ᠬᠡᠯᠬᠢᠶᠡᠰᠦᠨ ᠨᠣᠮᠧᠷ᠄ 000014348/2023 — 02913 | ᠭᠤᠣᠯ ᠰᠡᠳᠦᠪ ᠤᠨ ᠠᠩᠭᠢᠯᠠᠯ᠄ ᠤᠰᠤᠨ ᠠᠰᠢᠭᠯᠠᠯᠲᠠ | ᠨᠡᠶᠢᠲᠡᠯᠡᠭᠰᠡᠨ ᠪᠠᠶᠢᠭᠤᠯᠤᠮᠵᠢ᠄ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ | ᠪᠢᠴᠢᠭ ᠤᠨ ᠳ᠋ᠤᠭᠠᠷ᠄ ᠦᠪᠦᠷ ᠤᠰᠤᠨ ᠤ ᠡᠬᠢ ᠪᠠᠶᠠᠯᠢᠭ ᠤᠨ ᠵᠦᠪᠰᠢᠶᠡᠷᠡᠯ ᠢᠶᠠᠷ ᠰᠢᠢᠳᠪᠦᠷᠢᠯᠡᠬᠦ | ﹇2023﹈ 45 ᠳ᠋ᠤᠭᠠᠷ ᠲᠣᠭᠠᠲᠤ | ᠪᠢᠴᠢᠭᠳᠡᠭᠰᠡᠨ ᠡᠳᠦᠷ ᠬᠤᠭᠤᠴᠠᠭ᠎ᠠ᠄ 2023 — 06 – 26 | ᠠᠯᠪᠠᠨ ᠪᠢᠴᠢᠭ ᠤᠨ ᠬᠦᠴᠦᠨ ᠲᠠᠢ ᠬᠤᠭᠤᠴᠠᠭ᠎ᠠ᠄ | | | 335 ᠤᠯᠤᠰ ᠤᠨ ᠵᠠᠮ ᠤᠨ ᠪᠠᠶ᠋ᠬᠠᠤᠪᠤᠭ᠎ᠠ ᠠᠴᠠ ᠮᠢᠩᠭᠠᠨ ᠪᠠᠯᠭᠠᠰᠤ ᠬᠦᠷᠬᠦ ᠵᠠᠰᠠᠮᠠᠯ ᠵᠠᠮ ᠤᠨ ᠲᠦᠷᠦᠯ | ᠵᠦᠢᠯ ᠤᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠠᠯᠪᠠᠨ ᠭᠡᠷ ᠲᠤ᠄ | ᠮᠠᠨ ᠤ ᠲᠢᠩᠬᠢᠮ 2023 ᠣᠨ ᠤ 5 ᠳ᠋ᠤᠭᠠᠷ ᠰᠠᠷ᠎ᠠ ᠶᠢᠨ 10 ᠤ ᠡᠳᠦᠷ ᠲᠠᠨ ᠤ ᠺᠣᠮᠫᠠᠨᠢ ᠶᠢᠨ | ᠳᠤᠷᠠᠳᠤᠭᠰᠠᠨ ᠤᠯᠤᠰ ᠤᠨ ᠵᠠᠮ ᠤᠨ 335 ᠳ᠋ᠤᠭᠠᠷ ᠱᠤᠭᠤᠮ ᠤᠨ ᠪᠠᠶ᠋ᠬᠠᠤᠪᠤᠭ᠎ᠠ ᠠᠴᠠ ᠮᠢᠩᠭᠠᠨ ᠪᠠᠯᠭᠠᠰᠤ ᠬᠥᠷᠬᠦ | ᠬᠡᠰᠡᠭ ᠤᠨ ᠵᠠᠰᠠᠮᠠᠯ ᠵᠠᠮ ᠤᠨ ᠪᠠᠷᠢᠯᠭ᠎ᠠ ᠶᠢᠨ ᠬᠥᠷᠥᠰᠥ ᠰᠢᠷᠣᠶ ᠶᠢ ᠬᠠᠮᠠᠭᠠᠯᠠᠬᠤ ᠲᠥᠰᠦᠯ ᠳᠤ ᠵᠠᠰᠠᠪᠤᠷᠢ | ᠣᠷᠣᠭᠤᠯᠬᠤ ᠮᠡᠳᠡᠭᠦᠯᠦᠯᠲᠡ ᠶᠢᠨ ᠪᠢᠴᠢᠭ ᠢ ᠬᠢᠨᠠᠨ ᠵᠥᠪᠰᠢᠶᠡᠷᠡᠭᠦᠯᠬᠦ ᠭᠤᠶᠤᠴᠢᠯᠠᠯ ᠢ ᠭᠥᠯᠢᠶᠡᠨ ᠠᠪᠴᠤ | ᠭᠦᠢᠴᠡᠳᠭᠡᠪᠡ᠂ ᠲᠣᠰ ᠭᠤᠶᠤᠴᠢᠯᠠᠯ ᠨᠢ ᠬᠠᠤᠯᠢ ᠳᠤ ᠲᠣᠭᠲᠠᠭᠠᠭᠰᠠᠨ ᠨᠥᠬᠦᠴᠡᠯ ᠳᠤ ᠨᠡᠶᠢᠴᠡᠵᠦ᠂ ︽ᠪᠥᠬᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠵᠥᠪᠰᠢᠶᠡᠷᠡᠯ ᠤᠨ ᠬᠠᠤᠯᠢ︾ ᠶᠢᠨ ᠭᠤᠴᠢᠨ | ᠨᠠᠢᠮᠠᠳᠤᠭᠠᠷ ᠵᠦᠢᠯ ᠤᠨ ᠨᠢᠭᠡᠳᠦᠭᠡᠷ ᠪᠠᠳᠠᠭ᠂ ︽ᠤᠰᠤᠨ ᠤ ᠵᠠᠰᠠᠭ ᠵᠠᠬᠢᠷᠭᠠᠨ ᠤ ᠵᠥᠪᠰᠢᠶᠡᠷᠡᠯ ᠤᠨ ᠬᠡᠷᠡᠭᠵᠢᠭᠦᠯᠬᠦ | ᠠᠷᠭ᠎ᠠ︾ ᠶᠢᠨ ᠭᠤᠴᠢᠨ ᠬᠤᠶᠠᠳᠤᠭᠠᠷ ᠵᠦᠢᠯ ᠤᠨ ᠨᠢᠭᠡᠳᠦᠭᠡᠷ ᠵᠤᠷᠪᠤᠰ ᠢ ᠦᠨᠳᠦᠰᠦᠯᠡᠨ᠂ ᠵᠠᠰᠠᠭ ᠵᠠᠬᠢᠷᠭᠠᠨ ᠤ | ᠵᠥᠪᠰᠢᠶᠡᠷᠡᠯ ᠥᠭᠬᠦ ᠪᠠᠷ ᠲᠣᠭᠲᠠᠪᠠ᠃ | ᠤᠯᠤᠰ ᠤᠨ ᠵᠠᠮ ᠤᠨ 335 ᠱᠤᠭᠤᠮ ᠤᠨ ᠪᠠᠶ᠋ᠬᠠᠤᠪᠤᠭ᠎ᠠ ᠠᠴᠠ ᠮᠢᠩᠭᠠᠨ ᠪᠠᠯᠭᠠᠰᠤ ︵ᠭᠦᠨ ᠬᠤᠳᠳᠤᠭ︶ | ᠬᠦᠷᠬᠦ ᠬᠡᠰᠡᠭ ᠤᠨ ᠵᠠᠰᠠᠮᠠᠯ ᠵᠠᠮ ᠤᠨ ᠢᠨᠵᠧᠨᠧᠷᠢᠩ ᠨᠢ ᠪᠤᠭᠤᠲᠤ ᠬᠤᠳᠠ ᠶᠢᠨ ᠳᠠᠷᠬᠠᠨ ᠮᠤᠤᠮᠢᠩᠭᠠᠨ ᠬᠤᠯᠪᠣᠭᠠᠲᠤ | ᠬᠤᠰᠢᠭᠤ ᠵᠢᠴᠢ ᠪᠠᠶ᠋ᠬᠠᠤᠪᠤᠭ᠎ᠠ ᠠᠭᠤᠷᠬᠠᠢ ᠶᠢᠨ ᠣᠷᠣᠨ ᠳᠤ ᠪᠠᠶᠢᠷᠢᠯᠠᠵᠤ ᠪᠤᠢ᠂ 2016 ᠣᠨ ᠤ 11 ᠳ᠋ᠦ᠋ᠭᠡᠷ | ᠰᠠᠷ᠎ᠠ ᠳᠤ᠂ ᠮᠠᠨ ᠤ ᠲᠢᠩᠬᠢᠮ ﹇2016﹈ 199 ᠳ᠋ᠦ᠋ᠭᠡᠷ ᠲᠣᠭᠠᠲᠤ ᠪᠢᠴᠢᠭ ᠮᠠᠲ᠋ᠧᠷᠢᠶᠠᠯ ᠢᠶᠠᠷ ᠲᠤᠰ | ᠢᠨᠵᠧᠨᠧᠷᠢᠩ ᠤᠨ ᠬᠥᠷᠥᠰᠥ ᠰᠢᠷᠣᠢ ᠶᠢ ᠬᠠᠮᠠᠭᠠᠯᠠᠬᠤ ᠲᠥᠰᠦᠯ ᠢ ᠴᠤᠬᠤᠯᠠᠪᠤᠷᠢᠯᠠᠨ ᠬᠠᠷᠢᠭᠤᠯᠪᠠ᠃ ᠪᠠᠷᠢᠯᠭ᠎ᠠ ᠶᠢᠨ | ᠪᠦᠲᠦᠭᠡᠨ ᠪᠠᠶᠢᠭᠤᠯᠤᠯᠲᠠ ᠶᠢᠨ ᠶᠠᠪᠤᠴᠠ ᠳᠤ ᠰᠢᠷᠣᠶ ᠶᠢᠨ ᠲᠠᠯᠠᠪᠠᠶ ᠶᠢᠨ ᠣᠷᠣᠨ ᠪᠠᠶᠢᠷᠢ᠂ ᠲᠤᠭ᠎ᠠ ᠬᠡᠮᠵᠢᠶ᠎ᠡ ᠨᠢ | ᠬᠤᠪᠢᠷᠠᠯᠲᠠ ᠭᠠᠷᠤᠭᠰᠠᠨ ᠠᠴᠠ ᠪᠣᠯᠵᠤ᠂ ᠴᠢᠬᠤᠯᠠ ᠶᠡᠭᠡ ᠬᠤᠪᠢᠷᠠᠯᠲᠠ ᠪᠣᠯᠵᠤ ᠪᠦᠷᠢᠯᠳᠦᠭᠰᠡᠨ ᠪᠣᠯ ᠪᠦᠲᠦᠭᠡᠨ | ᠪᠠᠶᠢᠭᠤᠯᠬᠤ ᠨᠢᠭᠡᠴᠢ ᠨᠢ ᠲᠤᠰ ᠬᠥᠷᠥᠰᠥ ᠰᠢᠷᠣᠶ ᠶᠢ ᠬᠠᠮᠠᠭᠠᠯᠠᠬᠤ ᠲᠥᠰᠦᠯ ᠳᠤ ᠵᠠᠰᠠᠪᠤᠷᠢ ᠣᠷᠣᠭᠤᠯᠤᠭᠰᠠᠨ | ᠮᠡᠳᠡᠭᠦᠯᠦᠯᠲᠡ ᠶᠢᠨ ᠪᠢᠴᠢᠭ ᠢ ᠵᠣᠬᠢᠶᠠᠨ ᠪᠠᠶᠢᠭᠤᠯᠤᠨ ᠨᠠᠶᠢᠷᠠᠭᠤᠯᠤᠨ ᠮᠡᠳᠡᠭᠦᠯᠬᠦ ᠬᠡᠷᠡᠭᠲᠡᠶ᠃ ᠪᠠᠷᠢᠯᠭ᠎ᠠ ᠶᠢᠨ | ᠱᠤᠭᠤᠮ ᠤᠨ ᠪᠦᠬᠦ ᠤᠷᠲᠤ ᠨᠢ 64.292 ᠺᠢᠯᠤᠮᠧᠲᠷ ᠪᠠᠶᠢᠵᠤ᠂ ᠵᠠᠮ ᠤᠨ ᠰᠠᠭᠤᠷᠢ ᠶᠢᠨ ᠪᠠᠷᠢᠯᠭ᠎ᠠ ᠶᠢᠨ ᠣᠷᠣᠨ᠂ | ᠳᠠᠭᠠᠯᠲᠠ ᠪᠡᠯᠡᠳᠬᠡᠮᠵᠢ ᠶᠢᠨ ᠣᠷᠣᠨ᠂ ᠰᠢᠷᠣᠶ ᠠᠪᠬᠤ ︵ᠬᠠᠶᠠᠬᠤ︶ ᠲᠠᠯᠠᠪᠠᠶ᠂ ᠪᠠᠷᠢᠯᠭ᠎ᠠ ᠪᠠᠷᠢᠬᠤ ᠳᠥᠭᠦᠮ ᠵᠠᠮ᠂ | ᠪᠠᠷᠢᠯᠭ᠎ᠠ ᠪᠠᠷᠢᠬᠤ ᠦᠢᠯᠡᠳᠪᠦᠷᠢᠯᠡᠯ ᠠᠮᠢᠳᠤᠷᠠᠯ ᠤᠨ ᠣᠷᠣᠨ ᠪᠣᠯᠤᠨ ᠴᠠᠬᠢᠯᠭᠠᠨ ᠬᠠᠩᠭᠠᠬᠤ ᠱᠤᠭᠤᠮ ᠢᠶᠠᠷ | ᠪᠦᠷᠢᠯᠳᠦᠭᠰᠡᠨ ᠶᠤᠮ᠃ ᠪᠠᠷᠢᠯᠭ᠎ᠠ ᠶᠢᠨ ᠶᠡᠷᠦᠩᠬᠡᠶ ᠲᠠᠲᠠᠪᠤᠷᠢᠯᠠᠨ ᠡᠵᠡᠯᠡᠭᠰᠡᠨ ᠭᠠᠵᠠᠷ ᠤᠨ ᠲᠠᠯᠠᠪᠠᠶ ᠨᠢ 230.67 | ᠾᠧᠺᠲ᠋ᠠᠷ ᠲᠤ ᠬᠦᠷᠴᠦ᠂ ᠰᠢᠷᠣᠶ ᠴᠢᠯᠠᠭᠤ ᠶᠢᠨ ᠶᠡᠷᠦᠩᠬᠡᠶ ᠬᠡᠮᠵᠢᠶ᠎ᠡ ᠨᠢ 158.29 ᠲᠦᠮᠡᠨ ᠪᠣᠰᠤᠭ᠎ᠠ | ᠳᠥᠷᠪᠡᠯᠵᠢᠨ ᠮᠧᠲᠷ ᠲᠤ ᠬᠦᠷᠴᠦ᠂ ᠶᠡᠷᠦᠩᠬᠡᠶ ᠪᠠᠯᠠ ᠣᠷᠣᠭᠤᠯᠤᠯᠲᠠ ᠨᠢ 5.62 ᠳ᠋ᠦᠩᠰᠢᠭᠤᠷ ᠲᠥᠭᠦᠷᠢᠭ ᠲᠤ | ᠬᠦᠷᠴᠦ᠂ 2020 ᠣᠨ ᠤ 4 ᠳ᠋ᠦ᠋ᠭᠡᠷ ᠰᠠᠷ᠎ᠠ ᠳᠤ ᠪᠠᠷᠢᠯᠭ᠎ᠠ ᠡᠬᠢᠯᠡᠵᠦ᠂ 2023 ᠣᠨ ᠤ 8 ᠰᠠᠷ᠎ᠠ ᠳᠤ ᠪᠠᠷᠢᠯᠭ᠎ᠠ | ᠳᠠᠭᠤᠰᠬᠠᠬᠤ ᠪᠠᠷ ᠲᠥᠯᠥᠪᠯᠡᠵᠦ᠂ ᠪᠠᠷᠢᠯᠭ᠎ᠠ ᠶᠢᠨ ᠶᠡᠷᠦᠩᠬᠡᠶ ᠬᠤᠭᠤᠴᠠᠭ᠎ᠠ ᠨᠢ 41 ᠰᠠᠷ᠎ᠠ ᠪᠣᠯᠤᠨ᠎ᠠ᠃ | ᠨᠢᠭᠡ᠂ ᠬᠥᠷᠥᠰᠥ ᠰᠢᠷᠣᠶ ᠶᠢ ᠬᠠᠮᠠᠭᠠᠯᠠᠬᠤ ᠲᠥᠰᠦᠯ ᠤᠨ ᠶᠡᠷᠦᠩᠬᠡᠶ ᠰᠠᠨᠠᠯ | ︵ᠨᠢᠭᠡ︶ ᠪᠦᠲᠦᠭᠡᠨ ᠪᠠᠶᠢᠭᠤᠯᠬᠤ ᠬᠤᠭᠤᠴᠠᠭ᠎ᠠ ᠶᠢ ᠦᠨᠳᠦᠰᠦᠨ ᠳᠡᠭᠡᠨ ᠵᠥᠪᠰᠢᠶᠡᠷᠡᠭᠰᠡᠨ ᠬᠥᠷᠥᠰᠥ | ᠰᠢᠷᠣᠶ ᠶᠢᠨ ᠢᠳᠡᠭᠳᠡᠯ ᠢ ᠰᠡᠷᠭᠡᠶᠢᠯᠡᠨ ᠵᠠᠰᠠᠬᠤ ᠬᠠᠷᠢᠭᠤᠴᠠᠯᠭ᠎ᠠ ᠶᠢᠨ ᠬᠡᠪᠴᠢᠶ᠎ᠡ ᠨᠢ 230.67 ᠾᠧᠺᠲ᠋ᠠᠷ | ᠪᠣᠯᠤᠨ᠎ᠠ᠃ | ︵ᠬᠤᠶᠠᠷ︶ ᠬᠥᠷᠥᠰᠥ ᠰᠢᠷᠣᠶ ᠶᠢᠨ ᠢᠳᠡᠭᠳᠡᠯ ᠢ ᠰᠡᠷᠭᠡᠶᠢᠯᠡᠨ ᠵᠠᠰᠠᠬᠤ ᠳᠤ ᠤᠮᠠᠷᠠᠲᠤ ᠶᠢᠨ ᠰᠠᠯᠬᠢ | ᠡᠯᠡᠰᠦᠨ ᠤ ᠣᠷᠣᠨ ᠤ ᠨᠢᠭᠡᠳᠦᠭᠡᠷ ᠳᠡᠰ ᠤᠨ ᠪᠠᠷᠢᠮᠵᠢᠶ᠎ᠠ ᠶᠢ ᠬᠡᠷᠡᠭᠵᠢᠭᠦᠯᠬᠦ ᠶᠢ ᠵᠥᠪᠰᠢᠶᠡᠷᠡᠨ᠎ᠡ᠃ | ︵ᠭᠤᠷᠪᠠ︶ ᠬᠥᠷᠥᠰᠥ ᠰᠢᠷᠣᠶ ᠶᠢᠨ ᠢᠳᠡᠭᠳᠡᠯ ᠢ ᠰᠡᠷᠭᠡᠶᠢᠯᠡᠨ ᠵᠠᠰᠠᠬᠤ ᠬᠠᠷᠠᠯᠲᠠ ᠶᠢᠨ ᠬᠡᠮᠵᠢᠭᠳᠡᠯ ᠢ | ᠦᠨᠳᠦᠰᠦᠨ ᠳᠡᠭᠡᠨ ᠵᠥᠪᠰᠢᠶᠡᠷᠡᠨ᠎ᠡ᠄ ᠬᠥᠷᠥᠰᠥ ᠰᠢᠷᠣᠶ ᠶᠢᠨ ᠢᠳᠡᠭᠳᠡᠯ ᠢ ᠵᠠᠰᠠᠬᠤ ᠬᠡᠮᠵᠢᠶ᠎ᠡ 85 %᠂ ᠬᠥᠷᠥᠰᠥ | ᠰᠢᠷᠣᠶ ᠶᠢᠨ ᠢᠳᠡᠭᠳᠡᠯ ᠢ ᠬᠢᠵᠠᠭᠠᠷᠯᠠᠬᠤ ᠬᠠᠷᠢᠴᠠᠯ 0.8 ᠰᠢᠭᠠᠷᠤ ᠬᠥᠷᠥᠰᠥ ᠶᠢᠨ ᠬᠠᠮᠠᠭᠠᠯᠠᠯᠲᠠ ᠶᠢᠨ ᠨᠣᠷᠮ᠎ᠠ | 87 %᠂ ᠬᠥᠷᠥᠰᠥᠨ ᠤ ᠬᠠᠮᠠᠭᠠᠯᠠᠯᠲᠠ ᠶᠢᠨ ᠨᠣᠷᠮ᠎ᠠ 90 %᠂ ᠣᠶ ᠮᠣᠳᠣ ᠡᠪᠡᠰᠦᠨ ᠤ ᠤᠷᠭᠤᠮᠠᠯ ᠤᠨ | ᠬᠤᠴᠢᠯᠭ᠎ᠠ ᠶᠢᠨ ᠰᠡᠷᠭᠦᠯᠲᠡ ᠶᠢᠨ ᠨᠣᠷᠮ᠎ᠠ 93 %᠂ ᠣᠶ ᠰᠢᠭᠤᠶ ᠡᠪᠡᠰᠦᠨ ᠤ ᠪᠦᠷᠬᠦᠴᠡ ᠶᠢᠨ ᠨᠣᠷᠮ᠎ᠠ 22 % | ᠪᠣᠯᠤᠨ᠎ᠠ᠃ | ︵ᠳᠥᠷᠪᠡ︶ ᠬᠥᠷᠥᠰᠥ ᠰᠢᠷᠣᠶ ᠶᠢᠨ ᠢᠳᠡᠭᠳᠡᠯ ᠢ ᠰᠡᠷᠭᠡᠶᠢᠯᠡᠨ ᠵᠠᠰᠠᠬᠤ ᠶᠢᠨ ᠣᠷᠣᠨ ᠬᠤᠪᠢᠶᠠᠬᠤ ᠵᠢᠴᠢ | ᠰᠡᠷᠭᠡᠶᠢᠯᠡᠨ ᠵᠠᠰᠠᠬᠤ ᠠᠷᠭ᠎ᠠ ᠬᠡᠮᠵᠢᠶ᠎ᠡ ᠶᠢᠨ ᠲᠣᠬᠢᠷᠠᠭᠤᠯᠤᠯᠲᠠ ᠶᠢ ᠦᠨᠳᠦᠰᠦᠨ ᠳᠡᠭᠡᠨ ᠵᠥᠪᠰᠢᠶᠡᠷᠡᠬᠦ ᠬᠡᠷᠡᠭᠲᠡᠶ᠃ | ︵ ᠲᠠᠪᠤ︶ ᠰᠢᠭᠠᠷᠤ ᠬᠠᠶᠠᠬᠤ ᠲᠠᠯᠠᠪᠤᠷ ᠪᠠᠶᠢᠷᠢᠯᠠᠭᠤᠯᠬᠤ ᠲᠥᠰᠦᠯ ᠢ ᠦᠨᠳᠦᠰᠦᠨ ᠳᠡᠭᠡᠨ ᠵᠥᠪᠰᠢᠶᠡᠷᠡᠨ᠎ᠡ᠃ | ᠵᠠᠯᠭᠠᠮᠵᠢ ᠵᠢᠷᠤᠭ ᠲᠥᠯᠥᠪᠯᠡᠭᠡᠨ ᠳᠤ ᠮᠡᠷᠭᠡᠵᠢᠯ ᠤᠨ ᠵᠢᠷᠤᠮᠵᠢᠯ ᠢ ᠴᠢᠩᠭ᠎ᠠ ᠵᠢᠷᠤᠮᠯᠠᠨ᠂ ᠣᠪᠣᠭᠠᠯᠠᠭᠰᠠᠨ ᠰᠢᠭᠠᠷᠤ ᠶᠢᠨ | ᠪᠠᠭᠲᠠᠭᠠᠮᠵᠢ ᠶᠢ ᠳᠠᠬᠢᠨ ᠬᠢᠨᠠᠵᠤ᠂ ᠤᠰᠤ ᠭᠠᠵᠠᠷ ᠰᠢᠨᠵᠢᠯᠡᠭᠡᠨ ᠤ ᠨᠥᠬᠦᠴᠡᠯ ᠢ ᠪᠠᠶᠢᠴᠠᠭᠠᠨ ᠲᠣᠳᠣᠯᠠᠵᠤ᠂ ᠰᠢᠭᠠᠷᠤ | ᠬᠠᠶᠠᠬᠤ ᠲᠠᠯᠠᠪᠤᠷ ᠰᠡᠷᠭᠡᠶᠢᠯᠡᠨ ᠬᠠᠮᠠᠭᠠᠯᠠᠬᠤ ᠠᠷᠭ᠎ᠠ ᠬᠡᠮᠵᠢᠶ᠎ᠡ ᠶᠢ ᠲᠣᠭᠲᠠᠭᠠᠨ᠂ ᠰᠢᠭᠠᠷᠤ ᠬᠠᠶᠠᠬᠤ ᠲᠠᠯᠠᠪᠤᠷ ᠶᠢᠨ | ᠪᠠᠷᠢᠯᠭ᠎ᠠ ᠶᠢᠨ ᠵᠢᠷᠤᠭ ᠲᠥᠯᠥᠪᠯᠡᠭᠡ ᠶᠢ ᠥᠷᠨᠢᠭᠦᠯᠵᠦ᠂ ᠰᠢᠭᠠᠷᠤ ᠬᠠᠶᠠᠬᠤ ᠲᠠᠯᠠᠪᠤᠷ ᠤᠨ ᠪᠠᠷᠢᠯᠭ᠎ᠠ ᠶᠢᠨ ᠠᠶᠤᠯ | ᠦᠭᠡᠶ ᠪᠠᠶᠢᠬᠤ ᠶᠢ ᠦᠨᠡᠨᠬᠦ ᠪᠠᠲᠤᠯᠠᠨ᠂ ᠬᠥᠷᠥᠰᠥ ᠰᠢᠷᠣᠶ ᠶᠢᠨ ᠢᠳᠡᠭᠳᠡᠯ ᠤᠨ ᠰᠢᠨ᠎ᠡ ᠬᠤᠣᠷ ᠬᠥᠨᠥᠭᠡᠯ ᠭᠠᠷᠭᠠᠬᠤ | ᠦᠭᠡᠶ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ᠃ | ︵ᠵᠢᠷᠭᠤᠭ᠎ᠠ︶ ᠪᠦᠲᠦᠭᠡᠨ ᠪᠠᠶᠢᠭᠤᠯᠤᠯᠲᠠ ᠶᠢᠨ ᠬᠤᠭᠤᠴᠠᠭᠠᠨ ᠤ ᠬᠥᠷᠥᠰᠥ ᠰᠢᠷᠣᠢ ᠶᠢ ᠬᠠᠮᠠᠭᠠᠯᠠᠬᠤ | ᠨᠥᠬᠦᠪᠥᠷᠢ ᠰᠦᠢᠳᠬᠡᠯ ᠢ 485.009 ᠲᠦᠮᠡᠨ ᠲᠥᠭᠦᠷᠢᠭ ︵ᠡᠭᠦᠨ ᠳᠤ 458.54 ᠲᠦᠮᠡᠨ ᠲᠥᠭᠦᠷᠢᠭ | ᠲᠤᠰᠢᠶᠠᠵᠤ᠂ ᠪᠠᠶ᠋ᠬᠠᠤᠪᠤᠭ᠎ᠠ ᠠᠭᠤᠷᠬᠠᠢ ᠶᠢᠨ ᠣᠷᠣᠨ ᠳᠤ 26.469 ᠲᠦᠮᠡᠨ ᠲᠥᠭᠦᠷᠢᠭ ᠨᠥᠬᠦᠪᠥᠷᠢᠯᠡᠨ | ᠲᠤᠰᠢᠶᠠᠬᠤ ᠴᠢᠬᠤᠯᠠᠲᠠᠢ︶ ᠢ ᠦᠨᠳᠦᠰᠦᠨ ᠳᠡᠭᠡᠨ ᠵᠥᠪᠰᠢᠶᠡᠷᠡᠪᠡ᠃ | ᠬᠤᠶᠠᠷ᠂ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠨᠢᠭᠡᠴᠢ ᠲᠥᠷᠥᠯ ᠵᠦᠢᠯ ᠤᠨ ᠪᠦᠲᠦᠭᠡᠨ | ᠪᠠᠶᠢᠭᠤᠯᠤᠯᠲᠠ ᠳᠤᠮᠳᠠ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠥᠷᠥᠰᠥ ᠰᠢᠷᠣᠶ ᠶᠢ | ᠬᠠᠮᠠᠭᠠᠯᠠᠬᠤ ᠬᠠᠤᠯᠢ︾ ᠶᠢᠨ ᠬᠠᠮᠢᠶ᠎ᠠ ᠪᠦᠬᠦᠢ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ ᠶᠢᠨ ᠬᠠᠮᠲᠤ | ᠳᠣᠣᠷᠠᠬᠢ ᠠᠵᠢᠯ ᠤᠳ ᠢ ᠭᠤᠣᠯᠳᠠᠯᠭ᠎ᠠ ᠲᠠᠢ ᠰᠠᠶᠢᠲᠤᠷ ᠬᠢᠬᠦ ᠬᠡᠷᠡᠭᠲᠡᠶ᠄ | ︵ᠨᠢᠭᠡ︶ ᠴᠣᠬᠤᠯᠪᠣᠷᠢᠯᠠᠭᠰᠠᠨ ᠬᠥᠷᠥᠰᠥ ᠰᠢᠷᠣᠶ ᠶᠢ ᠬᠠᠮᠠᠭᠠᠯᠠᠬᠤ ᠲᠥᠰᠦᠯ ᠤᠨ ᠶᠣᠰᠣᠭᠠᠷ ᠬᠥᠷᠥᠰᠥ | ᠰᠢᠷᠣᠶ ᠶᠢ ᠬᠠᠮᠠᠭᠠᠯᠠᠬᠤ ᠠᠩᠬ᠎ᠠ ᠠᠯᠬᠤᠮ ᠤᠨ ᠵᠢᠷᠤᠭ ᠲᠥᠯᠥᠪᠯᠡᠭᠡ ᠵᠡᠷᠭᠡ ᠵᠠᠯᠭᠠᠮᠵᠢ ᠵᠢᠷᠤᠭ ᠲᠥᠯᠥᠪᠯᠡᠭᠡ ᠶᠢ | ᠰᠠᠶᠢᠲᠤᠷ ᠬᠢᠵᠦ᠂ ᠪᠠᠷᠢᠯᠭ᠎ᠠ ᠪᠠᠷᠢᠬᠤ ᠶᠢᠨ ᠵᠣᠬᠢᠶᠠᠨ ᠪᠠᠶᠢᠭᠤᠯᠤᠨ ᠬᠠᠮᠢᠶᠠᠷᠬᠤ ᠶᠢ ᠴᠢᠩᠭᠠᠳᠬᠠᠬᠤ ᠬᠡᠷᠡᠭᠲᠡᠶ᠃ | ︵ᠬᠤᠶᠠᠷ︶ ᠲᠥᠰᠦᠯ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ ᠬᠥᠷᠥᠰᠥ ᠰᠢᠷᠣᠶ ᠶᠢ ᠬᠠᠮᠠᠭᠠᠯᠠᠬᠤ ᠡᠯ᠎ᠡ | ᠵᠦᠢᠯ ᠤᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠬᠡᠷᠡᠭᠲᠡᠶ᠃ ᠡᠯ᠎ᠡ ᠲᠥᠷᠥᠯ ᠤᠨ ᠪᠠᠷᠢᠯᠭ᠎ᠠ ᠪᠠᠷᠢᠬᠤ | ᠠᠵᠢᠯᠯᠠᠭ᠎ᠠ ᠶᠢ ᠭᠠᠵᠠᠷ ᠬᠡᠷᠡᠭᠯᠡᠬᠦ ᠬᠡᠪᠴᠢᠶᠡᠨ ᠳᠣᠲᠣᠷ᠎ᠠ ᠴᠢᠩᠭ᠎ᠠ ᠬᠢᠵᠠᠭᠠᠷᠯᠠᠨ ᠲᠣᠭᠲᠠᠭᠠᠵᠤ᠂ ᠭᠠᠵᠠᠷ ᠤᠨ | ᠭᠠᠳᠠᠷᠭᠤ ᠶᠢᠨ ᠤᠷᠭᠤᠮᠠᠯ ᠤᠨ ᠪᠦᠷᠬᠦᠴᠡ ᠶᠢ ᠳᠤᠷ᠎ᠠ ᠪᠠᠷ ᠢᠶᠠᠨ ᠡᠵᠡᠯᠡᠬᠦ᠂ ᠰᠠᠮᠠᠭᠤᠷᠠᠭᠤᠯᠬᠤ ᠪᠠ ᠡᠪᠳᠡᠬᠦ ᠶᠢ | ᠴᠢᠩᠭ᠎ᠠ ᠴᠠᠭᠠᠵᠠᠯᠠᠬᠤ ᠬᠡᠷᠡᠭᠲᠡᠶ᠃ ᠲᠥᠰᠦᠯ ᠤᠨ ᠱᠠᠭᠠᠷᠳᠠᠯᠭ᠎ᠠ ᠶᠢ ᠦᠨᠳᠦᠰᠦᠯᠡᠨ ᠬᠥᠷᠥᠰᠥ ᠰᠢᠷᠣᠶ ᠶᠢ | ᠬᠠᠮᠠᠭᠠᠯᠠᠬᠤ ᠠᠷᠭ᠎ᠠ ᠬᠡᠮᠵᠢᠶ᠎ᠡ ᠶᠢ ᠬᠡᠷᠡᠭᠵᠢᠭᠦᠯᠬᠦ ᠠᠬᠢᠴᠠ ᠶᠢ ᠵᠦᠶ ᠵᠣᠬᠢᠰᠲᠠᠶ ᠲᠣᠬᠢᠷᠠᠭᠤᠯᠬᠤ ᠬᠡᠷᠡᠭᠲᠡᠶ᠃ ᠰᠢᠷᠣᠶ | ᠴᠢᠯᠠᠭᠤ ᠶᠢ ᠶᠡᠷᠦᠩᠬᠡᠶᠢᠯᠡᠨ ᠠᠰᠢᠭᠯᠠᠬᠤ ᠶᠢ ᠴᠢᠩᠭᠠᠷᠠᠭᠤᠯᠵᠤ᠂ ᠥᠩᠭᠡᠨ ᠬᠥᠷᠥᠰᠥ ᠶᠢ ᠰᠠᠯᠭᠠᠬᠤ᠂ ᠬᠠᠳᠠᠭᠠᠯᠠᠬᠤ | ᠪᠠ ᠠᠰᠢᠭᠯᠠᠬᠤ ᠶᠢ ᠰᠠᠶᠢᠲᠤᠷ ᠬᠢᠬᠦ ᠬᠡᠷᠡᠭᠲᠡᠶ᠃ | ︵ᠭᠤᠷᠪᠠ︶ ᠬᠥᠷᠥᠰᠥ ᠰᠢᠷᠣᠶ ᠶᠢᠨ ᠬᠠᠮᠠᠭᠠᠯᠠᠯᠲᠠ ᠶᠢ ᠬᠢᠨᠠᠨ ᠬᠡᠮᠵᠢᠬᠦ ᠠᠵᠢᠯ ᠢ ᠦᠨᠡᠨᠬᠦ ᠰᠠᠶᠢᠲᠤᠷ ᠬᠢᠵᠦ᠂ | ᠬᠥᠷᠥᠰᠥ ᠰᠢᠷᠣᠶ ᠶᠢᠨ ᠢᠳᠡᠭᠳᠡᠯ ᠤᠨ ᠬᠥᠳᠡᠯᠦᠯ ᠪᠠᠶᠢᠳᠠᠯ ᠢ ᠬᠢᠨᠠᠨ ᠡᠵᠡᠮᠳᠡᠬᠦ ᠶᠢ ᠴᠢᠩᠭᠠᠳᠬᠠᠬᠤ ᠶᠢᠨ ᠬᠠᠮᠲᠤ | ᠲᠣᠭᠲᠠᠭᠠᠯ ᠶᠣᠰᠣᠭᠠᠷ ᠮᠠᠨ ᠤ ᠲᠢᠩᠬᠢᠮ ᠵᠢᠴᠢ ᠪᠤᠭᠤᠲᠤ ᠬᠤᠲᠠ ᠶᠢᠨ ᠤᠰᠤᠨ ᠤ ᠶᠠᠪᠤᠳᠠᠯ ᠤᠨ ᠲᠣᠪᠴᠢᠶ᠎ᠠ ᠳᠤ | ᠬᠢᠨᠠᠨ ᠬᠡᠮᠵᠢᠬᠦ ᠤᠯᠠᠷᠢᠯ ᠤᠨ ᠮᠡᠳᠡᠭᠦᠯᠦᠯᠲᠡ ᠵᠢᠴᠢ ᠳ᠋ᠦᠩᠨᠡᠯᠲᠡ ᠶᠢᠨ ᠮᠡᠳᠡᠭᠦᠯᠦᠯᠲᠡ ᠪᠠᠨ ᠳᠡᠪᠰᠢᠭᠦᠯᠦᠨ | ᠲᠤᠰᠢᠶᠠᠨ᠎ᠠ᠃ | ︵ᠳᠥᠷᠪᠡ︶ ᠬᠥᠷᠥᠰᠥ ᠰᠢᠷᠣᠶ ᠶᠢ ᠬᠠᠮᠠᠭᠠᠯᠠᠬᠤ ᠬᠢᠨᠠᠯᠲᠠ ᠬᠠᠮᠢᠶᠠᠷᠤᠯᠲᠠ ᠶᠢᠨ ᠠᠵᠢᠯ ᠢ | ᠨᠠᠶᠢᠳᠠᠪᠤᠷᠢᠵᠢᠭᠤᠯᠬᠤ ᠶᠢᠨ ᠬᠠᠮᠲᠤ ᠰᠠᠶᠢᠲᠤᠷ ᠬᠢᠵᠦ᠂ ᠬᠥᠷᠥᠰᠥ ᠰᠢᠷᠣᠶ ᠶᠢ ᠬᠠᠮᠠᠭᠠᠯᠠᠬᠤ ᠪᠠᠷᠢᠯᠭ᠎ᠠ ᠶᠢᠨ ᠪᠦᠲᠦᠭᠡᠨ | ᠪᠠᠶᠢᠭᠤᠯᠤᠯᠲᠠ ᠶᠢᠨ ᠶᠠᠰᠤ ᠴᠢᠨᠠᠷ ᠪᠣᠯᠤᠨ ᠠᠬᠢᠴᠠ ᠶᠢ ᠦᠨᠡᠨᠬᠦ ᠪᠠᠲᠤᠯᠠᠬᠤ ᠬᠡᠷᠡᠭᠲᠡᠶ᠃ | ᠭᠤᠷᠪᠠ᠂ ᠡᠵᠡᠨ ᠮᠡᠳᠡᠵᠦ ᠰᠢᠯᠭᠠᠨ ᠠᠪᠬᠤ ᠳᠤ ᠬᠥᠷᠥᠰᠥ ᠰᠢᠷᠣᠶ ᠶᠢ ᠬᠠᠮᠠᠭᠠᠯᠠᠬᠤ ᠬᠠᠤᠯᠢ ᠴᠠᠭᠠᠵᠠ ᠬᠠᠤᠯᠢ | ᠲᠣᠭᠲᠠᠭᠠᠯ᠂ ᠪᠠᠷᠢᠮᠵᠢᠶ᠎ᠠ ᠶᠢᠨ ᠵᠢᠷᠤᠮᠵᠢᠯ᠂ ᠬᠥᠷᠥᠰᠥ ᠰᠢᠷᠣᠶ ᠶᠢ ᠬᠠᠮᠠᠭᠠᠯᠠᠬᠤ ᠲᠥᠰᠦᠯ ᠵᠢᠴᠢ ᠲᠤᠰ ᠬᠢᠨᠠᠨ | ᠵᠥᠪᠰᠢᠶᠡᠷᠡᠭᠰᠡᠨ ᠲᠣᠭᠲᠠᠭᠠᠯ᠂ ᠬᠥᠷᠥᠰᠥ ᠰᠢᠷᠣᠶ ᠶᠢ ᠬᠠᠮᠠᠭᠠᠯᠠᠬᠤ ᠵᠠᠯᠭᠠᠮᠵᠢ ᠵᠢᠷᠤᠭ ᠲᠥᠯᠥᠪᠯᠡᠭᠡ ᠵᠡᠷᠭᠡ ᠶᠢ | ᠦᠨᠳᠦᠰᠦᠯᠡᠨ ᠶᠠᠪᠤᠭᠳᠠᠭᠤᠯᠵᠤ᠂ ᠬᠥᠷᠥᠰᠥ ᠰᠢᠷᠣᠶ ᠶᠢ ᠬᠠᠮᠠᠭᠠᠯᠠᠬᠤ ᠪᠡᠯᠡᠳᠬᠡᠮᠵᠢ ᠶᠢᠨ ᠰᠢᠯᠭᠠᠨ ᠠᠪᠬᠤ ᠪᠠᠷᠢᠮᠵᠢᠶ᠎ᠠ | ᠪᠣᠯᠤᠨ ᠨᠥᠬᠦᠴᠡᠯ ᠢ ᠴᠢᠩᠭ᠎ᠠ ᠬᠡᠷᠡᠭᠵᠢᠭᠦᠯᠬᠦ ᠬᠡᠷᠡᠭᠲᠡᠶ᠃ ᠬᠥᠷᠥᠰᠥ ᠰᠢᠷᠣᠶ ᠶᠢ ᠬᠠᠮᠠᠭᠠᠯᠠᠬᠤ ᠪᠡᠯᠡᠳᠬᠡᠮᠵᠢ ᠶᠢ | ᠪᠡᠶ᠎ᠡ ᠪᠠᠨ ᠳᠠᠭᠠᠭᠠᠵᠤ ᠰᠢᠯᠭᠠᠨ ᠠᠪᠬᠤ ᠳᠤ ᠬᠢᠷᠢ ᠲᠡᠩᠴᠡᠭᠰᠡᠨ ᠤ ᠳᠠᠷᠠᠭ᠎ᠠ ᠴᠠᠭ ᠲᠤᠬᠠᠶ ᠳᠤᠨᠢ ᠨᠡᠶᠢᠲᠡ ᠳᠤ | ᠵᠠᠷᠯᠠᠵᠤ᠂ ᠨᠡᠶᠢᠲᠡ ᠳᠤ ᠵᠠᠷᠯᠠᠬᠤ ᠴᠠᠭ ᠬᠤᠭᠤᠴᠠᠭ᠎ᠠ ᠶᠢ 20 ᠠᠵᠢᠯᠯᠠᠬᠤ ᠡᠳᠦᠷ ᠠᠴᠠ ᠳᠤᠲᠠᠭᠤ ᠪᠠᠶᠢᠯᠭᠠᠵᠤ | ᠪᠣᠯᠬᠤ ᠦᠭᠡᠶ︔ ᠬᠥᠷᠥᠰᠥ ᠰᠢᠷᠣᠶ ᠶᠢ ᠬᠠᠮᠠᠭᠠᠯᠠᠬᠤ ᠲᠥᠬᠦᠭᠡᠷᠦᠮᠵᠢ ᠶᠢ ᠪᠡᠶ᠎ᠡ ᠪᠠᠨ ᠳᠠᠭᠠᠭᠠᠵᠤ ᠰᠢᠯᠭᠠᠨ | ᠠᠪᠤᠭᠰᠠᠨ ᠤ ᠳᠠᠷᠠᠭ᠎ᠠ 3 ᠰᠠᠷ᠎ᠠ ᠶᠢᠨ ᠳᠣᠲᠣᠷ᠎ᠠ ᠮᠠᠨ ᠤ ᠲᠢᠩᠬᠢᠮ ᠳᠤ ᠮᠡᠳᠡᠭᠦᠯᠦᠨ ᠳᠠᠩᠰᠠᠯᠠᠭᠤᠯᠤᠨ᠎ᠠ︔ ᠬᠥᠷᠥᠰᠥ | ᠰᠢᠷᠣᠢ ᠶᠢ ᠬᠠᠮᠠᠭᠠᠯᠠᠬᠤ ᠲᠥᠬᠦᠭᠡᠷᠦᠮᠵᠢ ᠶᠢ ᠰᠢᠯᠭᠠᠨ ᠠᠪᠤᠭᠰᠠᠨ ᠦᠭᠡᠢ ᠪᠤᠶᠤ ᠰᠢᠯᠭᠠᠨ ᠠᠪᠬᠤ ᠳᠤ ᠬᠢᠷᠢ | ᠲᠡᠩᠴᠡᠭᠰᠡᠨ ᠦᠭᠡᠢ ᠪᠠᠶᠢᠪᠠᠯ᠂ ᠠᠰᠢᠭᠯᠠᠯᠲᠠ ᠳᠤ ᠣᠷᠣᠭᠤᠯᠤᠨ ᠬᠡᠷᠡᠭᠯᠡᠵᠦ ᠪᠣᠯᠬᠤ ᠦᠭᠡᠢ᠃ | ᠳᠥᠷᠪᠡ᠂ ᠲᠤᠰ ᠲᠥᠷᠥᠯ ᠵᠦᠢᠯ ᠪᠣᠯ ︽ᠬᠥᠷᠥᠰᠥ ᠰᠢᠷᠣᠶ ᠶᠢ ᠬᠠᠮᠠᠭᠠᠯᠠᠬᠤ ᠲᠥᠰᠦᠯ ᠢ | ᠵᠥᠪᠰᠢᠶᠡᠷᠡᠭᠡᠳᠦᠶ ᠪᠠᠷ ᠤᠷᠢᠳᠠᠪᠠᠷ ᠬᠤᠪᠢᠷᠠᠭᠤᠯᠬᠤ︾ ᠲᠥᠷᠥᠯ ᠵᠦᠢᠯ ᠳᠤ ᠬᠠᠷᠢᠶᠠᠯᠠᠭᠳᠠᠬᠤ ᠪᠣᠯᠬᠤᠷ | ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠨᠢᠭᠡᠴᠢ ᠰᠤᠷᠭᠠᠮᠵᠢ ᠠᠪᠴᠤ᠂ ᠬᠥᠷᠥᠰᠥ ᠰᠢᠷᠣᠶ ᠶᠢ ᠬᠠᠮᠠᠭᠠᠯᠠᠬᠤ | ᠬᠠᠤᠯᠢ ᠶᠢ ᠴᠢᠩᠭ᠎ᠠ ᠬᠡᠷᠡᠭᠵᠢᠭᠦᠯᠵᠦ᠂ ᠬᠥᠷᠥᠰᠥ ᠰᠢᠷᠣᠶ ᠶᠢ ᠬᠠᠮᠠᠭᠠᠯᠠᠬᠤ ᠵᠠᠯᠭᠠᠮᠵᠢ ᠠᠵᠢᠯ ᠢ ᠰᠠᠶᠢᠲᠤᠷ ᠬᠢᠬᠦ | ᠬᠡᠷᠡᠭᠲᠡᠶ᠃ ᠪᠤᠭᠤᠲᠤ ᠬᠤᠲᠠ ᠶᠢᠨ ᠤᠰᠤᠨ ᠤ ᠶᠠᠪᠤᠳᠠᠯ ᠤᠨ ᠲᠣᠪᠴᠢᠶ᠎ᠠ᠂ ᠳᠠᠷᠬᠠᠨ ᠮᠤᠤᠮᠢᠩᠭᠠᠨ ᠬᠤᠯᠪᠣᠭᠠᠲᠤ | ᠬᠤᠰᠢᠭᠤᠨ ᠤ ᠤᠰᠤᠨ ᠤ ᠶᠠᠪᠤᠳᠠᠯ ᠤᠨ ᠲᠣᠪᠴᠢᠶ᠎ᠠ᠂ ᠪᠠᠶ᠋ᠬᠠᠤᠪᠤᠭ᠎ᠠ ᠠᠭᠤᠷᠬᠠᠶ ᠶᠢᠨ ᠲᠣᠭᠤᠷᠢᠭ ᠤᠨ ᠤᠰᠤᠨ ᠤ | ᠶᠠᠪᠤᠳᠠᠯ ᠤᠨ ᠲᠣᠪᠴᠢᠶ᠎ᠠ ᠲᠣᠰ ᠲᠥᠷᠥᠯ ᠵᠦᠢᠯ ᠤᠨ ᠬᠥᠷᠥᠰᠥ ᠰᠢᠷᠣᠶ ᠶᠢᠨ ᠬᠠᠮᠠᠭᠠᠯᠠᠯᠲᠠ ᠳᠤ ᠬᠢᠨᠠᠯᠲᠠ ᠲᠠᠯᠪᠢᠵᠤ | ᠪᠠᠶᠢᠴᠠᠭᠠᠬᠤ ᠠᠵᠢᠯ ᠢᠶᠠᠨ ᠴᠢᠩᠭᠠᠳᠬᠠᠵᠤ᠂ ᠬᠥᠷᠥᠰᠥ ᠰᠢᠷᠣᠶ ᠶᠢᠨ ᠢᠳᠡᠭᠳᠡᠯ ᠣᠷᠣᠰᠢᠵᠤ ᠪᠠᠶᠢᠬᠤ ᠡᠰᠡᠬᠦ ᠶᠢ | ᠪᠠᠶᠢᠴᠠᠭᠠᠵᠤ᠂ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ | ᠰᠢᠢᠳᠪᠦᠷᠢᠯᠡᠬᠦ ᠬᠡᠷᠡᠭᠲᠡᠶ᠃ | | ᠳᠠᠭᠠᠯᠳᠤᠭᠤᠯᠤᠯ᠄ 1. ︽ᠤᠯᠤᠰ ᠤᠨ ᠵᠠᠮ ᠤᠨ 335 ᠱᠤᠭᠤᠮ ᠤᠨ ᠪᠠᠶ᠋ᠬᠠᠤᠪᠤᠭ᠎ᠠ ᠠᠴᠠ ᠮᠢᠩᠭᠠᠨ ᠪᠠᠯᠭᠠᠰᠤ | ᠬᠦᠷᠬᠦ ︵ᠭᠦᠨ ᠬᠤᠳᠳᠤᠭ︶ ᠬᠡᠰᠡᠭ ᠤᠨ ᠵᠠᠰᠠᠮᠠᠯ ᠵᠠᠮ ᠤᠨ ᠪᠠᠷᠢᠯᠭ᠎ᠠ ᠶᠢᠨ ᠬᠥᠷᠥᠰᠥ ᠰᠢᠷᠣᠶ ᠶᠢ ᠬᠠᠮᠠᠭᠠᠯᠠᠬᠤ | ᠲᠥᠰᠦᠯ ᠳᠤ ᠵᠠᠰᠠᠪᠤᠷᠢ ᠣᠷᠣᠭᠤᠯᠤᠭᠰᠠᠨ ᠮᠡᠳᠡᠭᠦᠯᠦᠯᠲᠡ ᠶᠢᠨ ᠪᠢᠴᠢᠭ︾ ᠤᠨ ᠮᠡᠷᠭᠡᠵᠢᠯ ᠤᠨ ᠬᠢᠨᠠᠨ | ᠪᠠᠶᠢᠴᠠᠭᠠᠯᠲᠠ ᠶᠢᠨ ᠰᠠᠨᠠᠯ ᠢ ᠮᠡᠳᠡᠭᠦᠯᠦᠨ ᠬᠦᠷᠭᠡᠬᠦ ᠲᠤᠬᠠᠶ ᠮᠡᠳᠡᠭᠦᠯᠦᠯᠲᠡ ﹇ 2023﹈ 112 ᠳ᠋ᠤᠭᠠᠷ ᠲᠣᠭᠠᠲᠤ | 2.ᠤᠰᠤᠨ ᠤ ᠬᠠᠮᠠᠭᠠᠯᠠᠯᠲᠠ ᠶᠢᠨ ᠲᠥᠰᠦᠯ ᠤᠯᠤᠰ ᠤᠨ ᠵᠠᠮ ᠤᠨ 335 ᠳ᠋ᠤᠭᠠᠷ ᠱᠤᠭᠤᠮ ᠤᠨ | ᠪᠠᠶ᠋ᠬᠠᠤᠪᠤᠭ᠎ᠠ ᠠᠴᠠ ᠮᠢᠩᠬᠠᠨ ᠪᠠᠯᠭᠠᠰᠤ ᠬᠦᠷᠲᠡᠯᠡᠬᠢ ᠬᠡᠰᠡᠭ ᠤᠨ ᠵᠠᠰᠠᠮᠠᠯ ᠵᠠᠮ ᠤᠨ ᠢᠨᠵᠧᠨᠧᠷᠢᠩ ᠤᠨ ᠬᠥᠷᠥᠰᠥ | ᠰᠢᠷᠣᠶ ᠶᠢ ᠬᠠᠮᠠᠭᠠᠯᠠᠬᠤ ᠲᠥᠰᠦᠯ ᠳᠤ ᠵᠠᠰᠠᠪᠤᠷᠢ ᠣᠷᠣᠭᠤᠯᠤᠭᠰᠠᠨ ᠮᠡᠳᠡᠭᠦᠯᠦᠯᠲᠡ ᠶᠢᠨ ᠪᠢᠴᠢᠭ ︵ | ᠮᠡᠳᠡᠭᠦᠯᠦᠯᠲᠡ ᠶᠢᠨ ᠵᠢᠩᠬᠢᠨᠢ ᠪᠢᠴᠢᠭ ᠤᠨ ᠲᠠᠮᠠᠭ᠎ᠠ ᠳᠠᠷᠤᠭᠰᠠᠨ ᠰᠢᠷᠪᠢᠯᠲᠡ ᠶᠢᠨ ᠨᠢᠭᠡᠴᠢ ᠦᠨ᠎ᠡ ᠶᠢᠨ | ᠵᠠᠳᠠᠯᠤᠯᠲᠠ ᠶᠢᠨ ᠬᠦᠰᠦᠨᠦᠭᠲᠦ︶ | | 2023 ᠣᠨ ᠤ 6 ᠳ᠋ᠤᠭᠠᠷ ᠰᠠᠷ᠎ᠠ ᠶᠢᠨ 26 ᠤ ᠡᠳᠦᠷ | | |