ᠭᠤᠤ ᠳᠧᠦ ᠶᠣᠣ ᠶᠢᠨ ᠬᠤᠶᠢᠲᠤ ᠬᠡᠰᠡᠭ ᠤᠨ ᠲᠡᠮᠦᠷ ᠵᠠᠮ ᠤᠨ ᠲᠤᠰᠬᠠᠶ ᠱᠤᠭᠤᠮ ᠤᠨ ᠲᠥᠷᠥᠯ ᠵᠦᠢᠯ ᠤᠨ ᠬᠥᠷᠥᠰᠥ ᠰᠢᠷᠣᠶ ᠶᠢ ᠬᠠᠮᠠᠭᠠᠯᠠᠬᠤ ᠲᠥᠰᠦᠯ ᠤᠨ ᠮᠡᠳᠡᠭᠦᠯᠦᠯᠲᠡ ᠶᠢᠨ ᠪᠢᠴᠢᠭ ᠢ ᠬᠢᠨᠠᠨ ᠵᠥᠪᠰᠢᠶᠡᠷᠡᠵᠦ ᠵᠠᠰᠠᠭ ᠵᠠᠬᠢᠷᠭᠠᠨ ᠤ ᠵᠥᠪᠰᠢᠶᠡᠷᠡᠯ ᠥᠭᠬᠦ ᠲᠣᠭᠲᠠᠭᠠᠯ ᠤᠨ ᠪᠢᠴᠢᠭ
ᠨᠡᠶᠢᠲᠡᠯᠡᠭᠰᠡᠨ ᠴᠠᠭ᠄
2023/6/26
  ᠭᠤᠣᠯ ᠰᠡᠳᠦᠪ ᠤᠨ ᠠᠩᠭᠢᠯᠠᠯ᠄ ᠤᠰᠤᠨ ᠠᠰᠢᠭᠯᠠᠯᠲᠠ  ᠨᠡᠶᠢᠲᠡᠯᠡᠭᠰᠡᠨ ᠪᠠᠶᠢᠭᠤᠯᠤᠮᠵᠢ᠄ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ  ᠪᠢᠴᠢᠭ ᠤᠨ ᠳ᠋ᠤᠭᠠᠷ᠄ ᠳᠣᠲᠣᠭᠠᠳᠤ ᠤᠰᠤ ᠶᠢ ᠪᠠᠲᠤᠯᠠᠬᠤ ᠰᠢᠢᠳᠪᠦᠷᠢ ﹇2023﹈ 44 ᠳ᠋ᠦ᠋ᠭᠡᠷ ᠲᠣᠭᠠᠲᠤ  ᠪᠢᠴᠢᠭᠳᠡᠭᠰᠡᠨ ᠡᠳᠦᠷ ᠬᠤᠭᠤᠴᠠᠭ᠎ᠠ᠄ 2023 —06 —19  ᠠᠯᠪᠠᠨ ᠪᠢᠴᠢᠭ ᠤᠨ ᠬᠦᠴᠦᠨ ᠲᠠᠢ ᠬᠤᠭᠤᠴᠠᠭ᠎ᠠ᠄  ᠲᠠᠯᠠᠳ ᠬᠤᠰᠢᠭᠤᠨ ᠤ ᠭᠤᠤ ᠳᠧᠦ ᠶᠣᠣ ᠶᠢᠨ ᠯᠢ ᠡᠦ ᠰᠢᠩ ᠨᠡᠭᠦᠷᠡᠰᠦᠨ ᠠᠭᠤᠷᠬᠠᠢ᠄  ᠮᠠᠨ ᠤ ᠲᠢᠩᠬᠢᠮ 2023 ᠣᠨ ᠤ 5 ᠳ᠋ᠤᠭᠠᠷ ᠰᠠᠷ᠎ᠠ ᠶᠢᠨ 8 ᠤ ᠡᠳᠦᠷ ᠲᠠᠨ ᠤ ᠺᠣᠮᠫᠠᠨᠢ ᠶᠢᠨ ᠳᠤᠷᠠᠳᠤᠭᠰᠠᠨ ᠭᠤᠤ ᠳᠧᠦ ᠶᠣᠣ ᠬᠤᠶᠢᠲᠤ ᠲᠡᠮᠦᠷ ᠵᠠᠮ ᠤᠨ ᠲᠤᠰᠬᠠᠶ ᠱᠤᠭᠤᠮ ᠤᠨ ᠲᠥᠷᠥᠯ ᠵᠦᠢᠯ ᠤᠨ ᠬᠥᠷᠥᠰᠥ ᠰᠢᠷᠣᠶ ᠶᠢ ᠬᠠᠮᠠᠭᠠᠯᠠᠬᠤ ᠲᠥᠰᠦᠯ ᠤᠨ ᠮᠡᠳᠡᠭᠦᠯᠦᠯᠲᠡ ᠶᠢᠨ ᠪᠢᠴᠢᠭ ᠢ ᠬᠢᠨᠠᠨ ᠵᠥᠪᠰᠢᠶᠡᠷᠡᠭᠦᠯᠬᠦ ᠭᠤᠶᠤᠴᠢᠯᠠᠯ ᠢ ᠭᠥᠯᠢᠶᠡᠨ ᠠᠪᠴᠤ  ᠰᠢᠢᠳᠪᠦᠷᠢᠯᠡᠪᠡ᠃ ᠬᠢᠨᠠᠨ ᠪᠠᠶᠢᠴᠠᠭᠠᠭᠠᠳ᠂ ᠲᠤᠰ ᠭᠤᠶᠤᠴᠢᠯᠠᠯ ᠨᠢ ᠬᠠᠤᠯᠢ ᠳᠤ ᠲᠣᠭᠲᠠᠭᠠᠭᠰᠠᠨ ᠨᠥᠬᠦᠴᠡᠯ ᠳᠤ ᠨᠡᠶᠢᠴᠡᠵᠦ ᠪᠠᠶᠢᠪᠠᠯ᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠵᠥᠪᠰᠢᠶᠡᠷᠡᠯ ᠤᠨ ᠬᠠᠤᠯᠢ︾ ᠶᠢᠨ ᠭᠤᠴᠢᠨ ᠨᠠᠢᠮᠠᠳᠤᠭᠠᠷ ᠵᠦᠢᠯ ᠤᠨ ᠨᠢᠭᠡᠳᠦᠭᠡᠷ ᠪᠠᠳᠠᠭ᠂ ︽ᠤᠰᠤᠨ ᠤ ᠵᠠᠰᠠᠭ ᠵᠠᠬᠢᠷᠭᠠᠨ ᠤ ᠵᠥᠪᠰᠢᠶᠡᠷᠡᠯ ᠢ ᠬᠡᠷᠡᠭᠵᠢᠭᠦᠯᠬᠦ ᠠᠷᠭ᠎ᠠ︾ ᠶᠢᠨ ᠭᠤᠴᠢᠨ ᠬᠤᠶᠠᠳᠤᠭᠠᠷ ᠵᠦᠢᠯ ᠤᠨ ᠨᠢᠭᠡᠳᠦᠭᠡᠷ ᠵᠤᠷᠪᠤᠰ ᠢ ᠦᠨᠳᠦᠰᠦᠯᠡᠨ᠂ ᠵᠠᠰᠠᠭ ᠵᠠᠬᠢᠷᠭᠠᠨ ᠤ ᠵᠥᠪᠰᠢᠶᠡᠷᠡᠯ ᠥᠭᠬᠦ ᠪᠠᠷ ᠲᠣᠭᠲᠠᠭᠠᠨ᠎ᠠ᠃  ᠭᠤᠤ ᠳᠧᠦ ᠶᠣᠣ ᠶᠢᠨ ᠬᠤᠶᠢᠲᠤ ᠬᠡᠰᠡᠭ ᠤᠨ ᠲᠡᠮᠦᠷ ᠵᠠᠮ ᠤᠨ ᠲᠤᠰᠬᠠᠶ ᠱᠤᠭᠤᠮ ᠤᠨ ᠲᠥᠷᠥᠯ ᠵᠦᠢᠯ ᠨᠢ ᠣᠷᠳᠣᠰ ᠬᠤᠲᠠ ᠶᠢᠨ ᠳᠠᠯᠠᠳ ᠬᠤᠰᠢᠭᠤᠨ ᠤ ᠬᠢᠯᠢ ᠳᠣᠲᠣᠷ᠎ᠠ ᠪᠠᠶᠢᠷᠢᠯᠠᠵᠤ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠲᠡᠮᠦᠷ ᠵᠠᠮ ᠤᠨ ᠲᠤᠰᠬᠠᠶ ᠱᠤᠭᠤᠮ ᠨᠢ 3.29 ᠺᠢᠯᠣᠮᠧᠲᠷ ᠪᠣᠯᠤᠨ᠎ᠠ᠃ ᠲᠤᠰ ᠪᠠᠷᠢᠯᠭ᠎ᠠ ᠨᠢ ᠲᠤᠰᠬᠠᠶ ᠬᠡᠷᠡᠭᠯᠡᠬᠦ ᠱᠤᠭᠤᠮ ᠤᠨ ᠰᠠᠭᠤᠷᠢ ᠵᠢᠴᠢ ᠬᠤᠶᠠᠷ ᠬᠠᠵᠠᠭᠤ ︵ᠬᠥᠭᠦᠷᠭᠡᠨ ᠭᠤᠯᠳᠤᠩ ᠪᠠᠭᠲᠠᠨ᠎ᠠ︶᠂ ᠲᠡᠷᠭᠡᠨ ᠥᠷᠲᠡᠭᠡ᠂ ᠥᠷᠲᠡᠭᠡᠨ ᠳᠤ ᠣᠷᠣᠬᠤ ᠵᠠᠮ᠂ ᠪᠠᠷᠢᠯᠭ᠎ᠠ ᠶᠢᠨ ᠠᠵᠢᠯ ᠤᠨ ᠳᠥᠭᠦᠮ ᠵᠠᠮ᠂ ᠪᠠᠷᠢᠯᠭ᠎ᠠ ᠶᠢᠨ ᠭᠠᠵᠠᠷ᠂ ᠴᠠᠬᠢᠯᠭᠠᠨ ᠬᠠᠩᠭᠠᠬᠤ ᠱᠤᠭᠤᠮ ᠵᠡᠷᠭᠡ ᠪᠠᠷ ᠪᠦᠷᠢᠯᠳᠦᠨ᠎ᠡ᠃ ᠪᠠᠷᠢᠯᠭ᠎ᠠ ᠶᠢᠨ ᠶᠡᠷᠦᠩᠬᠡᠶ ᠲᠠᠲᠠᠪᠤᠷᠢᠯᠠᠭᠰᠠᠨ ᠭᠠᠵᠠᠷ 37.01 ᠾᠧᠺᠲ᠋ᠠᠷ᠂ ᠰᠢᠷᠣᠶ ᠴᠢᠯᠠᠭᠤ ᠶᠢᠨ ᠶᠡᠷᠦᠩᠬᠡᠶ ᠬᠡᠮᠵᠢᠶ᠎ᠡ 70.30 ᠲᠦᠮᠡᠨ ᠪᠣᠰᠤᠭ᠎ᠠ ᠳᠥᠷᠪᠡᠯᠵᠢᠨ ᠮᠧᠲᠷ᠂ ᠪᠠᠷᠢᠯᠭ᠎ᠠ ᠶᠢᠨ ᠶᠡᠷᠦᠩᠬᠡᠶ ᠪᠠᠯᠠ ᠣᠷᠣᠭᠤᠯᠤᠯᠲᠠ 27556.07  ᠲᠦᠮᠡᠨ ᠲᠥᠭᠦᠷᠢᠭ ᠲᠤ ᠬᠦᠷᠴᠡᠶ᠃ ᠢᠨᠵᠧᠨᠧᠷᠢᠩ ᠢ 2023 ᠣᠨ ᠤ 6 ᠰᠠᠷ᠎ᠠ ᠳᠤ ᠡᠬᠢᠯᠡᠭᠦᠯᠵᠦ᠂ 2024 ᠣᠨ ᠤ 12 ᠰᠠᠷ᠎ᠠ ᠳᠤ ᠳᠠᠭᠤᠰᠬᠠᠬᠤ ᠪᠠᠷ ᠲᠥᠯᠥᠪᠯᠡᠵᠦ᠂ ᠶᠡᠷᠦᠩᠬᠡᠶ ᠪᠠᠷᠢᠯᠭ᠎ᠠ ᠶᠢᠨ ᠬᠤᠭᠤᠴᠠᠭ᠎ᠠ ᠨᠢ 19 ᠰᠠᠷ᠎ᠠ ᠪᠣᠯᠤᠨ᠎ᠠ᠃  ᠨᠢᠭᠡ᠂ ᠬᠥᠷᠥᠰᠥ ᠰᠢᠷᠣᠶ ᠶᠢ ᠬᠠᠮᠠᠭᠠᠯᠠᠬᠤ ᠲᠥᠰᠦᠯ ᠤᠨ ᠶᠡᠷᠦᠩᠬᠡᠶ ᠰᠠᠨᠠᠯ  ︵ᠨᠢᠭᠡ︶ ᠪᠥᠳᠥᠭᠡᠨ ᠪᠠᠶᠢᠭᠤᠯᠬᠤ ᠬᠤᠭᠤᠴᠠᠭᠠᠨ ᠤ ᠬᠥᠷᠥᠰᠥ ᠰᠢᠷᠣᠢ ᠶᠢᠨ ᠢᠳᠡᠭᠳᠡᠯ ᠢ ᠰᠡᠷᠭᠡᠶᠢᠯᠡᠨ ᠵᠠᠰᠠᠬᠤ ᠬᠠᠷᠢᠭᠤᠴᠠᠯᠭ᠎ᠠ ᠶᠢᠨ ᠬᠡᠪᠴᠢᠶ᠎ᠡ ᠶᠢ ᠦᠨᠳᠦᠰᠦᠨ ᠳᠤᠨᠢ ᠵᠥᠪᠰᠢᠶᠡᠷᠡᠬᠦ ᠬᠡᠷᠡᠭᠲᠡᠢ᠃  ︵ᠬᠤᠶᠠᠷ︶ ᠬᠥᠷᠥᠰᠥ ᠰᠢᠷᠣᠶ ᠶᠢᠨ ᠢᠳᠡᠭᠳᠡᠯ ᠢ ᠰᠡᠷᠭᠡᠶᠢᠯᠡᠨ ᠵᠠᠰᠠᠬᠤ ᠳᠤ ᠪᠠᠷᠠᠭᠤᠨ ᠬᠤᠶᠢᠲᠤ ᠶᠢᠨ ᠰᠢᠷ᠎ᠠ ᠬᠥᠷᠥᠰᠥᠲᠦ ᠥᠨᠳᠦᠷᠯᠢᠭ ᠤᠨ ᠣᠷᠣᠨ ᠤ ᠨᠢᠭᠡᠳᠦᠭᠡᠷ ᠳᠡᠰ ᠤᠨ ᠪᠠᠷᠢᠮᠵᠢᠶ᠎ᠠ ᠶᠢ ᠬᠡᠷᠡᠭᠵᠢᠭᠦᠯᠬᠦ ᠶᠢ ᠵᠥᠪᠰᠢᠶᠡᠷᠡᠨ᠎ᠡ᠃  ︵ᠭᠤᠷᠪᠠ︶ ᠬᠥᠷᠥᠰᠥ ᠰᠢᠷᠣᠶ ᠶᠢᠨ ᠢᠳᠡᠭᠳᠡᠯ ᠢ ᠰᠡᠷᠭᠡᠶᠢᠯᠡᠨ ᠵᠠᠰᠠᠬᠤ ᠬᠠᠷᠠᠯᠲᠠ ᠶᠢ ᠦᠨᠳᠦᠰᠦᠨ ᠳᠡᠭᠡᠨ ᠵᠥᠪᠰᠢᠶᠡᠷᠡᠨ᠎ᠡ᠄ ᠬᠥᠷᠥᠰᠥ ᠰᠢᠷᠣᠶ ᠶᠢᠨ ᠢᠳᠡᠭᠳᠡᠯ ᠢ ᠵᠠᠰᠠᠭᠰᠠᠨ ᠬᠡᠮᠵᠢᠶ᠎ᠡ ᠨᠢ 93%᠂ ᠬᠥᠷᠥᠰᠥ ᠰᠢᠷᠣᠶ ᠶᠢᠨ ᠢᠳᠡᠭᠳᠡᠯ ᠢ ᠬᠢᠵᠠᠭᠠᠷᠯᠠᠭᠰᠠᠨ ᠬᠠᠷᠢᠴᠠᠯ ᠨᠢ 0.8᠂ ᠰᠢᠭᠠᠷᠤ ᠰᠢᠷᠣᠶ ᠶᠢᠨ ᠬᠠᠮᠠᠭᠠᠯᠠᠯᠲᠠ ᠶᠢᠨ ᠨᠣᠷᠮ᠎ᠠ ᠨᠢ 92%᠂ ᠬᠥᠷᠥᠰᠥᠨ ᠤ ᠬᠠᠮᠠᠭᠠᠯᠠᠯᠲᠠ ᠶᠢᠨ ᠨᠣᠷᠮ᠎ᠠ ᠨᠢ 90%᠂ ᠣᠶ ᠰᠢᠭᠤᠶ ᠡᠪᠡᠰᠦᠨ ᠤ ᠤᠷᠭᠤᠮᠠᠯ ᠤᠨ ᠬᠤᠴᠢᠯᠭ᠎ᠠ ᠶᠢᠨ ᠰᠡᠷᠭᠦᠭᠰᠡᠨ ᠨᠣᠷᠮ᠎ᠠ ᠨᠢ 95%᠂ ᠣᠶ ᠡᠪᠡᠰᠦᠨ ᠤ ᠪᠦᠷᠬᠦᠴᠡ ᠶᠢᠨ ᠨᠣᠷᠮ᠎ᠠ ᠨᠢ 24% ᠪᠣᠯᠤᠨ᠎ᠠ᠃  ︵ᠳᠥᠷᠪᠡ︶ ᠬᠥᠷᠥᠰᠥ ᠰᠢᠷᠣᠶ ᠶᠢᠨ ᠢᠳᠡᠭᠳᠡᠯ ᠢ ᠰᠡᠷᠭᠡᠶᠢᠯᠡᠨ ᠵᠠᠰᠠᠬᠤ ᠶᠢᠨ ᠣᠷᠣᠨ ᠬᠤᠪᠢᠶᠠᠬᠤ ᠵᠢᠴᠢ ᠣᠷᠣᠨ ᠬᠤᠪᠢᠶᠠᠬᠤ ᠶᠢᠨ ᠰᠡᠷᠭᠡᠶᠢᠯᠡᠨ ᠵᠠᠰᠠᠬᠤ ᠠᠷᠭ᠎ᠠ ᠬᠡᠮᠵᠢᠶ᠎ᠡ ᠶᠢᠨ ᠲᠣᠬᠢᠷᠠᠭᠤᠯᠤᠯᠲᠠ ᠶᠢ ᠦᠨᠳᠦᠰᠦᠨ ᠳᠡᠭᠡᠨ ᠵᠥᠪᠰᠢᠶᠡᠷᠡᠬᠦ ᠬᠡᠷᠡᠭᠲᠡᠶ᠃  ︵ᠲᠠᠪᠤ︶ ᠪᠦᠲᠦᠭᠡᠨ ᠪᠠᠢᠭᠤᠯᠤᠯᠲᠠ ᠶᠢᠨ ᠬᠤᠭᠤᠴᠠᠭᠠᠨ ᠤ ᠬᠥᠷᠥᠰᠥ ᠰᠢᠷᠣᠢ ᠶᠢ ᠬᠠᠮᠠᠭᠠᠯᠠᠬᠤ ᠨᠥᠬᠦᠪᠥᠷᠢ ᠰᠦᠢᠳᠬᠡᠯ ᠢ 62.917 ᠲᠦᠮᠡᠨ ᠲᠥᠭᠦᠷᠢᠭ ᠵᠥᠪᠰᠢᠶᠡᠷᠡᠨ᠎ᠡ᠃  ᠬᠤᠶᠠᠷ᠂ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠨᠢᠭᠡᠴᠢ ᠨᠦᠭᠦᠳ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠥᠷᠥᠰᠥ ᠰᠢᠷᠣᠶ ᠶᠢ ᠬᠠᠮᠠᠭᠠᠯᠠᠬᠤ ᠬᠠᠤᠯᠢ︾ ᠶᠢᠨ ᠡᠯ᠎ᠡ ᠵᠦᠢᠯ ᠤᠨ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ ᠶᠢᠨ ᠬᠠᠮᠲᠤ ᠳᠣᠣᠷᠠᠬᠢ ᠠᠵᠢᠯ ᠤᠳ ᠢ ᠭᠤᠣᠯᠳᠠᠯᠭ᠎ᠠ ᠲᠠᠢ ᠰᠠᠶᠢᠲᠤᠷ ᠬᠢᠬᠦ ᠬᠡᠷᠡᠭᠲᠡᠶ᠄  ︵ᠨᠢᠭᠡ︶ ᠵᠥᠪᠰᠢᠶᠡᠷᠡᠭᠰᠡᠨ ᠬᠥᠷᠥᠰᠥ ᠰᠢᠷᠣᠶ ᠶᠢ ᠬᠠᠮᠠᠭᠠᠯᠠᠬᠤ ᠲᠥᠰᠦᠯ ᠤᠨ ᠶᠣᠰᠣᠭᠠᠷ᠂ ᠬᠥᠷᠥᠰᠥ ᠰᠢᠷᠣᠶ ᠶᠢ ᠬᠠᠮᠠᠭᠠᠯᠠᠬᠤ ᠠᠩᠬ᠎ᠠ ᠠᠯᠬᠤᠮ ᠤᠨ ᠵᠢᠷᠤᠭ ᠲᠥᠯᠥᠪᠯᠡᠭᠡ ᠵᠡᠷᠭᠡ ᠵᠠᠯᠭᠠᠮᠵᠢ ᠵᠢᠷᠤᠭ ᠲᠥᠯᠥᠪᠯᠡᠭᠡ ᠶᠢ ᠰᠠᠶᠢᠲᠤᠷ ᠬᠢᠵᠦ᠂ ᠪᠠᠷᠢᠯᠭ᠎ᠠ ᠪᠠᠷᠢᠬᠤ ᠶᠢᠨ ᠵᠣᠬᠢᠶᠠᠨ ᠪᠠᠶᠢᠭᠤᠯᠤᠨ ᠬᠠᠮᠢᠶᠠᠷᠬᠤ ᠠᠵᠢᠯ ᠢ ᠴᠢᠩᠭᠠᠳᠬᠠᠨ᠂ ︽ᠭᠤᠷᠪᠠ ᠶᠢ ᠵᠡᠷᠭᠡ ᠳᠤᠨᠢ ᠬᠢᠬᠦ︾ ᠳᠦᠷᠢᠮ ᠢ ᠦᠨᠡᠨ ᠬᠦ ᠨᠠᠶᠢᠳᠠᠪᠤᠷᠢᠵᠢᠭᠤᠯᠬᠤ ᠬᠡᠷᠡᠭᠲᠡᠶ᠃  ︵ᠬᠤᠶᠠᠷ︶ ᠲᠥᠰᠦᠯ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ ᠬᠥᠷᠥᠰᠥ ᠰᠢᠷᠣᠶ ᠶᠢ ᠬᠠᠮᠠᠭᠠᠯᠠᠬᠤ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠬᠡᠷᠡᠭᠲᠡᠶ᠃ ᠡᠯ᠎ᠡ ᠲᠥᠷᠥᠯ ᠤᠨ ᠪᠠᠷᠢᠯᠭ᠎ᠠ ᠪᠠᠷᠢᠬᠤ ᠠᠵᠢᠯᠯᠠᠭ᠎ᠠ ᠶᠢ ᠭᠠᠵᠠᠷ ᠬᠡᠷᠡᠭᠯᠡᠬᠦ ᠬᠡᠪᠴᠢᠶᠡᠨ ᠳᠣᠲᠣᠷ᠎ᠠ ᠴᠢᠩᠭ᠎ᠠ ᠬᠢᠵᠠᠭᠠᠷᠯᠠᠵᠤ᠂ ᠭᠠᠵᠠᠷ ᠤᠨ ᠭᠠᠳᠠᠷᠭᠤ ᠶᠢᠨ ᠤᠷᠭᠤᠮᠠᠯ ᠤᠨ ᠪᠦᠷᠬᠦᠴᠡ ᠶᠢ ᠳᠤᠷ᠎ᠠ ᠪᠠᠷ ᠢᠶᠠᠨ ᠡᠵᠡᠯᠡᠬᠦ᠂ ᠳᠠᠷᠤᠬᠤ᠂ ᠰᠠᠮᠠᠭᠤᠷᠠᠭᠤᠯᠬᠤ ᠪᠠ ᠡᠪᠳᠡᠬᠦ ᠶᠢ ᠴᠢᠩᠭ᠎ᠠ ᠴᠠᠭᠠᠵᠠᠯᠠᠵᠤ᠂ ᠬᠥᠷᠥᠰᠥ ᠶᠢ ᠰᠠᠯᠭᠠᠬᠤ᠂ ᠬᠠᠳᠠᠭᠠᠯᠠᠬᠤ ᠪᠠ ᠠᠰᠢᠭᠯᠠᠬᠤ ᠶᠢ ᠰᠠᠶᠢᠲᠤᠷ ᠬᠢᠵᠦ᠂ ᠬᠠᠶᠠᠭᠳᠠᠮᠠᠯ ᠰᠢᠭᠠᠷᠤ ᠶᠢ ᠶᠡᠷᠦᠩᠬᠡᠶᠢᠯᠡᠨ ᠠᠰᠢᠭᠯᠠᠬᠤ ᠶᠢ ᠴᠢᠩᠭᠠᠷᠠᠭᠤᠯᠤᠨ᠎ᠠ᠃ ᠪᠦᠲᠦᠭᠡᠨ ᠪᠠᠶᠢᠭᠤᠯᠬᠤ ᠶᠠᠪᠤᠴᠠ ᠳᠤ ᠪᠤᠶ ᠪᠣᠯᠤᠭᠰᠠᠨ ᠬᠠᠶᠠᠭᠳᠠᠮᠠᠯ ᠰᠢᠭᠠᠷᠤ ᠶᠢ ᠴᠠᠭ ᠲᠤᠬᠠᠶ ᠳᠤᠨᠢ ᠲᠥᠰᠦᠯ ᠳᠤ ᠲᠣᠭᠲᠠᠭᠠᠭᠰᠠᠨ ᠲᠤᠰᠬᠠᠶ ᠭᠠᠵᠠᠷ ᠲᠤ ᠲᠡᠭᠡᠭᠡᠪᠦᠷᠢᠯᠡᠨ ᠬᠦᠷᠭᠡᠬᠦ ᠬᠡᠷᠡᠭᠲᠡᠶ᠃ ᠲᠥᠰᠦᠯ ᠤᠨ ᠱᠠᠭᠠᠷᠳᠠᠯᠭ᠎ᠠ ᠶᠢ ᠦᠨᠳᠦᠰᠦᠯᠡᠨ ᠪᠠᠷᠢᠯᠭ᠎ᠠ ᠪᠠᠷᠢᠬᠤ ᠴᠠᠭ ᠤᠨ ᠳᠠᠷᠠᠭᠠᠯᠠᠯ ᠪᠠ ᠬᠥᠷᠥᠰᠥ ᠰᠢᠷᠣᠶ ᠶᠢ ᠬᠠᠮᠠᠭᠠᠯᠠᠬᠤ ᠠᠷᠭ᠎ᠠ ᠬᠡᠮᠵᠢᠶ᠎ᠡ ᠶᠢ ᠬᠡᠷᠡᠭᠵᠢᠭᠦᠯᠬᠦ ᠠᠬᠢᠴᠠ ᠶᠢ ᠵᠦᠶ ᠵᠣᠬᠢᠰᠲᠠᠶ ᠲᠣᠬᠢᠷᠠᠭᠤᠯᠵᠤ᠂ ᠪᠠᠷᠢᠯᠭ᠎ᠠ ᠪᠠᠷᠢᠬᠤ ᠬᠤᠭᠤᠴᠠᠭᠠᠨ ᠳᠤ ᠬᠥᠷᠥᠰᠥ ᠰᠢᠷᠣᠶ ᠶᠢᠨ ᠢᠳᠡᠭᠳᠡᠯ ᠭᠠᠷᠴᠤ ᠮᠡᠳᠡᠬᠦ ᠶᠢ ᠴᠢᠩᠭ᠎ᠠ ᠬᠢᠵᠠᠭᠠᠷᠯᠠᠬᠤ ᠬᠡᠷᠡᠭᠲᠡᠶ᠃  ︵ᠭᠤᠷᠪᠠ︶ ᠬᠥᠷᠥᠰᠥ ᠰᠢᠷᠣᠶ ᠶᠢᠨ ᠬᠠᠮᠠᠭᠠᠯᠠᠯᠲᠠ ᠶᠢ ᠬᠢᠨᠠᠨ ᠬᠡᠮᠵᠢᠬᠦ ᠠᠵᠢᠯ ᠢ ᠦᠨᠡᠨᠬᠦ ᠰᠠᠶᠢᠲᠤᠷ ᠬᠢᠵᠦ᠂ ᠬᠥᠷᠥᠰᠥ ᠰᠢᠷᠣᠶ ᠶᠢᠨ ᠢᠳᠡᠭᠳᠡᠯ ᠤᠨ ᠬᠥᠳᠡᠯᠦᠯ ᠪᠠᠶᠢᠳᠠᠯ ᠢ ᠬᠢᠨᠠᠨ ᠡᠵᠡᠮᠳᠡᠬᠦ ᠶᠢ ᠴᠢᠩᠭᠠᠳᠬᠠᠬᠤ ᠶᠢᠨ ᠬᠠᠮᠲᠤ ᠲᠣᠭᠲᠠᠭᠠᠯ ᠶᠣᠰᠣᠭᠠᠷ ᠮᠠᠨ ᠤ ᠲᠢᠩᠬᠢᠮ ᠵᠢᠴᠢ ᠣᠷᠳᠣᠰ ᠬᠤᠲᠠ ᠶᠢᠨ ᠤᠰᠤᠨ ᠠᠰᠢᠭᠯᠠᠯᠲᠠ ᠶᠢᠨ ᠲᠣᠪᠴᠢᠶ᠎ᠠ ᠳᠤ ᠬᠢᠨᠠᠨ ᠬᠡᠮᠵᠢᠬᠦ ᠤᠯᠠᠷᠢᠯ ᠤᠨ ᠮᠡᠳᠡᠭᠦᠯᠦᠯᠲᠡ ᠵᠢᠴᠢ ᠳ᠋ᠦᠩᠨᠡᠯᠲᠡ ᠶᠢᠨ ᠮᠡᠳᠡᠭᠦᠯᠦᠯᠲᠡ ᠪᠠᠨ ᠳᠡᠪᠰᠢᠭᠦᠯᠦᠨ ᠲᠤᠰᠢᠶᠠᠬᠤ ᠬᠡᠷᠡᠭᠲᠡᠶ᠃  ︵ᠳᠥᠷᠪᠡ︶ ᠬᠥᠷᠥᠰᠥ ᠰᠢᠷᠣᠶ ᠶᠢ ᠬᠠᠮᠠᠭᠠᠯᠠᠬᠤ ᠬᠢᠨᠠᠯᠲᠠ ᠬᠠᠮᠢᠶᠠᠷᠤᠯᠲᠠ ᠶᠢᠨ ᠠᠵᠢᠯ ᠢ ᠨᠠᠶᠢᠳᠠᠪᠤᠷᠢᠵᠢᠭᠤᠯᠬᠤ ᠶᠢᠨ ᠬᠠᠮᠲᠤ ᠰᠠᠶᠢᠲᠤᠷ ᠬᠢᠵᠦ᠂ ᠬᠥᠷᠥᠰᠥ ᠰᠢᠷᠣᠶ ᠶᠢ ᠬᠠᠮᠠᠭᠠᠯᠠᠬᠤ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠶᠠᠰᠤ ᠴᠢᠨᠠᠷ ᠪᠣᠯᠤᠨ ᠠᠬᠢᠴᠠ ᠶᠢ ᠦᠨᠡᠨ ᠬᠦ ᠪᠠᠲᠤᠯᠠᠬᠤ ᠬᠡᠷᠡᠭᠲᠡᠶ᠃  ︵ᠲᠠᠪᠤ︶ ᠬᠥᠷᠥᠰᠥ ᠰᠢᠷᠣᠶ ᠶᠢ ᠬᠠᠮᠠᠭᠠᠯᠠᠬᠤ ᠨᠥᠬᠦᠪᠥᠷᠢ ᠰᠦᠢᠳᠭᠡᠯ ᠢ ᠬᠠᠤᠯᠢ ᠲᠣᠭᠲᠠᠭᠠᠯ ᠶᠣᠰᠣᠭᠠᠷ ᠭᠦᠢᠴᠡᠳ ᠲᠤᠭ᠎ᠠ ᠪᠠᠷ ᠲᠤᠰᠢᠶᠠᠬᠤ ᠬᠡᠷᠡᠭᠲᠡᠶ᠃  ᠭᠤᠷᠪᠠ᠂ ᠲᠤᠰ ᠲᠥᠷᠥᠯ ᠵᠦᠢᠯ ᠤᠨ ᠭᠠᠵᠠᠷ᠂ ᠬᠡᠪᠴᠢᠶ᠎ᠡ ᠳᠤ ᠬᠡᠷᠪᠡ ᠴᠢᠬᠤᠯᠠ ᠶᠡᠭᠡ ᠬᠤᠪᠢᠷᠠᠯᠲᠠ ᠭᠠᠷᠬᠤ ᠪᠤᠶᠤ ᠬᠥᠷᠥᠰᠥ ᠰᠢᠷᠣᠶ ᠶᠢ ᠬᠠᠮᠠᠭᠠᠯᠠᠬᠤ ᠲᠥᠰᠦᠯ ᠢ ᠬᠡᠷᠡᠭᠵᠢᠭᠦᠯᠬᠦ ᠶᠠᠪᠤᠴᠠ ᠳᠤ ᠬᠥᠷᠥᠰᠥ ᠰᠢᠷᠣᠶ ᠶᠢ ᠬᠠᠮᠠᠭᠠᠯᠠᠬᠤ ᠠᠷᠭ᠎ᠠ ᠬᠡᠮᠵᠢᠶ᠎ᠡ ᠳᠤ ᠴᠢᠬᠤᠯᠠ ᠶᠡᠭᠡ ᠬᠤᠪᠢᠷᠠᠯᠲᠠ ᠭᠠᠷᠪᠠᠯ᠂ ᠬᠥᠷᠥᠰᠥ ᠰᠢᠷᠣᠶ ᠶᠢ ᠬᠠᠮᠠᠭᠠᠯᠠᠬᠤ ᠲᠥᠰᠦᠯ ᠢᠶᠠᠨ ᠨᠥᠬᠦᠪᠥᠷᠢᠯᠡᠬᠦ ᠪᠤᠶᠤ ᠵᠠᠰᠠᠪᠤᠷᠢ ᠣᠷᠣᠭᠤᠯᠵᠤ᠂ ᠮᠠᠨ ᠤ ᠲᠢᠩᠬᠢᠮ ᠳᠤ ᠮᠡᠳᠡᠭᠦᠯᠦᠨ ᠬᠢᠨᠠᠨ ᠵᠥᠪᠰᠢᠶᠡᠷᠡᠭᠦᠯᠬᠦ ᠬᠡᠷᠡᠭᠲᠡᠶ︔ ᠬᠠᠶᠠᠭᠳᠠᠮᠠᠯ ᠰᠢᠭᠠᠷᠤ ᠶᠢᠨ ᠲᠠᠯᠠᠪᠠᠢ ᠶᠢ ᠰᠢᠨ᠎ᠡ ᠪᠠᠷ ᠪᠠᠶᠢᠭᠤᠯᠬᠤ ᠴᠢᠬᠤᠯᠠᠲᠠᠢ ᠪᠤᠶᠤ ᠬᠠᠶᠠᠭᠳᠠᠮᠠᠯ ᠰᠢᠭᠠᠷᠤ ᠶᠢᠨ ᠬᠡᠮᠵᠢᠶ᠎ᠡ ᠶᠢ ᠨᠡᠮᠡᠭᠳᠡᠭᠦᠯᠦᠭᠰᠡᠨ ᠠᠴᠠ ᠪᠣᠯᠵᠤ ᠬᠠᠶᠠᠭᠳᠠᠮᠠᠯ ᠰᠢᠭᠠᠷᠤ ᠶᠢᠨ ᠲᠠᠯᠠᠪᠠᠢ ᠶᠢᠨ ᠵᠡᠷᠭᠡ ᠳᠡᠰ ᠢ ᠳᠡᠭᠡᠭᠰᠢᠯᠡᠭᠦᠯᠦᠭᠰᠡᠨ ᠪᠠᠶᠢᠪᠠᠯ᠂ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠨᠢᠭᠡᠴᠢ ᠬᠠᠶᠠᠭᠳᠠᠮᠠᠯ ᠰᠢᠭᠠᠷᠤ ᠶᠢᠨ ᠬᠡᠮᠵᠢᠶ᠎ᠡ ᠶᠢ ᠪᠠᠭᠠᠰᠬᠠᠬᠤ᠂ ᠡᠬᠢ ᠪᠠᠶᠠᠯᠢᠭᠵᠢᠭᠤᠯᠬᠤ ᠨᠤᠲᠠᠯᠠᠯᠲᠠ ᠬᠢᠬᠦ ᠬᠡᠷᠡᠭᠲᠡᠢ ᠪᠥᠭᠡᠳ ᠬᠠᠶᠠᠭᠳᠠᠮᠠᠯ ᠰᠢᠭᠠᠷᠤ ᠶᠢᠨ ᠬᠡᠮᠵᠢᠶ᠎ᠡ ᠶᠢ ᠪᠠᠭᠠᠰᠬᠠᠬᠤ ᠠᠴᠠ ᠡᠮᠦᠨ᠎ᠡ ᠬᠥᠷᠥᠰᠥ ᠰᠢᠷᠣᠢ ᠶᠢ ᠬᠠᠮᠠᠭᠠᠯᠠᠬᠤ ᠲᠥᠰᠦᠯ ᠤᠨ ᠨᠥᠬᠦᠪᠥᠷᠢ ᠮᠡᠳᠡᠭᠦᠯᠦᠯᠲᠡ ᠶᠢ ᠨᠠᠶᠢᠷᠠᠭᠤᠯᠤᠨ ᠵᠣᠬᠢᠶᠠᠵᠤ᠂ ᠮᠠᠨ ᠤ ᠲᠢᠩᠬᠢᠮ ᠳᠤ ᠮᠡᠳᠡᠭᠦᠯᠦᠨ ᠬᠢᠨᠠᠨ ᠵᠥᠪᠰᠢᠶᠡᠷᠡᠭᠦᠯᠬᠦ ᠬᠡᠷᠡᠭᠲᠡᠢ᠃  ᠳᠥᠷᠪᠡ᠂ ᠲᠠᠨ ᠤ ᠨᠢᠭᠡᠴᠢ ᠪᠣᠯ ᠲᠣᠰ ᠲᠥᠷᠥᠯ ᠵᠦᠢᠯ ᠤᠨ ᠬᠥᠷᠥᠰᠥ ᠰᠢᠷᠣᠶ ᠶᠢ ᠬᠠᠮᠠᠭᠠᠯᠠᠬᠤ ᠪᠡᠯᠡᠳᠬᠡᠮᠵᠢ ᠶᠢ ᠰᠢᠯᠭᠠᠨ ᠠᠪᠬᠤ ᠬᠠᠷᠢᠭᠤᠴᠠᠯᠭ᠎ᠠ ᠶᠢᠨ ᠭᠤᠤᠯ ᠴᠣᠭᠴᠠ ᠪᠣᠯᠤᠨ᠎ᠠ᠂ ᠲᠣᠰ ᠲᠥᠷᠥᠯ ᠵᠦᠢᠯ ᠢ ᠠᠰᠢᠭᠯᠠᠯᠲᠠ ᠳᠤ ᠣᠷᠣᠭᠤᠯᠤᠨ ᠬᠡᠷᠡᠭᠯᠡᠬᠦ ᠠᠴᠠ ᠡᠮᠦᠨ᠎ᠡ᠂ ᠬᠥᠷᠥᠰᠥ ᠰᠢᠷᠣᠶ ᠶᠢ ᠬᠠᠮᠠᠭᠠᠯᠠᠬᠤ ᠪᠡᠯᠡᠳᠬᠡᠮᠵᠢ ᠶᠢᠨ ᠪᠡᠶ᠎ᠡ ᠪᠠᠨ ᠳᠠᠭᠠᠭᠠᠵᠤ ᠰᠢᠯᠭᠠᠨ ᠠᠪᠬᠤ ᠶᠢ ᠥᠩᠭᠡᠷᠡᠭᠡᠬᠦ ᠬᠡᠷᠡᠭᠲᠡᠶ᠃ ᠡᠵᠡᠨ ᠮᠡᠳᠡᠵᠦ ᠰᠢᠯᠭᠠᠨ ᠠᠪᠬᠤ ᠳᠤ ᠬᠥᠷᠥᠰᠥ ᠰᠢᠷᠣᠶ ᠶᠢ ᠬᠠᠮᠠᠭᠠᠯᠠᠬᠤ ᠬᠠᠤᠯᠢ ᠴᠠᠭᠠᠵᠠ ᠬᠠᠤᠯᠢ ᠲᠣᠭᠲᠠᠭᠠᠯ᠂ ᠪᠠᠷᠢᠮᠵᠢᠶ᠎ᠠ ᠶᠢᠨ ᠵᠢᠷᠤᠮᠵᠢᠯ᠂ ᠬᠥᠷᠥᠰᠥ ᠰᠢᠷᠣᠶ ᠶᠢ ᠬᠠᠮᠠᠭᠠᠯᠠᠬᠤ ᠲᠥᠰᠦᠯ ᠵᠢᠴᠢ ᠲᠤᠰ ᠬᠢᠨᠠᠨ ᠵᠥᠪᠰᠢᠶᠡᠷᠡᠭᠰᠡᠨ ᠲᠣᠭᠲᠠᠭᠠᠯ᠂ ᠬᠥᠷᠥᠰᠥ ᠰᠢᠷᠣᠶ ᠶᠢ ᠬᠠᠮᠠᠭᠠᠯᠠᠬᠤ ᠵᠠᠯᠭᠠᠮᠵᠢ ᠵᠢᠷᠤᠭ ᠲᠥᠯᠥᠪᠯᠡᠭᠡ ᠵᠡᠷᠭᠡ ᠶᠢ ᠦᠨᠳᠦᠰᠦᠯᠡᠨ ᠶᠠᠪᠤᠭᠳᠠᠭᠤᠯᠵᠤ᠂ ᠬᠥᠷᠥᠰᠥ ᠰᠢᠷᠣᠶ ᠶᠢ ᠬᠠᠮᠠᠭᠠᠯᠠᠬᠤ ᠪᠡᠯᠡᠳᠬᠡᠮᠵᠢ ᠶᠢᠨ ᠰᠢᠯᠭᠠᠨ ᠠᠪᠬᠤ ᠪᠠᠷᠢᠮᠵᠢᠶ᠎ᠠ ᠪᠣᠯᠤᠨ ᠨᠥᠬᠦᠴᠡᠯ ᠢ ᠴᠢᠩᠭ᠎ᠠ ᠬᠡᠷᠡᠭᠵᠢᠭᠦᠯᠬᠦ ᠬᠡᠷᠡᠭᠲᠡᠶ᠃ ᠬᠥᠷᠥᠰᠥ ᠰᠢᠷᠣᠶ ᠶᠢ ᠬᠠᠮᠠᠭᠠᠯᠠᠬᠤ ᠪᠡᠯᠡᠳᠬᠡᠮᠵᠢ ᠶᠢ ᠪᠡᠶ᠎ᠡ ᠪᠠᠨ ᠳᠠᠭᠠᠭᠠᠵᠤ ᠰᠢᠯᠭᠠᠨ ᠠᠪᠬᠤ ᠳᠤ ᠬᠢᠷᠢ ᠲᠡᠩᠴᠡᠭᠰᠡᠨ ᠤ ᠳᠠᠷᠠᠭ᠎ᠠ᠂ ᠲᠡᠭᠦᠨ ᠤ ᠠᠯᠪᠠᠨ ᠰᠦᠯᠵᠢᠶ᠎ᠡ ᠪᠤᠶᠤ ᠪᠤᠰᠤᠳ ᠣᠯᠠᠨ ᠨᠡᠶᠢᠲᠡ ᠶᠢᠨ ᠮᠡᠳᠡᠵᠦ ᠪᠠᠶᠢᠭ᠎ᠠ ᠰᠦᠯᠵᠢᠶᠡᠨ ᠳᠤ ᠬᠥᠷᠥᠰᠥ ᠰᠢᠷᠣᠶ ᠶᠢ ᠬᠠᠮᠠᠭᠠᠯᠠᠬᠤ ᠪᠡᠯᠡᠳᠬᠡᠮᠵᠢ ᠶᠢ ᠰᠢᠯᠭᠠᠨ ᠠᠪᠤᠭᠰᠠᠨ ᠮᠠᠲ᠋ᠧᠷᠢᠶᠠᠯ ᠢ ᠴᠠᠭ ᠲᠤᠬᠠᠶ ᠳᠤᠨᠢ ᠨᠡᠶᠢᠲᠡ ᠳᠤ ᠵᠠᠷᠯᠠᠵᠤ᠂ ᠨᠡᠶᠢᠲᠡ ᠳᠤ ᠵᠠᠷᠯᠠᠬᠤ ᠴᠠᠭ ᠬᠤᠭᠤᠴᠠᠭ᠎ᠠ ᠶᠢ 20 ᠠᠵᠢᠯᠯᠠᠬᠤ ᠡᠳᠦᠷ ᠠᠴᠠ ᠳᠤᠲᠠᠭᠤ ᠪᠠᠶᠢᠯᠭᠠᠵᠤ ᠪᠣᠯᠬᠤ ᠦᠭᠡᠶ︔ ᠬᠥᠷᠥᠰᠥ ᠰᠢᠷᠣᠶ ᠶᠢ ᠬᠠᠮᠠᠭᠠᠯᠠᠬᠤ ᠲᠥᠬᠦᠭᠡᠷᠦᠮᠵᠢ ᠶᠢ ᠪᠡᠶ᠎ᠡ ᠪᠠᠨ ᠳᠠᠭᠠᠭᠠᠵᠤ ᠰᠢᠯᠭᠠᠨ ᠠᠪᠤᠭᠰᠠᠨ ᠤ ᠳᠠᠷᠠᠭ᠎ᠠ 3 ᠰᠠᠷ᠎ᠠ ᠶᠢᠨ ᠳᠣᠲᠣᠷ᠎ᠠ ᠮᠠᠨ ᠤ ᠲᠢᠩᠬᠢᠮ ᠳᠤ ᠬᠥᠷᠥᠰᠥ ᠰᠢᠷᠣᠶ ᠶᠢ ᠬᠠᠮᠠᠭᠠᠯᠠᠬᠤ ᠲᠥᠬᠦᠭᠡᠷᠦᠮᠵᠢ ᠶᠢ ᠰᠢᠯᠭᠠᠨ ᠠᠪᠤᠭᠰᠠᠨ ᠮᠠᠲ᠋ᠧᠷᠢᠶᠠᠯ ᠢᠶᠠᠨ ᠮᠡᠳᠡᠭᠦᠯᠦᠨ ᠳᠠᠩᠰᠠᠯᠠᠭᠤᠯᠬᠤ ᠬᠡᠷᠡᠭᠲᠡᠶ︔ ᠬᠥᠷᠥᠰᠥ ᠰᠢᠷᠣᠢ ᠶᠢ ᠬᠠᠮᠠᠭᠠᠯᠠᠬᠤ ᠲᠥᠬᠦᠭᠡᠷᠦᠮᠵᠢ ᠶᠢ ᠰᠢᠯᠭᠠᠨ ᠠᠪᠤᠭᠰᠠᠨ ᠦᠭᠡᠢ ᠪᠤᠶᠤ ᠰᠢᠯᠭᠠᠨ ᠠᠪᠬᠤ ᠳᠤ ᠬᠢᠷᠢ ᠲᠡᠩᠴᠡᠭᠰᠡᠨ ᠦᠭᠡᠢ ᠪᠠᠶᠢᠪᠠᠯ᠂ ᠠᠰᠢᠭᠯᠠᠯᠲᠠ ᠳᠤ ᠣᠷᠣᠭᠤᠯᠤᠨ ᠬᠡᠷᠡᠭᠯᠡᠵᠦ ᠪᠣᠯᠬᠤ ᠦᠭᠡᠢ᠃  ᠲᠠᠪᠤ᠂ ᠲᠤᠰ ᠵᠥᠪᠰᠢᠶᠡᠷᠡᠯ ᠤᠨ ᠪᠢᠴᠢᠭ ᠮᠠᠲ᠋ᠧᠷᠢᠶᠠᠯ ᠢ ᠵᠥᠪᠰᠢᠶᠡᠷᠡᠭᠰᠡᠨ ᠡᠳᠦᠷ ᠠᠴᠠ ᠡᠬᠢᠯᠡᠨ ᠬᠦᠴᠦᠨ ᠲᠠᠢ ᠬᠤᠭᠤᠴᠠᠭ᠎ᠠ ᠨᠢ 3 ᠵᠢᠯ ᠪᠣᠯᠤᠨ᠎ᠠ᠃ ᠵᠥᠪᠰᠢᠶᠡᠷᠡᠯ ᠤᠨ ᠪᠢᠴᠢᠭ ᠮᠠᠲ᠋ᠧᠷᠢᠶᠠᠯ ᠤᠨ ᠬᠦᠴᠦᠨ ᠲᠠᠢ ᠬᠤᠭᠤᠴᠠᠭᠠᠨ ᠳᠤ ᠠᠵᠢᠯ ᠡᠬᠢᠯᠡᠭᠦᠯᠦᠨ ᠪᠥᠲᠥᠭᠡᠨ ᠪᠠᠶᠢᠭᠤᠯᠤᠭᠰᠠᠨ ᠥᠬᠡᠶ ᠪᠠᠶᠢᠪᠠᠯ᠂ ᠦᠢᠯᠡᠳᠪᠦᠷᠢᠯᠡᠯ ᠪᠥᠲᠥᠭᠡᠨ ᠪᠠᠶᠢᠭᠤᠯᠤᠯᠲᠠ ᠶᠢᠨ ᠨᠢᠭᠡᠴᠢ ᠨᠢ ᠵᠥᠪᠰᠢᠶᠡᠷᠡᠯ ᠤᠨ ᠪᠢᠴᠢᠭ ᠮᠠᠲ᠋ᠧᠷᠢᠶᠠᠯ ᠤᠨ ᠬᠦᠴᠦᠨ ᠲᠠᠢ ᠬᠤᠭᠤᠴᠠᠭ᠎ᠠ ᠨᠢ ᠳᠦᠭᠦᠷᠬᠦ ᠠᠴᠠ 30 ᠠᠵᠢᠯᠯᠠᠬᠤ ᠡᠳᠦᠷ ᠠᠴᠠ ᠡᠮᠦᠨ᠎ᠡ ᠮᠠᠨ ᠤ ᠲᠢᠩᠬᠢᠮ ᠳᠤ ᠳᠠᠭᠢᠵᠤ ᠬᠢᠨᠠᠨ ᠬᠠᠷᠭᠤᠭᠤᠯᠬᠤ ᠪᠠᠷ ᠭᠤᠶᠤᠴᠢᠯᠠᠬᠤ ᠬᠡᠷᠡᠭᠲᠡᠶ᠃ ᠲᠥᠷᠥᠯ ᠵᠦᠢᠯ ᠨᠢ ᠵᠥᠪᠰᠢᠶᠡᠷᠡᠭᠰᠡᠨ ᠪᠢᠴᠢᠭ ᠮᠠᠲ᠋ᠧᠷᠢᠶᠡᠯ ᠤᠨ ᠬᠦᠴᠦᠨ ᠲᠠᠢ ᠬᠤᠭᠤᠴᠠᠭᠠᠨ ᠳᠣᠲᠣᠷ᠎ᠠ ᠠᠵᠢᠯ ᠡᠬᠢᠯᠡᠭᠦᠯᠦᠨ ᠪᠦᠲᠦᠭᠡᠨ ᠪᠠᠶᠢᠭᠤᠯᠤᠭᠰᠠᠨ ᠦᠭᠡᠶ ᠮᠥᠷᠲᠡᠭᠡᠨ ᠪᠠᠰᠠ ᠳᠠᠬᠢᠨ ᠬᠢᠨᠠᠭᠤᠯᠬᠤ ᠪᠠᠷ ᠭᠤᠶᠤᠴᠢᠯᠠᠭᠰᠠᠨ ᠦᠭᠡᠶ᠂ ᠡᠰᠡᠬᠦᠯ᠎ᠡ ᠳᠠᠬᠢᠨ ᠬᠢᠨᠠᠭᠤᠯᠬᠤ ᠭᠤᠶᠤᠴᠢᠯᠠᠯ ᠳᠤᠷᠠᠳᠤᠭᠰᠠᠨ ᠪᠣᠯᠪᠠᠴᠤ ᠵᠥᠪᠰᠢᠶᠡᠷᠡᠭᠳᠡᠭᠰᠡᠨ ᠦᠭᠡᠶ ᠪᠣᠯ ᠲᠤᠰ ᠵᠥᠪᠰᠢᠶᠡᠷᠡᠭᠰᠡᠨ ᠪᠢᠴᠢᠭ ᠮᠠᠲ᠋ᠧᠷᠢᠶᠡᠯ ᠨᠢ ᠠᠶᠠᠨᠳᠠᠭᠠᠨ ᠬᠦᠴᠦᠨ ᠦᠭᠡᠶ ᠪᠣᠯᠤᠨ᠎ᠠ᠃   ᠳᠠᠭᠠᠯᠳᠤᠭᠤᠯᠤᠯ᠄ 1. ᠭᠤᠤ ᠳᠧᠦ ᠶᠣᠣ ᠶᠢᠨ ᠬᠤᠶᠢᠲᠤ ᠬᠡᠰᠡᠭ ᠲᠠᠬᠢ ᠲᠡᠮᠦᠷ ᠵᠠᠮ ᠤᠨ ᠲᠤᠰᠬᠠᠶ ᠱᠤᠭᠤᠮ ᠤᠨ ᠲᠥᠷᠥᠯ ᠵᠦᠢᠯ ᠤᠨ ᠬᠥᠷᠥᠰᠥ ᠰᠢᠷᠣᠶ ᠶᠢ ᠬᠠᠮᠠᠭᠠᠯᠠᠬᠤ ᠲᠥᠰᠦᠯ ᠤᠨ ᠮᠡᠳᠡᠭᠦᠯᠦᠯᠲᠡ ᠶᠢᠨ ᠪᠢᠴᠢᠭ  2 . ︽ᠭᠤᠤ ᠳᠧᠦ ᠶᠣᠣ ᠶᠢᠨ ᠬᠤᠶᠢᠲᠤ ᠬᠡᠰᠡᠭ ᠤᠨ ᠲᠡᠮᠦᠷ ᠵᠠᠮ ᠤᠨ ᠲᠤᠰᠬᠠᠶ ᠱᠤᠭᠤᠮ ᠤᠨ ᠲᠥᠷᠥᠯ ᠵᠦᠢᠯ ᠤᠨ ᠬᠥᠷᠥᠰᠥ ᠰᠢᠷᠣᠶ ᠶᠢ ᠬᠠᠮᠠᠭᠠᠯᠠᠬᠤ ᠲᠥᠰᠦᠯ ᠤᠨ ᠮᠡᠳᠡᠭᠦᠯᠦᠯᠲᠡ ᠶᠢᠨ ᠪᠢᠴᠢᠭ︾ ᠢ ᠮᠡᠳᠡᠭᠦᠯᠦᠨ ᠬᠦᠷᠭᠡᠬᠦ ᠲᠤᠬᠠᠶ           2023 ᠣᠨ ᠤ 6 ᠳ᠋ᠤᠭᠠᠷ ᠰᠠᠷ᠎ᠠ ᠶᠢᠨ 19 ᠤ ᠡᠳᠦᠷ

 

 

 
ᠢᠷᠡᠯᠲᠡ᠄ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号