ᠤᠯᠤᠰ ᠤᠨ ᠵᠠᠮ ᠤᠨ 335 ᠱᠤᠭᠤᠮ ᠤᠨ ᠪᠠᠶ᠋ᠬᠠᠤᠪᠤᠭ᠎ᠠ ᠠᠴᠠ ᠮᠢᠩᠭᠠᠨ ᠪᠠᠯᠭᠠᠰᠤ ᠬᠦᠷᠬᠦ ᠵᠠᠰᠠᠮᠠᠯ ᠵᠠᠮ ᠤᠨ ᠢᠨᠵᠧᠨᠧᠷᠢᠩ ᠤᠨ ᠬᠥᠷᠥᠰᠥ ᠰᠢᠷᠣᠶ ᠶᠢ ᠬᠠᠮᠠᠭᠠᠯᠠᠬᠤ ᠲᠥᠰᠦᠯ ᠳᠤ ᠵᠠᠰᠠᠪᠤᠷᠢ ᠣᠷᠣᠭᠤᠯᠬᠤ ᠮᠡᠳᠡᠭᠦᠯᠦᠯᠲᠡ ᠶᠢᠨ ᠪᠢᠴᠢᠭ ᠢ ᠬᠢᠨᠠᠨ ᠵᠥᠪᠰᠢᠶᠡᠷᠡᠵᠦ ᠵᠠᠰᠠᠭ ᠵᠠᠬᠢᠷᠭᠠᠨ ᠤ ᠵᠥᠪᠰᠢᠶᠡᠷᠡᠯ ᠥᠭᠬᠦ ᠲᠣᠭᠲᠠᠭᠠᠯ ᠤᠨ ᠪᠢᠴᠢᠭ
ᠨᠡᠶᠢᠲᠡᠯᠡᠭᠰᠡᠨ ᠴᠠᠭ᠄
2023/6/29
  ᠬᠡᠯᠬᠢᠶᠡᠰᠦᠨ ᠨᠣᠮᠧᠷ᠄ 000014348/2023 — 02913  ᠭᠤᠣᠯ ᠰᠡᠳᠦᠪ ᠤᠨ ᠠᠩᠭᠢᠯᠠᠯ᠄ ᠤᠰᠤᠨ ᠠᠰᠢᠭᠯᠠᠯᠲᠠ  ᠨᠡᠶᠢᠲᠡᠯᠡᠭᠰᠡᠨ ᠪᠠᠶᠢᠭᠤᠯᠤᠮᠵᠢ᠄ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ  ᠪᠢᠴᠢᠭ ᠤᠨ ᠳ᠋ᠤᠭᠠᠷ᠄ ᠦᠪᠦᠷ ᠤᠰᠤᠨ ᠤ ᠡᠬᠢ ᠪᠠᠶᠠᠯᠢᠭ ᠤᠨ ᠵᠦᠪᠰᠢᠶᠡᠷᠡᠯ ᠢᠶᠠᠷ ᠰᠢᠢᠳᠪᠦᠷᠢᠯᠡᠬᠦ          ﹇2023﹈ 45 ᠳ᠋ᠤᠭᠠᠷ ᠲᠣᠭᠠᠲᠤ  ᠪᠢᠴᠢᠭᠳᠡᠭᠰᠡᠨ ᠡᠳᠦᠷ ᠬᠤᠭᠤᠴᠠᠭ᠎ᠠ᠄ 2023 — 06 – 26  ᠠᠯᠪᠠᠨ ᠪᠢᠴᠢᠭ ᠤᠨ ᠬᠦᠴᠦᠨ ᠲᠠᠢ ᠬᠤᠭᠤᠴᠠᠭ᠎ᠠ᠄    335 ᠤᠯᠤᠰ ᠤᠨ ᠵᠠᠮ ᠤᠨ ᠪᠠᠶ᠋ᠬᠠᠤᠪᠤᠭ᠎ᠠ ᠠᠴᠠ ᠮᠢᠩᠭᠠᠨ ᠪᠠᠯᠭᠠᠰᠤ ᠬᠦᠷᠬᠦ ᠵᠠᠰᠠᠮᠠᠯ ᠵᠠᠮ ᠤᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠠᠯᠪᠠᠨ ᠭᠡᠷ ᠲᠤ᠄  ᠮᠠᠨ ᠤ ᠲᠢᠩᠬᠢᠮ 2023 ᠣᠨ ᠤ 5 ᠳ᠋ᠤᠭᠠᠷ ᠰᠠᠷ᠎ᠠ ᠶᠢᠨ 10 ᠤ ᠡᠳᠦᠷ ᠲᠠᠨ ᠤ ᠺᠣᠮᠫᠠᠨᠢ ᠶᠢᠨ ᠳᠤᠷᠠᠳᠤᠭᠰᠠᠨ ᠤᠯᠤᠰ ᠤᠨ ᠵᠠᠮ ᠤᠨ 335 ᠳ᠋ᠤᠭᠠᠷ ᠱᠤᠭᠤᠮ ᠤᠨ ᠪᠠᠶ᠋ᠬᠠᠤᠪᠤᠭ᠎ᠠ ᠠᠴᠠ ᠮᠢᠩᠭᠠᠨ ᠪᠠᠯᠭᠠᠰᠤ ᠬᠥᠷᠬᠦ ᠬᠡᠰᠡᠭ ᠤᠨ ᠵᠠᠰᠠᠮᠠᠯ ᠵᠠᠮ ᠤᠨ ᠪᠠᠷᠢᠯᠭ᠎ᠠ ᠶᠢᠨ ᠬᠥᠷᠥᠰᠥ ᠰᠢᠷᠣᠶ ᠶᠢ ᠬᠠᠮᠠᠭᠠᠯᠠᠬᠤ ᠲᠥᠰᠦᠯ ᠳᠤ ᠵᠠᠰᠠᠪᠤᠷᠢ ᠣᠷᠣᠭᠤᠯᠬᠤ ᠮᠡᠳᠡᠭᠦᠯᠦᠯᠲᠡ ᠶᠢᠨ ᠪᠢᠴᠢᠭ ᠢ ᠬᠢᠨᠠᠨ ᠵᠥᠪᠰᠢᠶᠡᠷᠡᠭᠦᠯᠬᠦ ᠭᠤᠶᠤᠴᠢᠯᠠᠯ ᠢ ᠭᠥᠯᠢᠶᠡᠨ ᠠᠪᠴᠤ ᠭᠦᠢᠴᠡᠳᠭᠡᠪᠡ᠂ ᠲᠣᠰ ᠭᠤᠶᠤᠴᠢᠯᠠᠯ ᠨᠢ ᠬᠠᠤᠯᠢ ᠳᠤ ᠲᠣᠭᠲᠠᠭᠠᠭᠰᠠᠨ ᠨᠥᠬᠦᠴᠡᠯ ᠳᠤ ᠨᠡᠶᠢᠴᠡᠵᠦ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠵᠥᠪᠰᠢᠶᠡᠷᠡᠯ ᠤᠨ ᠬᠠᠤᠯᠢ︾ ᠶᠢᠨ ᠭᠤᠴᠢᠨ ᠨᠠᠢᠮᠠᠳᠤᠭᠠᠷ ᠵᠦᠢᠯ ᠤᠨ ᠨᠢᠭᠡᠳᠦᠭᠡᠷ ᠪᠠᠳᠠᠭ᠂ ︽ᠤᠰᠤᠨ ᠤ ᠵᠠᠰᠠᠭ ᠵᠠᠬᠢᠷᠭᠠᠨ ᠤ ᠵᠥᠪᠰᠢᠶᠡᠷᠡᠯ ᠤᠨ ᠬᠡᠷᠡᠭᠵᠢᠭᠦᠯᠬᠦ ᠠᠷᠭ᠎ᠠ︾ ᠶᠢᠨ ᠭᠤᠴᠢᠨ ᠬᠤᠶᠠᠳᠤᠭᠠᠷ ᠵᠦᠢᠯ ᠤᠨ ᠨᠢᠭᠡᠳᠦᠭᠡᠷ ᠵᠤᠷᠪᠤᠰ ᠢ ᠦᠨᠳᠦᠰᠦᠯᠡᠨ᠂ ᠵᠠᠰᠠᠭ ᠵᠠᠬᠢᠷᠭᠠᠨ ᠤ ᠵᠥᠪᠰᠢᠶᠡᠷᠡᠯ ᠥᠭᠬᠦ ᠪᠠᠷ ᠲᠣᠭᠲᠠᠪᠠ᠃  ᠤᠯᠤᠰ ᠤᠨ ᠵᠠᠮ ᠤᠨ 335 ᠱᠤᠭᠤᠮ ᠤᠨ ᠪᠠᠶ᠋ᠬᠠᠤᠪᠤᠭ᠎ᠠ ᠠᠴᠠ ᠮᠢᠩᠭᠠᠨ ᠪᠠᠯᠭᠠᠰᠤ ︵ᠭᠦᠨ ᠬᠤᠳᠳᠤᠭ︶ ᠬᠦᠷᠬᠦ ᠬᠡᠰᠡᠭ ᠤᠨ ᠵᠠᠰᠠᠮᠠᠯ ᠵᠠᠮ ᠤᠨ ᠢᠨᠵᠧᠨᠧᠷᠢᠩ ᠨᠢ ᠪᠤᠭᠤᠲᠤ ᠬᠤᠳᠠ ᠶᠢᠨ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ ᠵᠢᠴᠢ ᠪᠠᠶ᠋ᠬᠠᠤᠪᠤᠭ᠎ᠠ ᠠᠭᠤᠷᠬᠠᠢ ᠶᠢᠨ ᠣᠷᠣᠨ ᠳᠤ ᠪᠠᠶᠢᠷᠢᠯᠠᠵᠤ ᠪᠤᠢ᠂ 2016 ᠣᠨ ᠤ 11 ᠳ᠋ᠦ᠋ᠭᠡᠷ ᠰᠠᠷ᠎ᠠ ᠳᠤ᠂ ᠮᠠᠨ ᠤ ᠲᠢᠩᠬᠢᠮ ﹇2016﹈ 199 ᠳ᠋ᠦ᠋ᠭᠡᠷ ᠲᠣᠭᠠᠲᠤ ᠪᠢᠴᠢᠭ ᠮᠠᠲ᠋ᠧᠷᠢᠶᠠᠯ ᠢᠶᠠᠷ ᠲᠤᠰ ᠢᠨᠵᠧᠨᠧᠷᠢᠩ ᠤᠨ ᠬᠥᠷᠥᠰᠥ ᠰᠢᠷᠣᠢ ᠶᠢ ᠬᠠᠮᠠᠭᠠᠯᠠᠬᠤ ᠲᠥᠰᠦᠯ ᠢ ᠴᠤᠬᠤᠯᠠᠪᠤᠷᠢᠯᠠᠨ ᠬᠠᠷᠢᠭᠤᠯᠪᠠ᠃ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠶᠠᠪᠤᠴᠠ ᠳᠤ ᠰᠢᠷᠣᠶ ᠶᠢᠨ ᠲᠠᠯᠠᠪᠠᠶ ᠶᠢᠨ ᠣᠷᠣᠨ ᠪᠠᠶᠢᠷᠢ᠂ ᠲᠤᠭ᠎ᠠ ᠬᠡᠮᠵᠢᠶ᠎ᠡ ᠨᠢ ᠬᠤᠪᠢᠷᠠᠯᠲᠠ ᠭᠠᠷᠤᠭᠰᠠᠨ ᠠᠴᠠ ᠪᠣᠯᠵᠤ᠂ ᠴᠢᠬᠤᠯᠠ ᠶᠡᠭᠡ ᠬᠤᠪᠢᠷᠠᠯᠲᠠ ᠪᠣᠯᠵᠤ ᠪᠦᠷᠢᠯᠳᠦᠭᠰᠡᠨ ᠪᠣᠯ ᠪᠦᠲᠦᠭᠡᠨ ᠪᠠᠶᠢᠭᠤᠯᠬᠤ ᠨᠢᠭᠡᠴᠢ ᠨᠢ ᠲᠤᠰ ᠬᠥᠷᠥᠰᠥ ᠰᠢᠷᠣᠶ ᠶᠢ ᠬᠠᠮᠠᠭᠠᠯᠠᠬᠤ ᠲᠥᠰᠦᠯ ᠳᠤ ᠵᠠᠰᠠᠪᠤᠷᠢ ᠣᠷᠣᠭᠤᠯᠤᠭᠰᠠᠨ ᠮᠡᠳᠡᠭᠦᠯᠦᠯᠲᠡ ᠶᠢᠨ ᠪᠢᠴᠢᠭ ᠢ ᠵᠣᠬᠢᠶᠠᠨ ᠪᠠᠶᠢᠭᠤᠯᠤᠨ ᠨᠠᠶᠢᠷᠠᠭᠤᠯᠤᠨ ᠮᠡᠳᠡᠭᠦᠯᠬᠦ ᠬᠡᠷᠡᠭᠲᠡᠶ᠃ ᠪᠠᠷᠢᠯᠭ᠎ᠠ ᠶᠢᠨ ᠱᠤᠭᠤᠮ ᠤᠨ ᠪᠦᠬᠦ ᠤᠷᠲᠤ ᠨᠢ 64.292 ᠺᠢᠯᠤᠮᠧᠲᠷ ᠪᠠᠶᠢᠵᠤ᠂ ᠵᠠᠮ ᠤᠨ ᠰᠠᠭᠤᠷᠢ ᠶᠢᠨ ᠪᠠᠷᠢᠯᠭ᠎ᠠ ᠶᠢᠨ ᠣᠷᠣᠨ᠂ ᠳᠠᠭᠠᠯᠲᠠ ᠪᠡᠯᠡᠳᠬᠡᠮᠵᠢ ᠶᠢᠨ ᠣᠷᠣᠨ᠂ ᠰᠢᠷᠣᠶ ᠠᠪᠬᠤ ︵ᠬᠠᠶᠠᠬᠤ︶ ᠲᠠᠯᠠᠪᠠᠶ᠂ ᠪᠠᠷᠢᠯᠭ᠎ᠠ ᠪᠠᠷᠢᠬᠤ ᠳᠥᠭᠦᠮ ᠵᠠᠮ᠂ ᠪᠠᠷᠢᠯᠭ᠎ᠠ ᠪᠠᠷᠢᠬᠤ ᠦᠢᠯᠡᠳᠪᠦᠷᠢᠯᠡᠯ ᠠᠮᠢᠳᠤᠷᠠᠯ ᠤᠨ ᠣᠷᠣᠨ ᠪᠣᠯᠤᠨ ᠴᠠᠬᠢᠯᠭᠠᠨ ᠬᠠᠩᠭᠠᠬᠤ ᠱᠤᠭᠤᠮ ᠢᠶᠠᠷ ᠪᠦᠷᠢᠯᠳᠦᠭᠰᠡᠨ ᠶᠤᠮ᠃ ᠪᠠᠷᠢᠯᠭ᠎ᠠ ᠶᠢᠨ ᠶᠡᠷᠦᠩᠬᠡᠶ ᠲᠠᠲᠠᠪᠤᠷᠢᠯᠠᠨ ᠡᠵᠡᠯᠡᠭᠰᠡᠨ ᠭᠠᠵᠠᠷ ᠤᠨ ᠲᠠᠯᠠᠪᠠᠶ ᠨᠢ 230.67 ᠾᠧᠺᠲ᠋ᠠᠷ ᠲᠤ ᠬᠦᠷᠴᠦ᠂ ᠰᠢᠷᠣᠶ ᠴᠢᠯᠠᠭᠤ ᠶᠢᠨ ᠶᠡᠷᠦᠩᠬᠡᠶ ᠬᠡᠮᠵᠢᠶ᠎ᠡ ᠨᠢ 158.29 ᠲᠦᠮᠡᠨ ᠪᠣᠰᠤᠭ᠎ᠠ ᠳᠥᠷᠪᠡᠯᠵᠢᠨ ᠮᠧᠲᠷ ᠲᠤ ᠬᠦᠷᠴᠦ᠂ ᠶᠡᠷᠦᠩᠬᠡᠶ ᠪᠠᠯᠠ ᠣᠷᠣᠭᠤᠯᠤᠯᠲᠠ ᠨᠢ 5.62 ᠳ᠋ᠦᠩᠰᠢᠭᠤᠷ ᠲᠥᠭᠦᠷᠢᠭ ᠲᠤ ᠬᠦᠷᠴᠦ᠂ 2020 ᠣᠨ ᠤ 4 ᠳ᠋ᠦ᠋ᠭᠡᠷ ᠰᠠᠷ᠎ᠠ ᠳᠤ ᠪᠠᠷᠢᠯᠭ᠎ᠠ ᠡᠬᠢᠯᠡᠵᠦ᠂ 2023 ᠣᠨ ᠤ 8 ᠰᠠᠷ᠎ᠠ ᠳᠤ ᠪᠠᠷᠢᠯᠭ᠎ᠠ ᠳᠠᠭᠤᠰᠬᠠᠬᠤ ᠪᠠᠷ ᠲᠥᠯᠥᠪᠯᠡᠵᠦ᠂ ᠪᠠᠷᠢᠯᠭ᠎ᠠ ᠶᠢᠨ ᠶᠡᠷᠦᠩᠬᠡᠶ ᠬᠤᠭᠤᠴᠠᠭ᠎ᠠ ᠨᠢ 41 ᠰᠠᠷ᠎ᠠ ᠪᠣᠯᠤᠨ᠎ᠠ᠃  ᠨᠢᠭᠡ᠂ ᠬᠥᠷᠥᠰᠥ ᠰᠢᠷᠣᠶ ᠶᠢ ᠬᠠᠮᠠᠭᠠᠯᠠᠬᠤ ᠲᠥᠰᠦᠯ ᠤᠨ ᠶᠡᠷᠦᠩᠬᠡᠶ ᠰᠠᠨᠠᠯ  ︵ᠨᠢᠭᠡ︶ ᠪᠦᠲᠦᠭᠡᠨ ᠪᠠᠶᠢᠭᠤᠯᠬᠤ ᠬᠤᠭᠤᠴᠠᠭ᠎ᠠ ᠶᠢ ᠦᠨᠳᠦᠰᠦᠨ ᠳᠡᠭᠡᠨ ᠵᠥᠪᠰᠢᠶᠡᠷᠡᠭᠰᠡᠨ ᠬᠥᠷᠥᠰᠥ ᠰᠢᠷᠣᠶ ᠶᠢᠨ ᠢᠳᠡᠭᠳᠡᠯ ᠢ ᠰᠡᠷᠭᠡᠶᠢᠯᠡᠨ ᠵᠠᠰᠠᠬᠤ ᠬᠠᠷᠢᠭᠤᠴᠠᠯᠭ᠎ᠠ ᠶᠢᠨ ᠬᠡᠪᠴᠢᠶ᠎ᠡ ᠨᠢ 230.67 ᠾᠧᠺᠲ᠋ᠠᠷ      ᠪᠣᠯᠤᠨ᠎ᠠ᠃  ︵ᠬᠤᠶᠠᠷ︶ ᠬᠥᠷᠥᠰᠥ ᠰᠢᠷᠣᠶ ᠶᠢᠨ ᠢᠳᠡᠭᠳᠡᠯ ᠢ ᠰᠡᠷᠭᠡᠶᠢᠯᠡᠨ ᠵᠠᠰᠠᠬᠤ ᠳᠤ ᠤᠮᠠᠷᠠᠲᠤ ᠶᠢᠨ ᠰᠠᠯᠬᠢ ᠡᠯᠡᠰᠦᠨ ᠤ ᠣᠷᠣᠨ ᠤ ᠨᠢᠭᠡᠳᠦᠭᠡᠷ ᠳᠡᠰ ᠤᠨ ᠪᠠᠷᠢᠮᠵᠢᠶ᠎ᠠ ᠶᠢ ᠬᠡᠷᠡᠭᠵᠢᠭᠦᠯᠬᠦ ᠶᠢ ᠵᠥᠪᠰᠢᠶᠡᠷᠡᠨ᠎ᠡ᠃  ︵ᠭᠤᠷᠪᠠ︶ ᠬᠥᠷᠥᠰᠥ ᠰᠢᠷᠣᠶ ᠶᠢᠨ ᠢᠳᠡᠭᠳᠡᠯ ᠢ ᠰᠡᠷᠭᠡᠶᠢᠯᠡᠨ ᠵᠠᠰᠠᠬᠤ ᠬᠠᠷᠠᠯᠲᠠ ᠶᠢᠨ ᠬᠡᠮᠵᠢᠭᠳᠡᠯ ᠢ ᠦᠨᠳᠦᠰᠦᠨ ᠳᠡᠭᠡᠨ ᠵᠥᠪᠰᠢᠶᠡᠷᠡᠨ᠎ᠡ᠄ ᠬᠥᠷᠥᠰᠥ ᠰᠢᠷᠣᠶ ᠶᠢᠨ ᠢᠳᠡᠭᠳᠡᠯ ᠢ ᠵᠠᠰᠠᠬᠤ ᠬᠡᠮᠵᠢᠶ᠎ᠡ 85 %᠂ ᠬᠥᠷᠥᠰᠥ ᠰᠢᠷᠣᠶ ᠶᠢᠨ ᠢᠳᠡᠭᠳᠡᠯ ᠢ ᠬᠢᠵᠠᠭᠠᠷᠯᠠᠬᠤ ᠬᠠᠷᠢᠴᠠᠯ 0.8 ᠰᠢᠭᠠᠷᠤ ᠬᠥᠷᠥᠰᠥ ᠶᠢᠨ ᠬᠠᠮᠠᠭᠠᠯᠠᠯᠲᠠ ᠶᠢᠨ ᠨᠣᠷᠮ᠎ᠠ        87 %᠂ ᠬᠥᠷᠥᠰᠥᠨ ᠤ ᠬᠠᠮᠠᠭᠠᠯᠠᠯᠲᠠ ᠶᠢᠨ ᠨᠣᠷᠮ᠎ᠠ 90 %᠂ ᠣᠶ ᠮᠣᠳᠣ ᠡᠪᠡᠰᠦᠨ ᠤ ᠤᠷᠭᠤᠮᠠᠯ ᠤᠨ ᠬᠤᠴᠢᠯᠭ᠎ᠠ ᠶᠢᠨ ᠰᠡᠷᠭᠦᠯᠲᠡ ᠶᠢᠨ ᠨᠣᠷᠮ᠎ᠠ 93 %᠂ ᠣᠶ ᠰᠢᠭᠤᠶ ᠡᠪᠡᠰᠦᠨ ᠤ ᠪᠦᠷᠬᠦᠴᠡ ᠶᠢᠨ ᠨᠣᠷᠮ᠎ᠠ 22 % ᠪᠣᠯᠤᠨ᠎ᠠ᠃  ︵ᠳᠥᠷᠪᠡ︶ ᠬᠥᠷᠥᠰᠥ ᠰᠢᠷᠣᠶ ᠶᠢᠨ ᠢᠳᠡᠭᠳᠡᠯ ᠢ ᠰᠡᠷᠭᠡᠶᠢᠯᠡᠨ ᠵᠠᠰᠠᠬᠤ ᠶᠢᠨ ᠣᠷᠣᠨ ᠬᠤᠪᠢᠶᠠᠬᠤ ᠵᠢᠴᠢ ᠰᠡᠷᠭᠡᠶᠢᠯᠡᠨ ᠵᠠᠰᠠᠬᠤ ᠠᠷᠭ᠎ᠠ ᠬᠡᠮᠵᠢᠶ᠎ᠡ ᠶᠢᠨ ᠲᠣᠬᠢᠷᠠᠭᠤᠯᠤᠯᠲᠠ ᠶᠢ ᠦᠨᠳᠦᠰᠦᠨ ᠳᠡᠭᠡᠨ ᠵᠥᠪᠰᠢᠶᠡᠷᠡᠬᠦ ᠬᠡᠷᠡᠭᠲᠡᠶ᠃  ︵ ᠲᠠᠪᠤ︶ ᠰᠢᠭᠠᠷᠤ ᠬᠠᠶᠠᠬᠤ ᠲᠠᠯᠠᠪᠤᠷ ᠪᠠᠶᠢᠷᠢᠯᠠᠭᠤᠯᠬᠤ ᠲᠥᠰᠦᠯ ᠢ ᠦᠨᠳᠦᠰᠦᠨ ᠳᠡᠭᠡᠨ ᠵᠥᠪᠰᠢᠶᠡᠷᠡᠨ᠎ᠡ᠃ ᠵᠠᠯᠭᠠᠮᠵᠢ ᠵᠢᠷᠤᠭ ᠲᠥᠯᠥᠪᠯᠡᠭᠡᠨ ᠳᠤ ᠮᠡᠷᠭᠡᠵᠢᠯ ᠤᠨ ᠵᠢᠷᠤᠮᠵᠢᠯ ᠢ ᠴᠢᠩᠭ᠎ᠠ ᠵᠢᠷᠤᠮᠯᠠᠨ᠂ ᠣᠪᠣᠭᠠᠯᠠᠭᠰᠠᠨ ᠰᠢᠭᠠᠷᠤ ᠶᠢᠨ ᠪᠠᠭᠲᠠᠭᠠᠮᠵᠢ ᠶᠢ ᠳᠠᠬᠢᠨ ᠬᠢᠨᠠᠵᠤ᠂ ᠤᠰᠤ ᠭᠠᠵᠠᠷ ᠰᠢᠨᠵᠢᠯᠡᠭᠡᠨ ᠤ ᠨᠥᠬᠦᠴᠡᠯ ᠢ ᠪᠠᠶᠢᠴᠠᠭᠠᠨ ᠲᠣᠳᠣᠯᠠᠵᠤ᠂ ᠰᠢᠭᠠᠷᠤ ᠬᠠᠶᠠᠬᠤ ᠲᠠᠯᠠᠪᠤᠷ ᠰᠡᠷᠭᠡᠶᠢᠯᠡᠨ ᠬᠠᠮᠠᠭᠠᠯᠠᠬᠤ ᠠᠷᠭ᠎ᠠ ᠬᠡᠮᠵᠢᠶ᠎ᠡ ᠶᠢ ᠲᠣᠭᠲᠠᠭᠠᠨ᠂ ᠰᠢᠭᠠᠷᠤ ᠬᠠᠶᠠᠬᠤ ᠲᠠᠯᠠᠪᠤᠷ ᠶᠢᠨ ᠪᠠᠷᠢᠯᠭ᠎ᠠ ᠶᠢᠨ ᠵᠢᠷᠤᠭ ᠲᠥᠯᠥᠪᠯᠡᠭᠡ ᠶᠢ ᠥᠷᠨᠢᠭᠦᠯᠵᠦ᠂ ᠰᠢᠭᠠᠷᠤ ᠬᠠᠶᠠᠬᠤ ᠲᠠᠯᠠᠪᠤᠷ ᠤᠨ ᠪᠠᠷᠢᠯᠭ᠎ᠠ ᠶᠢᠨ ᠠᠶᠤᠯ ᠦᠭᠡᠶ ᠪᠠᠶᠢᠬᠤ ᠶᠢ ᠦᠨᠡᠨᠬᠦ ᠪᠠᠲᠤᠯᠠᠨ᠂ ᠬᠥᠷᠥᠰᠥ ᠰᠢᠷᠣᠶ ᠶᠢᠨ ᠢᠳᠡᠭᠳᠡᠯ ᠤᠨ ᠰᠢᠨ᠎ᠡ ᠬᠤᠣᠷ ᠬᠥᠨᠥᠭᠡᠯ ᠭᠠᠷᠭᠠᠬᠤ ᠦᠭᠡᠶ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ᠃  ︵ᠵᠢᠷᠭᠤᠭ᠎ᠠ︶ ᠪᠦᠲᠦᠭᠡᠨ ᠪᠠᠶᠢᠭᠤᠯᠤᠯᠲᠠ ᠶᠢᠨ ᠬᠤᠭᠤᠴᠠᠭᠠᠨ ᠤ ᠬᠥᠷᠥᠰᠥ ᠰᠢᠷᠣᠢ ᠶᠢ ᠬᠠᠮᠠᠭᠠᠯᠠᠬᠤ ᠨᠥᠬᠦᠪᠥᠷᠢ ᠰᠦᠢᠳᠬᠡᠯ ᠢ 485.009 ᠲᠦᠮᠡᠨ ᠲᠥᠭᠦᠷᠢᠭ ︵ᠡᠭᠦᠨ ᠳᠤ 458.54 ᠲᠦᠮᠡᠨ ᠲᠥᠭᠦᠷᠢᠭ ᠲᠤᠰᠢᠶᠠᠵᠤ᠂ ᠪᠠᠶ᠋ᠬᠠᠤᠪᠤᠭ᠎ᠠ ᠠᠭᠤᠷᠬᠠᠢ ᠶᠢᠨ ᠣᠷᠣᠨ ᠳᠤ 26.469 ᠲᠦᠮᠡᠨ ᠲᠥᠭᠦᠷᠢᠭ ᠨᠥᠬᠦᠪᠥᠷᠢᠯᠡᠨ ᠲᠤᠰᠢᠶᠠᠬᠤ ᠴᠢᠬᠤᠯᠠᠲᠠᠢ︶ ᠢ ᠦᠨᠳᠦᠰᠦᠨ ᠳᠡᠭᠡᠨ ᠵᠥᠪᠰᠢᠶᠡᠷᠡᠪᠡ᠃  ᠬᠤᠶᠠᠷ᠂ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠨᠢᠭᠡᠴᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠳᠤᠮᠳᠠ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠥᠷᠥᠰᠥ ᠰᠢᠷᠣᠶ ᠶᠢ ᠬᠠᠮᠠᠭᠠᠯᠠᠬᠤ ᠬᠠᠤᠯᠢ︾ ᠶᠢᠨ ᠬᠠᠮᠢᠶ᠎ᠠ ᠪᠦᠬᠦᠢ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ ᠶᠢᠨ ᠬᠠᠮᠲᠤ ᠳᠣᠣᠷᠠᠬᠢ ᠠᠵᠢᠯ ᠤᠳ ᠢ ᠭᠤᠣᠯᠳᠠᠯᠭ᠎ᠠ ᠲᠠᠢ ᠰᠠᠶᠢᠲᠤᠷ ᠬᠢᠬᠦ ᠬᠡᠷᠡᠭᠲᠡᠶ᠄  ︵ᠨᠢᠭᠡ︶ ᠴᠣᠬᠤᠯᠪᠣᠷᠢᠯᠠᠭᠰᠠᠨ ᠬᠥᠷᠥᠰᠥ ᠰᠢᠷᠣᠶ ᠶᠢ ᠬᠠᠮᠠᠭᠠᠯᠠᠬᠤ ᠲᠥᠰᠦᠯ ᠤᠨ ᠶᠣᠰᠣᠭᠠᠷ ᠬᠥᠷᠥᠰᠥ ᠰᠢᠷᠣᠶ ᠶᠢ ᠬᠠᠮᠠᠭᠠᠯᠠᠬᠤ ᠠᠩᠬ᠎ᠠ ᠠᠯᠬᠤᠮ ᠤᠨ ᠵᠢᠷᠤᠭ ᠲᠥᠯᠥᠪᠯᠡᠭᠡ ᠵᠡᠷᠭᠡ ᠵᠠᠯᠭᠠᠮᠵᠢ ᠵᠢᠷᠤᠭ ᠲᠥᠯᠥᠪᠯᠡᠭᠡ ᠶᠢ ᠰᠠᠶᠢᠲᠤᠷ ᠬᠢᠵᠦ᠂ ᠪᠠᠷᠢᠯᠭ᠎ᠠ ᠪᠠᠷᠢᠬᠤ ᠶᠢᠨ ᠵᠣᠬᠢᠶᠠᠨ ᠪᠠᠶᠢᠭᠤᠯᠤᠨ ᠬᠠᠮᠢᠶᠠᠷᠬᠤ ᠶᠢ ᠴᠢᠩᠭᠠᠳᠬᠠᠬᠤ ᠬᠡᠷᠡᠭᠲᠡᠶ᠃  ︵ᠬᠤᠶᠠᠷ︶ ᠲᠥᠰᠦᠯ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ ᠬᠥᠷᠥᠰᠥ ᠰᠢᠷᠣᠶ ᠶᠢ ᠬᠠᠮᠠᠭᠠᠯᠠᠬᠤ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠬᠡᠷᠡᠭᠲᠡᠶ᠃ ᠡᠯ᠎ᠡ ᠲᠥᠷᠥᠯ ᠤᠨ ᠪᠠᠷᠢᠯᠭ᠎ᠠ ᠪᠠᠷᠢᠬᠤ ᠠᠵᠢᠯᠯᠠᠭ᠎ᠠ ᠶᠢ ᠭᠠᠵᠠᠷ ᠬᠡᠷᠡᠭᠯᠡᠬᠦ ᠬᠡᠪᠴᠢᠶᠡᠨ ᠳᠣᠲᠣᠷ᠎ᠠ ᠴᠢᠩᠭ᠎ᠠ ᠬᠢᠵᠠᠭᠠᠷᠯᠠᠨ ᠲᠣᠭᠲᠠᠭᠠᠵᠤ᠂ ᠭᠠᠵᠠᠷ ᠤᠨ ᠭᠠᠳᠠᠷᠭᠤ ᠶᠢᠨ ᠤᠷᠭᠤᠮᠠᠯ ᠤᠨ ᠪᠦᠷᠬᠦᠴᠡ ᠶᠢ ᠳᠤᠷ᠎ᠠ ᠪᠠᠷ ᠢᠶᠠᠨ ᠡᠵᠡᠯᠡᠬᠦ᠂ ᠰᠠᠮᠠᠭᠤᠷᠠᠭᠤᠯᠬᠤ ᠪᠠ ᠡᠪᠳᠡᠬᠦ ᠶᠢ ᠴᠢᠩᠭ᠎ᠠ ᠴᠠᠭᠠᠵᠠᠯᠠᠬᠤ ᠬᠡᠷᠡᠭᠲᠡᠶ᠃ ᠲᠥᠰᠦᠯ ᠤᠨ ᠱᠠᠭᠠᠷᠳᠠᠯᠭ᠎ᠠ ᠶᠢ ᠦᠨᠳᠦᠰᠦᠯᠡᠨ ᠬᠥᠷᠥᠰᠥ ᠰᠢᠷᠣᠶ ᠶᠢ ᠬᠠᠮᠠᠭᠠᠯᠠᠬᠤ ᠠᠷᠭ᠎ᠠ ᠬᠡᠮᠵᠢᠶ᠎ᠡ ᠶᠢ ᠬᠡᠷᠡᠭᠵᠢᠭᠦᠯᠬᠦ ᠠᠬᠢᠴᠠ ᠶᠢ ᠵᠦᠶ ᠵᠣᠬᠢᠰᠲᠠᠶ ᠲᠣᠬᠢᠷᠠᠭᠤᠯᠬᠤ ᠬᠡᠷᠡᠭᠲᠡᠶ᠃ ᠰᠢᠷᠣᠶ ᠴᠢᠯᠠᠭᠤ ᠶᠢ ᠶᠡᠷᠦᠩᠬᠡᠶᠢᠯᠡᠨ ᠠᠰᠢᠭᠯᠠᠬᠤ ᠶᠢ ᠴᠢᠩᠭᠠᠷᠠᠭᠤᠯᠵᠤ᠂ ᠥᠩᠭᠡᠨ ᠬᠥᠷᠥᠰᠥ ᠶᠢ ᠰᠠᠯᠭᠠᠬᠤ᠂ ᠬᠠᠳᠠᠭᠠᠯᠠᠬᠤ ᠪᠠ ᠠᠰᠢᠭᠯᠠᠬᠤ ᠶᠢ ᠰᠠᠶᠢᠲᠤᠷ ᠬᠢᠬᠦ ᠬᠡᠷᠡᠭᠲᠡᠶ᠃  ︵ᠭᠤᠷᠪᠠ︶ ᠬᠥᠷᠥᠰᠥ ᠰᠢᠷᠣᠶ ᠶᠢᠨ ᠬᠠᠮᠠᠭᠠᠯᠠᠯᠲᠠ ᠶᠢ ᠬᠢᠨᠠᠨ ᠬᠡᠮᠵᠢᠬᠦ ᠠᠵᠢᠯ ᠢ ᠦᠨᠡᠨᠬᠦ ᠰᠠᠶᠢᠲᠤᠷ ᠬᠢᠵᠦ᠂ ᠬᠥᠷᠥᠰᠥ ᠰᠢᠷᠣᠶ ᠶᠢᠨ ᠢᠳᠡᠭᠳᠡᠯ ᠤᠨ ᠬᠥᠳᠡᠯᠦᠯ ᠪᠠᠶᠢᠳᠠᠯ ᠢ ᠬᠢᠨᠠᠨ ᠡᠵᠡᠮᠳᠡᠬᠦ ᠶᠢ ᠴᠢᠩᠭᠠᠳᠬᠠᠬᠤ ᠶᠢᠨ ᠬᠠᠮᠲᠤ ᠲᠣᠭᠲᠠᠭᠠᠯ ᠶᠣᠰᠣᠭᠠᠷ ᠮᠠᠨ ᠤ ᠲᠢᠩᠬᠢᠮ ᠵᠢᠴᠢ ᠪᠤᠭᠤᠲᠤ ᠬᠤᠲᠠ ᠶᠢᠨ ᠤᠰᠤᠨ ᠤ ᠶᠠᠪᠤᠳᠠᠯ ᠤᠨ ᠲᠣᠪᠴᠢᠶ᠎ᠠ ᠳᠤ ᠬᠢᠨᠠᠨ ᠬᠡᠮᠵᠢᠬᠦ ᠤᠯᠠᠷᠢᠯ ᠤᠨ ᠮᠡᠳᠡᠭᠦᠯᠦᠯᠲᠡ ᠵᠢᠴᠢ ᠳ᠋ᠦᠩᠨᠡᠯᠲᠡ ᠶᠢᠨ ᠮᠡᠳᠡᠭᠦᠯᠦᠯᠲᠡ ᠪᠠᠨ ᠳᠡᠪᠰᠢᠭᠦᠯᠦᠨ      ᠲᠤᠰᠢᠶᠠᠨ᠎ᠠ᠃  ︵ᠳᠥᠷᠪᠡ︶ ᠬᠥᠷᠥᠰᠥ ᠰᠢᠷᠣᠶ ᠶᠢ ᠬᠠᠮᠠᠭᠠᠯᠠᠬᠤ ᠬᠢᠨᠠᠯᠲᠠ ᠬᠠᠮᠢᠶᠠᠷᠤᠯᠲᠠ ᠶᠢᠨ ᠠᠵᠢᠯ ᠢ ᠨᠠᠶᠢᠳᠠᠪᠤᠷᠢᠵᠢᠭᠤᠯᠬᠤ ᠶᠢᠨ ᠬᠠᠮᠲᠤ ᠰᠠᠶᠢᠲᠤᠷ ᠬᠢᠵᠦ᠂ ᠬᠥᠷᠥᠰᠥ ᠰᠢᠷᠣᠶ ᠶᠢ ᠬᠠᠮᠠᠭᠠᠯᠠᠬᠤ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠶᠠᠰᠤ ᠴᠢᠨᠠᠷ ᠪᠣᠯᠤᠨ ᠠᠬᠢᠴᠠ ᠶᠢ ᠦᠨᠡᠨᠬᠦ ᠪᠠᠲᠤᠯᠠᠬᠤ ᠬᠡᠷᠡᠭᠲᠡᠶ᠃  ᠭᠤᠷᠪᠠ᠂ ᠡᠵᠡᠨ ᠮᠡᠳᠡᠵᠦ ᠰᠢᠯᠭᠠᠨ ᠠᠪᠬᠤ ᠳᠤ ᠬᠥᠷᠥᠰᠥ ᠰᠢᠷᠣᠶ ᠶᠢ ᠬᠠᠮᠠᠭᠠᠯᠠᠬᠤ ᠬᠠᠤᠯᠢ ᠴᠠᠭᠠᠵᠠ ᠬᠠᠤᠯᠢ ᠲᠣᠭᠲᠠᠭᠠᠯ᠂ ᠪᠠᠷᠢᠮᠵᠢᠶ᠎ᠠ ᠶᠢᠨ ᠵᠢᠷᠤᠮᠵᠢᠯ᠂ ᠬᠥᠷᠥᠰᠥ ᠰᠢᠷᠣᠶ ᠶᠢ ᠬᠠᠮᠠᠭᠠᠯᠠᠬᠤ ᠲᠥᠰᠦᠯ ᠵᠢᠴᠢ ᠲᠤᠰ ᠬᠢᠨᠠᠨ ᠵᠥᠪᠰᠢᠶᠡᠷᠡᠭᠰᠡᠨ ᠲᠣᠭᠲᠠᠭᠠᠯ᠂ ᠬᠥᠷᠥᠰᠥ ᠰᠢᠷᠣᠶ ᠶᠢ ᠬᠠᠮᠠᠭᠠᠯᠠᠬᠤ ᠵᠠᠯᠭᠠᠮᠵᠢ ᠵᠢᠷᠤᠭ ᠲᠥᠯᠥᠪᠯᠡᠭᠡ ᠵᠡᠷᠭᠡ ᠶᠢ ᠦᠨᠳᠦᠰᠦᠯᠡᠨ ᠶᠠᠪᠤᠭᠳᠠᠭᠤᠯᠵᠤ᠂ ᠬᠥᠷᠥᠰᠥ ᠰᠢᠷᠣᠶ ᠶᠢ ᠬᠠᠮᠠᠭᠠᠯᠠᠬᠤ ᠪᠡᠯᠡᠳᠬᠡᠮᠵᠢ ᠶᠢᠨ ᠰᠢᠯᠭᠠᠨ ᠠᠪᠬᠤ ᠪᠠᠷᠢᠮᠵᠢᠶ᠎ᠠ ᠪᠣᠯᠤᠨ ᠨᠥᠬᠦᠴᠡᠯ ᠢ ᠴᠢᠩᠭ᠎ᠠ ᠬᠡᠷᠡᠭᠵᠢᠭᠦᠯᠬᠦ ᠬᠡᠷᠡᠭᠲᠡᠶ᠃ ᠬᠥᠷᠥᠰᠥ ᠰᠢᠷᠣᠶ ᠶᠢ ᠬᠠᠮᠠᠭᠠᠯᠠᠬᠤ ᠪᠡᠯᠡᠳᠬᠡᠮᠵᠢ ᠶᠢ ᠪᠡᠶ᠎ᠡ ᠪᠠᠨ ᠳᠠᠭᠠᠭᠠᠵᠤ ᠰᠢᠯᠭᠠᠨ ᠠᠪᠬᠤ ᠳᠤ ᠬᠢᠷᠢ ᠲᠡᠩᠴᠡᠭᠰᠡᠨ ᠤ ᠳᠠᠷᠠᠭ᠎ᠠ ᠴᠠᠭ ᠲᠤᠬᠠᠶ ᠳᠤᠨᠢ ᠨᠡᠶᠢᠲᠡ ᠳᠤ ᠵᠠᠷᠯᠠᠵᠤ᠂ ᠨᠡᠶᠢᠲᠡ ᠳᠤ ᠵᠠᠷᠯᠠᠬᠤ ᠴᠠᠭ ᠬᠤᠭᠤᠴᠠᠭ᠎ᠠ ᠶᠢ 20 ᠠᠵᠢᠯᠯᠠᠬᠤ ᠡᠳᠦᠷ ᠠᠴᠠ ᠳᠤᠲᠠᠭᠤ ᠪᠠᠶᠢᠯᠭᠠᠵᠤ ᠪᠣᠯᠬᠤ ᠦᠭᠡᠶ︔ ᠬᠥᠷᠥᠰᠥ ᠰᠢᠷᠣᠶ ᠶᠢ ᠬᠠᠮᠠᠭᠠᠯᠠᠬᠤ ᠲᠥᠬᠦᠭᠡᠷᠦᠮᠵᠢ ᠶᠢ ᠪᠡᠶ᠎ᠡ ᠪᠠᠨ ᠳᠠᠭᠠᠭᠠᠵᠤ ᠰᠢᠯᠭᠠᠨ ᠠᠪᠤᠭᠰᠠᠨ ᠤ ᠳᠠᠷᠠᠭ᠎ᠠ 3 ᠰᠠᠷ᠎ᠠ ᠶᠢᠨ ᠳᠣᠲᠣᠷ᠎ᠠ ᠮᠠᠨ ᠤ ᠲᠢᠩᠬᠢᠮ ᠳᠤ ᠮᠡᠳᠡᠭᠦᠯᠦᠨ ᠳᠠᠩᠰᠠᠯᠠᠭᠤᠯᠤᠨ᠎ᠠ︔ ᠬᠥᠷᠥᠰᠥ ᠰᠢᠷᠣᠢ ᠶᠢ ᠬᠠᠮᠠᠭᠠᠯᠠᠬᠤ ᠲᠥᠬᠦᠭᠡᠷᠦᠮᠵᠢ ᠶᠢ ᠰᠢᠯᠭᠠᠨ ᠠᠪᠤᠭᠰᠠᠨ ᠦᠭᠡᠢ ᠪᠤᠶᠤ ᠰᠢᠯᠭᠠᠨ ᠠᠪᠬᠤ ᠳᠤ ᠬᠢᠷᠢ ᠲᠡᠩᠴᠡᠭᠰᠡᠨ ᠦᠭᠡᠢ ᠪᠠᠶᠢᠪᠠᠯ᠂ ᠠᠰᠢᠭᠯᠠᠯᠲᠠ ᠳᠤ ᠣᠷᠣᠭᠤᠯᠤᠨ ᠬᠡᠷᠡᠭᠯᠡᠵᠦ ᠪᠣᠯᠬᠤ ᠦᠭᠡᠢ᠃  ᠳᠥᠷᠪᠡ᠂ ᠲᠤᠰ ᠲᠥᠷᠥᠯ ᠵᠦᠢᠯ ᠪᠣᠯ ︽ᠬᠥᠷᠥᠰᠥ ᠰᠢᠷᠣᠶ ᠶᠢ ᠬᠠᠮᠠᠭᠠᠯᠠᠬᠤ ᠲᠥᠰᠦᠯ ᠢ ᠵᠥᠪᠰᠢᠶᠡᠷᠡᠭᠡᠳᠦᠶ ᠪᠠᠷ ᠤᠷᠢᠳᠠᠪᠠᠷ ᠬᠤᠪᠢᠷᠠᠭᠤᠯᠬᠤ︾ ᠲᠥᠷᠥᠯ ᠵᠦᠢᠯ ᠳᠤ ᠬᠠᠷᠢᠶᠠᠯᠠᠭᠳᠠᠬᠤ ᠪᠣᠯᠬᠤᠷ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠨᠢᠭᠡᠴᠢ ᠰᠤᠷᠭᠠᠮᠵᠢ ᠠᠪᠴᠤ᠂ ᠬᠥᠷᠥᠰᠥ ᠰᠢᠷᠣᠶ ᠶᠢ ᠬᠠᠮᠠᠭᠠᠯᠠᠬᠤ ᠬᠠᠤᠯᠢ ᠶᠢ ᠴᠢᠩᠭ᠎ᠠ ᠬᠡᠷᠡᠭᠵᠢᠭᠦᠯᠵᠦ᠂ ᠬᠥᠷᠥᠰᠥ ᠰᠢᠷᠣᠶ ᠶᠢ ᠬᠠᠮᠠᠭᠠᠯᠠᠬᠤ ᠵᠠᠯᠭᠠᠮᠵᠢ ᠠᠵᠢᠯ ᠢ ᠰᠠᠶᠢᠲᠤᠷ ᠬᠢᠬᠦ ᠬᠡᠷᠡᠭᠲᠡᠶ᠃ ᠪᠤᠭᠤᠲᠤ ᠬᠤᠲᠠ ᠶᠢᠨ ᠤᠰᠤᠨ ᠤ ᠶᠠᠪᠤᠳᠠᠯ ᠤᠨ ᠲᠣᠪᠴᠢᠶ᠎ᠠ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠤᠰᠤᠨ ᠤ ᠶᠠᠪᠤᠳᠠᠯ ᠤᠨ ᠲᠣᠪᠴᠢᠶ᠎ᠠ᠂ ᠪᠠᠶ᠋ᠬᠠᠤᠪᠤᠭ᠎ᠠ ᠠᠭᠤᠷᠬᠠᠶ ᠶᠢᠨ ᠲᠣᠭᠤᠷᠢᠭ ᠤᠨ ᠤᠰᠤᠨ ᠤ ᠶᠠᠪᠤᠳᠠᠯ ᠤᠨ ᠲᠣᠪᠴᠢᠶ᠎ᠠ ᠲᠣᠰ ᠲᠥᠷᠥᠯ  ᠵᠦᠢᠯ ᠤᠨ ᠬᠥᠷᠥᠰᠥ ᠰᠢᠷᠣᠶ ᠶᠢᠨ ᠬᠠᠮᠠᠭᠠᠯᠠᠯᠲᠠ ᠳᠤ ᠬᠢᠨᠠᠯᠲᠠ ᠲᠠᠯᠪᠢᠵᠤ ᠪᠠᠶᠢᠴᠠᠭᠠᠬᠤ ᠠᠵᠢᠯ ᠢᠶᠠᠨ ᠴᠢᠩᠭᠠᠳᠬᠠᠵᠤ᠂ ᠬᠥᠷᠥᠰᠥ ᠰᠢᠷᠣᠶ ᠶᠢᠨ ᠢᠳᠡᠭᠳᠡᠯ ᠣᠷᠣᠰᠢᠵᠤ ᠪᠠᠶᠢᠬᠤ ᠡᠰᠡᠬᠦ ᠶᠢ ᠪᠠᠶᠢᠴᠠᠭᠠᠵᠤ᠂ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠬᠦ ᠬᠡᠷᠡᠭᠲᠡᠶ᠃ ᠳᠠᠭᠠᠯᠳᠤᠭᠤᠯᠤᠯ᠄ 1. ︽ᠤᠯᠤᠰ ᠤᠨ ᠵᠠᠮ ᠤᠨ 335 ᠱᠤᠭᠤᠮ ᠤᠨ ᠪᠠᠶ᠋ᠬᠠᠤᠪᠤᠭ᠎ᠠ ᠠᠴᠠ ᠮᠢᠩᠭᠠᠨ ᠪᠠᠯᠭᠠᠰᠤ ᠬᠦᠷᠬᠦ ︵ᠭᠦᠨ ᠬᠤᠳᠳᠤᠭ︶ ᠬᠡᠰᠡᠭ ᠤᠨ ᠵᠠᠰᠠᠮᠠᠯ ᠵᠠᠮ ᠤᠨ ᠪᠠᠷᠢᠯᠭ᠎ᠠ ᠶᠢᠨ ᠬᠥᠷᠥᠰᠥ ᠰᠢᠷᠣᠶ ᠶᠢ ᠬᠠᠮᠠᠭᠠᠯᠠᠬᠤ ᠲᠥᠰᠦᠯ ᠳᠤ ᠵᠠᠰᠠᠪᠤᠷᠢ ᠣᠷᠣᠭᠤᠯᠤᠭᠰᠠᠨ ᠮᠡᠳᠡᠭᠦᠯᠦᠯᠲᠡ ᠶᠢᠨ ᠪᠢᠴᠢᠭ︾ ᠤᠨ ᠮᠡᠷᠭᠡᠵᠢᠯ ᠤᠨ ᠬᠢᠨᠠᠨ ᠪᠠᠶᠢᠴᠠᠭᠠᠯᠲᠠ ᠶᠢᠨ ᠰᠠᠨᠠᠯ ᠢ ᠮᠡᠳᠡᠭᠦᠯᠦᠨ ᠬᠦᠷᠭᠡᠬᠦ ᠲᠤᠬᠠᠶ ᠮᠡᠳᠡᠭᠦᠯᠦᠯᠲᠡ  ﹇ 2023﹈ 112 ᠳ᠋ᠤᠭᠠᠷ ᠲᠣᠭᠠᠲᠤ  2.ᠤᠰᠤᠨ ᠤ ᠬᠠᠮᠠᠭᠠᠯᠠᠯᠲᠠ ᠶᠢᠨ ᠲᠥᠰᠦᠯ ᠤᠯᠤᠰ ᠤᠨ ᠵᠠᠮ ᠤᠨ 335 ᠳ᠋ᠤᠭᠠᠷ ᠱᠤᠭᠤᠮ ᠤᠨ ᠪᠠᠶ᠋ᠬᠠᠤᠪᠤᠭ᠎ᠠ ᠠᠴᠠ ᠮᠢᠩᠬᠠᠨ ᠪᠠᠯᠭᠠᠰᠤ ᠬᠦᠷᠲᠡᠯᠡᠬᠢ ᠬᠡᠰᠡᠭ ᠤᠨ ᠵᠠᠰᠠᠮᠠᠯ ᠵᠠᠮ ᠤᠨ ᠢᠨᠵᠧᠨᠧᠷᠢᠩ ᠤᠨ ᠬᠥᠷᠥᠰᠥ ᠰᠢᠷᠣᠶ ᠶᠢ ᠬᠠᠮᠠᠭᠠᠯᠠᠬᠤ ᠲᠥᠰᠦᠯ ᠳᠤ ᠵᠠᠰᠠᠪᠤᠷᠢ ᠣᠷᠣᠭᠤᠯᠤᠭᠰᠠᠨ ᠮᠡᠳᠡᠭᠦᠯᠦᠯᠲᠡ ᠶᠢᠨ ᠪᠢᠴᠢᠭ ︵ᠮᠡᠳᠡᠭᠦᠯᠦᠯᠲᠡ ᠶᠢᠨ ᠵᠢᠩᠬᠢᠨᠢ ᠪᠢᠴᠢᠭ ᠤᠨ ᠲᠠᠮᠠᠭ᠎ᠠ ᠳᠠᠷᠤᠭᠰᠠᠨ ᠰᠢᠷᠪᠢᠯᠲᠡ ᠶᠢᠨ ᠨᠢᠭᠡᠴᠢ ᠦᠨ᠎ᠡ ᠶᠢᠨ ᠵᠠᠳᠠᠯᠤᠯᠲᠠ ᠶᠢᠨ ᠬᠦᠰᠦᠨᠦᠭᠲᠦ︶              2023 ᠣᠨ ᠤ 6 ᠳ᠋ᠤᠭᠠᠷ ᠰᠠᠷ᠎ᠠ ᠶᠢᠨ 26 ᠤ ᠡᠳᠦᠷ

 

 

 
ᠢᠷᠡᠯᠲᠡ᠄ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号