ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠠᠴᠠ ᠪᠠᠭ᠎ᠠ ᠤᠰᠤᠨ ᠴᠠᠬᠢᠯᠭᠠᠨ ᠥᠷᠲᠡᠭᠡ ᠶᠢᠨ ᠦᠶᠡᠷ ᠠᠴᠠ ᠡᠮᠦᠨᠡᠬᠢ ᠠᠮᠤᠷ ᠲᠦᠪᠰᠢᠨ ᠤ ᠪᠠᠶᠢᠴᠠᠭᠠᠯᠲᠠ ᠪᠠᠷ ᠢᠯᠡᠷᠡᠭᠦᠯᠦᠭᠰᠡᠨ ᠠᠰᠠᠭᠤᠳᠠᠯ ᠪᠠ ᠴᠡᠭᠴᠡᠯᠡᠨ ᠰᠠᠶᠢᠵᠢᠷᠠᠭᠤᠯᠬᠤ ᠱᠠᠭᠠᠷᠳᠠᠯᠭ᠎ᠠ ᠶᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2023/6/26
  ᠭᠤᠣᠯ ᠰᠡᠳᠦᠪ ᠤᠨ ᠠᠩᠭᠢᠯᠠᠯ᠄ ᠤᠰᠤᠨ ᠠᠰᠢᠭᠯᠠᠯᠲᠠ  ᠨᠡᠶᠢᠲᠡᠯᠡᠭᠰᠡᠨ ᠪᠠᠶᠢᠭᠤᠯᠤᠮᠵᠢ᠄ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ  ᠪᠢᠴᠢᠭ ᠤᠨ ᠳ᠋ᠤᠭᠠᠷ᠄ ᠳᠣᠲᠣᠭᠠᠳᠤ ᠤᠰᠤ ᠶᠢ ᠪᠠᠲᠤᠯᠠᠬᠤ ᠰᠢᠢᠳᠪᠦᠷᠢ ﹇2023﹈ 44 ᠳ᠋ᠦ᠋ᠭᠡᠷ ᠲᠣᠭᠠᠲᠤ  ᠪᠢᠴᠢᠭᠳᠡᠭᠰᠡᠨ ᠡᠳᠦᠷ ᠬᠤᠭᠤᠴᠠᠭ᠎ᠠ᠄ 2023 — 06 —19  ᠠᠯᠪᠠᠨ ᠪᠢᠴᠢᠭ ᠤᠨ ᠬᠦᠴᠦᠨ ᠲᠠᠢ ᠬᠤᠭᠤᠴᠠᠭ᠎ᠠ᠄  ᠡᠯ᠎ᠡ ᠬᠠᠮᠢᠶ᠎ᠠ ᠪᠦᠬᠦᠢ ᠠᠶᠢᠮᠠᠭ ᠬᠤᠲᠠ ᠶᠢᠨ ᠤᠰᠤᠨ ᠠᠰᠢᠭᠯᠠᠯᠲᠠ ︵ᠤᠰᠤᠨ ᠤ ᠶᠠᠪᠤᠳᠠᠯ︶ ᠶᠢᠨ ᠲᠣᠪᠴᠢᠶ᠎ᠠ᠄  ︽2023 ᠣᠨ ᠤ ᠪᠠᠭ᠎ᠠ ᠤᠰᠤᠨ ᠴᠠᠬᠢᠯᠭᠠᠨ ᠤ ᠥᠷᠲᠡᠭᠡ ᠶᠢᠨ ᠠᠶᠤᠯᠭᠦᠢ ᠦᠢᠯᠡᠳᠪᠦᠷᠢᠯᠡᠯ ᠪᠠ ᠦᠶᠡᠷ ᠤᠨ ᠬᠤᠭᠤᠴᠠᠭ᠎ᠠ ᠶᠢ ᠠᠮᠤᠷ ᠲᠦᠪᠰᠢᠨ ᠢᠶᠠᠷ ᠥᠩᠭᠡᠷᠡᠭᠦᠯᠬᠦ ᠠᠵᠢᠯ ᠢ ᠦᠨᠡᠨ ᠬᠦ ᠰᠠᠶᠢᠲᠤᠷ ᠬᠢᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠡᠳᠡᠭᠳᠡᠯ︾ ᠤᠨ ᠱᠠᠭᠠᠷᠳᠠᠯᠭ᠎ᠠ ᠶᠣᠰᠣᠭᠠᠷ᠂ ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠪᠥᠬᠦ ᠣᠷᠣᠨ ᠤ ᠪᠠᠭ᠎ᠠ ᠤᠰᠤᠨ ᠴᠠᠬᠢᠯᠭᠠᠨ ᠤ ᠥᠷᠲᠡᠭᠡ ᠶᠢᠨ ᠠᠶᠤᠯᠭᠦᠢ  ᠦᠢᠯᠡᠳᠪᠦᠷᠢᠯᠡᠯ ᠪᠠ ᠦᠶᠡᠷ ᠤᠨ ᠬᠤᠭᠤᠴᠠᠭ᠎ᠠ ᠶᠢ ᠠᠶᠤᠯ ᠥᠬᠡᠶ ᠪᠠᠷ ᠥᠩᠭᠡᠷᠡᠭᠦᠯᠬᠦ ᠬᠢᠨᠠᠯᠲᠠ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ 50 % ᠶᠢᠨ ᠭᠤᠤᠯᠳᠠᠯᠭ᠎ᠠ ᠲᠠᠢ ᠬᠢᠨᠠᠨ ᠬᠠᠮᠢᠶᠠᠷᠬᠤ ᠨᠡᠷᠡᠰ ᠤᠨ ᠵᠢᠭᠰᠠᠭᠠᠯᠲᠠ ᠶᠢᠨ ᠴᠠᠬᠢᠯᠭᠠᠨ ᠥᠷᠲᠡᠭᠡ ᠶᠢ ᠰᠣᠩᠭᠤᠵᠤ ᠲᠤᠬᠠᠶ ᠶᠢᠨ ᠲᠠᠯᠠᠪᠠᠶ ᠳᠤ ᠰᠤᠭᠤᠴᠢᠨ ᠪᠠᠶᠢᠴᠠᠭᠠᠪᠠ᠃ ᠪᠠᠭ᠎ᠠ ᠤᠰᠤᠨ ᠴᠠᠬᠢᠯᠭᠠᠨ ᠥᠷᠲᠡᠭᠡᠨ ᠤ ︽ᠭᠤᠷᠪᠠᠨ ᠬᠠᠷᠢᠭᠤᠴᠠᠯᠭᠠᠲᠠᠨ︾ ᠤ ᠲᠤᠰᠢᠶᠠᠯ ᠢᠶᠠᠨ  ᠭᠦᠢᠴᠡᠳᠭᠡᠭᠰᠡᠨ ᠪᠠᠶᠢᠳᠠᠯ ᠢ ᠤᠲᠠᠰᠤ ᠪᠠᠷ ᠰᠤᠭᠤᠴᠢᠨ ᠪᠠᠶᠢᠴᠠᠭᠠᠪᠠ᠃ ᠡᠳᠦᠭᠡ ᠪᠠᠶᠢᠴᠠᠭᠠᠵᠤ ᠢᠯᠡᠷᠡᠭᠦᠯᠦᠭᠰᠡᠨ ᠠᠰᠠᠭᠤᠳᠠᠯ ᠪᠣᠯᠤᠨ ᠴᠡᠭᠴᠡᠯᠡᠨ ᠰᠠᠶᠢᠵᠢᠷᠠᠭᠤᠯᠬᠤ ᠱᠠᠭᠠᠷᠳᠠᠯᠭ᠎ᠠ ᠶᠢ ᠳᠤᠤᠷᠠᠬᠢ ᠮᠡᠲᠦ ᠮᠡᠳᠡᠭᠳᠡᠶ᠎ᠡ᠃  ᠨᠢᠭᠡ᠂ ᠪᠠᠶᠢᠴᠠᠭᠠᠵᠤ ᠢᠯᠡᠷᠡᠭᠦᠯᠦᠭᠰᠡᠨ ᠭᠤᠣᠯ ᠠᠰᠠᠭᠤᠳᠠᠯ  ᠡᠯ᠎ᠡ ᠠᠶᠢᠮᠠᠭ ᠬᠤᠲᠠ ᠶᠢᠨ ᠤᠰᠤᠨ ᠠᠰᠢᠭᠯᠠᠯᠲᠠ ︵ᠤᠰᠤᠨ ᠤ ᠶᠠᠪᠤᠳᠠᠯ︶ ᠶᠢᠨ ᠲᠣᠪᠴᠢᠶ᠎ᠠ ᠶᠢᠨ ᠳᠡᠭᠡᠭᠰᠢ ᠮᠡᠳᠡᠭᠦᠯᠦᠭᠰᠡᠨ ᠥᠪᠡᠰᠦᠪᠡᠨ ᠪᠠᠶᠢᠴᠠᠭᠠᠬᠤ᠂ ᠪᠠᠶᠢᠴᠠᠭᠠᠬᠤ ᠡᠬᠡ ᠲᠠᠩᠰᠠ ᠵᠢᠴᠢ ᠤᠰᠤᠨ ᠠᠰᠢᠭᠯᠠᠯᠲᠠ ᠶᠢᠨ ᠲᠢᠩᠬᠢᠮ ᠤᠨ ᠵᠣᠬᠢᠶᠠᠨ ᠪᠠᠶᠢᠭᠤᠯᠵᠤ ᠬᠢᠨᠠᠨ ᠪᠠᠶᠢᠴᠠᠭᠠᠬᠤ ᠳᠤᠮᠳᠠ ᠣᠯᠵᠤ ᠮᠡᠳᠡᠭᠰᠡᠨ ᠨᠢ᠂ ᠨᠢᠭᠡ ᠳᠤ᠂ ᠣᠷᠳᠣᠰ ᠬᠤᠲᠠ᠂ ᠬᠢᠩᠭᠠᠨ ᠠᠶᠢᠮᠠᠭ ᠨᠢ ᠪᠠᠭ᠎ᠠ ᠤᠰᠤᠨ ᠴᠠᠬᠢᠯᠭᠠᠨ ᠥᠷᠲᠡᠭᠡ ᠶᠢᠨ ᠦᠶᠡᠷᠯᠡᠬᠦ ᠠᠴᠠ ᠡᠮᠦᠨᠡᠬᠢ ᠠᠮᠤᠷ ᠲᠦᠪᠰᠢᠨ ᠤ ᠪᠠᠶᠢᠴᠠᠭᠠᠯᠲᠠ ᠶᠢ ᠴᠠᠭ ᠲᠤᠬᠠᠶ ᠳᠤᠨᠢ ᠥᠷᠨᠢᠭᠦᠯᠦᠭᠰᠡᠨ ᠥᠬᠡᠶ᠂ ᠪᠠᠭ᠎ᠠ ᠤᠰᠤᠨ ᠴᠠᠬᠢᠯᠭᠠᠨ ᠥᠷᠲᠡᠭᠡ ᠶᠢ ᠵᠣᠬᠢᠶᠠᠨ ᠪᠠᠶᠢᠭᠤᠯᠵᠤ ᠠᠮᠤᠷ ᠲᠦᠪᠰᠢᠨ ᠤ ᠲᠦᠭᠰᠢᠭᠦᠷᠢ ᠶᠢᠨ ᠬᠡᠮ ᠰᠣᠭᠤᠭ ᠢ ᠵᠢᠭᠰᠠᠭᠠᠨ ᠪᠠᠶᠢᠴᠠᠭᠠᠭᠰᠠᠨ ᠥᠬᠡᠶ︔ ᠤᠯᠠᠭᠠᠨᠬᠠᠳᠠ ᠬᠤᠲᠠ᠂ ᠬᠢᠩᠭᠠᠨ ᠠᠶᠢᠮᠠᠭ ᠤᠨ ᠬᠡᠰᠡᠭ ᠪᠠᠭ᠎ᠠ ᠤᠰᠤᠨ ᠴᠠᠬᠢᠯᠭᠠᠨ ᠤ ᠥᠷᠲᠡᠭᠡ ᠶᠢᠨ ᠵᠠᠰᠠᠭ ᠵᠠᠬᠢᠷᠭᠠᠨ ᠤ ᠬᠠᠷᠢᠭᠤᠴᠠᠯᠭᠠᠲᠠᠨ ᠤᠲᠠᠰᠤ ᠨᠡᠪᠲᠡᠷᠡᠬᠦ ᠶᠢᠨ ᠠᠷᠭ᠎ᠠ ᠥᠬᠡᠶ ᠪᠠᠶᠢᠵᠤ᠂ ᠤᠲᠠᠰᠤᠨ ᠨᠣᠮᠧᠷ ᠨᠢ ᠪᠤᠷᠤᠭᠤᠳᠠᠵᠤ᠂ ᠵᠠᠰᠠᠭ ᠵᠠᠬᠢᠷᠭᠠᠨ ᠤ ᠬᠠᠷᠢᠭᠤᠴᠠᠯᠭᠠᠲᠠᠨ ᠢ ᠬᠤᠪᠢᠷᠠᠭᠤᠯᠤᠭᠰᠠᠨ ᠤ ᠳᠠᠷᠠᠭ᠎ᠠ ᠴᠠᠭ ᠲᠤᠬᠠᠶ ᠳᠤᠨᠢ ᠰᠢᠨᠡᠳᠬᠡᠭᠰᠡᠨ ᠥᠬᠡᠶ︔ ᠬᠡᠰᠡᠭ ᠪᠠᠭ᠎ᠠ ᠤᠰᠤᠨ ᠴᠠᠬᠢᠯᠭᠠᠨ ᠤ ᠥᠷᠲᠡᠭᠡ ᠳᠤ ︽ᠭᠤᠷᠪᠠᠨ ᠬᠠᠷᠢᠭᠤᠴᠠᠯᠭᠠᠲᠠᠨ︾ ᠤ ᠢᠯᠡ ᠨᠡᠶᠢᠲᠡᠯᠡᠬᠦ ᠫᠠᠶᠢᠰᠠ ᠭᠠᠷᠭᠠᠭᠰᠠᠨ ᠥᠬᠡᠶ ᠵᠡᠷᠭᠡ ᠠᠮᠤᠷ ᠲᠦᠪᠰᠢᠨ ᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ ᠥᠬᠡᠶ ᠵᠡᠷᠭᠡ ᠠᠰᠠᠭᠤᠳᠠᠯ᠃ ᠬᠤᠶᠠᠷ ᠲᠤ᠂ ᠬᠡᠰᠡᠭ ᠪᠠᠭ᠎ᠠ ᠤᠰᠤᠨ ᠴᠠᠬᠢᠯᠭᠠᠨ ᠦᠷᠲᠡᠭᠡ ᠳᠤ ᠠᠮᠤᠷ ᠲᠦᠪᠰᠢᠨ ᠤ ᠰᠡᠷᠭᠡᠶᠢᠯᠡᠨ ᠬᠠᠮᠠᠭᠠᠯᠠᠬᠤ ᠠᠷᠭ᠎ᠠ ᠬᠡᠮᠵᠢᠶ᠎ᠡ ᠣᠷᠣᠰᠢᠵᠤ᠂ ᠲᠤᠰᠠᠭᠠᠷᠯᠠᠨ ᠰᠡᠷᠭᠡᠶᠢᠯᠡᠬᠦ ᠠᠷᠭ᠎ᠠ ᠬᠡᠮᠵᠢᠶ᠎ᠡ ᠬᠦᠷᠦᠯᠴᠡᠬᠦ ᠥᠬᠡᠶ ᠪᠠᠶᠢᠵᠤ᠂ ᠠᠶᠤᠯᠲᠠᠶ ᠣᠷᠣᠨ ᠳᠤ ᠬᠠᠯᠬᠠᠪᠴᠢ ᠬᠡᠷᠡᠰᠬᠡ ᠭᠠᠷᠭᠠᠭᠰᠠᠨ ᠥᠬᠡᠶ᠂ ᠰᠡᠷᠡᠮᠵᠢᠯᠡᠭᠦᠯᠬᠦ ᠫᠠᠶᠢᠰᠠ ᠶᠢ ᠱᠠᠭᠠᠷᠳᠠᠯᠭ᠎ᠠ ᠶᠣᠰᠣᠭᠠᠷ ᠪᠠᠶᠢᠷᠢᠯᠠᠭᠤᠯᠤᠭᠰᠠᠨ ᠥᠬᠡᠶ᠂ ᠰᠢᠲᠠᠮᠠᠬᠠᠶ ᠬᠡᠶ ᠶᠢᠨ ᠬᠠᠳᠠᠭᠠᠯᠠᠯᠲᠠ ᠨᠢ ᠵᠢᠷᠤᠮᠵᠢᠯ ᠥᠬᠡᠶ᠂ ᠭᠠᠯ ᠤᠨᠲᠠᠷᠠᠭᠠᠭᠤᠷ ᠨᠢ ᠬᠤᠭᠤᠴᠠᠭ᠎ᠠ ᠥᠩᠭᠡᠷᠡᠲᠡᠯ᠎ᠡ ᠪᠠᠶᠢᠴᠠᠭᠠᠭᠠᠳᠤᠶ᠂ ᠳᠠᠷᠤᠯᠲᠠ ᠨᠢ ᠪᠠᠭᠤᠷᠠᠭᠰᠠᠨ᠂ ᠠᠵᠢᠯᠯᠠᠬᠤ ᠪᠢᠯᠧᠲ᠂ ᠵᠢᠵᠢᠭᠦᠷᠯᠡᠬᠦ ᠡᠳᠦᠷ ᠤᠨ ᠲᠡᠮᠳᠡᠭᠯᠡᠯ ᠨᠢ ᠳᠤᠲᠠᠭᠳᠠᠭᠰᠠᠨ ᠵᠡᠷᠭᠡ ᠠᠶᠤᠯᠭᠦᠢ ᠦᠢᠯᠡᠳᠪᠦᠷᠢᠯᠡᠯ ᠤᠨ ᠬᠠᠮᠢᠶᠠᠷᠤᠯᠲᠠ ᠨᠢ ᠵᠢᠷᠤᠮᠵᠢᠯ ᠥᠬᠡᠶ ᠪᠠᠶᠢᠬᠤ ᠠᠰᠠᠭᠤᠳᠠᠯ᠃ ᠭᠤᠷᠪᠠ ᠳᠤ᠂ ᠬᠡᠰᠡᠭ ᠪᠠᠭ᠎ᠠ ᠤᠰᠤᠨ ᠴᠠᠬᠢᠯᠭᠠᠨ ᠤ ᠥᠷᠲᠡᠭᠡ ᠳᠤ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢᠶᠠᠨ ᠳᠡᠭᠡᠳᠦ ᠱᠠᠲᠤᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠳᠠᠩᠰᠠᠯᠠᠭᠤᠯᠤᠭᠰᠠᠨ ᠥᠬᠡᠶ᠂ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠬᠢᠭᠰᠡᠨ ᠲᠡᠮᠳᠡᠭᠯᠡᠯ ᠨᠢ ᠪᠦᠷᠢᠨ ᠪᠤᠰᠤ᠂ ᠦᠶᠡᠷ ᠢ ᠰᠡᠷᠭᠡᠶᠢᠯᠡᠬᠦ ᠪᠠᠴᠢᠮ ᠪᠠᠶᠢᠳᠠᠯ ᠢ ᠠᠷᠭᠠᠴᠠᠬᠤ ᠭᠡᠷᠡᠯᠲᠦᠭᠦᠯᠭᠡ ᠶᠢᠨ ᠲᠥᠬᠦᠭᠡᠷᠦᠮᠵᠢ ᠶᠢ ᠬᠡᠪ ᠤᠨ ᠶᠣᠰᠣᠭᠠᠷ ᠬᠡᠷᠡᠭᠯᠡᠵᠦ ᠳᠡᠶᠢᠯᠬᠦ ᠥᠬᠡᠶ ᠵᠡᠷᠭᠡ ᠦᠶᠡᠷ ᠢ ᠠᠮᠤᠷ ᠲᠦᠪᠰᠢᠨ ᠢᠶᠠᠷ ᠥᠩᠭᠡᠷᠡᠭᠦᠯᠬᠦ ᠠᠷᠭ᠎ᠠ ᠬᠡᠮᠵᠢᠶ᠎ᠡ ᠨᠢ ᠪᠦᠷᠢᠨ ᠪᠤᠰᠤ ᠪᠠᠶᠢᠬᠤ ᠠᠰᠠᠭᠤᠳᠠᠯ ᠣᠷᠣᠰᠢᠵᠤ ᠪᠠᠶᠢᠨ᠎ᠠ᠃  ᠬᠤᠶᠠᠷ᠂ ᠴᠡᠭᠴᠡᠯᠡᠨ ᠰᠠᠶᠢᠵᠢᠷᠠᠭᠤᠯᠬᠤ ᠱᠠᠭᠠᠷᠳᠠᠯᠭ᠎ᠠ  ᠡᠯ᠎ᠡ ᠭᠠᠵᠠᠷ ᠤᠳ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠴᠢᠩᠭ᠎ᠠ ᠲᠤᠭᠤᠰᠢᠯᠠᠭᠤᠯᠵᠤ᠂ ᠤᠰᠤᠨ ᠠᠰᠢᠭᠯᠠᠯᠲᠠ ᠶᠢᠨ ᠶᠠᠮᠤᠨ ᠤ ᠠᠶᠤᠯᠭᠦᠢ ᠪᠣᠯᠤᠨ ᠦᠶᠡᠷ ᠤᠨ ᠬᠤᠭᠤᠴᠠᠭ᠎ᠠ ᠶᠢ ᠠᠶᠤᠯ ᠦᠭᠡᠶ ᠥᠩᠭᠡᠷᠡᠭᠦᠯᠬᠦ ᠠᠵᠢᠯ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ᠂ ᠪᠠᠭ᠎ᠠ ᠤᠰᠤᠨ ᠴᠠᠬᠢᠯᠭᠠᠨ ᠤ ᠥᠷᠲᠡᠭᠡ ᠶᠢᠨ ᠲᠦᠭᠰᠢᠭᠦᠷᠢ ᠶᠢᠨ ᠳᠠᠯᠳᠠ ᠭᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠲᠦᠯᠬᠢᠨ ᠠᠬᠢᠭᠤᠯᠵᠤ᠂ ᠮᠠᠨ ᠤ ᠣᠷᠣᠨ ᠤ ᠪᠠᠭ᠎ᠠ ᠤᠰᠤᠨ ᠴᠠᠬᠢᠯᠭᠠᠨ ᠤ ᠠᠶᠤᠯᠭᠦᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠦᠨᠡᠨᠬᠦ ᠳᠡᠭᠡᠭᠰᠢᠯᠡᠭᠦᠯᠬᠦ ᠬᠡᠷᠡᠭᠲᠡᠶ᠃  ᠨᠢᠭᠡ ᠳᠤ᠂ ᠠᠮᠤᠷ ᠲᠦᠪᠰᠢᠨ ᠤ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠶ᠃ ᠪᠠᠭ᠎ᠠ ᠤᠰᠤᠨ ᠴᠠᠬᠢᠯᠭᠠᠨ ᠤ ᠥᠷᠲᠡᠭᠡ ᠶᠢᠨ ᠠᠶᠤᠯᠭᠦᠢ ᠦᠢᠯᠡᠳᠪᠦᠷᠢᠯᠡᠯ  ᠤᠨ ᠭᠤᠤᠯ ᠴᠣᠭᠴᠠ ᠶᠢᠨ ᠬᠠᠷᠢᠭᠤᠴᠠᠯᠭ᠎ᠠ ᠡᠭᠦᠷᠭᠡᠯᠡᠭᠴᠢ᠂ ᠬᠢᠨᠠᠨ ᠬᠠᠮᠢᠶᠠᠷᠬᠤ ᠬᠠᠷᠢᠭᠤᠴᠠᠯᠭ᠎ᠠ ᠡᠭᠦᠷᠭᠡᠯᠡᠭᠴᠢ᠂ ᠵᠠᠰᠠᠭ ᠵᠠᠬᠢᠷᠭᠠᠨ ᠤ ᠬᠠᠷᠢᠭᠤᠴᠠᠯᠭ᠎ᠠ ᠡᠭᠦᠷᠭᠡᠯᠡᠭᠴᠢ ᠶᠢ ᠤᠯᠠᠮ ᠨᠢᠭᠡ ᠠᠯᠬᠤᠮ ᠲᠣᠳᠣᠷᠬᠠᠶᠢᠯᠠᠵᠤ᠂ ᠬᠠᠮᠢᠶ᠎ᠠ ᠪᠦᠬᠦᠢ ᠬᠠᠷᠢᠭᠤᠴᠠᠯᠭ᠎ᠠ ᠡᠭᠦᠷᠭᠡᠯᠡᠭᠴᠢ ᠶᠢᠨ ᠮᠡᠳᠡᠭᠡ ᠵᠠᠩᠭᠢ ᠳᠤ ᠴᠠᠭ ᠲᠤᠬᠠᠶ ᠳᠤᠨᠢ ᠲᠣᠬᠢᠷᠠᠭᠤᠯᠤᠯᠲᠠ ᠬᠢᠵᠦ ᠢᠯᠡ ᠨᠡᠶᠢᠲᠡᠯᠡᠬᠦ ᠬᠡᠷᠡᠭᠲᠡᠶ᠃ ᠬᠠᠷᠢᠭᠤᠴᠠᠯᠭᠠᠲᠠᠨ ᠤ ᠬᠠᠷᠢᠭᠤᠴᠠᠯᠭ᠎ᠠ ᠶᠢᠨ ᠦᠵᠡᠯ ᠤᠬᠠᠮᠰᠠᠷ ᠢ ᠴᠢᠩᠭᠠᠷᠠᠭᠤᠯᠤᠨ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠶᠢ ᠨᠢ ᠳᠡᠭᠡᠭᠰᠢᠯᠡᠭᠦᠯᠬᠦ ᠬᠡᠷᠡᠭᠲᠡᠶ᠃ ︽ᠵᠠᠰᠠᠭ ᠤᠨ ᠣᠷᠳᠣᠨ ᠬᠢᠨᠠᠯᠲᠠ ᠲᠠᠯᠪᠢᠬᠤ᠂ ᠠᠵᠢᠯ ᠲᠥᠷᠥᠯ ᠬᠢᠨᠠᠨ ᠬᠠᠮᠢᠶᠠᠷᠬᠤ᠂ ᠥᠮᠴᠢᠲᠡᠨ ᠬᠠᠷᠢᠭᠤᠴᠠᠬᠤ︾ ᠪᠠᠭ᠎ᠠ ᠤᠰᠤᠨ ᠴᠠᠬᠢᠯᠭᠠᠨ ᠤ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠰᠢᠰᠲ᠋ᠧᠮᠵᠢ ᠶᠢ ᠨᠠᠶᠢᠳᠠᠪᠤᠷᠢᠵᠢᠭᠤᠯᠤᠨ᠎ᠠ᠃  ᠬᠤᠶᠠᠷ ᠲᠤ᠂ ᠠᠮᠤᠷ ᠲᠦᠪᠰᠢᠨ ᠤ ᠪᠠᠶᠢᠴᠠᠭᠠᠯᠲᠠ ᠶᠢ ᠦᠷᠭᠦᠯᠵᠢᠯᠡᠨ ᠥᠷᠨᠢᠭᠦᠯᠬᠦ ᠬᠡᠷᠡᠭᠲᠡᠶ᠃ ᠡᠯ᠎ᠡ ᠱᠠᠲᠤᠨ ᠤ ᠤᠰᠤᠨ ᠤ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ︽ᠴᠠᠭ ᠢᠮᠠᠭᠲᠠ ᠰᠡᠳᠬᠢᠯ ᠠᠮᠤᠷ ᠪᠠᠶᠢᠬᠤ ᠦᠭᠡᠢ︾ ᠬᠠᠷᠢᠭᠤᠴᠠᠯᠭᠠᠲᠤ ᠰᠡᠳᠬᠢᠯᠭᠡ ᠪᠣᠯᠤᠨ ᠨᠢᠮᠭᠡᠨ ᠮᠥᠰᠥᠨ ᠳᠤ ᠠᠵᠢᠯᠯᠠᠬᠤ ᠲᠦᠭᠰᠢᠭᠦᠷᠢ ᠶᠢᠨ ᠦᠵᠡᠯ ᠤᠬᠠᠮᠰᠠᠷ ᠢᠶᠠᠨ ᠪᠠᠲᠤᠯᠠᠵᠤ᠂ ᠪᠠᠭ᠎ᠠ ᠤᠰᠤᠨ ᠴᠠᠬᠢᠯᠭᠠᠨ ᠤ  ᠠᠶᠤᠯᠭᠦᠢ ᠦᠢᠯᠡᠳᠪᠦᠷᠢᠯᠡᠯ ᠵᠢᠴᠢ ᠦᠶᠡᠷ ᠤᠨ ᠬᠤᠭᠤᠴᠠᠭ᠎ᠠ ᠶᠢ ᠠᠮᠤᠷ ᠲᠦᠪᠰᠢᠨ ᠢᠶᠠᠷ ᠥᠩᠭᠡᠷᠡᠭᠦᠯᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠬᠤ ᠬᠡᠷᠡᠭᠲᠡᠶ᠃ ᠪᠠᠭ᠎ᠠ ᠤᠰᠤᠨ ᠴᠠᠬᠢᠯᠭᠠᠨ ᠤ ᠥᠷᠲᠡᠭᠡ ᠶᠢᠨ ᠦᠶᠡᠷᠯᠡᠬᠦ ᠠᠴᠠ ᠡᠮᠦᠨᠡᠬᠢ ᠠᠮᠤᠷ ᠲᠦᠪᠰᠢᠨ ᠤ ᠪᠠᠶᠢᠴᠠᠭᠠᠯᠲᠠ ᠶᠢ ᠥᠷᠨᠢᠭᠦᠯᠦᠭᠡᠳᠦᠶ ᠠᠶᠢᠮᠠᠭ ᠬᠤᠲᠠ᠂ ᠬᠤᠰᠢᠭᠤ ᠰᠢᠶᠠᠨ ᠨᠤᠭᠤᠳ ᠬᠢᠨᠠᠨ ᠬᠠᠮᠢᠶᠠᠷᠬᠤ ᠬᠠᠷᠢᠭᠤᠴᠠᠯᠭ᠎ᠠ ᠪᠠᠨ ᠦᠨᠡᠨᠬᠦ ᠭᠦᠢᠴᠡᠳᠬᠡᠵᠦ᠂ ᠳᠠᠷᠦ᠋ᠢᠬᠠᠨ ᠴᠠᠬᠢᠯᠭᠠᠨ ᠥᠷᠲᠡᠭᠡ ᠶᠢ ᠵᠣᠬᠢᠶᠠᠨ ᠪᠠᠶᠢᠭᠤᠯᠤᠨ ᠲᠦᠭᠰᠢᠭᠦᠷᠢ ᠶᠢᠨ ᠳᠠᠯᠳᠠ ᠭᠡᠮ ᠢ ᠵᠢᠭᠰᠠᠭᠠᠨ ᠪᠠᠶᠢᠴᠠᠭᠠᠬᠤ ᠶᠢᠨ ᠬᠠᠮᠲᠤ ᠬᠢᠨᠠᠯᠲᠠ ᠲᠠᠯᠪᠢᠨ ᠪᠠᠶᠢᠴᠠᠭᠠᠵᠤ᠂ 6 ᠳ᠋ᠤᠭᠠᠷ ᠰᠠᠷ᠎ᠠ ᠶᠢᠨ 30 ᠤ ᠡᠳᠦᠷ ᠠᠴᠠ ᠡᠮᠦᠨ᠎ᠡ ᠪᠡᠶᠡᠯᠡᠭᠦᠯᠬᠦ ᠬᠡᠷᠡᠭᠲᠡᠶ᠃  ᠭᠤᠷᠪᠠ ᠳᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠱᠠᠯᠠᠪᠳᠠᠨ ᠠᠬᠢᠭᠤᠯᠬᠤ ᠬᠡᠷᠡᠭᠲᠡᠢ᠃ ᠡᠯ᠎ᠡ ᠱᠠᠲᠤᠨ ᠤ ᠤᠰᠤᠨ ᠤ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠵᠢᠭᠰᠠᠭᠠᠨ        ᠪᠠᠶᠢᠴᠠᠭᠠᠬᠤ᠂ ᠴᠡᠭᠴᠡᠯᠡᠨ ᠰᠠᠶᠢᠵᠢᠷᠠᠭᠤᠯᠬᠤ᠂ ᠳ᠋ᠤᠭᠠᠷ ᠢ ᠨᠢ ᠬᠦᠴᠦᠨ ᠥᠬᠡᠶ ᠪᠣᠯᠭᠠᠬᠤ ︽ᠪᠢᠲᠡᠭᠦᠦ ᠴᠠᠭᠠᠷᠢᠭ︾ ᠤᠨ ᠬᠠᠮᠢᠶᠠᠷᠤᠯᠲᠠ ᠶᠢᠨ ᠱᠠᠭᠠᠷᠳᠠᠯᠭ᠎ᠠ ᠶᠣᠰᠣᠭᠠᠷ᠂ ᠠᠰᠠᠭᠤᠳᠠᠯ ᠤᠨ ᠡᠬᠡ ᠲᠠᠩᠰᠠ ᠶᠢᠨ ᠨᠠᠷᠢᠨ ᠬᠠᠭᠤᠳᠠᠰᠤ ᠶᠢ ᠪᠠᠶᠢᠭᠤᠯᠵᠤ᠂ 2023 ᠣᠨ ᠤ ᠠᠮᠤᠷ ᠲᠦᠪᠰᠢᠨ ᠤ ᠲᠦᠭᠰᠢᠭᠦᠷᠢ ᠶᠢᠨ ᠬᠡᠮ ᠰᠣᠭᠤᠭ ᠢ ᠥᠪᠡᠰᠦᠪᠡᠨ ᠪᠠᠶᠢᠴᠠᠭᠠᠬᠤ ᠂ ᠪᠠᠶᠢᠴᠠᠭᠠᠵᠤ ᠢᠯᠡᠷᠡᠭᠦᠯᠦᠭᠰᠡᠨ ᠠᠰᠠᠭᠤᠳᠠᠯ ᠳᠤ ᠴᠢᠭᠯᠡᠭᠦᠯᠦᠨ᠂ ᠴᠡᠭᠴᠡᠯᠡᠨ ᠰᠠᠶᠢᠵᠢᠷᠠᠭᠤᠯᠬᠤ ᠨᠠᠷᠢᠨ ᠲᠣᠳᠣᠷᠬᠠᠶ ᠠᠷᠭ᠎ᠠ ᠬᠡᠮᠵᠢᠶ᠎ᠡ ᠲᠣᠭᠲᠠᠭᠠᠵᠤ᠂ ᠡᠯ᠎ᠡ ᠴᠠᠬᠢᠯᠭᠠᠨ ᠥᠷᠲᠡᠭᠡ ᠶᠢ ᠰᠢᠮᠳᠠᠭᠤᠯᠵᠤ ᠪᠠᠶᠢᠭᠠᠳ 2023 ᠣᠨ ᠤ 6 ᠳ᠋ᠤᠭᠠᠷ ᠰᠠᠷ᠎ᠠ ᠶᠢᠨ 30 ᠤ ᠡᠳᠦᠷ ᠠᠴᠠ ᠡᠮᠦᠨ᠎ᠡ ᠴᠡᠭᠴᠡᠯᠡᠨ ᠰᠠᠶᠢᠵᠢᠷᠠᠭᠤᠯᠬᠤ ᠶᠢ ᠪᠡᠶᠡᠯᠡᠭᠦᠯᠬᠦ ᠶᠢᠨ ᠬᠠᠮᠲᠤ ᠭᠡᠷᠡᠴᠢᠯᠡᠬᠦ ᠮᠠᠲ᠋ᠧᠷᠢᠶᠠᠯ ᠢᠶᠠᠨ ᠳᠡᠭᠡᠭᠰᠢ ᠮᠡᠳᠡᠭᠦᠯᠬᠦ ᠬᠡᠷᠡᠭᠲᠡᠶ︔ ᠠᠵᠢᠯᠳᠠᠨ ᠣᠨᠴᠠ ᠲᠥᠷᠥᠯ ᠤᠨ ᠠᠵᠢᠯ ᠬᠢᠬᠦ ᠦᠨᠡᠮᠯᠡᠯ ᠥᠭᠡᠢ ᠪᠠᠶᠢᠪᠠᠯ᠂ ᠣᠨᠴᠠ ᠲᠥᠷᠥᠯ ᠤᠨ ᠠᠵᠢᠯ ᠬᠢᠬᠦ ᠦᠨᠡᠮᠯᠡᠯ ᠣᠯᠬᠤ ᠠᠴᠠ ᠡᠮᠦᠨ᠎ᠡ ᠵᠣᠬᠢᠴᠠᠩᠭᠤᠢ ᠣᠨᠴᠠ ᠲᠥᠷᠥᠯ ᠤᠨ ᠠᠵᠢᠯ ᠬᠢᠵᠦ ᠪᠣᠯᠬᠤ ᠥᠭᠡᠢ︔ ᠤᠰᠤᠨ ᠤ ᠠᠵᠢᠯ ᠤᠨ ᠪᠠᠷᠢᠯᠭ᠎ᠠ ᠪᠣᠯᠤᠨ ᠲᠡᠮᠦᠷᠯᠢᠭ ᠤᠨ ᠪᠦᠲᠦᠴᠡ ᠳᠤ ᠬᠦᠨᠳᠦ ᠨᠣᠴᠢᠲᠠᠢ ᠳᠤᠲᠠᠭᠳᠠᠯ ᠲᠠᠢ ᠪᠣᠯ ᠴᠡᠭᠴᠡᠯᠡᠨ ᠥᠭᠡᠷᠡᠴᠢᠯᠡᠵᠦ ᠳᠠᠭᠤᠰᠬᠠᠬᠤ ᠠᠴᠠ ᠡᠮᠦᠨ᠎ᠡ ᠠᠵᠢᠯᠯᠠᠭᠠᠨ ᠢ ᠨᠢ ᠬᠢᠵᠠᠭᠠᠷᠯᠠᠬᠤ ᠪᠤᠶᠤ ᠴᠠᠬᠢᠯᠭᠠᠨ ᠭᠠᠷᠭᠠᠬᠤ ᠶᠢ ᠨᠢ ᠵᠣᠭᠰᠣᠭᠠᠬᠤ ᠵᠡᠷᠭᠡ ᠠᠷᠭ᠎ᠠ ᠬᠡᠮᠵᠢᠶ᠎ᠡ ᠠᠪᠴᠤ᠂ ᠠᠵᠢᠯᠯᠠᠭᠠᠨ ᠤ ᠠᠶᠤᠯ ᠦᠭᠡᠢ ᠶᠢ ᠦᠨᠡᠨᠬᠦ ᠪᠠᠲᠤᠯᠠᠬᠤ ᠬᠡᠷᠡᠭᠲᠡᠢ︔ ᠬᠤᠭᠤᠴᠠᠭ᠎ᠠ ᠬᠢᠵᠠᠭᠠᠷᠯᠠᠨ ᠴᠡᠭᠴᠡᠯᠡᠨ ᠰᠠᠶᠢᠵᠢᠷᠠᠭᠤᠯᠤᠭᠰᠠᠨ ᠨᠢ ᠪᠣᠳᠠᠲᠠᠶᠢᠵᠢᠭᠤᠯᠤᠭᠰᠠᠨ ᠦᠭᠡᠶ ᠪᠠᠶᠢᠪᠠᠯ᠂ ᠳᠡᠰ ᠳᠠᠷᠠᠭᠠᠯᠠᠯ ᠤᠨ ᠶᠣᠰᠣᠭᠠᠷ ᠲᠠᠶᠢᠯᠪᠤᠷᠢᠯᠠᠨ᠎ᠠ᠃  ᠳᠥᠷᠪᠡ ᠳᠤ᠂ ᠪᠠᠷᠢᠮᠵᠢᠶᠠᠵᠢᠭᠤᠯᠬᠤ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠤᠨ᠎ᠠ᠃ ᠡᠯ᠎ᠡ ᠱᠠᠲᠤᠨ ᠤ ᠤᠰᠤᠨ ᠤ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠪᠠᠭ᠎ᠠ ᠤᠰᠤᠨ ᠴᠠᠬᠢᠯᠭᠠᠨ ᠤ ᠥᠷᠳᠡᠭᠡ ᠶᠢᠨ ᠮᠡᠷᠭᠡᠵᠢᠯ ᠤᠨ ᠵᠢᠯᠤᠭᠤᠳᠤᠯᠭ᠎ᠠ ᠪᠠᠨ ᠢᠳᠡᠪᠬᠢᠲᠡᠢ ᠪᠠᠷ ᠴᠢᠩᠭᠠᠳᠬᠠᠵᠤ᠂ ᠪᠠᠭ᠎ᠠ ᠤᠰᠤᠨ ᠴᠠᠬᠢᠯᠭᠠᠨ ᠤ ᠥᠷᠳᠡᠭᠡ ᠶᠢᠨ ᠥᠮᠴᠢᠲᠡᠨ ᠤ ᠠᠶᠤᠯᠭᠦᠢ ᠦᠢᠯᠡᠳᠪᠦᠷᠢᠯᠡᠯ ᠤᠨ  ᠬᠠᠤᠯᠢ ᠴᠠᠭᠠᠵᠠ ᠬᠠᠤᠯᠢ ᠲᠣᠭᠲᠠᠭᠠᠯ ᠪᠣᠯᠤᠨ ᠮᠡᠷᠭᠡᠵᠢᠯ ᠤᠨ ᠪᠠᠷᠢᠮᠵᠢᠶ᠎ᠠ ᠶᠢ ᠴᠢᠩᠭ᠎ᠠ ᠬᠡᠷᠡᠭᠵᠢᠭᠦᠯᠬᠦ ᠶᠢ ᠰᠢᠮᠳᠠᠭᠤᠯᠵᠤ᠂ ᠠᠶᠤᠯ ᠥᠭᠡᠢ ᠶᠢᠨ ᠣᠷᠣᠭᠤᠯᠤᠯᠲᠠ ᠶᠢ ᠪᠠᠲᠤᠯᠠᠨ᠂ ᠠᠵᠢᠯᠯᠠᠭᠠᠨ ᠤ ᠬᠠᠮᠢᠶᠠᠷᠤᠯᠲᠠ ᠶᠢ ᠵᠢᠷᠤᠮᠵᠢᠭᠤᠯᠵᠤ᠂ ᠪᠠᠭ᠎ᠠ ᠤᠰᠤᠨ ᠴᠠᠬᠢᠯᠭᠠᠨ ᠤ ᠥᠷᠳᠡᠭᠡ ᠶᠢᠨ ᠠᠶᠤᠯᠭᠦᠢ ᠦᠢᠯᠡᠳᠪᠦᠷᠢᠯᠡᠯ ᠤᠨ ᠪᠠᠷᠢᠮᠵᠢᠶᠠᠵᠢᠭᠤᠯᠬᠤ ᠪᠥᠳᠥᠭᠡᠨ ᠪᠠᠶᠢᠭᠤᠯᠤᠯᠲᠠ ᠶᠢ ᠲᠥᠯᠬᠢᠨ ᠠᠬᠢᠭᠤᠯᠵᠤ᠂ ᠠᠶᠤᠯᠭᠦᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠬᠡᠷᠡᠭᠲᠡᠢ᠃  ᠲᠠᠪᠤ ᠳᠤ᠂ ᠦᠶᠡᠷ ᠢ ᠰᠡᠷᠭᠡᠶᠢᠯᠡᠬᠦ ᠪᠠᠴᠢᠮ ᠪᠠᠶᠢᠳᠠᠯ ᠢ ᠠᠷᠭᠠᠴᠠᠭᠠᠬᠤ ᠵᠢᠵᠢᠭᠦᠷ ᠢ ᠰᠠᠶᠢᠲᠤᠷ ᠬᠢᠬᠦ ᠬᠡᠷᠡᠭᠲᠡᠶ᠃ ᠵᠢᠵᠢᠭ ᠤᠰᠤᠨ ᠴᠠᠬᠢᠯᠭᠠᠨ ᠤ ᠥᠷᠲᠡᠭᠡ ᠶᠢᠨ ᠦᠶᠡᠷ ᠢ ᠰᠡᠷᠭᠡᠶᠢᠯᠡᠬᠦ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠨᠠᠶᠢᠷᠠᠭᠤᠯᠤᠨ ᠵᠣᠬᠢᠶᠠᠬᠤ᠂ ᠮᠡᠳᠡᠭᠦᠯᠦᠨ ᠵᠥᠪᠰᠢᠶᠡᠷᠡᠭᠦᠯᠬᠦ ᠪᠠ ᠰᠣᠷᠢᠯᠲᠠ ᠬᠢᠬᠦ ᠡᠯ᠎ᠡ ᠵᠦᠢᠯ ᠤᠨ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠤᠨ ᠴᠢᠭᠯᠡᠭᠦᠯᠦᠯᠲᠦ ᠴᠢᠨᠠᠷ ᠪᠣᠯᠤᠨ ᠬᠡᠷᠡᠭᠵᠢᠭᠦᠯᠭᠡᠲᠦ ᠴᠢᠨᠠᠷ ᠢ ᠦᠨᠡᠨᠬᠦ ᠳᠡᠭᠡᠭᠰᠢᠯᠡᠭᠦᠯᠵᠦ᠂ ᠴᠠᠬᠢᠯᠭᠠᠨ ᠥᠷᠲᠡᠭᠡ ᠶᠢᠨ ᠲᠦᠭᠰᠢᠭᠦᠷᠢᠲᠦ ᠪᠠᠶᠢᠳᠠᠯ ᠢ ᠰᠡᠷᠭᠡᠶᠢᠯᠡᠬᠦ ᠪᠠ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠶ᠃ ᠦᠶᠡᠷ ᠢ ᠰᠡᠷᠭᠡᠶᠢᠯᠡᠬᠦ ᠪᠣᠳᠠᠰ ᠢ ᠪᠦᠷᠢᠨ ᠭᠦᠢᠴᠡᠳ ᠪᠡᠯᠡᠳᠬᠡᠵᠦ᠂ ᠴᠠᠬᠢᠯᠭᠠᠨ ᠬᠤᠷᠢᠶᠠᠭᠤᠷ᠂ ᠭᠠᠷ ᠳ᠋ᠧᠩ ᠵᠡᠷᠭᠡ ᠴᠠᠬᠢᠯᠭᠠᠨ ᠴᠡᠨᠡᠭᠯᠡᠬᠦ ᠴᠢᠬᠤᠯᠠᠲᠠᠶ ᠦᠶᠡᠷ ᠢ ᠰᠡᠷᠭᠡᠶᠢᠯᠡᠬᠦ ᠡᠳ᠋ ᠪᠣᠳᠠᠰ ᠢ ᠠᠷᠠᠴᠢᠯᠠᠨ ᠬᠠᠮᠠᠭᠠᠯᠠᠬᠤ ᠪᠠ ᠴᠠᠬᠢᠯᠭᠠᠨ ᠴᠡᠨᠡᠭᠯᠡᠬᠦ ᠠᠵᠢᠯ ᠢ ᠰᠠᠶᠢᠲᠤᠷ ᠬᠢᠵᠦ᠂ ᠬᠡᠪ ᠤᠨ ᠬᠡᠷᠡᠭᠯᠡᠯᠲᠡ ᠶᠢ ᠦᠨᠡᠨ ᠬᠦ ᠪᠠᠲᠤᠯᠠᠵᠤ᠂ ᠦᠶᠡᠷ ᠢ ᠥᠩᠭᠡᠷᠡᠭᠦᠯᠬᠦ ᠪᠡᠯᠡᠳᠬᠡᠯ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠬᠦ ᠶᠢᠨ ᠬᠠᠮᠲᠤ ᠦᠶᠡᠷ ᠤᠨ ᠬᠤᠭᠤᠴᠠᠭᠠᠨ ᠳᠤ ᠵᠢᠵᠢᠭᠦᠷᠯᠡᠨ ᠰᠠᠬᠢᠬᠤ ᠠᠵᠢᠯ ᠢ ᠰᠠᠶᠢᠲᠤᠷ ᠬᠢᠬᠦ ᠬᠡᠷᠡᠭᠲᠡᠶ᠃   ᠪᠠᠭ᠎ᠠ ᠤᠰᠤᠨ ᠴᠠᠬᠢᠯᠭᠠᠨ ᠤ ᠥᠷᠲᠡᠭᠡ ᠶᠢᠨ ︽ᠭᠤᠷᠪᠠᠨ ᠬᠠᠷᠢᠭᠤᠴᠠᠯᠭᠠᠲᠠᠨ︾ ᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠭᠰᠡᠨ ᠪᠠᠶᠢᠳᠠᠯ ᠢ ᠰᠤᠭᠤᠴᠢᠨ ᠪᠠᠶᠢᠴᠠᠭᠠᠭᠰᠠᠨ ᠦᠷ᠎ᠡ ᠳ᠋ᠦᠩ ᠵᠢᠴᠢ 2023 ᠣᠨ ᠤ ᠡᠯ᠎ᠡ ᠠᠶᠢᠮᠠᠭ ᠬᠤᠲᠠ ᠶᠢᠨ ᠪᠠᠭ᠎ᠠ ᠤᠰᠤᠨ ᠴᠠᠬᠢᠯᠭᠠᠨ ᠤ ᠥᠷᠲᠡᠭᠡ ᠶᠢᠨ ᠠᠶᠤᠯ ᠲᠦᠭᠰᠢᠭᠦᠷᠢ ᠶᠢᠨ ᠬᠡᠮ ᠰᠣᠭᠤᠭ ᠤᠨ ᠡᠬᠡ ᠲᠠᠩᠰᠠ ᠶᠢ ︽ᠨᠢᠭᠡ ᠠᠶᠢᠮᠠᠭ ᠬᠤᠲᠠ ᠳᠤ ᠨᠢᠭᠡ ᠬᠠᠭᠤᠳᠠᠰᠤ︾ ᠶᠢᠨ ᠬᠡᠯᠪᠡᠷᠢ ᠪᠠᠷ      ᠪᠠᠭᠤᠯᠭᠠᠵᠤ᠂ ᠡᠯ᠎ᠡ ᠠᠶᠢᠮᠠᠭ ᠬᠤᠲᠠ ᠶᠢᠨ ᠤᠰᠤᠨ ᠠᠰᠢᠭᠯᠠᠯᠲᠠ ︵ᠤᠰᠤᠨ ᠤ ᠶᠠᠪᠤᠳᠠᠯ︶ ᠶᠢᠨ ᠲᠣᠪᠴᠢᠶ᠎ᠠ ᠠᠴᠠ ᠡᠯ᠎ᠡ ᠭᠠᠵᠠᠷ ᠤᠨ ᠬᠢᠨ ᠢ ᠰᠢᠮᠳᠠᠭᠤᠯᠵᠤ ᠪᠠᠶᠢᠭᠠᠳ ᠴᠡᠭᠴᠡᠯᠡᠨ ᠰᠠᠶᠢᠵᠢᠷᠠᠭᠤᠯᠬᠤ ᠶᠢ ᠦᠨᠡᠨᠬᠦ ᠪᠡᠶᠡᠯᠡᠭᠦᠯᠬᠦ ᠶᠢᠨ ᠬᠠᠮᠲᠤ᠂ 7 ᠳ᠋ᠤᠭᠠᠷ ᠰᠠᠷ᠎ᠠ ᠶᠢᠨ 15 ᠤ ᠡᠳᠦᠷ ᠠᠴᠠ ᠡᠮᠦᠨ᠎ᠡ ᠴᠠᠬᠢᠯᠭᠠᠨ ᠥᠷᠲᠡᠭᠡ ᠶᠢᠨ ᠴᠡᠭᠴᠡᠯᠡᠨ ᠰᠠᠶᠢᠵᠢᠷᠠᠭᠤᠯᠤᠭᠰᠠᠨ ᠭᠡᠷᠡᠴᠢ ᠪᠣᠯᠬᠤ ᠮᠠᠲ᠋ᠧᠷᠢᠶᠠᠯ ᠢ ᠤᠰᠤᠨ ᠠᠰᠢᠭᠯᠠᠯᠲᠠ ᠶᠢᠨ ᠲᠢᠩᠬᠢᠮ ᠳᠤ ᠮᠡᠳᠡᠭᠦᠯᠦᠨ ᠳᠡᠩᠰᠡᠯᠡᠵᠦ ᠳ᠋ᠤᠭᠠᠷ ᠢ ᠨᠢ ᠬᠠᠰᠤᠨ᠎ᠠ᠃ ᠪᠠᠭ᠎ᠠ ᠤᠰᠤᠨ ᠴᠠᠬᠢᠯᠭᠠᠨ ᠤ ᠥᠷᠲᠡᠭᠡ ᠶᠢᠨ ᠦᠶᠡᠷᠯᠡᠬᠦ ᠠᠴᠠ ᠡᠮᠦᠨᠡᠬᠢ ᠠᠮᠤᠷ ᠲᠦᠪᠰᠢᠨ ᠤ ᠪᠠᠶᠢᠴᠠᠭᠠᠯᠲᠠ ᠶᠢ ᠥᠷᠨᠢᠭᠦᠯᠦᠭᠰᠡᠨ ᠥᠬᠡᠶ᠂ ᠪᠠᠭ᠎ᠠ ᠤᠰᠤᠨ ᠴᠠᠬᠢᠯᠭᠠᠨ ᠤ ᠥᠷᠲᠡᠭᠡ ᠶᠢᠨ ᠠᠮᠤᠷ ᠲᠦᠪᠰᠢᠨ ᠤ ᠲᠦᠭᠰᠢᠭᠦᠷᠢ ᠶᠢᠨ ᠬᠡᠮ ᠰᠣᠭᠤᠭ ᠢ ᠵᠢᠭᠰᠠᠭᠠᠨ ᠪᠠᠶᠢᠴᠠᠭᠠᠬᠤ ᠶᠢ ᠵᠣᠬᠢᠶᠠᠨ ᠪᠠᠶᠢᠭᠤᠯᠤᠭᠰᠠᠨ ᠥᠬᠡᠶ ᠠᠶᠢᠮᠠᠭ ᠬᠤᠲᠠ᠂ ᠬᠤᠰᠢᠭᠤ ᠰᠢᠶᠠᠨ ᠨᠢ 6 ᠳ᠋ᠤᠭᠠᠷ ᠰᠠᠷ᠎ᠠ ᠶᠢᠨ 30 ᠤ ᠡᠳᠦᠷ ᠠᠴᠠ ᠡᠮᠦᠨ᠎ᠡ ᠥᠪᠡᠰᠦᠪᠡᠨ ᠪᠠᠶᠢᠴᠠᠭᠠᠬᠤ᠂ ᠪᠠᠶᠢᠴᠠᠭᠠᠵᠤ ᠢᠯᠡᠷᠡᠭᠦᠯᠦᠭᠰᠡᠨ ᠠᠰᠠᠭᠤᠳᠠᠯ ᠤᠨ ᠡᠬᠡ ᠲᠠᠩᠰᠠ ᠪᠠᠨ ᠳᠡᠭᠡᠭᠰᠢ ᠮᠡᠳᠡᠭᠦᠯᠬᠦ ᠶᠢᠨ ᠬᠠᠮᠲᠤ 7 ᠳ᠋ᠤᠭᠠᠷ ᠰᠠᠷ᠎ᠠ ᠶᠢᠨ 15 ᠤ ᠡᠳᠦᠷ ᠠᠴᠠ ᠡᠮᠦᠨ᠎ᠡ ᠰᠢᠮᠳᠠᠭᠤᠯᠵᠤ ᠪᠠᠶᠢᠭᠠᠳ ᠴᠡᠭᠴᠡᠯᠡᠨ ᠰᠠᠶᠢᠵᠢᠷᠠᠭᠤᠯᠵᠤ ᠳᠠᠭᠤᠰᠬᠠᠨ᠎ᠠ᠃  ᠬᠠᠷᠢᠯᠴᠠᠬᠤ ᠬᠥᠮᠦᠨ᠄ ᠴᠢᠶᠣᠤ ᠶᠦᠩ ᠰᠢᠨ  ᠬᠠᠷᠢᠯᠴᠠᠬᠤ ᠤᠲᠠᠰᠤ᠄ 0471 — 5254969 ᠳᠠᠭᠠᠯᠳᠤᠭᠤᠯᠤᠯ᠄ 1 . 2023 ᠣᠨ ᠤ ᠪᠠᠭ᠎ᠠ ᠡᠯ᠎ᠡ ᠠᠶᠢᠮᠠᠭ ᠬᠤᠲᠠ ᠶᠢᠨ ᠤᠰᠤᠨ ᠴᠠᠬᠢᠯᠭᠠᠨ ᠤ ᠥᠷᠲᠡᠭᠡ ᠶᠢᠨ ︽ᠭᠤᠷᠪᠠᠨ ᠬᠠᠷᠢᠭᠤᠴᠠᠯᠭᠠᠲᠠᠨ︾ ᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠭᠰᠡᠨ ᠪᠠᠶᠢᠳᠠᠯ ᠢ ᠤᠲᠠᠰᠤ ᠪᠠᠷ ᠰᠤᠭᠤᠴᠢᠨ ᠪᠠᠶᠢᠴᠠᠭᠠᠭᠰᠠᠨ ᠦᠷ᠎ᠡ ᠳ᠋ᠦᠩ  2 . 2023 ᠣᠨ ᠤ ᠡᠯ᠎ᠡ ᠠᠶᠢᠮᠠᠭ ᠬᠤᠲᠠ ᠶᠢᠨ ᠪᠠᠭ᠎ᠠ ᠤᠰᠤᠨ ᠴᠠᠬᠢᠯᠭᠠᠨ ᠤ ᠠᠶᠤᠯ ᠲᠦᠭᠰᠢᠭᠦᠷᠢ ᠶᠢᠨ ᠳᠠᠯᠳᠠ ᠬᠡᠮ ᠢ ᠵᠢᠭᠰᠠᠭᠠᠨ ᠪᠠᠶᠢᠴᠠᠭᠠᠭᠠᠳ ᠢᠯᠡᠷᠡᠭᠦᠯᠦᠭᠰᠡᠨ ᠠᠰᠠᠭᠤᠳᠠᠯ ᠤᠨ ᠡᠬᠡ ᠲᠠᠩᠰᠠ              2023 ᠣᠨ ᠤ 6 ᠳ᠋ᠤᠭᠠᠷ ᠰᠠᠷ᠎ᠠ ᠶᠢᠨ 19 ᠤ ᠡᠳᠦᠷ

 

 

 
ᠢᠷᠡᠯᠲᠡ᠄ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号