ ᠲᠠᠲᠠᠪᠤᠷᠢᠯᠠᠬᠤ ᠬᠠᠮᠢᠶᠠᠷᠤᠯᠲᠠ ᠶᠢᠨ ᠬᠡᠷᠡᠭᠵᠢᠭᠦᠯᠬᠦ ᠠᠷᠭ᠎ᠠ︾ ᠵᠢᠴᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠵᠠᠷ ᠳᠣᠣᠷᠠᠬᠢ ᠤᠰᠤ ᠶᠢ ᠬᠠᠮᠠᠭᠠᠯᠠᠬᠤ ᠪᠠ ᠬᠠᠮᠢᠶᠠᠷᠬᠤ ᠳᠦᠷᠢᠮ︾᠎ ᠤᠨ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ᠂ ᠤᠰᠤ ᠠᠪᠬᠤ ᠵᠥᠪᠰᠢᠶᠡᠷᠡᠯ ᠤᠨ ᠭᠤᠶᠤᠴᠢᠯᠠᠯ ᠢ ᠵᠥᠪᠰᠢᠶᠡᠷᠡᠬᠦ ᠪᠠᠷ ᠲᠣᠭᠲᠠᠪᠠ᠃  ᠬᠥᠯᠥᠨ ᠪᠤᠶᠢᠷ ᠤᠨ ᠳ᠋ᠦᠩ ᠮᠢᠩ ᠵᠠᠳᠠᠭᠠᠶ ᠠᠭᠤᠷᠬᠠᠶ ᠶᠢᠨ ᠦᠢᠯᠡᠰ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠳ᠋ᠦᠩ ᠮᠢᠩ ᠵᠠᠳᠠᠭᠠᠶ ᠠᠭᠤᠷᠬᠠᠶ ᠶᠢᠨ ᠴᠥᠮ᠎ᠡ ᠶᠢᠨ ᠦᠢᠯᠡᠳᠪᠦᠷᠢᠯᠡᠯ ᠢᠶᠠᠨ ᠨᠡᠮᠡᠭᠳᠡᠭᠦᠯᠬᠦ ︵400 ᠲᠦᠮᠡᠨ t / a︶ ᠲᠥᠷᠥᠯ ᠵᠦᠢᠯ ᠨᠢ ᠥᠪᠥᠷ ᠮᠣᠩᠭᠤᠯ ᠤᠨ ᠬᠥᠯᠥᠨ ᠪᠤᠶᠢᠷ ᠬᠤᠲᠠ ᠶᠢᠨ ᠬᠠᠭᠤᠴᠢᠨ ᠪᠠᠷᠭᠤ ᠬᠤᠰᠢᠭᠤᠨ ᠤ ᠲᠣᠬᠤᠶ ᠰᠤᠮᠤ ᠳᠤ ᠪᠠᠶᠢᠷᠢᠯᠠᠵᠤ᠂ ᠨᠢᠭᠡᠨᠲᠡ ᠪᠠᠶᠢᠭᠤᠯᠤᠭᠰᠠᠨ ᠥᠷᠭᠡᠳᠬᠡᠨ ᠪᠠᠶᠢᠭᠤᠯᠤᠭᠰᠠᠨ ᠨᠡᠭᠦᠷᠡᠰᠦ ᠮᠠᠯᠲᠠᠬᠤ ᠲᠥᠷᠥᠯ ᠵᠦᠢᠯ ᠳᠤ ᠬᠠᠷᠢᠶᠠᠯᠠᠭᠳᠠᠨ᠎ᠠ᠃ ᠲᠣᠰ ᠤᠳᠠᠭ᠎ᠠ ᠥᠷᠭᠡᠳᠬᠡᠨ ᠪᠠᠶᠢᠭᠤᠯᠤᠭᠰᠠᠨ ᠤ ᠳᠠᠷᠠᠭᠠᠬᠢ ᠦᠢᠯᠡᠳᠪᠦᠷᠢᠯᠡᠯ ᠤᠨ ᠴᠢᠳᠠᠪᠤᠷᠢ ᠨᠢ 400 ᠲᠦᠮᠡᠨ t / a ᠪᠠᠶᠢᠵᠤ᠂ ᠦᠢᠯᠡᠴᠢᠯᠡᠬᠦ ᠵᠢᠯ ᠬᠤᠭᠤᠴᠠᠭ᠎ᠠ ᠨᠢ ᠪᠠᠷᠤᠭ 3.4 ᠵᠢᠯ ᠪᠠᠶᠢᠵᠤ᠂ ᠨᠡᠭᠦᠷᠡᠰᠦᠨ ᠠᠭᠤᠷᠬᠠᠶ ᠶᠢᠨ ᠵᠢᠱᠢᠯᠲᠡ ᠪᠠᠷ ᠨᠦᠬᠡ ᠪᠠᠨ ᠬᠠᠭᠠᠬᠤ ᠴᠠᠭ ᠨᠢ 2026 ᠣᠨ ᠤ 12 ᠳ᠋ᠤᠭᠠᠷ ᠰᠠᠷ᠎ᠠ ᠶᠢᠨ 31᠎ ᠤ ᠡᠳᠦᠷ ᠪᠣᠯᠤᠨ᠎ᠠ᠃    ᠲᠣᠰ ᠲᠥᠷᠥᠯ ᠵᠦᠢᠯ ᠤᠨ ᠵᠢᠯ ᠤᠨ ᠤᠰᠤ ᠲᠠᠲᠠᠷᠠᠭᠤᠯᠬᠤ ᠤᠰᠤ ᠲᠠᠲᠠᠬᠤ ᠬᠡᠮᠵᠢᠶ᠎ᠡ ᠨᠢ 1510.74 ᠲᠦᠮᠡᠨ m3 ᠪᠠᠶᠢᠵᠤ᠂ ᠡᠭᠦᠨ ᠳᠤ ᠤᠰᠤ ᠲᠠᠲᠠᠷᠠᠭᠤᠯᠬᠤ ᠬᠤᠳᠳᠤᠭ ᠵᠢᠴᠢ ᠠᠮᠢᠳᠤᠷᠠᠯ ᠤᠨ ᠤᠰᠤᠨ ᠰᠤᠷᠪᠤᠯᠵᠢ ᠶᠢᠨ ᠬᠤᠳᠳᠤᠭ ᠤᠨ ᠤᠰᠤᠨ ᠤ ᠬᠡᠮᠵᠢᠶ᠎ᠡ ᠨᠢ 785.58 ᠲᠦᠮᠡᠨ m3/ a ︵ᠡᠭᠦᠨ ᠳᠤ 733.03 ᠲᠦᠮᠡᠨ m 3/ a᠎ ᠨᠢ ᠮᠦᠯᠢᠭᠡᠷ ᠭᠤᠤᠯ ᠤᠨ ᠭᠠᠵᠠᠷ ᠳᠡᠭᠡᠷᠡᠬᠢ ᠤᠰᠤᠨ ᠤ ᠭᠦᠢᠴᠡᠳᠭᠡᠯ ᠲᠤᠭ᠎ᠠ ᠶᠢ ᠡᠵᠡᠯᠡᠨ ᠬᠡᠷᠡᠭᠯᠡᠵᠦ᠂ 52.55 ᠲᠦᠮᠡᠨ m3/a᠎ ᠨᠢ ᠢᠮᠢᠨ ᠭᠤᠤᠯ ᠤᠨ ᠠᠳᠠᠭ ᠠᠴᠠ ᠳᠣᠷᠣᠭᠰᠢᠬᠢ ᠭᠤᠤᠯ ᠤᠷᠤᠰᠬᠠᠯ ᠤᠨ ᠣᠷᠣᠨ ᠤ ᠬᠤᠭᠤᠷᠣᠨᠳᠣᠬᠢ ᠡᠩ ᠤᠨ ᠲᠠᠯ᠎ᠠ ᠭᠠᠵᠠᠷ ᠤᠨ ᠭᠠᠵᠠᠷ ᠳᠤᠤᠷᠠᠬᠢ ᠤᠰᠤᠨ ᠤ ᠭᠦᠢᠴᠡᠳᠭᠡᠯ ᠲᠤᠭ᠎ᠠ ᠶᠢ ᠡᠵᠡᠯᠡᠨ ᠬᠡᠷᠡᠭᠯᠡᠨ᠎ᠡ︶᠂ ᠠᠭᠤᠷᠬᠠᠶ ᠮᠠᠯᠲᠠᠬᠤ ᠨᠦᠬᠡᠨ ᠳᠠᠬᠢ ᠠᠭᠤᠷᠬᠠᠶ ᠶᠢᠨ ᠣᠷᠭᠢᠯᠬᠤ ᠤᠰᠤᠨ ᠤ ᠬᠡᠮᠵᠢᠶ᠎ᠡ ᠨᠢ 725.16 ᠲᠦᠮᠡᠨ m3/a ︵ᠢᠮᠢᠨ ᠭᠤᠤᠯ ᠤᠨ ᠠᠳᠠᠭ ᠠᠴᠠ ᠳᠣᠷᠣᠭᠰᠢᠬᠢ ᠭᠤᠤᠯ ᠤᠷᠤᠰᠬᠠᠯ ᠤᠨ ᠬᠤᠭᠤᠷᠤᠨᠳᠤᠬᠢ ᠡᠩ ᠤᠨ ᠲᠠᠯ᠎ᠠ ᠭᠠᠵᠠᠷ ᠤᠨ ᠭᠠᠵᠠᠷ ᠳᠤᠤᠷᠠᠬᠢ ᠤᠰᠤᠨ ᠤ ᠵᠢᠭᠠᠯᠲᠠ ᠲᠤᠭ᠎ᠠ︶᠃ ᠤᠰᠤ ᠳᠠᠮᠵᠢᠭᠤᠯᠬᠤ ᠪᠠ ᠴᠡᠪᠡᠷᠰᠢᠭᠦᠯᠬᠦ ᠶᠢᠨ ᠬᠤᠬᠢᠷᠠᠯ ᠢ ᠪᠣᠳᠣᠯᠬᠢᠯᠠᠭᠰᠠᠨ ᠤ ᠳᠠᠷᠠᠭ᠎ᠠ᠂ ᠲᠣᠰ ᠲᠥᠷᠥᠯ ᠵᠦᠢᠯ ᠵᠢᠴᠢ ᠪᠤᠰᠤᠳ ᠤᠰᠤ ᠬᠡᠷᠡᠭᠯᠡᠬᠦ ᠡᠷᠦᠬᠡ ︵ᠳ᠋ᠦᠩ ᠨᠸᠡᠭ ᠬᠢᠮᠢ ᠶᠢᠨ ᠠᠵᠤ ᠦᠢᠯᠡᠳᠪᠦᠷᠢ᠂ ᠶᠢᠨ ᠰᠢᠨ ᠬᠢᠮᠢ ᠶᠢᠨ ᠠᠵᠤ ᠦᠢᠯᠡᠳᠪᠦᠷᠢ᠂ ᠭᠦᠸᠧ ᠬᠤᠸᠠ ᠴᠠᠬᠢᠯᠭᠠᠨ ᠤ ᠦᠢᠯᠡᠳᠪᠦᠷᠢᠯᠡᠯ᠂ ᠲᠣᠬᠤᠶ ᠮᠠᠯᠵᠢᠯ ᠤᠨ ᠲᠠᠯᠠᠪᠠᠶ︶ ᠨᠡᠶᠢᠲᠡ1419. 39 ᠲᠦᠮᠡᠨ m3/a᠎ ᠶᠢ ᠪᠤᠴᠠᠭᠠᠨ ᠬᠡᠷᠡᠭᠯᠡᠵᠦ᠂ ᠦᠯᠡᠳᠡᠭᠰᠡᠨ ᠨᠡᠭᠦᠷᠡᠰᠦᠨ ᠳᠠᠪᠬᠤᠷᠭ᠎ᠠ ᠶᠢᠨ ᠤᠰᠤᠨ ᠤ ᠬᠡᠮᠵᠢᠶ᠎ᠡ ᠨᠢ 120.67 ᠲᠦᠮᠡᠨ m3/a ᠪᠠᠶᠢᠵᠤ᠂ ᠮᠦᠯᠢᠭᠡᠷ ᠭᠤᠤᠯ ᠳᠤ ᠴᠢᠳᠬᠤᠨ᠎ᠠ᠃  ᠲᠠᠨ ᠤ ᠺᠣᠮᠫᠠᠨᠢ ᠶᠢᠨ ᠥᠪᠡᠷ ᠤᠨ ᠠᠭᠤᠷᠬᠠᠢ ᠶᠢᠨ ᠬᠤᠳᠳᠤᠭ ᠤᠨ ᠤᠰᠤ ᠰᠡᠶᠢᠷᠡᠭᠵᠢᠭᠦᠯᠬᠦ ᠪᠠᠷ ᠦᠢᠯᠡᠳᠪᠦᠷᠢᠯᠡᠯ᠂ ᠠᠮᠢᠳᠤᠷᠠᠯ ᠤᠨ ᠤᠰᠤᠨ ᠰᠤᠷᠪᠤᠯᠵᠢ ᠪᠣᠯᠭᠠᠬᠤ ᠶᠢ ᠵᠥᠪᠰᠢᠶᠡᠷᠡᠨ᠎ᠡ᠃ ᠤᠰᠤ ᠳᠠᠮᠵᠢᠭᠤᠯᠬᠤ ᠪᠠ ᠴᠡᠪᠡᠷᠵᠢᠭᠦᠯᠦᠭᠰᠡᠨ ᠬᠤᠬᠢᠷᠠᠯ ᠢ ᠪᠣᠳᠣᠯᠬᠢᠯᠠᠭᠰᠠᠨ ᠤ ᠳᠠᠷᠠᠭ᠎ᠠ᠂ ᠲᠣᠰ ᠲᠥᠷᠥᠯ ᠵᠦᠢᠯ ᠤᠨ ᠤᠰᠤ ᠲᠠᠲᠠᠬᠤ ᠶᠡᠷᠦᠩᠬᠡᠶ ᠬᠡᠮᠵᠢᠶ᠎ᠡ ᠶᠢ ᠬᠢᠨᠠᠨ ᠲᠣᠭᠲᠠᠭᠠᠭᠰᠠᠨ ᠤ ᠳᠠᠷᠠᠭ᠎ᠠ 91.35 ᠲᠦᠮᠡᠨ m3/a᠂ ᠡᠭᠦᠨ ᠳᠤ ᠦᠢᠯᠡᠳᠪᠦᠷᠢᠯᠡᠯ ᠳᠤ ᠤᠰᠤ ᠲᠠᠲᠠᠬᠤ ᠬᠡᠮᠵᠢᠶ᠎ᠡ 40.91 ᠲᠦᠮᠡᠨ m3/a᠂ ᠠᠮᠢᠳᠤᠷᠠᠯ ᠳᠤ ᠤᠰᠤ ᠲᠠᠲᠠᠬᠤ ᠬᠡᠮᠵᠢᠶ᠎ᠡ 6.98 ᠲᠦᠮᠡᠨ m3/a᠂ ᠪᠤᠰᠤᠳ ︵ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ︶᠎ ᠳᠤ ᠤᠰᠤ ᠲᠠᠲᠠᠬᠤ ᠬᠡᠮᠵᠢᠶ᠎ᠡ 43.46 ᠲᠦᠮᠡᠨ m3/a᠃ ᠲᠣᠰ ᠲᠥᠷᠥᠯ ᠵᠦᠢᠯ ᠤᠨ ᠨᠡᠭᠦᠷᠡᠰᠦ ᠮᠠᠯᠲᠠᠬᠤ ᠨᠢᠭᠡᠴᠢ ᠦᠢᠯᠡᠳᠭᠦᠨ ᠤ ᠰᠢᠨ᠎ᠡ ᠤᠰᠤᠨ ᠤ ᠬᠡᠮᠵᠢᠶ᠎ᠡ ᠶᠢ 0.113 m3/a ᠬᠢᠨᠠᠨ ᠲᠣᠭᠲᠠᠭᠠᠵᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠪᠠᠷᠢᠮᠵᠢᠶ᠎ᠠ ᠠᠵᠢᠯ ᠲᠥᠷᠥᠯ ᠤᠨ ᠤᠰᠤ ᠬᠡᠷᠡᠭᠯᠡᠬᠦ ᠲᠣᠭᠲᠠᠭᠰᠠᠨ ᠨᠣᠷᠮ᠎ᠠ︾ ︵DB15/T3852020︶᠎ ᠶᠢᠨ ᠳᠣᠲᠣᠷᠠᠬᠢ ᠵᠠᠳᠠᠭᠠᠶ ᠨᠡᠭᠦᠷᠡᠰᠦᠨ ᠠᠭᠤᠷᠬᠠᠶ ︵ᠬᠦᠷᠡᠩ ᠨᠡᠭᠦᠷᠡᠰᠦ︶᠎ ᠶᠢᠨ ᠨᠡᠭᠡᠭᠡᠨ ᠮᠠᠯᠲᠠᠬᠤ ᠲᠣᠭᠲᠠᠭᠰᠠᠨ ᠨᠣᠷᠮ᠎ᠠ ᠶᠢᠨ ᠲᠡᠷᠢᠭᠦᠨ ᠤ ᠬᠡᠮᠵᠢᠭᠳᠡᠯ ︵0.14 m3/t︶᠎ ᠳᠤ ᠬᠥᠷᠪᠡ︔ ᠠᠵᠢᠯᠲᠠᠨ ᠠᠵᠢᠯᠴᠢᠨ ᠤ ᠶᠡᠷᠦᠩᠬᠡᠶᠢᠯᠡᠭᠰᠡᠨ ᠠᠮᠢᠳᠤᠷᠠᠯ ᠳᠤ ᠬᠡᠷᠡᠭᠯᠡᠬᠦ ᠤᠰᠤᠨ ᠤ ᠭᠦᠢᠴᠡᠳᠭᠡᠯ ᠲᠤᠭ᠎ᠠ ᠨᠢ 262 L/ ᠬᠥᠮᠦᠨ·d ᠪᠠᠶᠢᠵᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠪᠠᠷᠢᠮᠵᠢᠶ᠎ᠠ ᠠᠵᠢᠯ ᠲᠥᠷᠥᠯ ᠤᠨ ᠤᠰᠤ ᠬᠡᠷᠡᠭᠯᠡᠬᠦ ᠲᠣᠭᠲᠠᠭᠰᠠᠨ ᠨᠣᠷᠮ᠎ᠠ︾ ︵DB 15 / T 3852020︶᠎ ᠶᠢᠨ ᠡᠯ᠎ᠡ ᠬᠤᠪᠢᠶᠠᠷᠢ ᠲᠥᠷᠥᠯ ᠵᠦᠢᠯ ᠤᠨ ᠭᠦᠢᠴᠡᠳᠭᠡᠯ ᠲᠤᠭ᠎ᠠ ᠳᠤ ᠨᠡᠶᠢᠴᠡᠵᠦ ᠪᠠᠶᠢᠨ᠎ᠠ᠃  ᠲᠥᠷᠥᠯ ᠵᠦᠢᠯ ᠳᠤ ᠳᠤᠷᠠᠳᠤᠭᠰᠠᠨ ᠤᠰᠤ ᠠᠷᠪᠢᠯᠠᠬᠤ ᠦᠨᠡᠯᠡᠯᠲᠡ ᠶᠢᠨ ᠬᠠᠮᠢᠶ᠎ᠠ ᠪᠦᠬᠦᠢ ᠠᠭᠤᠯᠭ᠎ᠠ ᠶᠢ ᠦᠨᠳᠦᠰᠦᠨ ᠳᠡᠭᠡᠨ ᠵᠥᠪᠰᠢᠶᠡᠷᠡᠨ᠎ᠡ᠃ ᠲᠠᠨ ᠤ ᠺᠣᠮᠫᠠᠨᠢ ᠬᠠᠮᠢᠶ᠎ᠠ ᠪᠦᠬᠦᠢ ᠤᠰᠤ ᠠᠷᠪᠢᠯᠠᠬᠤ ᠠᠷᠭ᠎ᠠ ᠬᠡᠮᠵᠢᠶ᠎ᠡ ᠶᠢ ᠨᠠᠢᠳᠠᠪᠤᠷᠢᠵᠢᠭᠤᠯᠬᠤ᠂ ᠤᠰᠤ ᠠᠷᠪᠢᠯᠠᠬᠤ ᠲᠥᠬᠦᠭᠡᠷᠦᠮᠵᠢ ᠶᠢ ᠭᠤᠤᠯ ᠪᠠᠷᠢᠯᠭ᠎ᠠ ᠲᠠᠢ ᠵᠡᠷᠭᠡ ᠪᠠᠷ ᠵᠢᠷᠤᠵᠤ ᠲᠥᠯᠥᠪᠯᠡᠨ᠂ ᠵᠡᠷᠭᠡ ᠪᠠᠷ ᠪᠠᠷᠢᠵᠤ᠂ ᠵᠡᠷᠭᠡ ᠪᠠᠷ ᠠᠰᠢᠭᠯᠠᠯᠲᠠ ᠳᠤ ᠣᠷᠣᠭᠤᠯᠬᠤ ᠬᠡᠷᠡᠭᠲᠡᠶ᠃  ᠲᠥᠷᠥᠯ ᠵᠦᠢᠯ ᠤᠨ ᠦᠢᠯᠡᠳᠪᠦᠷᠢᠯᠡᠯ᠂ ᠠᠮᠢᠳᠤᠷᠠᠯ ᠤᠨ ᠪᠣᠬᠢᠷ ᠤᠰᠤ ᠪᠠᠨ  ᠰᠢᠢᠳᠪᠦᠷᠢᠯᠡᠭᠰᠡᠨ ᠤ ᠳᠠᠷᠠᠭ᠎ᠠ ᠨᠢᠭᠡ ᠬᠡᠰᠡᠭ ᠢ ᠨᠢ ᠡᠭᠡᠭᠦᠯᠦᠨ ᠬᠡᠷᠡᠭᠯᠡᠬᠦ ᠬᠡᠷᠡᠭᠲᠡᠶ᠂ ᠭᠠᠳᠠᠭᠰᠢᠯᠠᠭᠤᠯᠵᠤ ᠪᠣᠯᠬᠤ ᠦᠭᠡᠶ᠃ ᠦᠯᠡᠳᠡᠭᠰᠡᠨ ᠭᠠᠳᠠᠭᠰᠢᠯᠠᠭᠤᠯᠤᠭᠰᠠᠨ ᠬᠡᠰᠡᠭ ᠨᠡᠭᠦᠷᠡᠰᠦᠨ ᠳᠠᠪᠬᠤᠷᠭ᠎ᠠ ᠶᠢᠨ ᠤᠰᠤ ᠶᠢ ᠠᠮᠢ ᠠᠬᠤᠶ ᠶᠢᠨ ᠣᠷᠴᠢᠨ ᠲᠣᠭᠤᠷᠢᠨ ᠤ ᠰᠠᠯᠠᠭ᠎ᠠ ᠮᠥᠴᠢᠷ ᠤᠨ ᠪᠣᠬᠢᠷᠲᠤᠯ ᠭᠠᠳᠠᠭᠰᠢᠯᠠᠭᠤᠯᠬᠤ ᠵᠥᠪᠰᠢᠶᠡᠷᠡᠯ ᠤᠨ ᠦᠨᠡᠮᠯᠡᠯ ᠢ ᠣᠯᠤᠭᠰᠠᠨ ᠤ ᠳᠠᠷᠠᠭ᠎ᠠ᠂ ᠲᠡᠭᠦᠨ ᠤ ᠴᠣᠬᠤᠯᠠᠪᠤᠷᠢᠯᠠᠭᠰᠠᠨ ᠪᠣᠬᠢᠷᠲᠤᠯ ᠭᠠᠳᠠᠭᠰᠢᠯᠠᠭᠤᠯᠬᠤ ᠠᠮᠠᠰᠠᠷ᠂ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠪᠠ ᠪᠣᠬᠢᠷᠲᠤᠯ ᠭᠠᠳᠠᠭᠰᠢᠯᠠᠭᠤᠯᠬᠤ ᠤᠰᠤᠨ ᠤ ᠴᠢᠨᠠᠷ ᠤᠨ ᠪᠠᠷᠢᠮᠵᠢᠶ᠎ᠠ ᠵᠡᠷᠭᠡ ᠱᠠᠭᠠᠷᠳᠠᠯᠭ᠎ᠠ ᠶᠣᠰᠣᠭᠠᠷ ᠪᠣᠬᠢᠷᠲᠤᠯ ᠭᠠᠳᠠᠭᠰᠢᠯᠠᠭᠤᠯᠬᠤ ᠬᠡᠷᠡᠭᠲᠡᠶ᠃  ᠳ᠋ᠦᠩ ᠨᠧᠩ ᠬᠢᠮᠢ ᠶᠢᠨ ᠠᠵᠤ ᠦᠢᠯᠡᠳᠪᠦᠷᠢ᠂ ᠶᠢᠨ ᠰᠢᠨ ᠬᠢᠮᠢ ᠶᠢᠨ ᠠᠵᠤ  ᠦᠢᠯᠡᠳᠪᠦᠷᠢ᠂ ᠭᠦᠸᠧ ᠬᠤᠸᠠ ᠴᠠᠬᠢᠯᠭᠠᠨ ᠦᠢᠯᠡᠳᠪᠦᠷᠢ᠂ ᠲᠣᠬᠤᠶ ᠮᠠᠯᠵᠢᠯ ᠤᠨ ᠲᠠᠯᠠᠪᠠᠶ ᠵᠡᠷᠭᠡ ᠤᠰᠤ ᠲᠠᠲᠠᠵᠤ ᠬᠡᠷᠡᠭᠯᠡᠬᠦ 4 ᠡᠷᠦᠬᠡ ᠲᠣᠰ ᠲᠥᠷᠥᠯ ᠵᠦᠢᠯ ᠤᠨ ᠨᠦᠬᠡ ᠬᠠᠭᠠᠬᠤ ᠴᠠᠭ ᠢ ᠦᠨᠳᠦᠰᠦᠯᠡᠨ᠂ ᠣᠷᠣᠯᠠᠬᠤ ᠤᠰᠤᠨ ᠤ ᠡᠬᠢ ᠰᠤᠷᠪᠤᠯᠵᠢ ᠶᠢ ᠤᠷᠢᠳᠴᠢᠯᠠᠨ ᠡᠷᠢᠵᠦ᠂ ᠠᠵᠤ ᠠᠬᠤᠶᠢᠯᠠᠯ ᠤᠨ ᠬᠡᠪ ᠤᠨ ᠦᠢᠯᠡᠳᠪᠦᠷᠢᠯᠡᠯ ᠡᠵᠡᠩᠨᠡᠯᠲᠡ ᠶᠢᠨ ᠠᠵᠢᠯᠯᠠᠭ᠎ᠠ ᠶᠢ ᠨᠥᠯᠥᠭᠡᠯᠡᠬᠦ ᠠᠴᠠ ᠵᠠᠶᠢᠯᠠᠰᠬᠢᠬᠦ ᠬᠡᠷᠡᠭᠲᠡᠶ᠃  ᠲᠠᠨ ᠤ ᠺᠣᠮᠫᠠᠨᠢ ᠤᠰᠤ ᠲᠠᠲᠠᠬᠤ ᠶᠢ ᠵᠥᠪᠰᠢᠶᠡᠷᠡᠬᠦ ᠬᠠᠮᠢᠶᠠᠷᠤᠯᠲᠠ ᠶᠢᠨ ᠬᠤᠯᠪᠣᠭᠳᠠᠯ ᠪᠥᠬᠦᠶ ᠲᠣᠭᠲᠠᠭᠠᠯ ᠶᠣᠰᠣᠭᠠᠷ᠂ ︽ᠤᠰᠤ ᠲᠠᠲᠠᠬᠤ ᠬᠡᠮᠵᠢᠯᠲᠡ ᠶᠢᠨ ᠮᠡᠷᠭᠡᠵᠢᠯ ᠤᠨ ᠵᠢᠯᠣᠭᠤᠳᠬᠤ ᠲᠦᠷᠢᠮ︾ ︵GB / T 287142012︶᠂ ︽ᠭᠠᠵᠠᠷ ᠳᠤᠤᠷᠠᠬᠢ ᠤᠰᠤᠨ ᠤ ᠬᠠᠮᠢᠶᠠᠷᠤᠯᠲᠠ ᠶᠢᠨ ᠲᠦᠷᠢᠮ︾ ᠪᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠵᠠᠷ ᠳᠤᠤᠷᠠᠬᠢ ᠤᠰᠤ ᠶᠢ ᠬᠠᠮᠠᠭᠠᠯᠠᠬᠤ ᠪᠠ ᠬᠠᠮᠢᠶᠠᠷᠬᠤ       ᠲᠦᠷᠢᠮ︾᠎ ᠤᠨ ᠬᠠᠮᠢᠶ᠎ᠠ ᠪᠥᠬᠦᠶ ᠱᠠᠭᠠᠷᠳᠠᠯᠭ᠎ᠠ ᠶᠣᠰᠣᠭᠠᠷ᠂ ᠤᠰᠤ ᠲᠠᠲᠠᠬᠤ ᠬᠡᠮᠵᠢᠯᠲᠡ ᠶᠢᠨ ᠪᠡᠯᠡᠳᠬᠡᠮᠵᠢ ᠪᠠ ᠰᠦᠯᠵᠢᠶᠡᠨ ᠳᠡᠭᠡᠷᠡᠬᠢ ᠬᠡᠮᠵᠢᠯᠲᠡ ᠶᠢᠨ ᠳᠠᠮᠵᠢᠭᠤᠯᠬᠤ ᠲᠥᠬᠦᠭᠡᠷᠦᠮᠵᠢ ᠶᠢ ᠤᠭᠰᠠᠷᠠᠵᠤ᠂ ᠭᠠᠵᠠᠷ ᠳᠤᠤᠷᠠᠬᠢ ᠤᠰᠤᠨ ᠤ ᠲᠦᠪᠰᠢᠨ ᠢ ᠠᠦ᠋ᠲ᠋ᠣ᠋ ᠪᠠᠷ ᠬᠢᠨᠠᠨ ᠰᠢᠨᠵᠢᠬᠦ ᠪᠡᠯᠡᠳᠬᠡᠮᠵᠢ ᠶᠢ ᠪᠠᠶᠢᠭᠤᠯᠤᠨ ᠬᠡᠷᠡᠭᠯᠡᠬᠦ ᠶᠢᠨ ᠬᠠᠮᠲᠤ᠂ ᠲᠡᠭᠦᠨ ᠤ ᠬᠡᠪ ᠤᠨ ᠠᠵᠢᠯᠯᠠᠭᠠᠨ ᠢ ᠪᠠᠲᠤᠯᠠᠵᠤ᠂ ᠤᠰᠤᠨ ᠤ ᠬᠡᠮᠵᠢᠶ᠎ᠡ ᠶᠢ ᠬᠢᠨᠠᠨ ᠰᠢᠨᠵᠢᠭᠰᠡᠨ ᠲᠤᠭ᠎ᠠ ᠪᠠᠷᠢᠮᠲᠠ ᠶᠢ ᠥᠪᠡᠷᠲᠡᠭᠡᠨ ᠵᠠᠰᠠᠬᠤ ᠣᠷᠣᠨ ᠤ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ ᠮᠡᠳᠡᠭᠡ ᠵᠠᠩᠭᠢ ᠶᠢᠨ ᠰᠢᠰᠲ᠋ᠧᠮ ᠳᠤ ᠲᠣᠭᠲᠠᠭᠤᠨ ᠢᠶᠠᠷ ᠳᠠᠮᠵᠢᠭᠤᠯᠬᠤ ᠶᠢ ᠦᠨᠡᠨᠬᠦ ᠪᠠᠲᠤᠯᠠᠵᠤ᠂ ᠤᠰᠤᠨ ᠤ ᠲᠦᠪᠰᠢᠨ ᠢ ᠬᠢᠨᠠᠨ ᠰᠢᠨᠵᠢᠭᠰᠡᠨ ᠲᠤᠭ᠎ᠠ ᠪᠠᠷᠢᠮᠲᠠ ᠶᠢ ᠬᠠᠮᠢᠶᠠᠷᠤᠯᠲᠠ ᠶᠢᠨ ᠡᠷᠬᠡ ᠮᠡᠳᠡᠯ ᠲᠠᠢ ᠤᠰᠤᠨ ᠤ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠦᠴᠢᠷ ᠲᠤ ᠲᠤᠭᠲᠠᠭᠤᠨ ᠢᠶᠠᠷ ᠳᠠᠮᠵᠢᠭᠤᠯᠬᠤ ᠶᠢ ᠦᠨᠡᠨᠬᠦ ᠪᠠᠲᠤᠯᠠᠬᠤ      ᠬᠡᠷᠡᠭᠲᠡᠢ᠃ ᠤᠰᠤ ᠲᠠᠲᠠᠬᠤ ᠪᠠᠷᠢᠯᠭ᠎ᠠ ᠪᠤᠶᠤ ᠪᠡᠯᠡᠳᠬᠡᠮᠵᠢ ᠶᠢ ᠪᠠᠶᠢᠭᠤᠯᠵᠤ ᠳᠠᠭᠤᠰᠬᠠᠭᠰᠠᠨ ᠤ ᠬᠠᠮᠲᠤ ᠲᠤᠷᠰᠢᠨ ᠠᠵᠢᠯᠯᠠᠭᠤᠯᠤᠭᠠᠳ ᠪᠦᠬᠦᠯᠢ 30 ᠡᠳᠦᠷ ᠪᠣᠯᠤᠭᠰᠠᠨ ᠤ ᠳᠠᠷᠠᠭ᠎ᠠ᠂ ︽ᠤᠰᠤ ᠲᠠᠲᠠᠬᠤ ᠵᠥᠪᠰᠢᠶᠡᠷᠡᠯ ᠪᠠ ᠤᠰᠤᠨ ᠤ ᠡᠬᠢ ᠪᠠᠶᠠᠯᠢᠭ ᠤᠨ ᠰᠦᠢᠳᠭᠡᠯ ᠲᠠᠲᠠᠪᠤᠷᠢᠯᠠᠬᠤ ᠬᠠᠮᠢᠶᠠᠷᠤᠯᠲᠠ ᠶᠢᠨ ᠲᠦᠷᠢᠮ︾ ᠪᠣᠯᠤᠨ ︽ᠤᠰᠤ ᠲᠠᠲᠠᠬᠤ ᠵᠥᠪᠰᠢᠶᠡᠷᠡᠯ ᠤᠨ ᠬᠠᠮᠢᠶᠠᠷᠤᠯᠲᠠ ᠶᠢᠨ ᠠᠷᠭ᠎ᠠ︾᠎ ᠶᠢᠨ ᠬᠤᠯᠪᠣᠭᠳᠠᠯ ᠪᠥᠬᠦᠶ ᠲᠣᠭᠲᠠᠭᠠᠯ ᠶᠣᠰᠣᠭᠠᠷ ᠮᠠᠨ ᠤ ᠲᠢᠩᠬᠢᠮ ᠳᠤ ᠬᠤᠯᠪᠣᠭᠳᠠᠯ ᠪᠥᠬᠦᠶ ᠮᠠᠲ᠋ᠧᠷᠢᠶᠠᠯ ᠢᠶᠠᠨ ᠮᠡᠳᠡᠭᠦᠯᠦᠨ ᠬᠦᠷᠭᠡᠬᠦ ᠶᠢᠨ ᠬᠠᠮᠲᠤ ᠬᠢᠨᠠᠨ ᠰᠢᠯᠭᠠᠭᠤᠯᠬᠤ ᠪᠠᠷ ᠭᠤᠶᠤᠴᠢᠯᠠᠨ᠎ᠠ᠃  ᠬᠥᠯᠥᠨ ᠪᠤᠶᠢᠷ ᠤᠨ ᠳ᠋ᠦᠩ ᠮᠢᠩ ᠠᠭᠤᠷᠬᠠᠶ ᠶᠢᠨ ᠦᠢᠯᠡᠰ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠳ᠋ᠦᠩ ᠮᠢᠩ ᠵᠠᠳᠠᠭᠠᠶ ᠠᠭᠤᠷᠬᠠᠶ ᠶᠢᠨ ᠴᠥᠮ᠎ᠡ ᠶᠢᠨ  ᠦᠢᠯᠡᠳᠪᠦᠷᠢᠯᠡᠬᠦ ᠴᠢᠳᠠᠪᠤᠷᠢ ︵400 ᠲᠦᠮᠡᠨ ta︶᠎ ᠶᠢᠨ ᠲᠥᠷᠥᠯ ᠵᠦᠢᠯ ᠤᠨ ᠤᠰᠤᠨ ᠤ ᠡᠬᠢ ᠪᠠᠶᠠᠯᠢᠭ ᠤᠨ ᠨᠤᠲᠠᠯᠠᠯᠲᠠ ᠶᠢᠨ ᠮᠡᠳᠡᠭᠦᠯᠦᠯᠲᠡ ᠶᠢᠨ ᠪᠢᠴᠢᠭ ᠤᠨ ᠮᠡᠷᠭᠡᠵᠢᠯ ᠤᠨ ᠬᠢᠨᠠᠨ ᠪᠠᠶᠢᠴᠠᠭᠠᠯᠲᠠ ᠶᠢᠨ ᠰᠠᠨᠠᠯ ︵ᠲᠤᠰᠬᠠᠶ ᠮᠡᠷᠭᠡᠵᠢᠯᠲᠡᠨ ᠤ ᠨᠡᠷᠡᠰ ᠢ ᠳᠠᠭᠠᠯᠳᠤᠭᠤᠯᠪᠠ︶             2023 ᠣᠨ ᠤ 6 ᠳ᠋ᠤᠭᠠᠷ ᠰᠠᠷ᠎ᠠ ᠶᠢᠨ 22᠎ ᠤᠨ ᠡᠳᠦᠷ 

 

 
ᠢᠷᠡᠯᠲᠡ᠄ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号