ᠥᠪᠥᠷ ᠮᠣᠩᠭᠤᠯ ᠤᠨ ᠮᠧᠩ ᠨᠠᠢ ᠣᠷᠴᠢᠨ ᠠᠬᠤᠶ ᠶᠢᠨ ᠬᠠᠮᠠᠭᠠᠯᠠᠯᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢ ᠬᠥᠷᠥᠰᠥ ᠰᠢᠷᠣᠶ ᠶᠢ ᠬᠠᠮᠠᠭᠠᠯᠠᠬᠤ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠶᠢᠨ ︽ᠭᠤᠤᠯᠳᠠᠯᠭ᠎ᠠ ᠲᠠᠢ ᠠᠩᠬᠠᠷᠬᠤ ᠨᠡᠷᠡᠰ︾ ᠲᠤ ᠣᠷᠣᠭᠤᠯᠬᠤ ᠲᠤᠬᠠᠶ ᠠᠯᠪᠠᠨ ᠵᠠᠷ
ᠨᠡᠶᠢᠲᠡᠯᠡᠭᠰᠡᠨ ᠴᠠᠭ᠄
2023/6/27
  ᠭᠤᠣᠯ ᠰᠡᠳᠦᠪ ᠤᠨ ᠠᠩᠭᠢᠯᠠᠯ᠄ ᠤᠰᠤᠨ ᠠᠰᠢᠭᠯᠠᠯᠲᠠ  ᠨᠡᠶᠢᠲᠡᠯᠡᠭᠰᠡᠨ ᠪᠠᠶᠢᠭᠤᠯᠤᠮᠵᠢ᠄ ᠦᠪᠡᠷᠲᠡᠭᠡᠨ ᠵᠠᠰᠠᠬᠤ ᠤᠷᠤᠨ ᠤ ᠤᠰᠤᠨ ᠠᠰᠢᠭᠯᠠᠯᠲᠠ ᠶᠢᠨ ᠲᠢᠩᠭᠢᠮ  ᠪᠢᠴᠢᠭ ᠤᠨ ᠳ᠋ᠤᠭᠠᠷ᠄ ᠥᠪᠥᠷ ᠤᠰᠤ ᠬᠠᠮᠠᠭᠠᠯᠠᠯᠲᠠ ﹇2023﹈ 31 ᠳ᠋ᠦ᠋ᠭᠡᠷ ᠲᠣᠭᠠᠲᠤ  ᠪᠢᠴᠢᠭᠳᠡᠭᠰᠡᠨ ᠡᠳᠦᠷ ᠬᠤᠭᠤᠴᠠᠭ᠎ᠠ᠄ 2023 — 06 —21  ᠠᠯᠪᠠᠨ ᠪᠢᠴᠢᠭ ᠤᠨ ᠬᠦᠴᠦᠨ ᠲᠠᠢ ᠬᠤᠭᠤᠴᠠᠭ᠎ᠠ᠄  ᠥᠪᠥᠷ ᠮᠣᠩᠭᠤᠯ ᠤᠨ ᠮᠧᠩ ᠨᠠᠶ ᠣᠷᠴᠢᠨ ᠠᠬᠤᠶ ᠶᠢᠨ ᠬᠠᠮᠠᠭᠠᠯᠠᠯᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ︵ᠨᠢᠭᠡᠳᠦᠯᠲᠡᠶ ᠨᠡᠶᠢᠭᠡᠮ ᠤᠨ ᠢᠲᠡᠭᠡᠮᠵᠢ ᠶᠢᠨ ᠺᠣᠳ᠋᠄ 9115015 MAONKTL 423︶᠄  ᠪᠠᠶᠢᠴᠠᠭᠠᠭᠰᠠᠨ ᠢᠶᠠᠷ᠂ ᠲᠠᠨ ᠤ ᠨᠢᠭᠡᠴᠢ ᠶᠢᠨ ᠬᠠᠷᠢᠭᠤᠴᠠᠨ ᠨᠠᠶᠢᠷᠠᠭᠤᠯᠤᠨ ᠵᠣᠬᠢᠶᠠᠭᠰᠠᠨ ︽ᠦᠬᠠᠶ ᠬᠤᠲᠠ ᠶᠢᠨ ᠬᠠᠶᠢᠨᠠᠨ ᠲᠣᠭᠤᠷᠢᠭ ᠤᠨ ᠪᠠᠶᠠᠨᠲᠣᠬᠤᠶ ᠰᠢᠶᠠᠩ ᠤᠨ ᠲᠦᠩ ᠳ᠋ᠡ ᠨᠡᠭᠦᠷᠡᠰᠦᠨ ᠠᠭᠤᠷᠬᠠᠶ ᠶᠢᠨ ᠮᠡᠷᠭᠡᠵᠢᠯ ᠤᠨ ᠥᠭᠡᠷᠡᠴᠢᠯᠡᠯᠲᠡ ︵ᠨᠡᠭᠡᠭᠡᠨ ᠮᠠᠯᠲᠠᠬᠤ ᠠᠷᠭ᠎ᠠ ᠮᠠᠶ᠋ᠢᠭ ᠢᠶᠠᠨ ᠬᠤᠪᠢᠷᠠᠭᠤᠯᠬᠤ︶ ᠶᠢᠨ ᠬᠥᠷᠥᠰᠥ ᠰᠢᠷᠣᠶ ᠶᠢ ᠬᠠᠮᠠᠭᠠᠯᠠᠬᠤ ᠲᠥᠰᠦᠯ ᠳᠤ ᠵᠠᠰᠠᠪᠤᠷᠢ ᠣᠷᠣᠭᠤᠯᠬᠤ ᠮᠡᠳᠡᠭᠦᠯᠦᠯᠲᠡ ᠶᠢᠨ ᠪᠢᠴᠢᠭ︾ ᠨᠢ ᠲᠣᠰ ᠲᠣᠰ 2023 ᠣᠨ ᠤ 3 ᠳ᠋ᠤᠭᠠᠷ ᠰᠠᠷ᠎ᠠ ᠪᠠ 4 ᠳ᠋ᠦ᠋ᠭᠡᠷ ᠰᠠᠷ᠎ᠠ ᠳᠤ ᠮᠠᠨ ᠤ ᠲᠢᠩᠬᠢᠮ ᠤᠨ ᠵᠣᠬᠢᠶᠠᠨ ᠪᠠᠶᠢᠭᠤᠯᠤᠭᠰᠠᠨ ᠮᠡᠷᠭᠡᠵᠢᠯ ᠤᠨ ᠬᠢᠨᠠᠨ ᠪᠠᠶᠢᠴᠠᠭᠠᠯᠲᠠ ᠶᠢ ᠬᠤᠶᠠᠷ ᠤᠳᠠᠭ᠎ᠠ ᠥᠩᠭᠡᠷᠡᠭᠦᠯᠦᠭᠰᠡᠨ ᠥᠬᠡᠶ᠃  ᠤᠰᠤᠨ ᠠᠰᠢᠭᠯᠠᠯᠲᠠ ᠶᠢᠨ ᠶᠠᠮᠤᠨ ᠤ ᠠᠯᠪᠠᠨ ᠲᠢᠩᠬᠢᠮ ᠤᠨ ︽ᠦᠢᠯᠡᠳᠪᠦᠷᠢᠯᠡᠯ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠥᠷᠥᠰᠥ ᠰᠢᠷᠣᠶ ᠶᠢ ᠬᠠᠮᠠᠭᠠᠯᠠᠬᠤ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠶᠢᠨ ︿ᠬᠤᠶᠠᠷ ᠬᠠᠭᠤᠳᠠᠰᠤ﹀ ᠶᠢᠨ ᠲᠦᠷᠢᠮ ᠢ ᠬᠡᠷᠡᠭᠵᠢᠭᠦᠯᠬᠦ ᠲᠤᠬᠠᠶ ᠮᠡᠳᠡᠭᠳᠡᠯ︾ ︵ᠥᠪᠥᠷ ᠤᠰᠤ ᠬᠠᠮᠠᠭᠠᠯᠠᠯᠲᠠ  ﹇2020﹈ 157 ᠳ᠋ᠤᠭᠠᠷ ᠲᠣᠭᠠᠲᠤ︶ ︽ᠬᠥᠷᠥᠰᠥ ᠰᠢᠷᠣᠶ ᠶᠢ ᠬᠠᠮᠠᠭᠠᠯᠠᠬᠤ ᠲᠥᠰᠦᠯ ᠢ ᠲᠤᠭᠤᠷᠪᠢᠨ ᠵᠣᠬᠢᠶᠠᠭᠰᠠᠨ ᠨᠢᠭᠡᠴᠢ ᠨᠢᠭᠡ ᠵᠢᠯ ᠤᠨ ᠳᠣᠲᠣᠷ᠎ᠠ ᠬᠤᠶᠠᠷ ᠠᠴᠠ ᠳᠡᠭᠡᠭᠰᠢ ᠲᠤᠭᠤᠷᠪᠢᠨ ᠵᠣᠬᠢᠶᠠᠭᠰᠠᠨ ᠬᠥᠷᠥᠰᠥ ᠰᠢᠷᠣᠶ ᠶᠢ ᠬᠠᠮᠠᠭᠠᠯᠠᠬᠤ ᠲᠥᠰᠦᠯ ᠢ ᠬᠢᠨᠠᠨ ᠪᠠᠶᠢᠴᠠᠭᠠᠵᠤ ᠬᠢᠨᠠᠨ ᠵᠥᠪᠰᠢᠶᠡᠷᠡᠭᠰᠡᠨ ᠥᠬᠡᠶ ᠪᠠᠶᠢᠪᠠᠯ᠂ ᠬᠥᠷᠥᠰᠥ ᠰᠢᠷᠣᠶ ᠶᠢ ᠬᠠᠮᠠᠭᠠᠯᠠᠬᠤ ︿ᠭᠤᠤᠯᠳᠠᠯᠭ᠎ᠠ ᠲᠠᠢ ᠠᠩᠬᠠᠷᠬᠤ ᠨᠡᠷᠡᠰ﹀ ᠲᠤ ᠵᠢᠭᠰᠠᠭᠠᠨ ᠣᠷᠣᠭᠤᠯᠬᠤ       ᠬᠡᠷᠡᠭᠲᠡᠶ︾ ᠭᠡᠰᠡᠨ ᠲᠣᠭᠲᠠᠭᠠᠯ ᠢ ᠦᠨᠳᠦᠰᠦᠯᠡᠨ᠂ ᠡᠳᠦᠭᠡ ᠲᠠᠨ ᠤ ᠨᠢᠭᠡᠴᠢ ᠶᠢ ︽ᠭᠤᠤᠯᠳᠠᠯᠭ᠎ᠠ ᠲᠠᠢ ᠠᠩᠬᠠᠷᠬᠤ ᠨᠡᠷᠡᠰ︾ ᠲᠤ ᠵᠢᠭᠰᠠᠭᠠᠨ ᠣᠷᠣᠭᠤᠯᠬᠤ ᠶᠢᠨ ᠬᠠᠮᠲᠤ᠂ ᠪᠥᠬᠦ ᠤᠯᠤᠰ ᠤᠨ ᠤᠰᠤᠨ ᠠᠰᠢᠭᠯᠠᠯᠲᠠ ᠶᠢᠨ ᠪᠥᠲᠥᠭᠡᠨ ᠪᠠᠶᠢᠭᠤᠯᠤᠯᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠦᠢᠯᠡᠴᠢᠯᠡᠭᠡᠨ ᠤ ᠲᠠᠪᠴᠠᠩ ᠵᠡᠷᠭᠡ ᠪᠠᠷ ᠳᠠᠮᠵᠢᠭᠤᠯᠤᠨ ᠨᠡᠶᠢᠭᠡᠮ ᠳᠤ ᠢᠯᠡ ᠪᠣᠯᠭᠠᠵᠤ᠂ ᠢᠯᠡ ᠪᠣᠯᠭᠠᠬᠤ ᠬᠤᠭᠤᠴᠠᠭ᠎ᠠ ᠨᠢ 1 ᠵᠢᠯ ᠪᠣᠯᠤᠨ᠎ᠠ᠃  ᠲᠠᠨ ᠤ ᠨᠢᠭᠡᠴᠢ ᠬᠡᠷᠪᠡ ᠲᠣᠰ ᠲᠣᠭᠲᠠᠭᠠᠯ ᠳᠤ ᠤᠨᠳᠤᠤ ᠰᠠᠨᠠᠯ ᠲᠠᠢ ᠪᠠᠶᠢᠪᠠᠯ᠂ ᠢᠯᠡ ᠪᠣᠯᠭᠠᠭᠰᠠᠨ ᠡᠳᠦᠷ ᠠᠴᠠ ᠡᠬᠢᠯᠡᠨ ᠵᠢᠷᠠᠨ ᠡᠳᠦᠷ ᠤᠨ ᠳᠣᠲᠣᠷ᠎ᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠳᠤ ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ ᠪᠠᠷ ᠭᠤᠶᠤᠴᠢᠯᠠᠵᠤ ᠪᠣᠯᠤᠨ᠎ᠠ︔ ᠡᠰᠡᠬᠦᠯ᠎ᠡ ᠵᠢᠷᠭᠤᠭᠠᠨ ᠰᠠᠷ᠎ᠠ ᠶᠢᠨ ᠳᠣᠲᠣᠷ᠎ᠠ ᠬᠥᠬᠡᠬᠤᠲᠠ ᠶᠢᠨ ᠰᠠᠶᠢᠬᠠᠨ ᠲᠣᠭᠤᠷᠢᠭ ᠤᠨ ᠠᠷᠠᠳ ᠤᠨ ᠰᠢᠭᠦᠬᠦ ᠬᠤᠷᠢᠶᠠᠨ ᠳᠤ ᠵᠠᠰᠠᠭ ᠵᠠᠬᠢᠷᠭᠠᠨ ᠤ ᠵᠠᠭᠠᠯᠳᠤᠯᠭ᠎ᠠ ᠭᠠᠷᠭᠠᠨ᠎ᠠ᠃                 2023 ᠣᠨ ᠤ 6 ᠳ᠋ᠤᠭᠠᠷ ᠰᠠᠷ᠎ᠠ ᠶᠢᠨ 21 ᠤ ᠡᠳᠦᠷ 
 
ᠢᠷᠡᠯᠲᠡ᠄ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号