6 ᠳ᠋ᠤᠭᠠᠷ ᠰᠠᠷ᠎ᠠ ᠶᠢᠨ 30 ᠤ ᠡᠳᠦᠷ᠂ ᠤᠰᠤᠨ ᠠᠰᠢᠭᠯᠠᠯᠲᠠ ᠶᠢᠨ ᠦᠢᠯᠡᠰ ᠤᠨ ᠬᠥᠭᠵᠢᠯᠲᠡ ᠶᠢᠨ ᠲᠥᠪ | ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ ᠤᠨ ᠨᠠᠢᠮᠠᠳᠤᠭᠠᠷ ᠤᠳᠠᠭ᠎ᠠ ᠶᠢᠨ ᠰᠤᠷᠤᠯᠴᠠᠯᠭ᠎ᠠ ︵ | ᠥᠷᠭᠡᠳᠬᠡᠭᠰᠡᠨ︶ ᠶᠢᠨ ᠬᠤᠷᠠᠯ ᠵᠢᠴᠢ ︽︿ᠮᠢᠩᠭ᠎ᠠ ᠲᠦᠮᠡ ᠶᠢᠨ ᠢᠨᠵᠧᠨᠧᠷᠢᠩ﹀ ᠤᠨ ᠲᠤᠷᠰᠢᠯᠭ᠎ᠠ ᠶᠢ ᠰᠤᠷᠤᠯᠴᠠᠨ | ᠬᠡᠷᠡᠭᠯᠡᠵᠦ᠂ ᠤᠰᠤᠨ ᠠᠰᠢᠭᠯᠠᠯᠲᠠ ᠶᠢᠨ ᠪᠠᠶᠢᠴᠠᠭᠠᠨ ᠰᠤᠳᠤᠯᠤᠯᠲᠠ ᠶᠢᠨ ᠠᠵᠢᠯ ᠤᠨ ᠦᠷ᠎ᠡ ᠪᠦᠲᠦᠮᠵᠢ ᠶᠢ | ᠳᠡᠭᠡᠭᠰᠢᠯᠡᠭᠦᠯᠬᠦ︾ ᠲᠤᠰᠬᠠᠶ ᠰᠡᠳᠦᠪᠲᠦ ᠰᠤᠳᠤᠯᠤᠨ ᠶᠠᠷᠢᠯᠴᠠᠬᠤ ᠬᠤᠷᠠᠯ ᠢ ᠬᠤᠷᠠᠯᠳᠤᠭᠤᠯᠪᠠ᠃ ᠤᠰᠤᠨ | ᠠᠰᠢᠭᠯᠠᠯᠲᠠ ᠶᠢᠨ ᠦᠢᠯᠡᠰ ᠤᠨ ᠬᠥᠭᠵᠢᠯᠲᠡ ᠶᠢᠨ ᠲᠥᠪ ᠤᠨ ᠨᠠᠮ ᠤᠨ ᠬᠤᠷᠢᠶᠠᠨ ᠤ ᠱᠦᠵᠢ᠂ ᠡᠷᠬᠢᠯᠡᠭᠴᠢ ᠵᠠᠩ | ᠸᠧᠶ ᠶᠢᠨ ᠨᠠᠶᠢᠳᠠᠯᠭ᠎ᠠ ᠪᠠᠷ᠂ ᠲᠥᠪ ᠤᠨ ᠨᠠᠮ ᠤᠨ ᠬᠤᠷᠢᠶᠠᠨ ᠤ ᠳᠡᠳ᠋ ᠱᠦᠵᠢ᠂ ᠳᠡᠳ᠋ ᠡᠷᠬᠢᠯᠡᠭᠴᠢ ᠶᠧ ᠳ᠋ᠧ ᠴᠧᠩ | ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠶ᠃ | | | | | | ᠬᠤᠷᠠᠯ ᠠᠴᠠ ᠶᠡᠷᠦᠩᠬᠡᠶ ᠱᠦᠵᠢ ᠰᠢ ᠶᠢᠨ ᠫᠢᠩ ᠤᠨ ᠪᠠᠶᠢᠴᠠᠭᠠᠨ ᠰᠤᠳᠤᠯᠤᠯᠲᠠ ᠶᠢᠨ ᠲᠤᠬᠠᠶ ᠴᠢᠬᠤᠯᠠ | ᠥᠭᠦᠯᠡᠯᠲᠡ ᠶᠢ ᠲᠥᠪᠯᠡᠷᠡᠭᠦᠯᠦᠨ ᠰᠤᠷᠤᠯᠴᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠭᠤᠤᠯ | ᠰᠡᠳᠦᠪᠲᠦ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠭᠦᠨᠵᠡᠭᠡᠶ ᠪᠤᠰᠤ ᠪᠣᠳᠠᠲᠠᠶ ᠪᠤᠰᠤ ᠲᠥᠪ ᠪᠤᠰᠤ | ᠠᠰᠠᠭᠤᠳᠠᠯ ᠢ ︽ᠡᠷᠬᠢᠨ ᠬᠠᠷᠠᠬᠤ︾ ᠠᠵᠢᠯ ᠢ ᠥᠷᠨᠢᠭᠦᠯᠬᠦ ᠲᠤᠬᠠᠶ ᠪᠠᠶᠢᠷᠢᠯᠠᠭᠤᠯᠤᠯᠲᠠ ᠱᠠᠭᠠᠷᠳᠠᠯᠭ᠎ᠠ ᠶᠢ | ᠤᠯᠠᠮᠵᠢᠯᠠᠵᠤ᠂ ᠤᠰᠤᠨ ᠠᠰᠢᠭᠯᠠᠯᠲᠠ ᠶᠢᠨ ᠦᠢᠯᠡᠰ ᠤᠨ ᠬᠥᠭᠵᠢᠯᠲᠡ ᠶᠢᠨ ᠲᠥᠪ ᠤᠨ ᠨᠠᠮ ᠤᠨ ᠬᠤᠷᠢᠶᠠᠨ ᠤ | ᠭᠡᠰᠢᠭᠦᠨ ᠪᠣᠯᠤᠨ ᠬᠡᠰᠡᠭ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ︽︿ᠮᠢᠩᠭ᠎ᠠ ᠲᠦᠮᠡ ᠶᠢᠨ ᠢᠨᠵᠧᠨᠧᠷᠢᠩ﹀ ᠤᠨ | ᠲᠤᠷᠰᠢᠯᠭ᠎ᠠ ᠶᠢ ᠰᠤᠷᠤᠯᠴᠠᠨ ᠬᠡᠷᠡᠭᠯᠡᠵᠦ᠂ ᠤᠰᠤᠨ ᠠᠰᠢᠭᠯᠠᠯᠲᠠ ᠶᠢᠨ ᠪᠠᠶᠢᠴᠠᠭᠠᠨ ᠰᠤᠳᠤᠯᠤᠯᠲᠠ ᠶᠢᠨ ᠠᠵᠢᠯ ᠤᠨ | ᠦᠷ᠎ᠡ ᠪᠦᠲᠦᠮᠵᠢ ᠶᠢ ᠳᠡᠭᠡᠭᠰᠢᠯᠡᠭᠦᠯᠬᠦ︾ ᠪᠠᠷ ᠭᠤᠤᠯ ᠰᠡᠳᠦᠪ ᠪᠣᠯᠭᠠᠵᠤ᠂ ᠭᠤᠤᠯ ᠰᠡᠳᠦᠪᠲᠦ ᠬᠥᠮᠦᠵᠢᠯ ᠪᠣᠯᠤᠨ | ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠵᠤ᠂ | ᠬᠤᠷᠠᠯ ᠳᠤ ᠣᠷᠣᠯᠴᠠᠭᠰᠠᠨ ᠪᠤᠰᠤᠳ ᠬᠥᠮᠦᠰ ᠪᠢᠴᠢᠭ ᠢᠶᠠᠷ ᠰᠠᠨᠠᠯ ᠢᠶᠠᠨ ᠰᠣᠯᠢᠯᠴᠠᠪᠠ᠃ | ᠬᠤᠷᠠᠯ ᠠᠴᠠ ᠴᠢᠬᠤᠯᠠᠴᠢᠯᠠᠬᠤ ᠳᠠᠭᠠᠨ᠂ ᠬᠤᠶᠠᠷ ᠨᠡᠶᠢᠲᠡᠯᠢᠭ ᠠᠵᠢᠯ ᠤᠨ ︽ᠰᠠᠶᠢᠨ ᠲᠤᠷᠰᠢᠯᠭ᠎ᠠ︾ ᠶᠢ | ᠭᠦᠨᠵᠡᠭᠡᠶ ᠰᠤᠷᠤᠯᠴᠠᠵᠤ᠂ ᠪᠠᠶᠢᠴᠠᠭᠠᠨ ᠰᠤᠳᠤᠯᠤᠯᠲᠠ ᠬᠢᠬᠦ ᠡᠨᠡ ᠬᠦ ︽ᠤᠯᠠᠮᠵᠢᠯᠠᠯᠲᠤ ᠡᠷᠳᠡᠨᠢ︾ ᠶᠢ ᠰᠠᠶᠢᠲᠤᠷ | ᠬᠡᠷᠡᠭᠯᠡᠵᠦ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠬᠦ ︽ᠰᠢᠨ᠎ᠡ ᠬᠥᠳᠡᠯᠭᠡᠬᠦ ᠡᠨᠧᠷᠭᠢ︾ ᠶᠢ ᠬᠥᠭᠵᠢᠭᠡᠵᠦ᠂ | ᠲᠠᠪᠤᠨ ᠶᠡᠭᠡ ᠡᠭᠦᠷᠭᠡ ᠶᠢᠨ ︽ᠵᠠᠪᠠᠯ ᠬᠠᠷᠢᠭᠤᠯᠬᠤ ᠰᠡᠳᠦᠪ︾ ᠢ ᠰᠠᠶᠢᠲᠤᠷ ᠬᠢᠬᠦ ᠬᠡᠷᠡᠭᠲᠡᠶ᠃ ᠭᠤᠣᠯ ᠰᠡᠳᠦᠪᠲᠦ | ᠬᠥᠮᠦᠵᠢᠯ ᠢᠶᠠᠷ ᠠᠵᠠ ᠲᠣᠬᠢᠶᠠᠯ ᠪᠣᠯᠭᠠᠵᠤ᠂ ᠲᠣᠭᠲᠠᠴᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠᠷ | ᠰᠢᠪᠲᠤᠯᠤᠯᠲᠠ ᠶᠢᠨ ᠴᠡᠭ ᠪᠣᠯᠭᠠᠵᠤ᠂ ᠤᠰᠤᠨ ᠠᠰᠢᠭᠯᠠᠯᠲᠠ ᠶᠢᠨ ᠥᠭᠡᠷᠡᠴᠢᠯᠡᠯᠲᠡ ᠬᠥᠭᠵᠢᠯᠲᠡ᠂ ᠡᠭᠦᠷᠭᠡ | ᠴᠢᠳᠠᠪᠬᠢ ᠲᠤᠰᠢᠶᠠᠯ ᠬᠠᠷᠢᠭᠤᠴᠠᠯᠭ᠎ᠠ ᠶᠢ ᠰᠢᠯᠢᠳᠡᠭᠵᠢᠭᠦᠯᠬᠦ ᠵᠡᠷᠭᠡ ᠭᠤᠣᠯᠳᠠᠯᠭ᠎ᠠ ᠲᠠᠢ ᠬᠦᠴᠢᠷ ᠠᠰᠠᠭᠤᠳᠠᠯ ᠳᠤ | ᠠᠩᠬᠠᠷᠤᠯ ᠢᠶᠠᠨ ᠲᠥᠪᠯᠡᠷᠡᠭᠦᠯᠵᠦ᠂ ᠦᠨᠡᠨ ᠪᠣᠳᠠᠲᠠᠢ ᠮᠠᠲ᠋ᠧᠷᠢᠶᠠᠯ ᠢ ᠡᠵᠡᠮᠰᠢᠵᠦ᠂ ᠪᠠᠶᠢᠳᠠᠯ ᠪᠣᠯᠤᠨ ᠬᠠᠨᠳᠤᠰᠢ ᠶᠢ | ᠰᠢᠨᠵᠢᠯᠡᠬᠦ ᠤᠬᠠᠭᠠᠨᠴᠢ ᠪᠠᠷ ᠰᠤᠳᠤᠯᠤᠨ ᠮᠠᠭᠠᠳᠯᠠᠵᠤ᠂ ᠦᠷ᠎ᠡ ᠪᠦᠲᠦᠭᠡᠯ ᠤᠨ ᠬᠡᠷᠡᠭᠯᠡᠯᠲᠡ ᠶᠢ ᠴᠢᠩᠭᠠᠳᠬᠠᠵᠤ᠂ | ᠤᠰᠤᠨ ᠠᠰᠢᠭᠯᠠᠯᠲᠠ ᠶᠢᠨ ᠦᠢᠯᠡᠰ ᠲᠤ ᠤᠯᠠᠨ ᠠᠷᠭ᠎ᠠ ᠤᠬᠠᠭᠠᠨ ᠭᠠᠷᠭᠠᠵᠤ᠂ ᠲᠤᠰᠠᠲᠠᠢ ᠠᠷᠭ᠎ᠠ ᠤᠬᠠᠭᠠᠨ | ᠭᠠᠷᠭᠠᠵᠤ᠂ ᠴᠢᠩᠭ᠎ᠠ ᠪᠠᠲᠤᠯᠠᠭ᠎ᠠ ᠶᠢ ᠲᠤᠪᠤᠶᠢᠯᠭᠠᠵᠤ᠂ ᠰᠢᠯᠢᠳᠡᠭ ᠦᠢᠯᠡᠴᠢᠯᠡᠭᠡ ᠬᠠᠩᠭᠠᠨ᠎ᠠ᠃ ︽ᠮᠢᠩᠭ᠎ᠠ | ᠲᠦᠮᠡ ᠶᠢᠨ ᠢᠨᠵᠧᠨᠧᠷᠢᠩ︾ ᠪᠠ ︽ᠫᠦᠵᠢᠶᠠᠩ ᠤᠨ ᠲᠤᠷᠰᠢᠯᠭ᠎ᠠ︾ ᠳᠤ ᠠᠭᠤᠯᠤᠭᠳᠠᠵᠤ ᠪᠠᠶᠢᠭ᠎ᠠ ᠰᠢᠨᠵᠢᠯᠡᠬᠦ | ᠤᠬᠠᠭᠠᠨᠴᠢ ᠦᠵᠡᠯ ᠰᠠᠨᠠᠭ᠎ᠠ ᠪᠠ ᠯᠣᠭᠢᠭ ᠤᠨ ᠠᠷᠭ᠎ᠠ ᠶᠢ ᠬᠢᠨᠠᠮᠠᠭᠠᠢ ᠰᠤᠷᠤᠯᠴᠠᠨ ᠡᠵᠡᠮᠰᠢᠵᠦ᠂ ︽ᠪᠠᠶᠢᠴᠠᠭᠠᠨ | ᠰᠤᠳᠤᠯᠤᠯᠲᠠ︾ ᠪᠠᠷ ᠰᠠᠭᠤᠷᠢ ᠪᠣᠯᠭᠠᠵᠤ᠂ ᠦᠨᠡᠨ ᠠᠴᠠ ᠵᠥᠪ ᠢ ᠡᠷᠢᠬᠦ ᠠᠵᠢᠯ ᠤᠨ ᠪᠦᠲᠦᠮᠵᠢ ᠶᠢᠨ ᠦᠵᠡᠯᠲᠡ ᠶᠢ | ᠲᠤᠪᠤᠶᠢᠯᠭᠠᠬᠤ ᠪᠠᠷ ᠪᠠᠷᠠᠬᠤ ᠦᠭᠡᠢ᠂ ᠦᠷ᠎ᠡ ᠪᠦᠲᠦᠭᠡᠯ ᠢ ᠬᠤᠪᠢᠷᠠᠭᠤᠯᠤᠨ ᠬᠡᠷᠡᠭᠯᠡᠬᠦ ᠶᠢ ᠨᠡᠩ ᠴᠢᠬᠤᠯᠠᠴᠢᠯᠠᠬᠤ | ᠬᠡᠷᠡᠭᠲᠡᠢ᠃ ︽ᠠᠷᠠᠳ ᠲᠦᠮᠡᠨ ᠢᠶᠠᠷ ᠭᠤᠤᠯ ᠪᠣᠯᠭᠠᠬᠤ︾ ᠬᠥᠭᠵᠢᠯᠲᠡ ᠶᠢᠨ ᠦᠵᠡᠯ ᠰᠠᠨᠠᠭ᠎ᠠ ᠶᠢ | ᠦᠢᠯᠡᠳᠦᠯᠭᠡᠵᠢᠭᠦᠯᠵᠦ᠂ ᠭᠤᠤᠯ ᠰᠡᠳᠦᠪᠲᠦ ᠬᠥᠮᠦᠵᠢᠯ ᠤᠨ ᠦᠷ᠎ᠡ ᠪᠦᠲᠦᠮᠵᠢ ᠶᠢ ᠠᠵᠢᠯ ᠢᠶᠠᠨ ᠠᠬᠢᠭᠤᠯᠬᠤ | ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ | ᠮᠣᠩᠭᠤᠯ ᠳᠤ ᠳᠤᠷᠠᠳᠤᠭᠰᠠᠨ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠥᠲᠥᠭᠡᠨ ᠪᠠᠶᠢᠭᠤᠯᠬᠤ᠂ ᠲᠠᠪᠤᠨ | ᠶᠡᠭᠡ ᠡᠭᠦᠷᠭᠡ ᠶᠢ ᠰᠠᠶᠢᠲᠤᠷ ᠨᠠᠶᠢᠳᠠᠪᠤᠷᠢᠵᠢᠭᠤᠯᠬᠤ ᠬᠤᠶᠠᠷ ᠶᠡᠭᠡ ᠶᠠᠪᠤᠳᠠᠯ ᠳᠤᠮᠳᠠᠬᠢ ᠤᠰᠤᠨ ᠠᠰᠢᠭᠯᠠᠯᠲᠠ ᠶᠢᠨ | ᠠᠵᠢᠯ ᠢ ᠨᠠᠩ ᠰᠠᠶᠢᠲᠤᠷ ᠪᠢᠴᠢᠭᠯᠡᠬᠦ ᠬᠡᠷᠡᠭᠲᠡᠶ ᠭᠡᠵᠡᠢ᠃ | ᠬᠤᠷᠠᠯ ᠠᠴᠠ ᠭᠤᠣᠯ ᠰᠡᠳᠦᠪᠲᠦ ᠬᠥᠮᠦᠵᠢᠯ ᠢ ᠯᠠᠪᠳᠠᠭᠤᠨ ᠪᠠᠲᠤᠲᠠᠢ ᠠᠬᠢᠭᠤᠯᠬᠤ ᠳᠤ ᠪᠣᠳᠠᠲᠠᠢ ᠱᠠᠭᠠᠷᠳᠠᠯᠭ᠎ᠠ | ᠳᠤᠷᠠᠳᠪᠠ᠂ ᠨᠢᠭᠡ ᠳᠤ᠂ ᠰᠤᠷᠤᠯᠴᠠᠵᠥ ᠰᠤᠳᠤᠯᠤᠨ ᠶᠠᠷᠢᠯᠴᠠᠬᠤ ᠠᠵᠢᠯ ᠥᠷᠨᠢᠭᠦᠯᠬᠦ᠂ ᠲᠤᠰᠬᠠᠢ ᠰᠡᠳᠦᠪᠲᠦ ᠨᠣᠮ | ᠤᠩᠰᠢᠬᠤ ᠠᠩᠬᠢ ᠡᠷᠬᠢᠯᠡᠬᠦ ᠪᠠ ᠨᠠᠮ ᠤᠨ ᠬᠢᠴᠢᠶᠡᠯ ᠢ ᠰᠠᠶᠢᠲᠤᠷ ᠵᠢᠭᠠᠬᠤ ᠵᠡᠷᠭᠡ ᠪᠠᠷ ᠤᠨᠤᠯ ᠤᠨ ᠰᠤᠷᠤᠯᠴᠠᠯᠭ᠎ᠠ ᠶᠢ | ᠳᠠᠰᠤᠷᠠᠯᠳᠠ ᠦᠬᠡᠢ ᠭᠦᠨᠵᠡᠭᠡᠶᠢᠷᠡᠭᠦᠯᠦᠨ᠎ᠡ︔ ᠬᠤᠶᠠᠷ ᠲᠤ᠂ ︽ᠦᠨᠡᠨ ᠪᠣᠳᠠᠲᠠᠶ ᠳᠤ ᠭᠦᠨᠵᠡᠭᠡᠶᠢᠷᠡᠬᠦ︾ ︽ᠦᠨᠡᠨ | ᠦᠷ᠎ᠡ ᠪᠦᠲᠦᠭᠡᠯ ᠭᠠᠷᠭᠠᠬᠤ︾ ︽ᠦᠨᠡᠨ ᠠᠰᠠᠭᠤᠳᠠᠯ ᠢ ᠰᠢᠢᠳᠪᠦᠷᠢᠯᠡᠬᠦ︾ ᠱᠠᠭᠠᠷᠳᠠᠯᠭ᠎ᠠ ᠶᠣᠰᠣᠭᠠᠷ ᠪᠠᠶᠢᠴᠠᠭᠠᠨ | ᠰᠤᠳᠤᠯᠤᠯᠲᠠ ᠶᠢᠨ ᠦᠷ᠎ᠡ ᠪᠦᠲᠦᠭᠡᠯ ᠢ ᠤᠯᠠᠷᠢᠭᠤᠯᠬᠤ ᠶᠢ ᠴᠢᠩᠭᠠᠳᠬᠠᠬᠤ ᠬᠡᠷᠡᠭᠲᠡᠶ︔ ᠭᠤᠷᠪᠠ ᠳᠤ᠂ ︽ | ᠤᠳᠤᠷᠢᠳᠬᠤ ᠪᠠᠭ ᠤᠨ ᠪᠦᠷᠢᠯᠳᠦᠬᠦᠨ ᠳᠤ ︿ᠣᠯᠠᠨ ᠲᠦᠮᠡᠨ ᠳᠤ ᠪᠣᠳᠠᠲᠤ ᠶᠠᠪᠤᠳᠠᠯ ᠬᠢᠵᠦ ᠥᠭᠬᠦ﹀ ᠲᠥᠷᠥᠯ | ᠵᠦᠢᠯ ᠤᠨ ᠨᠠᠷᠢᠨ ᠲᠠᠩᠰᠠ︾ ᠶᠣᠰᠣᠭᠠᠷ᠂ ᠣᠯᠠᠨ ᠲᠦᠮᠡᠨ ᠤ ᠪᠠᠴᠢᠮ ᠬᠦᠴᠢᠷᠳᠡᠯ ᠵᠣᠪᠠᠭᠤᠷᠢ ᠬᠦᠰᠡᠯ | ᠡᠷᠡᠮᠡᠯᠵᠡᠯ ᠤᠨ ᠠᠰᠠᠭᠤᠳᠠᠯ ᠢ ᠦᠨᠡᠨ ᠬᠦ ᠰᠢᠢᠳᠪᠦᠷᠢᠯᠡᠨ᠎ᠡ︔ ᠳᠥᠷᠪᠡ ᠳᠤ᠂ ᠠᠰᠠᠭᠤᠳᠠᠯ ᠤᠨ ᠨᠠᠷᠢᠨ ᠲᠠᠩᠰᠠ ᠶᠢ | ᠨᠢᠭᠡᠳ ᠨᠢᠭᠡ ᠪᠠᠷ ᠨᠠᠶᠢᠳᠠᠪᠤᠷᠢᠵᠢᠭᠤᠯᠵᠤ᠂ ᠭᠠᠷᠠᠭ ᠪᠦᠷᠢ ᠨᠢᠭᠡ ᠲᠣᠬᠢᠷᠠᠭᠤᠯᠵᠤ᠂ ᠭᠠᠷᠠᠭ ᠪᠦᠷᠢ ᠳ᠋ᠤᠭᠠᠷ | ᠬᠠᠰᠤᠬᠤ ᠶᠢ ᠪᠠᠷᠢᠮᠲᠠᠯᠠᠬᠤ ᠶᠢᠨ ᠬᠠᠮᠲᠤ᠂ ᠳᠤᠲᠠᠭᠤᠳᠠᠯ ᠢᠶᠠᠨ ᠪᠠᠶᠢᠴᠠᠭᠠᠨ ᠳᠤᠲᠠᠭᠤᠳᠠᠯ ᠢ ᠨᠥᠬᠦᠪᠥᠷᠢᠯᠡᠵᠦ᠂ ᠴᠠᠭ | ᠲᠤᠬᠠᠶ ᠳᠤᠨᠢ ᠠᠯᠳᠠᠭ᠎ᠠ ᠪᠠᠨ ᠵᠠᠯᠠᠷᠠᠭᠤᠯᠵᠤ᠂ ︽ᠡᠷᠬᠢᠨ ᠬᠠᠷᠠᠬᠤ︾ ᠠᠵᠢᠯ ᠢ ᠯᠠᠪᠳᠠᠭᠤᠨ ᠪᠠᠲᠤᠲᠠᠶ ᠬᠢᠬᠦ ᠬᠡᠷᠡᠭᠲᠡᠶ᠃ | | ᠤᠰᠤᠨ ᠠᠰᠢᠭᠯᠠᠯᠲᠠ ᠶᠢᠨ ᠦᠢᠯᠡᠰ ᠤᠨ ᠬᠥᠭᠵᠢᠯᠲᠡ ᠶᠢᠨ ᠲᠥᠪ ᠤᠨ ᠤᠳᠤᠷᠢᠳᠬᠤ ᠪᠠᠭ ᠤᠨ | ᠪᠦᠷᠢᠯᠳᠦᠬᠦᠨ᠂ ᠡᠯ᠎ᠡ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃ | ︵ᠡᠬᠡ ᠪᠢᠴᠢᠭ ᠢ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠦᠢᠯᠡᠰ ᠤᠨ | ᠬᠥᠭᠵᠢᠯᠲᠡ ᠶᠢᠨ ᠲᠥᠪ ᠤᠨ ᠭᠤᠤᠯ ᠰᠡᠳᠦᠪᠲᠦ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠬᠡᠷ ᠠᠴᠠ | ᠬᠠᠩᠭᠠᠪᠠ︶ | |