2023 ᠣᠨ ᠤ ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢᠨ ᠶᠠᠰᠤ ᠴᠢᠨᠠᠷ ᠤᠨ ᠨᠢᠰᠦᠯᠲᠡ ᠶᠢ ᠰᠢᠯᠭᠠᠨ ᠪᠠᠶᠢᠴᠠᠭᠠᠬᠤ ᠠᠵᠢᠯ ᠢ ᠥᠷᠨᠢᠭᠦᠯᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠮᠡᠳᠡᠭᠳᠡᠯ
ᠨᠡᠶᠢᠲᠡᠯᠡᠭᠰᠡᠨ ᠴᠠᠭ᠄
2023/6/29
  ᠬᠡᠯᠬᠢᠶᠡᠰᠦᠨ ᠨᠣᠮᠧᠷ᠄ 000014348/2023 — 02923  ᠭᠤᠣᠯ ᠰᠡᠳᠦᠪ ᠤᠨ ᠠᠩᠭᠢᠯᠠᠯ᠄ ᠤᠰᠤᠨ ᠠᠰᠢᠭᠯᠠᠯᠲᠠ  ᠨᠡᠶᠢᠲᠡᠯᠡᠭᠰᠡᠨ ᠪᠠᠶᠢᠭᠤᠯᠤᠮᠵᠢ᠄ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ  ᠪᠢᠴᠢᠭ ᠤᠨ ᠳ᠋ᠤᠭᠠᠷ᠄ ᠦᠪᠦᠷ ᠤᠰᠤᠨ ᠤ ᠪᠠᠶᠢᠭᠤᠯᠤᠯᠲᠠ ﹇2023﹈ 113 ᠳ᠋ᠤᠭᠠᠷ ᠲᠣᠭᠠᠲᠤ  ᠪᠢᠴᠢᠭᠳᠡᠭᠰᠡᠨ ᠡᠳᠦᠷ ᠬᠤᠭᠤᠴᠠᠭ᠎ᠠ᠄ 2023 — 05 – 23  ᠠᠯᠪᠠᠨ ᠪᠢᠴᠢᠭ ᠤᠨ ᠬᠦᠴᠦᠨ ᠲᠠᠢ ᠬᠤᠭᠤᠴᠠᠭ᠎ᠠ᠄   ᠡᠯ᠎ᠡ ᠠᠶᠢᠮᠠᠭ ᠬᠤᠲᠠ ᠶᠢᠨ ᠤᠰᠤᠨ ᠠᠰᠢᠭᠯᠠᠯᠲᠠ ︵ᠤᠰᠤᠨ ᠤ ᠶᠠᠪᠤᠳᠠᠯ︶᠎ ᠶᠢᠨ ᠲᠣᠪᠴᠢᠶ᠎ᠠ᠂ ᠮᠠᠨᠵᠤᠤᠷ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠤᠰᠤᠨ ᠠᠰᠢᠭᠯᠠᠯᠲᠠ ᠶᠢᠨ ᠲᠣᠪᠴᠢᠶ᠎ᠠ᠂ ᠡᠷᠢᠶᠡᠨ ᠬᠤᠲᠠ ᠶᠢᠨ ᠲᠠᠷᠢᠶᠠᠯᠠᠩ ᠮᠠᠯ ᠠᠵᠤ ᠠᠬᠤᠶ ᠪᠠ ᠤᠰᠤᠨ ᠤ ᠶᠠᠪᠤᠳᠠᠯ ᠤᠨ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢᠨ ᠶᠠᠰᠤ ᠴᠢᠨᠠᠷ ᠬᠢᠭᠡᠳ ᠠᠶᠤᠯ ᠥᠬᠡᠶ ᠳᠤ ᠬᠢᠨᠠᠯᠲᠠ ᠲᠠᠯᠪᠢᠬᠤ ᠦᠢᠯᠡᠴᠢᠯᠡᠭᠡᠨ ᠤ ᠲᠥᠪ᠂ ᠥᠪᠥᠷ ᠮᠣᠩᠭᠤᠯ ᠤᠨ ᠤᠰᠤᠨ ᠤ ᠶᠠᠪᠤᠳᠠᠯ ᠤᠨ ᠪᠠᠯᠠ ᠣᠷᠣᠭᠤᠯᠤᠯᠲᠠ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ᠳᠤ᠄  ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢᠨ ᠬᠦᠷᠢᠶ᠎ᠡ ᠴᠠᠷᠠᠭ᠎ᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠭᠤᠷᠪᠠᠨ ᠵᠢᠯ ᠤᠨ ᠠᠵᠢᠯᠯᠠᠭ᠎ᠠ ᠶᠢᠨ ᠬᠡᠷᠡᠭᠵᠢᠭᠦᠯᠬᠦ ᠲᠥᠰᠦᠯ︾ ︵ᠦᠪᠦᠷ ᠤᠰᠤᠨ ᠤ ᠪᠠᠶᠢᠭᠤᠯᠤᠯᠲᠠ ﹇2023﹈ 77 ᠳ᠋ᠤᠭᠠᠷ ᠲᠣᠭᠠᠲᠤ︶᠎ ᠢ ᠤᠯᠠᠮ ᠨᠢᠭᠡ ᠠᠯᠬᠤᠮ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠮᠠᠨ ᠤ ᠣᠷᠣᠨ ᠤ ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢᠨ ᠴᠢᠨᠠᠷ ᠰᠠᠶᠢᠲᠠᠶ ᠬᠥᠭᠵᠢᠯᠲᠡ ᠶᠢ ᠦᠨᠡᠨᠬᠦ ᠠᠬᠢᠭᠤᠯᠬᠤ ᠶᠢᠨ ᠲᠤᠰᠠᠳᠠ᠂ ᠮᠠᠨ ᠤ ᠲᠢᠩᠬᠢᠮ ᠠᠴᠠ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢᠨ ᠶᠠᠰᠤ ᠴᠢᠨᠠᠷ ᠬᠢᠭᠡᠳ ᠠᠮᠤᠷ ᠲᠦᠪᠰᠢᠨ ᠳᠤ ᠬᠢᠨᠠᠯᠲᠠ ᠲᠠᠯᠪᠢᠬᠤ ᠦᠢᠯᠡᠴᠢᠯᠡᠭᠡᠨ ᠤ ᠲᠥᠪ ︵ᠳᠣᠷᠣᠭᠰᠢ ᠥᠪᠡᠷᠲᠡᠭᠡᠨ ᠵᠠᠰᠠᠬᠤ ᠣᠷᠣᠨ ᠤ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ ᠲᠥᠪ ᠭᠡᠵᠦ ᠲᠣᠪᠴᠢᠯᠠᠨ᠎ᠠ︶᠎ ᠲᠤ ᠨᠠᠶᠢᠳᠠᠵᠤ 2022 ᠣᠨ ᠤ ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢᠨ ᠶᠠᠰᠤ ᠴᠢᠨᠠᠷ ᠤᠨ ᠨᠢᠰᠦᠯᠲᠡ ᠶᠢᠨ ᠪᠠᠶᠢᠴᠠᠭᠠᠨ ᠬᠡᠮᠵᠢᠬᠦ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢᠨ ᠶᠠᠰᠤ ᠴᠢᠨᠠᠷ ᠢ ᠨᠢᠰᠬᠡᠯ ᠢᠶᠠᠷ ᠪᠠᠶᠢᠴᠠᠭᠠᠬᠤ ᠠᠵᠢᠯ ᠢ ᠰᠠᠶᠢᠲᠤᠷ ᠬᠢᠬᠦ ᠶᠢᠨ ᠲᠤᠰᠠᠳᠠ᠂ ᠡᠳᠦᠭᠡ ᠬᠤᠯᠪᠣᠭᠳᠠᠯ ᠪᠥᠬᠦᠶ ᠵᠦᠢᠯᠡᠰ ᠢ ᠳᠤᠤᠷᠠᠬᠢ ᠮᠡᠲᠦ ᠮᠡᠳᠡᠭᠳᠡᠪᠡ᠄  ᠨᠢᠭᠡ᠂ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ᠠᠭᠠᠷ ᠤᠨ ᠪᠠᠶᠢᠴᠠᠭᠠᠯᠲᠠ ᠶᠢᠨ ᠠᠵᠢᠯ ᠳᠤ ᠢᠳᠡᠪᠬᠢᠲᠡᠶ ᠬᠠᠮᠵᠢᠯᠴᠠᠬᠤ ᠬᠡᠷᠡᠭᠲᠡᠶ᠃  ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠶᠠᠰᠤ ᠴᠢᠨᠠᠷ ᠤᠨ ᠨᠢᠰᠦᠯᠲᠡ ᠶᠢ ᠪᠠᠶᠢᠴᠠᠭᠠᠨ ᠬᠡᠮᠵᠢᠬᠦ ᠠᠵᠢᠯ ᠪᠣᠯ ︽ᠭᠤᠷᠪᠠᠨ ᠵᠢᠯ ᠤᠨ ᠠᠵᠢᠯᠯᠠᠭ᠎ᠠ︾᠎ ᠶᠢᠨ ᠴᠢᠬᠤᠯᠠ ᠠᠭᠤᠯᠭ᠎ᠠ ᠪᠣᠯᠬᠤ ᠪᠥᠭᠡᠳ ᠪᠠᠰᠠ ᠴᠤ ᠮᠠᠨ ᠤ ᠣᠷᠣᠨ ᠤ ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠴᠢᠬᠤᠯᠠ ᠠᠷᠭ᠎ᠠ ᠪᠠᠷᠢᠯ ᠪᠣᠯᠤᠨ᠎ᠠ᠂ ᠡᠯ᠎ᠡ ᠠᠶᠢᠮᠠᠭ ᠬᠤᠲᠠ ᠪᠣᠯᠤᠨ ᠡᠯ᠎ᠡ ᠬᠤᠯᠪᠣᠭᠳᠠᠯ ᠪᠦᠬᠦᠢ ᠨᠢᠭᠡᠴᠢ ᠨᠦᠭᠦᠳ ᠲᠤᠰ ᠵᠢᠯ ᠤᠨ ᠲᠤᠰ ᠠᠵᠢᠯ ᠢ ᠰᠠᠶᠢᠲᠤᠷ ᠬᠢᠬᠦ ᠶᠢᠨ ᠴᠢᠬᠤᠯᠠ ᠠᠴᠢ ᠬᠤᠯᠪᠣᠭᠳᠠᠯ ᠢ ᠭᠦᠢᠴᠡᠳ ᠲᠠᠨᠢᠵᠤ᠂ ᠥᠪᠡᠷᠲᠡᠭᠡᠨ ᠵᠠᠰᠠᠬᠤ ᠣᠷᠣᠨ ᠤ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ ᠲᠥᠪ ᠤᠨ ᠠᠵᠢᠯ ᠳᠤ ᠢᠳᠡᠪᠬᠢᠲᠡᠶ ᠬᠠᠮᠵᠢᠯᠴᠠᠨ᠂ ᠠᠵᠢᠯ ᠤᠨ ᠪᠣᠳᠠᠲᠤ ᠦᠷ᠎ᠡ ᠪᠦᠲᠦᠮᠵᠢ ᠣᠯᠬᠤ ᠶᠢ ᠦᠨᠡᠨᠬᠦ ᠪᠠᠲᠤᠯᠠᠬᠤ ᠬᠡᠷᠡᠭᠲᠡᠶ᠃  ᠬᠤᠶᠠᠷ᠂ ᠰᠤᠭᠤᠴᠢᠨ ᠪᠠᠶᠢᠴᠠᠭᠠᠬᠤ ᠬᠦᠷᠢᠶ᠎ᠡ ᠬᠡᠪᠴᠢᠶ᠎ᠡ  2023 ᠣᠨ ᠤ ᠶᠠᠰᠤ ᠴᠢᠨᠠᠷ ᠤᠨ ᠨᠢᠰᠬᠡᠯ ᠢᠶᠠᠷ ᠪᠠᠶᠢᠴᠠᠭᠠᠬᠤ ᠠᠵᠢᠯ ᠢ ᠲᠤᠷᠰᠢᠯᠲᠠ ᠶᠢᠨ ᠴᠡᠭ ᠪᠣᠯᠭᠠᠵᠤ᠂ ᠠᠶᠢᠮᠠᠭ ᠬᠤᠲᠠ ᠨᠢᠭᠡᠪᠦᠷᠢ ᠳᠤ 12 ᠲᠥᠷᠥᠯ ᠵᠦᠢᠯ ᠢ ᠰᠤᠭᠤᠴᠢᠨ ᠪᠠᠶᠢᠴᠠᠭᠠᠨ᠎ᠠ᠂ ᠡᠭᠦᠨ ᠳᠤ ᠭᠤᠤᠯᠳᠠᠭᠤ ᠭᠤᠤᠯ ᠤᠨ ᠵᠠᠮ ᠢ ᠵᠠᠰᠠᠬᠤ᠂ ᠠᠶᠤᠯ ᠭᠡᠮ ᠲᠠᠢ ᠤᠰᠤᠨ ᠴᠥᠭᠦᠷᠥᠮ ᠤᠨ ᠠᠶᠤᠯ ᠢ ᠠᠷᠢᠯᠭᠠᠨ ᠪᠠᠬᠢᠵᠢᠭᠦᠯᠬᠦ ᠵᠡᠷᠭᠡ ᠪᠠᠶᠢᠭᠤᠯᠵᠤ ᠪᠠᠶᠢᠭ᠎ᠠ ᠤᠰᠤᠨ ᠠᠰᠢᠭᠯᠠᠯᠲᠠ ᠶᠢᠨ ᠪᠠᠷᠢᠯᠭ᠎ᠠ ᠪᠠᠭᠲᠠᠨ᠎ᠠ᠃  ᠭᠤᠷᠪᠠ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭᠠᠷᠠᠭᠤᠯᠵᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠰᠠᠶᠢᠲᠤᠷ ᠠᠳᠬᠤᠬᠤ ᠬᠡᠷᠡᠭᠲᠡᠶ᠃  ᠥᠪᠡᠷᠲᠡᠭᠡᠨ ᠵᠠᠰᠠᠬᠤ ᠣᠷᠣᠨ ᠤ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ ᠲᠥᠪ ᠨᠢ ᠲᠠᠨ ᠤ ᠲᠥᠪ ᠤᠨ ᠨᠠᠶᠢᠷᠠᠭᠤᠯᠤᠨ ᠵᠣᠬᠢᠶᠠᠭᠰᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠶᠠᠰᠤ ᠴᠢᠨᠠᠷ ᠤᠨ ᠨᠢᠰᠦᠯᠲᠡ ᠶᠢ ᠪᠠᠶᠢᠴᠠᠭᠠᠨ ᠰᠢᠨᠵᠢᠬᠦ ᠶᠢᠨ ᠬᠡᠷᠡᠭᠵᠢᠭᠦᠯᠬᠦ ᠠᠷᠭ᠎ᠠ︾᠎ ᠶᠢ ᠦᠨᠳᠦᠰᠦᠯᠡᠨ᠂ ᠲᠣᠰ ᠠᠵᠢᠯ ᠢ ᠨᠢᠮᠪᠠᠶ ᠵᠣᠬᠢᠶᠠᠨ ᠪᠠᠶᠢᠭᠤᠯᠵᠤ᠂ ᠶᠠᠰᠤ ᠴᠢᠨᠠᠷ ᠢ ᠪᠠᠲᠤᠯᠠᠨ ᠲᠣᠰ ᠠᠵᠢᠯ ᠢ ᠪᠡᠶᠡᠯᠡᠭᠦᠯᠬᠦ ᠶᠢᠨ ᠬᠠᠮᠲᠤ᠂ ᠨᠢᠰᠦᠯᠲᠡ ᠶᠢ ᠪᠠᠶᠢᠴᠠᠭᠠᠨ ᠰᠢᠨᠵᠢᠬᠦ ᠡᠬᠡ ᠲᠠᠩᠰᠠ ᠪᠠᠶᠢᠭᠤᠯᠵᠤ᠂ ᠪᠠᠶᠢᠴᠠᠭᠠᠨ ᠰᠢᠨᠵᠢᠭᠰᠡᠨ ᠦᠷ᠎ᠡ ᠳ᠋ᠦᠩ ᠢᠶᠠᠨ ᠤᠰᠤᠨ ᠠᠰᠢᠭᠯᠠᠯᠲᠠ ᠶᠢᠨ ᠲᠢᠩᠬᠢᠮ ᠤᠨ ᠪᠥᠲᠥᠭᠡᠨ ᠪᠠᠶᠢᠭᠤᠯᠤᠯᠲᠠ ᠶᠢᠨ ᠭᠠᠵᠠᠷ ᠲᠤ ᠮᠡᠳᠡᠭᠦᠯᠦᠨ᠎ᠡ᠃ ᠪᠥᠲᠥᠭᠡᠨ ᠪᠠᠶᠢᠭᠤᠯᠤᠯᠲᠠ ᠶᠢᠨ ᠭᠠᠵᠠᠷ ᠤᠨ ᠬᠢᠨ ᠠᠰᠠᠭᠤᠳᠠᠯ ᠤᠨ ᠬᠦᠨᠳᠦ ᠨᠣᠴᠢᠲᠠᠶ ᠬᠡᠮᠵᠢᠶ᠎ᠡ ᠶᠢ ᠦᠵᠡᠵᠦ ᠪᠠᠶᠢᠭᠠᠳ ᠴᠡᠭᠴᠡᠯᠡᠨ ᠥᠭᠡᠷᠡᠴᠢᠯᠡᠬᠦ ᠮᠡᠳᠡᠭᠳᠡᠯ ᠳᠠᠷᠤᠮᠠᠯᠯᠠᠨ ᠲᠠᠷᠬᠠᠭᠠᠵᠤ᠂ ᠬᠤᠭᠤᠴᠠᠭ᠎ᠠ ᠲᠣᠭᠲᠠᠭᠠᠨ ᠴᠡᠭᠴᠡᠯᠡᠨ ᠥᠭᠡᠷᠡᠴᠢᠯᠡᠭᠦᠯᠦᠨ᠎ᠡ᠃  ᠳᠥᠷᠪᠡ᠂ ᠲᠣᠭᠲᠠᠭᠠᠯ ᠶᠣᠰᠣᠭᠠᠷ ᠪᠠᠶᠢᠴᠠᠭᠠᠨ ᠬᠡᠮᠵᠢᠵᠦ᠂ ᠪᠠᠶᠢᠴᠠᠭᠠᠨ ᠬᠡᠮᠵᠢᠬᠦ ᠶᠠᠰᠤ ᠴᠢᠨᠠᠷ ᠢ ᠦᠨᠡᠨᠬᠦ ᠪᠠᠲᠤᠯᠠᠬᠤ ᠬᠡᠷᠡᠭᠲᠡᠶ᠃ ᠨᠢᠰᠬᠡᠯ ᠢᠶᠠᠷ ᠰᠢᠯᠭᠠᠨ ᠪᠠᠶᠢᠴᠠᠭᠠᠬᠤ ᠶᠢ ᠳᠠᠭᠠᠭᠠᠨ ᠡᠭᠦᠷᠭᠡᠯᠡᠭᠰᠡᠨ ᠨᠢᠭᠡᠴᠢ ᠨᠦᠭᠦᠳ ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠶᠠᠰᠤ ᠴᠢᠨᠠᠷ ᠢ ᠰᠢᠯᠭᠠᠨ ᠪᠠᠶᠢᠴᠠᠭᠠᠬᠤ ᠳᠦᠷᠢᠮ ᠲᠣᠭᠲᠠᠭᠠᠯ ᠢ ᠴᠢᠩᠭ᠎ᠠ       ᠵᠢᠷᠤᠮᠯᠠᠨ᠂ ᠰᠢᠯᠭᠠᠨ ᠪᠠᠶᠢᠴᠠᠭᠠᠭᠰᠠᠨ ᠦᠷ᠎ᠡ ᠳ᠋ᠦᠩ ᠤᠨ ᠦᠨᠡᠨ ᠪᠣᠳᠠᠲᠠᠶ ᠪᠥᠭᠡᠳ ᠨᠠᠶᠢᠳᠠᠪᠤᠷᠢᠲᠠᠶ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ᠃ ᠥᠪᠡᠷᠲᠡᠭᠡᠨ ᠵᠠᠰᠠᠬᠤ ᠣᠷᠣᠨ ᠤ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ ᠲᠥᠪ ᠨᠢ ᠬᠢᠨᠠᠨ ᠵᠢᠯᠣᠭᠤᠳᠬᠤ  ᠦᠢᠯᠡᠴᠢᠯᠡᠭᠡᠨ ᠤ ᠠᠵᠢᠯ ᠢ ᠰᠠᠶᠢᠲᠤᠷ ᠬᠢᠵᠦ᠂ ᠠᠵᠢᠯ ᠤᠨ ᠤᠷᠤᠭᠰᠢᠲᠠᠶ ᠶᠠᠪᠤᠭᠳᠠᠬᠤ ᠶᠢ ᠦᠨᠡᠨᠬᠦ ᠪᠠᠲᠤᠯᠠᠨ᠎ᠠ᠃  ᠡᠯ᠎ᠡ ᠠᠶᠢᠮᠠᠭ ᠬᠤᠲᠠ ᠬᠠᠷᠢᠯᠴᠠᠬᠤ ᠬᠥᠮᠦᠨ ᠤ ᠨᠡᠷᠡᠰ ᠢ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠶᠠᠰᠤ ᠴᠢᠨᠠᠷ ᠬᠢᠭᠡᠳ ᠠᠶᠤᠯ ᠦᠭᠡᠶ ᠳᠤ ᠬᠢᠨᠠᠯᠲᠠ ᠲᠠᠯᠪᠢᠬᠤ ᠦᠢᠯᠡᠴᠢᠯᠡᠭᠡᠨ ᠤ ᠲᠥᠪ ᠲᠤ ᠮᠡᠳᠡᠭᠦᠯᠬᠦ ᠬᠡᠷᠡᠭᠲᠡᠶ᠃  ᠬᠠᠷᠢᠯᠴᠠᠬᠤ ᠬᠥᠮᠦᠨ ᠵᠢᠴᠢ ᠬᠠᠷᠢᠯᠴᠠᠬᠤ ᠠᠷᠭ᠎ᠠ ᠮᠠᠶ᠋ᠢᠭ  ᠤᠰᠤᠨ ᠠᠰᠢᠭᠯᠠᠯᠲᠠ ᠶᠢᠨ ᠲᠢᠩᠬᠢᠮ ᠤᠨ ᠪᠥᠲᠥᠭᠡᠨ ᠪᠠᠶᠢᠭᠤᠯᠤᠯᠲᠠ ᠶᠢᠨ ᠭᠠᠵᠠᠷ᠄ ᠸᠠᠩ ᠵᠢᠶᠠ ᠹᠦ᠋  ᠬᠠᠷᠢᠯᠴᠠᠬᠤ ᠤᠲᠠᠰᠤ᠄ ︵0471︶ 5259621  ᠥᠪᠡᠷᠲᠡᠭᠡᠨ ᠵᠠᠰᠠᠬᠤ ᠣᠷᠣᠨ ᠤ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ ᠲᠥᠪ᠄ ᠸᠧᠨ ᠢᠦᠶ  ᠬᠠᠷᠢᠯᠴᠠᠬᠤ ᠤᠲᠠᠰᠤ᠄ 18047454067  ᠡᠯᠧᠺᠲᠷᠣᠨ ᠰᠢᠦᠳᠠᠨ ᠬᠠᠶᠢᠷᠴᠠᠭ᠄ 635481795@qq.com  ᠳᠠᠭᠠᠯᠳᠤᠭᠤᠯᠤᠯ᠄ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠶᠠᠰᠤ ᠴᠢᠨᠠᠷ ᠨᠢᠰᠦᠯᠲᠡ ᠶᠢ ᠪᠠᠶᠢᠴᠠᠭᠠᠨ ᠰᠢᠨᠵᠢᠬᠦ ᠶᠢᠨ ᠬᠡᠷᠡᠭᠵᠢᠭᠦᠯᠬᠦ ᠠᠷᠭ᠎ᠠ︾᠎ ᠶᠢ ᠳᠠᠷᠤᠮᠠᠯᠯᠠᠨ ᠶᠠᠪᠤᠭᠤᠯᠬᠤ ᠲᠤᠬᠠᠶ ᠵᠠᠬᠢᠳᠠᠯ              2023 ᠣᠨ ᠤ 5 ᠳ᠋ᠤᠭᠠᠷ ᠰᠠᠷ᠎ᠠ ᠶᠢᠨ 23᠎ ᠤ ᠡᠳᠦᠷ

 

 

 
ᠢᠷᠡᠯᠲᠡ᠄ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号