2023 ᠣᠨ ᠤ ᠲᠠᠩᠰᠠ ᠡᠪᠬᠡᠮᠡᠯ ᠭᠤᠶᠤᠴᠢᠯᠠᠨ ᠮᠡᠳᠡᠭᠦᠯᠬᠦ ᠰᠢᠷᠢᠰ ᠲᠤᠰᠬᠠᠶ ᠮᠡᠷᠭᠡᠵᠢᠯ ᠤᠨ ᠬᠢᠷᠢ ᠬᠡᠮ ᠤᠨ ᠠᠵᠢᠯᠲᠠᠨ ᠤ ᠲᠤᠬᠠᠶ ᠵᠠᠷᠯᠠᠯ
ᠨᠡᠶᠢᠲᠡᠯᠡᠭᠰᠡᠨ ᠴᠠᠭ᠄
2023/6/30
  ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠤᠨ ︽2023 ᠣᠨ ᠤ ᠪᠥᠬᠦ ᠣᠷᠣᠨ ᠤ ᠮᠡᠷᠭᠡᠵᠢᠯ ᠤᠨ ᠴᠣᠯᠠ ᠶᠢ ᠬᠢᠨᠠᠨ ᠲᠣᠭᠲᠠᠭᠠᠬᠤ ᠠᠵᠢᠯ ᠢ ᠰᠠᠶᠢᠲᠤᠷ ᠬᠢᠬᠦ ᠲᠤᠬᠠᠶ ᠮᠡᠳᠡᠭᠳᠡᠯ︾ ︵ᠥᠪᠥᠷ ᠬᠥᠮᠦᠨ ᠨᠡᠶᠢᠭᠡᠮ ᠠᠯᠪᠠᠨ ᠲᠠᠷᠬᠠᠭᠠᠭᠰᠠᠨ ﹇2023﹈ 79 ᠳ᠋ᠦ᠋ᠭᠡᠷ ᠲᠣᠭᠠᠲᠤ︶ ᠤᠨ ᠱᠠᠭᠠᠷᠳᠠᠯᠭ᠎ᠠ ᠶᠢ ᠦᠨᠳᠦᠰᠦᠯᠡᠨ᠂ ᠡᠳᠦᠭᠡ 2023 ᠣᠨ ᠤ ᠲᠠᠩᠰᠠ ᠡᠪᠬᠡᠮᠡᠯ ᠮᠡᠳᠡᠭᠦᠯᠬᠦ ᠰᠢᠷᠢᠰ ᠲᠤᠰᠬᠠᠶ ᠮᠡᠷᠭᠡᠵᠢᠯ ᠤᠨ ᠬᠢᠷᠢ ᠬᠡᠮ ᠲᠠᠢ ᠬᠥᠮᠦᠰ ᠢ ᠢᠯᠡ ᠨᠡᠶᠢᠲᠡᠯᠡᠪᠡ᠃ᠳᠠᠩᠰᠠ ᠡᠪᠬᠡᠮᠡᠯ ᠤᠨ ᠰᠢᠷᠢᠰ ᠬᠥᠮᠦᠰ ᠢ ᠮᠡᠳᠡᠭᠦᠯᠬᠦ ᠨᠡᠷᠡᠰ᠄  ︵ᠨᠢᠭᠡ︶ ᠳᠡᠳ᠋ ᠰᠤᠳᠤᠯᠬᠤ ᠰᠠᠩᠴᠢ  ᠲᠠᠩ ᠼᠠᠢ ᠶᠢᠩ  ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠦᠢᠯᠡᠰ ᠤᠨ ᠬᠥᠭᠵᠢᠯᠲᠡ ᠶᠢᠨ ᠲᠥᠪ  ᠪᠠᠶ ᠵᠢᠩ ᠵᠢᠶᠦ᠋ᠨ  ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠤᠰᠤᠨ ᠴᠠᠬᠢᠯᠭᠠᠨ ᠤ ᠬᠠᠶᠢᠨ ᠬᠡᠮᠵᠢᠯᠲᠡ ᠵᠢᠷᠤᠭ ᠲᠥᠯᠥᠪᠯᠡᠭᠡᠨ ᠤ ᠬᠦᠷᠢᠶᠡᠯᠡᠩ ᠤᠨ ᠬᠢᠵᠠᠭᠠᠷᠲᠤ ᠺᠣᠮᠫᠠᠨᠢ  ︵ᠬᠤᠶᠠᠷ︶ ᠰᠠᠩᠴᠢ  ᠬᠤᠤ ᠬᠤᠸᠠᠨ ᠷᠠᠨ  ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠦᠢᠯᠡᠰ ᠤᠨ ᠬᠥᠭᠵᠢᠯᠲᠡ ᠶᠢᠨ ᠲᠥᠪ  ᠭᠤᠤ ᠯᠢ ᠵᠢᠤᠸᠠᠨ  ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠤᠰᠤᠨ ᠴᠠᠬᠢᠯᠭᠠᠨ ᠤ ᠬᠠᠶᠢᠨ ᠬᠡᠮᠵᠢᠯᠲᠡ ᠵᠢᠷᠤᠭ ᠲᠥᠯᠥᠪᠯᠡᠭᠡᠨ ᠤ ᠬᠦᠷᠢᠶᠡᠯᠡᠩ ᠤᠨ ᠬᠢᠵᠠᠭᠠᠷᠲᠤ ᠺᠣᠮᠫᠠᠨᠢ  ︵ᠭᠤᠷᠪᠠ︶ ᠲᠤᠰᠠᠯᠠᠭᠴᠢ ᠰᠠᠩᠴᠢ  ᠹᠧᠩ ᠨᠠ  ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠦᠢᠯᠡᠰ ᠤᠨ ᠬᠥᠭᠵᠢᠯᠲᠡ ᠶᠢᠨ ᠲᠥᠪ  ᠼᠤᠤ ᠰᠢᠤᠸᠠᠢ ᠷᠦᠩ  ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠦᠢᠯᠡᠰ ᠤᠨ ᠬᠥᠭᠵᠢᠯᠲᠡ ᠶᠢᠨ ᠲᠥᠪ  ᠬᠤᠶᠠᠷ᠂ ᠢᠯᠡ ᠨᠡᠶᠢᠲᠡᠯᠡᠬᠦ ᠴᠠᠭ ᠬᠤᠭᠤᠴᠠᠭ᠎ᠠ  2023 ᠣᠨ ᠤ 7 ᠳ᠋ᠤᠭᠠᠷ ᠰᠠᠷ᠎ᠠ ᠶᠢᠨ 3 ᠤ ᠡᠳᠦᠷ ᠠᠴᠠ 2023 ᠣᠨ ᠤ 7 ᠳ᠋ᠤᠭᠠᠷ ᠰᠠᠷ᠎ᠠ ᠶᠢᠨ 7 ᠤ ᠡᠳᠦᠷ ᠪᠣᠯᠲᠠᠯ᠎ᠠ  ᠭᠤᠷᠪᠠ᠂ ᠬᠦᠯᠢᠶᠡᠨ ᠠᠪᠴᠤ ᠰᠢᠢᠳᠪᠦᠷᠢᠯᠡᠬᠦ ᠠᠷᠭ᠎ᠠ ᠮᠠᠶ᠋ᠢᠭ  ᠨᠢᠭᠡᠴᠢ ᠪᠠ ᠬᠤᠪᠢ ᠬᠥᠮᠦᠨ ᠰᠤᠷᠪᠤᠯᠵᠢᠯᠠᠬᠤ ᠪᠠᠷ ᠢᠷᠡᠬᠦ᠂ ᠵᠠᠬᠢᠳᠠᠯ ᠢᠷᠡᠭᠦᠯᠬᠦ᠂ ᠤᠲᠠᠰᠤᠳᠠᠬᠤ ᠵᠡᠷᠭᠡ ᠬᠡᠯᠪᠡᠷᠢ ᠪᠠᠷ ᠳᠡᠭᠡᠷᠡᠬᠢ ᠢᠯᠡ ᠪᠠᠷ ᠨᠡᠶᠢᠲᠡᠯᠡᠭᠰᠡᠨ ᠬᠥᠮᠦᠰ ᠤᠨ ᠬᠤᠯᠪᠣᠭᠳᠠᠯ ᠪᠥᠬᠦᠶ ᠪᠠᠶᠢᠳᠠᠯ ᠪᠠ ᠠᠰᠠᠭᠤᠳᠠᠯ ᠢ ᠲᠤᠰᠬᠠᠵᠤ ᠪᠣᠯᠤᠨ᠎ᠠ᠃ ᠲᠤᠰᠬᠠᠭᠰᠠᠨ ᠠᠰᠠᠭᠤᠳᠠᠯ ᠢ ᠪᠠᠶᠢᠴᠠᠭᠠᠨ ᠬᠠᠷᠭᠤᠭᠤᠯᠬᠤ ᠳᠤ ᠲᠥᠬᠦᠮ ᠤᠨ ᠲᠤᠰᠠᠳᠠ᠂ ᠠᠰᠠᠭᠤᠳᠠᠯ ᠢ ᠲᠤᠰᠬᠠᠬᠤ ᠦᠶ᠎ᠡ ᠳᠤ ᠬᠤᠯᠪᠣᠭᠳᠠᠯ ᠪᠥᠬᠦᠶ ᠰᠦᠪᠡᠭᠴᠢ ᠵᠢᠴᠢ ᠲᠣᠰ ᠬᠥᠮᠦᠨ ᠤ ᠦᠨᠡᠨ ᠣᠪᠣᠭ ᠨᠡᠷ᠎ᠡ᠂ ᠬᠠᠷᠢᠯᠴᠠᠬᠤ ᠠᠷᠭ᠎ᠠ ᠮᠠᠶ᠋ᠢᠭ ᠪᠤᠶᠤ ᠠᠵᠢᠯᠯᠠᠬᠤ ᠨᠢᠭᠡᠴᠢ ᠵᠡᠷᠭᠡ ᠮᠡᠳᠡᠭᠡ ᠵᠠᠩᠭᠢ ᠪᠠᠨ ᠬᠠᠩᠭᠠᠭᠠᠷᠠᠶ᠂ ᠪᠢᠳᠡ ᠠᠵᠢᠯ ᠤᠨ ᠰᠠᠬᠢᠯᠭ᠎ᠠ ᠪᠠᠲᠤ ᠶᠢ ᠴᠢᠩᠭ᠎ᠠ ᠵᠢᠷᠤᠮᠯᠠᠨ᠂ ᠨᠢᠭᠤᠴᠠ ᠶᠢ ᠬᠠᠮᠠᠭᠠᠯᠠᠬᠤ ᠡᠭᠦᠷᠭᠡ ᠪᠠᠨ ᠭᠦᠢᠴᠡᠳᠭᠡᠵᠦ᠂ ᠬᠢᠨᠠᠨ ᠬᠠᠷᠭᠤᠭᠤᠯᠤᠭᠰᠠᠨ ᠪᠠᠶᠢᠳᠠᠯ ᠢᠶᠠᠨ ᠴᠠᠭ ᠲᠤᠬᠠᠶ ᠳᠤᠨᠢ ᠬᠠᠷᠢᠭᠤ ᠲᠤᠰᠬᠠᠨ᠎ᠠ᠃  ᠢᠯᠡ ᠨᠡᠶᠢᠲᠡᠯᠡᠬᠦ ᠠᠯᠪᠠᠨ ᠬᠡᠷ ᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠠᠵᠢᠯᠲᠠᠨ ᠤ ᠶᠠᠪᠤᠳᠠᠯ ᠤᠨ ᠭᠠᠵᠠᠷ ᠤᠨ 2512 ᠥᠷᠥᠭᠡᠨ ᠳᠤ ᠲᠣᠬᠢᠷᠠᠭᠤᠯᠪᠠ᠃  ᠬᠦᠯᠢᠶᠡᠨ ᠠᠪᠬᠤ ᠴᠠᠭ᠄ ᠠᠵᠢᠯᠯᠠᠬᠤ ᠡᠳᠦᠷ ᠤᠨ ᠦᠳᠡ ᠶᠢᠨ ᠡᠮᠦᠨᠡᠬᠢ 9᠄ 00 —12᠄ 00᠂ ᠦᠳᠡ ᠶᠢᠨ ᠬᠤᠶᠢᠨᠠᠬᠢ 13᠄ 30 —17᠄ 00  ᠬᠦᠯᠢᠶᠡᠨ ᠠᠪᠬᠤ ᠤᠲᠠᠰᠤ᠄ ︵0471︶ 5259439  ᠡᠭᠦᠨ ᠤ ᠲᠤᠯᠠ ᠣᠨᠴᠠᠭᠠᠶᠢᠯᠠᠨ ᠵᠠᠷᠯᠠᠪᠠ          2023 ᠣᠨ ᠤ 6 ᠳ᠋ᠤᠭᠠᠷ ᠰᠠᠷ᠎ᠠ ᠶᠢᠨ 30 ᠤ ᠡᠳᠦᠷ 
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号