ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠣᠣᠷ ᠤᠨ ᠪᠦᠲᠦᠭᠡᠨ | ᠪᠠᠶᠢᠭᠤᠯᠤᠯᠲᠠ ᠶᠢᠨ ᠲᠥᠯᠥᠪᠵᠢᠭᠦᠯᠭᠡ ᠶᠢᠨ ᠲᠥᠷᠥᠯ ᠵᠦᠢᠯ ᠤᠨ ᠳᠠᠭᠠᠭᠠᠴᠢᠯᠠᠯᠲᠠ ᠵᠠᠷᠯᠠᠬᠤ ᠠᠵᠢᠯ ᠢ ᠲᠦᠯᠬᠢᠨ | ᠠᠬᠢᠭᠤᠯᠬᠤ ᠶᠢᠨ ᠲᠤᠰᠠᠳᠠ᠂ ᠮᠠᠨ ᠤ ᠲᠥᠪ ᠣᠳᠣ ᠢᠯᠡ ᠪᠠᠷ ᠬᠠᠷᠢᠴᠠᠭᠤᠯᠤᠯ ᠬᠢᠬᠦ ᠪᠠᠷ ᠳᠠᠮᠵᠢᠭᠤᠯᠤᠨ | ᠳᠠᠭᠠᠭᠠᠴᠢᠯᠠᠯᠲᠠ ᠵᠠᠷᠯᠠᠬᠤ ᠶᠢ ᠣᠷᠣᠯᠠᠬᠤ ᠪᠠᠶᠢᠭᠤᠯᠤᠮᠵᠢ ᠶᠢ ᠰᠣᠩᠭᠤᠨ ᠳᠠᠭᠠᠭᠠᠴᠢᠯᠠᠯᠲᠠ ᠵᠠᠷᠯᠠᠬᠤ ᠶᠢ ᠣᠷᠣᠯᠠᠬᠤ | ᠠᠵᠢᠯ ᠢ ᠥᠷᠨᠢᠭᠦᠯᠬᠦ ᠪᠣᠯᠤᠨ᠎ᠠ᠃ ᠡᠳᠦᠭᠡ ᠬᠤᠯᠪᠣᠭᠳᠠᠯ ᠪᠥᠬᠦᠶ ᠵᠦᠢᠯᠡᠰ ᠢ ᠳᠤᠤᠷᠠᠬᠢ ᠮᠡᠲᠦ ᠵᠠᠷᠯᠠᠪᠠ᠄ | ᠨᠢᠭᠡ᠂ ᠲᠥᠷᠥᠯ ᠵᠦᠢᠯ ᠤᠨ ᠲᠦᠢᠮᠣ ᠪᠠᠶᠢᠳᠠᠯ | 1 . ᠲᠥᠷᠥᠯ ᠵᠦᠢᠯ ᠤᠨ ᠨᠡᠷᠡᠶᠢᠳᠦᠯ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ | ᠠᠰᠢᠭᠯᠠᠯᠲᠠ ᠶᠢᠨ ᠲᠣᠣᠷ ᠤᠨ ᠪᠦᠲᠦᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠶᠢᠨ ᠲᠥᠷᠥᠯ ᠵᠦᠢᠯ | 2 . ᠬᠡᠷᠡᠭᠵᠢᠭᠦᠯᠬᠦ ᠴᠠᠭ ᠪᠠ ᠭᠠᠵᠠᠷ᠄ 2023 ᠣᠨ ᠤ 7 ᠳ᠋ᠤᠭᠠᠷ ᠰᠠᠷ᠎ᠠ᠂ ᠬᠥᠬᠡᠬᠤᠲᠠ᠃ | 3 . ᠳᠠᠭᠠᠭᠠᠴᠢᠯᠠᠯᠲᠠ ᠵᠠᠷᠯᠠᠬᠤ ᠶᠢ ᠣᠷᠣᠯᠠᠬᠤ ᠠᠭᠤᠯᠭ᠎ᠠ᠄ ᠳᠠᠭᠠᠭᠠᠴᠢᠯᠠᠯᠲᠠ ᠵᠠᠷᠯᠠᠬᠤ ᠶᠢ ᠣᠷᠣᠯᠠᠬᠤ | ᠠᠵᠢᠯᠯᠠᠭ᠎ᠠ ᠶᠢ ᠵᠣᠬᠢᠶᠠᠨ ᠪᠠᠶᠢᠭᠤᠯᠤᠨ᠎ᠠ᠂ ᠳᠠᠭᠠᠭᠠᠴᠢᠯᠠᠯᠲᠠ ᠵᠠᠷᠯᠠᠬᠤ ᠪᠢᠴᠢᠭ ᠮᠠᠲ᠋ᠧᠷᠢᠶᠠᠯ ᠢ ᠲᠤᠭᠤᠷᠪᠢᠨ | ᠲᠣᠭᠲᠠᠭᠠᠬᠤ᠂ ᠠᠯᠪᠠᠨ ᠵᠠᠷ ᠨᠡᠶᠢᠲᠡᠯᠡᠬᠦ᠂ ᠲᠥᠷᠥᠯ ᠵᠦᠢᠯ ᠤᠨ ᠥᠷᠨᠢᠯᠲᠡ ᠳᠤᠮᠳᠠᠬᠢ ᠰᠡᠵᠢᠭ ︵ᠵᠢᠱᠢᠶᠡᠯᠡᠪᠡᠯ︶ ᠢ | ᠰᠢᠢᠳᠪᠦᠷᠢᠯᠡᠬᠦ᠂ ᠳᠠᠭᠠᠭᠠᠴᠢᠯᠠᠯᠲᠠ ᠨᠡᠶᠢᠲᠡᠯᠡᠬᠦ ᠶᠢ ᠵᠣᠬᠢᠶᠠᠨ ᠪᠠᠶᠢᠭᠤᠯᠬᠤ᠂ ᠳᠠᠭᠠᠭᠠᠴᠢᠯᠠᠯᠲᠠ ᠣᠯᠤᠭᠰᠠᠨ | ᠮᠡᠳᠡᠭᠳᠡᠯ ᠤᠨ ᠪᠢᠴᠢᠭ ᠲᠠᠷᠬᠠᠭᠠᠬᠤ᠂ ᠲᠥᠷᠥᠯ ᠵᠦᠢᠯ ᠢ ᠲᠠᠩᠰᠠ ᠡᠪᠬᠡᠮᠡᠯ ᠳᠤ ᠣᠷᠣᠭᠤᠯᠬᠤ ᠵᠡᠷᠭᠡ ᠪᠠᠭᠲᠠᠨ᠎ᠠ᠃ | ᠬᠤᠶᠠᠷ᠂ ᠣᠷᠣᠯᠠᠬᠤ ᠪᠠᠶᠢᠭᠤᠯᠤᠮᠵᠢ ᠶᠢᠨ ᠬᠢᠷᠢ ᠬᠡᠮ ᠤᠨ ᠱᠠᠭᠠᠷᠳᠠᠯᠭ᠎ᠠ | 1. ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠬᠤᠳᠠᠯᠳᠤᠨ ᠠᠪᠬᠤ | ᠰᠦᠯᠵᠢᠶ᠎ᠡ ᠶᠢᠨ ᠣᠷᠣᠯᠠᠬᠤ ᠪᠠᠶᠢᠭᠤᠯᠤᠮᠵᠢ ᠶᠢᠨ ᠬᠥᠮᠥᠷᠭᠡ ᠳᠤ ᠲᠡᠮᠳᠡᠭᠯᠡᠭᠦᠯᠦᠨ ᠳᠠᠩᠰᠠᠯᠠᠭᠤᠯᠤᠨ᠎ᠠ︔ | 2. ᠪᠡᠶ᠎ᠡ ᠪᠠᠨ ᠳᠠᠭᠠᠭᠠᠭᠰᠠᠨ ᠬᠠᠤᠯᠢ ᠶᠢᠨ ᠬᠥᠮᠦᠨ ᠤ ᠬᠢᠷᠢ ᠬᠡᠮ ᠲᠠᠢ ᠪᠠᠶᠢᠭᠤᠯᠤᠮᠵᠢ ᠨᠢ ᠡᠷᠬᠡᠪᠰᠢ ᠡᠳ᠋ ᠤᠨ | ᠶᠠᠪᠤᠳᠠᠯ ᠤᠨ ᠰᠠᠶᠢᠨ ᠪᠠᠶᠢᠳᠠᠯ ᠪᠠ ᠬᠤᠳᠠᠯᠳᠤᠭᠠᠨ ᠤ ᠰᠠᠶᠢᠨ ᠰᠠᠶᠢᠬᠠᠨ ᠢᠲᠡᠭᠡᠯ ᠬᠦᠨᠳᠦ ᠶᠢ ᠪᠦᠷᠢᠯᠳᠦᠭᠦᠯᠵᠦ᠂ | ᠭᠡᠷ᠎ᠡ ᠶᠢ ᠭᠦᠢᠴᠡᠳᠬᠡᠬᠦ ᠭᠦᠢᠴᠡᠳ ᠡᠳ᠋ ᠬᠦᠷᠦᠩᠭᠡ ᠪᠠ ᠴᠢᠳᠠᠪᠤᠷᠢ ᠲᠠᠢ ᠪᠠᠶᠢᠬᠤ ᠬᠡᠷᠡᠭᠲᠡᠢ᠃ | 3. ᠲᠣᠰ ᠭᠠᠵᠠᠷ ᠤᠨ ᠪᠡᠶ᠎ᠡ ᠪᠠᠨ ᠳᠠᠭᠠᠭᠠᠭᠰᠠᠨ ᠳᠠᠭᠠᠭᠠᠴᠢᠯᠠᠯᠲᠠ ᠰᠢᠯᠭᠠᠷᠠᠭᠤᠯᠬᠤ ᠲᠠᠯᠠᠪᠤᠷ ᠵᠢᠴᠢ | ᠪᠡᠯᠡᠳᠬᠡᠮᠵᠢ ᠲᠠᠢ ᠪᠠᠶᠢᠬᠤ᠃ | ᠭᠤᠷᠪᠠ᠂ ᠨᠡᠷ᠎ᠡ ᠮᠡᠳᠡᠭᠦᠯᠬᠦ ᠳᠡᠭᠡᠨ ᠮᠠᠲ᠋ᠧᠷᠢᠶᠠᠯ ᠢᠶᠠᠨ ᠠᠪᠴᠤ ᠶᠠᠪᠤᠬᠤ ᠬᠡᠷᠡᠭᠲᠡᠶ | 1. ᠨᠡᠷ᠎ᠡ ᠮᠡᠳᠡᠭᠦᠯᠦᠭᠴᠢ ᠥᠪᠡᠷ ᠤᠨ ᠪᠡᠶ᠎ᠡ ᠶᠢᠨ ᠦᠨᠡᠮᠯᠡᠯ ᠤᠨ ᠣᠭ ᠡᠬᠡ ᠪᠠᠨ ᠭᠠᠷᠭᠠᠨ ᠦᠵᠡᠭᠦᠯᠵᠦ᠂ | ᠬᠠᠭᠤᠯᠪᠤᠷᠢ ᠪᠠᠨ ᠬᠠᠩᠭᠠᠨ᠎ᠠ︔ | 2. ᠨᠡᠷ᠎ᠡ ᠮᠡᠳᠡᠭᠦᠯᠦᠭᠴᠢ ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ ᠶᠢᠨ ᠭᠠᠷ ᠤᠨ ᠥᠰᠥᠭ ᠵᠢᠷᠤᠭᠰᠠᠨ᠂ | ᠺᠣᠮᠫᠠᠨᠢ ᠶᠢᠨ ᠲᠠᠮᠠᠭ᠎ᠠ ᠳᠠᠷᠤᠭᠰᠠᠨ ︽ᠡᠷᠬᠡ ᠣᠯᠭᠤᠭᠰᠠᠨ ᠨᠠᠶᠢᠳᠠᠯᠭ᠎ᠠ ᠶᠢᠨ ᠪᠢᠴᠢᠭ︾ ᠭᠠᠷᠭᠠᠵᠤ ᠥᠭᠭᠦᠨ᠎ᠡ︔ | 3.ᠤᠯᠤᠰ ᠤᠨ ᠦᠢᠯᠡᠳᠪᠦᠷᠢ ᠬᠤᠳᠠᠯᠳᠤᠭᠠᠨ ᠤ ᠪᠠᠶᠢᠭᠤᠯᠭ᠎ᠠ ᠶᠢᠨ ᠣᠨ ᠤ ᠪᠠᠶᠢᠴᠠᠭᠠᠯᠲᠠ ᠳᠤ ᠬᠢᠷᠢ | ᠲᠡᠩᠴᠡᠪᠡᠯ ᠬᠦᠴᠦᠨ ᠲᠠᠢ ᠪᠥᠭᠡᠳ ᠠᠵᠤ ᠠᠬᠤᠶᠢᠯᠠᠯ ᠤᠨ ᠠᠯᠪᠠᠨ ᠲᠠᠮᠠᠭ᠎ᠠ ᠳᠠᠷᠤᠭᠰᠠᠨ ᠡᠵᠡᠩᠨᠡᠯᠲᠡ ᠶᠢᠨ | ᠦᠨᠡᠮᠯᠡᠯ ᠤᠨ ᠬᠠᠭᠤᠯᠪᠤᠷᠢ ᠳᠡᠪᠲᠡᠷ ᠤᠨ ᠪᠠᠭᠤᠯᠭᠠᠪᠤᠷᠢ︔ | 4. ᠣᠶᠢᠷ᠎ᠠ ᠶᠢᠨ ᠬᠠᠭᠠᠰ ᠵᠢᠯ ᠳᠤ ᠨᠡᠶᠢᠭᠡᠮ ᠤᠨ ᠪᠠᠲᠤᠯᠠᠭ᠎ᠠ ᠶᠢᠨ ᠪᠡᠯᠡ ᠮᠥᠩᠭᠦ ᠶᠢ ᠭᠤᠷᠪᠠᠨ ᠰᠠᠷ᠎ᠠ | ᠳᠠᠷᠠᠭᠠᠯᠠᠨ ᠲᠤᠰᠢᠶᠠᠭᠰᠠᠨ ᠢ ᠭᠡᠷᠡᠴᠢᠯᠡᠬᠦ ᠮᠠᠲ᠋ᠧᠷᠢᠶᠠᠯ᠂ ᠣᠶᠢᠷ᠎ᠠ ᠶᠢᠨ ᠬᠠᠭᠠᠰ ᠵᠢᠯ ᠳᠤ ᠭᠤᠷᠪᠠᠨ ᠰᠠᠷ᠎ᠠ ᠳᠠᠷᠠᠭᠠᠯᠠᠨ | ᠭᠠᠶᠢᠯᠢ ᠲᠤᠰᠢᠶᠠᠭᠰᠠᠨ ᠢ ᠭᠡᠷᠡᠴᠢᠯᠡᠬᠦ ᠮᠠᠲ᠋ᠧᠷᠢᠶᠠᠯ︔ | 5. 2022 ᠣᠨ ᠪᠤᠶᠤ 2021 ᠣᠨ ᠳᠤ ᠬᠢᠨᠠᠨ ᠪᠤᠳᠤᠬᠤ ᠰᠠᠯᠠᠭ᠎ᠠ ᠮᠥᠴᠢᠷ ᠪᠤᠶᠤ ᠨᠢᠭᠲᠠᠯᠠᠨ ᠪᠤᠳᠤᠬᠤ | ᠬᠡᠷᠡᠭ ᠡᠷᠬᠢᠯᠡᠬᠦ ᠭᠠᠵᠠᠷ ᠠᠴᠠ ᠭᠠᠷᠭᠠᠭᠰᠠᠨ ᠬᠢᠨᠠᠨ ᠪᠤᠳᠤᠭᠰᠠᠨ ᠮᠡᠳᠡᠭᠦᠯᠦᠯᠲᠡ ᠪᠤᠶᠤ ᠺᠣᠮᠫᠠᠨᠢ ᠶᠢᠨ ᠦᠨᠳᠦᠰᠦᠨ | ᠲᠠᠩᠰᠠᠨ ᠡᠷᠦᠬᠡ ᠪᠠᠶᠢᠭᠤᠯᠤᠭᠰᠠᠨ ᠪᠠᠩᠬᠢ ᠠᠴᠠ ᠭᠠᠷᠭᠠᠭᠰᠠᠨ ᠬᠥᠷᠥᠩᠭᠡ ᠢᠲᠡᠭᠡᠮᠵᠢ ᠶᠢᠨ ᠭᠡᠷᠡᠴᠢ︔ | 6. ︽ᠳᠤᠮᠳᠠᠳᠤ ᠤᠯᠤᠰ ᠤᠨ ᠵᠠᠰᠠᠭ ᠤᠨ ᠣᠷᠳᠣᠨ ᠤ ᠬᠤᠳᠠᠯᠳᠤᠨ ᠠᠪᠬᠤ ᠰᠦᠯᠵᠢᠶ᠎ᠡ︾ ᠵᠢᠴᠢ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠬᠤᠳᠠᠯᠳᠤᠨ ᠠᠪᠬᠤ ᠰᠦᠯᠵᠢᠶ᠎ᠡ︾ ᠶᠢᠨ | ᠣᠷᠣᠯᠠᠬᠤ ᠪᠠᠶᠢᠭᠤᠯᠤᠮᠵᠢ ᠳᠤ ᠲᠡᠮᠳᠡᠭᠯᠡᠭᠦᠯᠦᠨ ᠬᠥᠮᠥᠷᠭᠡ ᠳᠤ ᠣᠷᠣᠭᠤᠯᠬᠤ ᠵᠢᠷᠤᠭ ᠤᠨ ᠭᠡᠷᠡᠴᠢᠯᠡᠬᠦ ᠮᠠᠲ᠋ᠧᠷᠢᠶᠠᠯ︔ | 7. ︽ᠢᠲᠡᠭᠡᠮᠵᠢᠲᠦ ᠳᠤᠮᠳᠠᠳᠤ ᠤᠯᠤᠰ︾ ᠰᠦᠯᠵᠢᠶ᠎ᠡ ︵www.creditchina.gov.cn ︶ ᠶᠢᠨ | ᠢᠲᠡᠭᠡᠮᠵᠢ ᠠᠯᠳᠠᠭᠰᠠᠨ ᠭᠦᠢᠴᠡᠳᠭᠡᠭᠳᠡᠭᠴᠢ ᠪᠣᠯᠤᠨ ᠬᠦᠨᠳᠦ ᠶᠡᠭᠡ ᠭᠠᠶᠢᠯᠢ ᠲᠠᠲᠠᠪᠤᠷᠢ ᠶᠢᠨ ᠬᠠᠤᠯᠢ ᠠᠴᠠ | ᠵᠥᠷᠢᠴᠡᠭᠰᠡᠨ ᠬᠡᠷᠡᠭ ᠤᠨ ᠲᠤᠬᠠᠶ ᠶᠢᠨ ᠬᠥᠮᠦᠨ ᠤ ᠨᠡᠷᠡᠰ ᠤᠨ ᠲᠡᠮᠳᠡᠭᠯᠡᠯ ᠤᠨ ᠵᠢᠷᠤᠭ ᠵᠢᠴᠢ ︽ᠳᠤᠮᠳᠠᠳᠤ | ᠤᠯᠤᠰ ᠤᠨ ᠵᠠᠰᠠᠭ ᠤᠨ ᠣᠷᠳᠣᠨ ᠤ ᠬᠤᠳᠠᠯᠳᠤᠨ ᠠᠪᠬᠤ ᠰᠦᠯᠵᠢᠶ᠎ᠡ︾ ︵www.ccgp.gov.cn︶ ᠶᠢᠨ | ᠵᠠᠰᠠᠭ ᠤᠨ ᠣᠷᠳᠣᠨ ᠤ ᠬᠤᠳᠠᠯᠳᠤᠨ ᠠᠪᠬᠤ ᠬᠦᠨᠳᠦ ᠨᠣᠴᠢᠲᠠᠶ ᠪᠠᠷ ᠬᠠᠤᠯᠢ ᠠᠴᠠ ᠵᠥᠷᠢᠴᠡᠭᠰᠡᠨ ᠢᠲᠡᠭᠡᠮᠵᠢ | ᠠᠯᠳᠠᠭᠰᠠᠨ ᠠᠵᠢᠯᠯᠠᠭ᠎ᠠ ᠶᠢᠨ ᠲᠡᠮᠳᠡᠭᠯᠡᠯ ᠤᠨ ᠨᠡᠷᠡᠰ ᠤᠨ ᠲᠡᠮᠳᠡᠭᠯᠡᠯ ᠤᠨ ᠵᠢᠷᠤᠭ︔ | 8.ᠳᠤᠮᠳᠠᠳᠤ ᠤᠯᠤᠰ ᠤᠨ ᠲᠠᠰᠣᠯᠣᠨ ᠲᠣᠭᠲᠠᠭᠠᠯᠲᠠ ᠶᠢᠨ ᠪᠢᠴᠢᠭ ᠬᠠᠷ᠎ᠠ ᠶᠢᠨ ᠰᠦᠯᠵᠢᠶ᠎ᠡ ᠶᠢᠨ ᠨᠡᠷ᠎ᠡ | ᠮᠡᠳᠡᠭᠦᠯᠦᠭᠰᠡᠨ ᠵᠢᠷᠤᠭ ᠠᠴᠠ ᠦᠵᠡᠪᠡᠯ ᠣᠶᠢᠷ᠎ᠠ ᠶᠢᠨ ᠭᠤᠷᠪᠠᠨ ᠵᠢᠯ ︵2020 ᠣᠨ ᠤ 1 ᠳ᠋ᠦ᠋ᠭᠡᠷ ᠰᠠᠷ᠎ᠠ ᠶᠢᠨ | 1 ᠤ ᠡᠳᠦᠷ ᠠᠴᠠ ᠣᠲᠣ ᠪᠣᠯᠲᠠᠯ᠎ᠠ︶ ᠳᠤ ᠬᠡᠭᠡᠯᠢ ᠲᠦᠯᠬᠢᠭᠰᠡᠨ ᠶᠠᠯᠠᠲᠤ ᠠᠵᠢᠯᠯᠠᠭ᠎ᠠ ᠶᠢᠨ ᠲᠡᠮᠳᠡᠭᠯᠡᠯ ᠤᠨ ᠵᠢᠷᠤᠭ | ᠪᠠᠶᠢᠬᠤ ᠥᠬᠡᠶ︔ | 9. ᠲᠣᠰ ᠭᠠᠵᠠᠷ ᠤᠨ ᠪᠡᠶ᠎ᠡ ᠪᠠᠨ ᠳᠠᠭᠠᠭᠠᠭᠰᠠᠨ ᠳᠠᠭᠠᠭᠠᠴᠢᠯᠠᠯᠲᠠ ᠦᠨᠡᠯᠡᠬᠦ ᠲᠠᠯᠠᠪᠤᠷ ᠭᠠᠵᠠᠷ ᠵᠢᠴᠢ | ᠪᠡᠯᠡᠳᠬᠡᠮᠵᠢ ︵ᠲᠣᠰ ᠭᠠᠵᠠᠷ ᠤᠨ ᠬᠡᠷ ᠪᠠᠶᠢᠰᠢᠩ ᠲᠦᠷᠢᠶᠡᠰᠦᠯᠡᠬᠦ ᠭᠡᠷ᠎ᠡ ᠪᠤᠶᠤ ᠬᠡᠷ ᠬᠥᠷᠥᠩᠭᠡ ᠶᠢᠨ ᠦᠨᠡᠮᠯᠡᠯ ᠵᠢᠴᠢ | ᠲᠠᠯᠠᠪᠤᠷ ᠭᠠᠵᠠᠷ᠂ ᠪᠡᠯᠡᠳᠬᠡᠮᠵᠢ ᠶᠢᠨ ᠬᠡᠷᠡᠯ ᠵᠢᠷᠤᠭ ᠵᠡᠷᠭᠡ ᠶᠢ ᠬᠠᠩᠭᠠᠨ᠎ᠠ︶︔ | 10. ᠪᠤᠰᠤᠳ ᠬᠠᠮᠢᠶ᠎ᠠ ᠪᠥᠬᠦᠶ ᠮᠠᠲ᠋ᠧᠷᠢᠶᠠᠯ᠃ | ᠲᠠᠶᠢᠯᠪᠤᠷᠢ᠄ ᠳᠡᠭᠡᠷᠡᠬᠢ ᠪᠤᠶ ᠪᠦᠬᠦᠢ ᠮᠠᠲ᠋ᠧᠷᠢᠶᠠᠯ ᠢ ᠴᠥᠮ ᠤᠭ ᠮᠠᠲ᠋ᠧᠷᠢᠶᠠᠯ ︵ᠨᠧᠲ ᠨᠢᠭᠤᠷ ᠤᠨ | ᠵᠢᠷᠤᠭ ᠠᠴᠠ ᠪᠤᠰᠤᠳ︶ ᠵᠢᠴᠢ ᠪᠠᠭᠤᠯᠭᠠᠪᠤᠷᠢ ︵ᠨᠢᠭᠡ ᠢᠵᠢ︶ ᠶᠢ ᠬᠠᠩᠭᠠᠬᠤ ᠴᠢᠬᠤᠯᠠ ᠲᠠᠢ ᠪᠣᠯ ᠨᠢᠭᠡᠴᠢ ᠶᠢᠨ | ᠲᠠᠮᠠᠭ᠎ᠠ ᠶᠢ ᠳᠠᠷᠤᠬᠤ ᠬᠡᠷᠡᠭᠲᠡᠶ᠂ ᠲᠡᠶᠢᠮᠦ ᠪᠢᠰᠢ ᠪᠣᠯ ᠬᠦᠴᠦᠨ ᠦᠭᠡᠶ᠃ | ᠳᠥᠷᠪᠡ᠂ ᠨᠡᠷ᠎ᠡ ᠮᠡᠳᠡᠭᠦᠯᠬᠦ ᠴᠠᠭ᠂ ᠭᠠᠵᠠᠷ | ᠳᠡᠭᠡᠷ᠎ᠡ ᠳᠤᠷᠠᠳᠤᠭᠰᠠᠨ ᠨᠥᠬᠦᠴᠡᠯ ᠳᠤ ᠨᠡᠶᠢᠴᠡᠬᠦ ᠣᠷᠣᠯᠠᠬᠤ ᠪᠠᠶᠢᠭᠤᠯᠤᠮᠵᠢ ᠨᠢ 2023 ᠣᠨ ᠤ 6 ᠳ᠋ᠤᠭᠠᠷ | ᠰᠠᠷ᠎ᠠ ᠶᠢᠨ 26 ᠤ ᠡᠳᠦᠷ ᠠᠴᠠ 2023 ᠣᠨ ᠤ 6 ᠳ᠋ᠤᠭᠠᠷ ᠰᠠᠷ᠎ᠠ ᠶᠢᠨ 27 ᠤ ᠡᠳᠦᠷ ᠪᠣᠯᠲᠠᠯ᠎ᠠ᠂ ᠠᠵᠢᠯᠯᠠᠬᠤ | ᠡᠳᠦᠷ ᠪᠦᠷᠢ ᠶᠢᠨ ᠦᠳᠡ ᠶᠢᠨ ᠡᠮᠦᠨᠡᠬᠢ 9᠄ 00 —12᠄ 00᠂ ᠦᠳᠡ ᠶᠢᠨ ᠬᠤᠶᠢᠨᠠᠬᠢ 14᠄ 30 — | 17᠄ 00 ᠴᠠᠭ ᠲᠤ ᠨᠡᠷ᠎ᠡ ᠮᠡᠳᠡᠭᠦᠯᠬᠦ ᠮᠠᠲ᠋ᠧᠷᠢᠶᠠᠯ ᠢᠶᠠᠨ ᠲᠤᠰᠢᠶᠠᠨ᠎ᠠ᠃ | ᠨᠡᠷ᠎ᠡ ᠮᠡᠳᠡᠭᠦᠯᠬᠦ ᠬᠠᠶ᠋ᠢᠭ᠄ ᠥᠪᠥᠷ ᠮᠣᠩᠭᠤᠯ ᠤᠨ ᠬᠥᠬᠡᠬᠤᠲᠠ ᠶᠢᠨ ᠬᠥᠯᠥᠨ ᠡᠮᠦᠨ᠎ᠡ ᠵᠠᠮ ᠤᠨ 9 ᠳ᠋ᠦ᠋ᠭᠡᠷ | ᠨᠣᠮᠧᠷᠲᠤ 1 ᠳ᠋ᠦ᠋ᠭᠡᠷ ᠠᠰᠠᠷ ᠤᠨ 207 ᠳ᠋ᠤᠭᠠᠷ ᠳᠠᠰᠤᠭ | ᠰᠢᠤᠳᠠᠨ ᠨᠣᠮᠧᠷ᠄ 010010 | ᠬᠠᠷᠢᠯᠴᠠᠬᠤ ᠬᠥᠮᠦᠨ᠄ ᠵᠠᠩ ᠷᠦᠢ ᠰᠢᠶᠠ | ᠬᠠᠷᠢᠯᠴᠠᠬᠤ ᠤᠲᠠᠰᠤ᠄ 19975543331 | | ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠤᠰᠤᠨ ᠠᠰᠢᠭᠯᠠᠯᠲᠠ ᠶᠢᠨ ᠦᠢᠯᠡᠰ ᠤᠨ | ᠬᠥᠭᠵᠢᠯᠲᠡ ᠶᠢᠨ ᠲᠥᠪ | 2023 ᠣᠨ ᠤ 6 ᠳ᠋ᠤᠭᠠᠷ ᠰᠠᠷ᠎ᠠ ᠶᠢᠨ 26 ᠤ ᠡᠳᠦᠷ | |