ᠭᠤᠸᠠᠩᠮᠢᠩ ᠡᠳᠦᠷ ᠤᠨ ᠰᠣᠨᠢᠨ᠄ ᠤᠰᠤᠨ ᠠᠰᠢᠭᠯᠠᠯᠲᠠ ᠶᠢᠨ ᠶᠠᠮᠤᠨ ᠭᠤᠤᠯ ᠦᠶᠡᠷ ᠤᠨ ᠬᠤᠭᠤᠴᠠᠭᠠᠨ ᠤ ᠭᠤᠤᠯᠳᠠᠯᠭ᠎ᠠ ᠲᠠᠢ ᠰᠡᠷᠭᠡᠶᠢᠯᠡᠯᠲᠡ ᠶᠢᠨ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2023/7/12
  ᠠᠷᠠᠳ ᠤᠨ ᠡᠳᠦᠷ ᠤᠨ ᠰᠣᠨᠢᠨ ᠤ ᠪᠡᠭᠡᠵᠢᠩ ᠤᠨ 7 ᠳ᠋ᠤᠭᠠᠷ ᠰᠠᠷ᠎ᠠ ᠶᠢᠨ 5 ᠤ ᠡᠳᠦᠷ ᠤᠨ ᠮᠡᠳᠡᠭᠡ ︵ᠰᠤᠷᠪᠤᠯᠵᠢᠯᠠᠭᠴᠢ ᠴᠧᠨ ᠴᠧᠨ︶ 7 ᠳ᠋ᠤᠭᠠᠷ ᠰᠠᠷ᠎ᠠ ᠶᠢᠨ 1 ᠤ ᠡᠳᠦᠷ ᠠᠴᠠ ᠨᠠᠭᠠᠰᠢ᠂ ᠴᠦᠩᠴᠢᠩ ᠰᠧᠴᠤᠸᠠᠨ ᠭᠦᠢᠵᠧᠦ ᠱᠠᠨᠰᠢ ᠬᠠᠷᠠᠮᠥ᠋ᠷᠡᠨ ᠵᠡᠷᠭᠡ 13 ᠮᠤᠵᠢ ︵ᠬᠤᠲᠠ︶ ᠶᠢᠨ 54 ᠳᠤᠮᠳᠠ ᠪᠠᠭ᠎ᠠ ᠭᠤᠣᠯ ᠮᠥᠷᠡᠨ ᠰᠡᠷᠡᠮᠵᠢ ᠶᠢᠨ ᠱᠤᠭᠤᠮ ᠠᠴᠠ ᠳᠡᠭᠡᠭᠰᠢ ᠦᠶᠡᠷᠯᠡᠵᠦ᠂ ᠰᠡᠷᠡᠮᠵᠢ ᠶᠢᠨ ᠱᠤᠭᠤᠮ ᠠᠴᠠ 0.01 ~ 3.49 ᠮᠧᠲᠷ ᠢ ᠳᠠᠪᠠᠵᠦ᠂ ᠡᠭᠦᠨ ᠳᠤ ᠴᠦᠩᠴᠢᠩ ᠤᠨ ᠬᠥᠬᠡ ᠮᠥᠷᠡᠨ ᠤ ᠰᠠᠯᠪᠤᠷᠢ ᠤᠷᠤᠰᠬᠠᠯ ᠪᠣᠯᠬᠤ ᠵᠦ ᠢ ᠾᠧ ᠭᠤᠣᠯ᠂ ᠡᠦ ᠴᠢᠶᠣᠤ ᠾᠧ ᠭᠤᠣᠯ᠂ ᠵᠢᠶᠠᠨ ᠨᠠᠨ ᠾᠧ ᠭᠤᠣᠯ᠂ ᠯᠢᠦᠶ ᠽᠢ ᠰᠢ ᠭᠤᠣᠯ᠂ ᠰᠦᠨ ᠰᠢ ᠾᠧ ᠭᠤᠣᠯ᠂ ᠰᠧᠴᠤᠸᠠᠨ ᠤ ᠴᠢᠦᠶ ᠵᠢᠶᠠᠩ ᠮᠥᠷᠡᠨ ᠤ ᠰᠠᠯᠪᠤᠷᠢ ᠤᠷᠤᠰᠬᠠᠯ ᠪᠣᠯᠬᠤ ᠰᠢᠶᠤᠤ ᠺᠧᠦ ᠾᠧ ᠭᠤᠣᠯ ᠵᠢᠴᠢ ᠵᠢᠶᠠ ᠯᠢᠩ ᠵᠢᠶᠠᠩ ᠮᠥᠷᠡᠨ ᠤ ᠰᠠᠯᠪᠤᠷᠢ ᠤᠷᠤᠰᠬᠠᠯ ᠪᠣᠯᠬᠤ ᠯᠦᠸᠧ ᠰᠢ ᠾᠧ ᠭᠤᠣᠯ᠂ ᠭᠦᠢᠵᠧᠦ ᠶᠢᠨ ᠦᠵᠢᠶᠠᠩ ᠮᠥᠷᠡᠨ ᠤ ᠰᠠᠯᠪᠤᠷᠢ ᠤᠷᠤᠰᠬᠠᠯ ᠪᠣᠯᠬᠤ ᠴᠢᠩ ᠴᠠᠩ ᠾᠧ ᠭᠤᠣᠯ ᠵᠢᠴᠢ ᠱᠠ ᠸᠧ ᠾᠧ ᠭᠤᠣᠯ ᠵᠡᠷᠭᠡ 9 ᠵᠤᠷᠪᠤᠰ ᠳᠤᠮᠳᠠ ᠪᠠᠭ᠎ᠠ ᠭᠤᠣᠯ ᠮᠥᠷᠡᠨ ᠳᠤ ᠪᠠᠷᠢᠮᠵᠢᠶ᠎ᠠ ᠠᠴᠠ ᠬᠡᠲᠦᠷᠡᠭᠰᠡᠨ ᠦᠶᠡᠷ ᠭᠠᠷᠴᠤ᠂ ᠪᠠᠲᠤᠯᠠᠬᠤ ᠬᠡᠮᠵᠢᠶ᠎ᠡ ᠠᠴᠠ ᠬᠠᠮᠤᠭ ᠤᠨ ᠶᠡᠭᠡ ᠳᠡᠭᠡᠨ 0.08 ~1.99 ᠮᠧᠲᠷ ᠳᠠᠪᠠᠭᠰᠠᠨ ᠪᠠᠶᠢᠨ᠎ᠠ᠃ ᠰᠤᠷᠪᠤᠯᠵᠢᠯᠠᠭᠴᠢ ᠡᠬᠡ ᠪᠢᠴᠢᠭ ᠨᠡᠶᠢᠲᠡᠯᠡᠬᠦ ᠪᠣᠯᠲᠠᠯ᠎ᠠ᠂ ᠡᠲᠡᠭᠡᠷ ᠭᠤᠤᠯ ᠮᠥᠷᠡᠨ ᠤ ᠤᠰᠤᠨ ᠲᠦᠪᠰᠢᠨ ᠨᠢᠭᠡᠨᠲᠡ ᠰᠡᠷᠭᠡᠶᠢᠯᠡᠯᠲᠡ ᠠᠴᠠ ᠳᠤᠤᠷ᠎ᠠ ᠪᠣᠯᠲᠠᠯ᠎ᠠ ᠪᠠᠭᠤᠷᠠᠵᠤ᠂ ᠪᠥᠬᠦ ᠤᠯᠤᠰ ᠤᠨ ᠭᠤᠤᠯ ᠪᠣᠯᠬᠤ ᠤᠰᠤᠨ ᠤ ᠪᠠᠶᠢᠳᠠᠯ ᠶᠡᠷᠦᠩᠬᠡᠶ ᠳᠡᠭᠡᠨ ᠲᠣᠭᠲᠠᠭᠤᠨ ᠪᠠᠶᠢᠨ᠎ᠠ᠃ 7 ᠳ᠋ᠤᠭᠠᠷ ᠰᠠᠷ᠎ᠠ ᠶᠢᠨ 5 ᠤ ᠡᠳᠦᠷ᠂ ᠤᠯᠤᠰ ᠤᠨ ᠦᠶᠡᠷ ᠢ ᠰᠡᠷᠭᠡᠶᠢᠯᠡᠵᠦ ᠭᠠᠩ ᠲᠠᠢ ᠲᠡᠮᠡᠴᠡᠬᠦ ᠶᠡᠷᠦᠩᠬᠡᠶ ᠵᠢᠯᠣᠭᠤᠳᠬᠤ ᠭᠠᠵᠠᠷ ᠤᠨ ᠳᠡᠳ᠋ ᠶᠡᠷᠦᠩᠬᠡᠶ ᠵᠢᠯᠣᠭᠤᠳᠣᠭᠴᠢ᠂ ᠤᠰᠤᠨ ᠠᠰᠢᠭᠯᠠᠯᠲᠠ ᠶᠢᠨ ᠶᠠᠮᠤᠨ ᠤ ᠰᠠᠶᠢᠳ ᠯᠢ ᠭᠦᠸᠧ ᠶᠢᠩ ᠦᠶᠡᠷ ᠢ ᠰᠡᠷᠭᠡᠶᠢᠯᠡᠬᠦ ᠲᠤᠬᠠᠶ ᠵᠥᠪᠳᠡᠯᠴᠡᠭᠡ ᠶᠢ ᠡᠷᠭᠢᠯᠡᠵᠦ᠂ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ᠂ ᠲᠥᠷᠥ ᠶᠢᠨ ᠶᠠᠪᠤᠳᠠᠯ ᠤᠨ ᠬᠤᠷᠢᠶᠠᠨ ᠤ ᠤᠳᠤᠷᠢᠳᠬᠤ ᠨᠥᠬᠦᠳ ᠤᠨ ᠴᠣᠬᠤᠯᠠᠪᠤᠷᠢ ᠶᠢᠨ ᠱᠠᠭᠠᠷᠳᠠᠯᠭ᠎ᠠ ᠶᠢ ᠤᠯᠠᠮᠵᠢᠯᠠᠨ ᠨᠠᠶᠢᠳᠠᠪᠤᠷᠢᠵᠢᠭᠤᠯᠵᠤ᠂ ᠦᠶᠡᠷ ᠤᠨ ᠭᠤᠤᠯ ᠬᠤᠭᠤᠴᠠᠭᠠᠨ ᠳᠠᠬᠢ ᠦᠶᠡᠷ ᠤᠰᠤᠲᠤᠯ ᠭᠠᠩ ᠬᠠᠭᠰᠠᠷᠠᠭᠠᠨ ᠤ ᠪᠠᠶᠢᠳᠠᠯ ᠢ ᠤᠯᠠᠮ ᠨᠢᠭᠡ ᠠᠯᠬᠤᠮ ᠵᠠᠳᠠᠯᠤᠨ ᠰᠤᠳᠤᠯᠵᠤ ᠮᠠᠭᠠᠳᠯᠠᠨ᠂ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃  ᠲᠠᠨᠢᠯᠴᠠᠭᠤᠯᠤᠭᠰᠠᠨ ᠢᠶᠠᠷ᠂ ᠰᠡᠷᠭᠡᠶᠢᠯᠡᠯᠲᠡ ᠶᠢᠨ ᠠᠵᠢᠯ ᠤᠨ ᠶᠡᠷᠦᠩᠬᠡᠶ ᠬᠠᠷᠠᠯᠲᠠ ᠪᠣᠯ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ᠂ ᠠᠵᠢᠯ ᠤᠨ ᠬᠠᠷᠢᠭᠤᠴᠠᠯᠭ᠎ᠠ ᠪᠠᠨ ᠪᠠᠷᠢᠮᠲᠠᠯᠠᠬᠤ᠂ ᠠᠵᠢᠯ ᠤᠨ ᠬᠠᠷᠢᠭᠤᠴᠠᠯᠭ᠎ᠠ ᠪᠠᠨ ᠰᠠᠬᠢᠬᠤ᠂ ᠠᠵᠢᠯ ᠤᠨ ᠬᠠᠷᠢᠭᠤᠴᠠᠯᠭ᠎ᠠ ᠪᠠᠨ ᠭᠦᠢᠴᠡᠳᠭᠡᠬᠦ ᠶᠢ ᠪᠠᠷᠢᠮᠲᠠᠯᠠᠵᠤ᠂ ᠠᠷᠠᠳ ᠲᠦᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠠᠲᠤᠯᠠᠬᠤ ᠶᠢ ᠦᠨᠡᠨ ᠬᠦ ᠲᠡᠷᠢᠭᠦᠨ ᠪᠠᠶᠢᠷᠢᠨ ᠳᠤ ᠲᠠᠯᠪᠢᠵᠤ᠂ ᠡᠯ᠎ᠡ ᠲᠥᠷᠥᠯ ᠤᠨ ᠬᠤᠬᠢᠷᠠᠯ ᠢ ᠬᠠᠮᠤᠭ ᠤᠨ ᠳᠤᠤᠷ᠎ᠠ ᠬᠡᠮᠵᠢᠶᠡᠨ ᠳᠤ ᠬᠦᠷᠲᠡᠯ᠎ᠡ ᠪᠠᠭᠤᠷᠠᠭᠤᠯᠬᠤ ᠪᠠᠷ ᠴᠢᠷᠮᠠᠶᠢᠨ᠎ᠠ︔ ᠰᠡᠷᠭᠡᠶᠢᠯᠡᠯᠲᠡ ᠶᠢᠨ ᠠᠵᠢᠯ ᠤᠨ ᠪᠣᠳᠠᠲᠠᠶ ᠬᠠᠷᠠᠯᠲᠠ ᠪᠣᠯ ᠬᠥᠮᠦᠨ ᠦᠬᠦᠵᠦ ᠰᠢᠷᠬᠠᠲᠤᠬᠤ ᠦᠭᠡᠶ᠂ ᠤᠰᠤᠨ ᠴᠥᠭᠦᠷᠥᠮ ᠬᠠᠰᠢᠯᠭ᠎ᠠ ᠨᠤᠷᠠᠬᠤ ᠦᠭᠡᠶ᠂ ᠴᠢᠬᠤᠯᠠ ᠬᠠᠰᠢᠯᠭ᠎ᠠ ᠰᠡᠳᠡᠷᠡᠬᠦ ᠦᠭᠡᠶ᠂ ᠴᠢᠬᠤᠯᠠ ᠰᠠᠭᠤᠷᠢ ᠪᠡᠯᠡᠳᠬᠡᠮᠵᠢ ᠳᠠᠭᠠᠷᠢᠯᠲᠠ ᠳᠤ ᠤᠴᠠᠷᠠᠬᠤ ᠦᠭᠡᠶ ᠪᠠᠶᠢᠬᠤ ᠬᠡᠷᠡᠭᠲᠡᠶ᠃ ᠯᠢ ᠭᠦᠸᠧ ᠶᠢᠩ ᠱᠠᠭᠠᠷᠳᠠᠭᠰᠠᠨ ᠨᠢ᠂ ᠭᠤᠤᠯ ᠦᠶᠡᠷ ᠤᠨ ᠬᠤᠭᠤᠴᠠᠭᠠᠨ ᠤ ᠠᠵᠢᠯ ᠤᠨ ᠲᠣᠭᠲᠠᠴᠠ ᠶᠢ ᠳᠠᠷᠤᠶ ᠲᠦᠷᠭᠡᠨ ᠡᠬᠢᠯᠡᠭᠦᠯᠵᠦ᠂ 24 ᠴᠠᠭ ᠢᠶᠠᠷ ᠵᠢᠵᠢᠭᠦᠷᠯᠡᠨ ᠰᠠᠬᠢᠬᠤ ᠶᠢ ᠴᠢᠩᠭᠠᠳᠬᠠᠨ᠂ ︽ᠭᠠᠷᠠᠭ ᠤᠨ ᠵᠥᠪᠳᠡᠯᠴᠡᠭᠡ + ᠲᠠᠯᠠᠪᠠᠶ ᠤᠳᠠᠭ᠎ᠠ ᠶᠢᠨ ᠦᠶᠡᠷ ᠤᠨ ᠤᠰᠤᠨ ᠤ ᠵᠥᠪᠳᠡᠯᠴᠡᠭᠡ︾ ᠶᠢᠨ ᠲᠣᠭᠲᠠᠴᠠ ᠶᠢ ᠪᠠᠶᠢᠭᠤᠯᠵᠤ᠂ ᠡᠯ᠎ᠡ ᠰᠠᠯᠠᠭ᠎ᠠ ᠮᠥᠴᠢᠷ᠂ ᠡᠯ᠎ᠡ ᠨᠢᠭᠡᠴᠢ᠂ ᠡᠯ᠎ᠡ ᠰᠠᠪᠠ ᠭᠠᠵᠠᠷ ᠤᠨ ᠬᠠᠮᠢᠶᠠᠷᠤᠯᠲᠠ ᠶᠢᠨ ᠪᠠᠶᠢᠭᠤᠯᠤᠮᠵᠢ ᠨᠢ ᠲᠣᠰ ᠲᠣᠰ ᠤᠨ ᠡᠭᠦᠷᠭᠡ ᠬᠠᠷᠢᠭᠤᠴᠠᠯᠭ᠎ᠠ ᠶᠢᠨ ᠢᠶᠠᠨ ᠶᠣᠰᠣᠭᠠᠷ᠂ ᠭᠤᠤᠯ ᠦᠶᠡᠷ ᠤᠨ ᠬᠤᠭᠤᠴᠠᠭᠠᠨ ᠤ ᠠᠵᠢᠯ ᠤᠨ ᠪᠠᠶᠢᠷᠢᠯᠠᠭᠤᠯᠤᠯᠲᠠ ᠶᠢ ᠲᠦᠷᠭᠡᠬᠡᠨ ᠨᠠᠷᠢᠯᠢᠬᠵᠢᠭᠤᠯᠤᠨ ᠪᠣᠳᠠᠲᠠᠶᠢᠵᠢᠭᠤᠯᠵᠤ᠂ ᠠᠵᠢᠯ ᠤᠨ ᠬᠠᠷᠢᠭᠤᠴᠠᠯᠭ᠎ᠠ ᠶᠢ ᠲᠣᠳᠣᠷᠬᠠᠶᠢᠯᠠᠨ ᠨᠠᠶᠢᠳᠠᠪᠤᠷᠢᠵᠢᠭᠤᠯᠵᠤ᠂ ᠬᠢᠨᠠᠯᠲᠠ ᠲᠠᠯᠪᠢᠵᠤ ᠪᠠᠶᠢᠴᠠᠭᠠᠬᠤ ᠪᠠᠨ ᠴᠢᠩᠭᠠᠳᠬᠠᠬᠤ ᠬᠡᠷᠡᠭᠲᠡᠶ᠃  ᠪᠠᠶᠢᠷᠢᠯᠠᠭᠤᠯᠤᠯᠲᠠ ᠶᠢ ᠦᠨᠳᠦᠰᠦᠯᠡᠪᠡᠯ᠂ ᠨᠢᠭᠡ ᠳᠤ᠂ ᠪᠣᠷᠣᠭᠠᠨ ᠤ ᠪᠠᠶᠢᠳᠠᠯ ᠢ ᠬᠢᠨᠠᠨ ᠬᠡᠮᠵᠢᠵᠦ ᠤᠷᠢᠳᠴᠢᠯᠠᠨ ᠮᠡᠳᠡᠭᠡᠯᠡᠵᠦ ᠤᠷᠢᠳᠴᠢᠯᠠᠨ ᠰᠡᠷᠡᠮᠵᠢᠯᠡᠭᠦᠯᠬᠦ ᠠᠵᠢᠯ ᠢ ᠰᠠᠶᠢᠲᠤᠷ ᠬᠢᠬᠦ ᠬᠡᠷᠡᠭᠲᠡᠶ᠃ ᠵᠢᠱᠢᠭᠰᠡᠨ ᠬᠤᠭᠤᠴᠠᠭ᠎ᠠ ᠪᠠᠨ ᠤᠷᠲᠤᠳᠬᠠᠨ᠂ ᠣᠨᠣᠪᠴᠢ ᠶᠢᠨ ᠬᠡᠮᠵᠢᠶ᠎ᠡ ᠪᠠᠨ ᠳᠡᠭᠡᠭᠰᠢᠯᠡᠭᠦᠯᠵᠦ᠂ ᠴᠠᠭ ᠠᠭᠤᠷ ᠤᠨ ᠳᠠᠭᠠᠭᠤᠯᠢ ᠣᠳᠣᠨ ᠪᠣᠯᠤᠨ ᠪᠣᠷᠣᠭᠠᠨ ᠬᠡᠮᠵᠢᠬᠦ ᠷᠠᠳᠠᠷ᠂ ᠪᠣᠷᠣᠭᠠᠨ ᠤ ᠬᠡᠮᠵᠢᠶ᠎ᠡ ᠶᠢᠨ ᠥᠷᠲᠡᠭᠡ᠂ ᠤᠰᠤᠨ ᠰᠢᠨᠵᠢᠯᠡᠭᠡᠨ ᠤ ᠥᠷᠲᠡᠭᠡ ᠪᠠᠷ ᠪᠦᠷᠢᠯᠳᠦᠭᠰᠡᠨ ᠪᠣᠷᠣᠭᠠᠨ ᠤ ᠤᠰᠤᠨ ᠤ ᠪᠠᠶᠢᠳᠠᠯ ᠢ ᠬᠢᠨᠠᠨ ᠬᠡᠮᠵᠢᠬᠦ ︽ᠭᠤᠷᠪᠠᠨ ᠰᠡᠷᠭᠡᠶᠢᠯᠡᠯᠲᠡ ᠶᠢᠨ ᠱᠤᠭᠤᠮ︾ ᠢ ᠪᠠᠶᠢᠭᠤᠯᠤᠨ ᠪᠦᠷᠢᠨᠰᠢᠭᠦᠯᠵᠦ᠂ ᠤᠷᠢᠳᠴᠢᠯᠠᠨ᠂ ᠡᠷᠭᠢᠯᠳᠦᠭᠦᠯᠦᠨ᠂ ᠨᠠᠷᠢᠯᠢᠭ ᠪᠠᠶᠢᠯᠭᠠᠵᠤ᠂ ᠬᠢᠨᠠᠨ ᠬᠡᠮᠵᠢᠵᠦ ᠤᠷᠢᠳᠴᠢᠯᠠᠨ ᠮᠡᠳᠡᠭᠦᠯᠦᠭᠰᠡᠨ ᠦᠷ᠎ᠡ ᠳ᠋ᠦᠩ ᠢ ᠵᠢᠵᠢᠭ ᠰᠠᠪᠠ ᠭᠠᠵᠠᠷ ᠤᠨ ᠬᠡᠰᠡᠭ ᠲᠤ ᠬᠦᠷᠲᠡᠯ᠎ᠡ ᠨᠠᠷᠢᠯᠢᠬᠵᠢᠭᠤᠯᠬᠤ ᠬᠡᠷᠡᠭᠲᠡᠶ᠃ ᠬᠤᠶᠠᠷ ᠲᠤ᠂ ᠲᠤᠯᠤᠭᠠᠨ ᠶᠡᠭᠡ ᠭᠤᠤᠯ ᠮᠥᠷᠡᠨ ᠤ ᠰᠠᠪᠠ ᠭᠠᠵᠠᠷ ᠤᠨ ᠰᠡᠷᠭᠡᠶᠢᠯᠡᠯᠲᠡ ᠶᠢ ᠰᠠᠶᠢᠲᠤᠷ ᠬᠢᠬᠦ ᠬᠡᠷᠡᠭᠲᠡᠶ᠃ ᠤᠷᠢᠳᠴᠢᠯᠠᠨ ᠮᠡᠳᠡᠭᠡᠯᠡᠬᠦ᠂ ᠤᠷᠢᠳᠴᠢᠯᠠᠨ ᠰᠡᠷᠡᠮᠵᠢᠯᠡᠭᠦᠯᠬᠦ᠂ ᠤᠷᠢᠳᠴᠢᠯᠠᠨ ᠲᠣᠭᠯᠠᠬᠤ᠂ ᠪᠡᠯᠡᠳᠬᠡᠯ ᠲᠥᠰᠦᠯ ︽ᠳᠥᠷᠪᠡᠨ ᠪᠡᠯᠡᠳᠬᠡᠯ︾ ᠤᠨ ᠠᠷᠭ᠎ᠠ ᠬᠡᠮᠵᠢᠶ᠎ᠡ ᠶᠢ ᠴᠢᠩᠭᠠᠷᠠᠭᠤᠯᠵᠤ᠂ ᠳᠡᠭᠡᠳᠦ ᠳᠣᠣᠷᠠᠳᠤ ᠤᠷᠤᠰᠬᠠᠯ᠂ ᠵᠡᠭᠦᠨ ᠪᠠᠷᠠᠭᠤᠨ ᠡᠷᠭᠢ᠂ ᠭᠤᠤᠯ ᠤᠷᠤᠰᠬᠠᠯ ᠪᠠ ᠰᠠᠯᠪᠤᠷᠢ ᠤᠷᠤᠰᠬᠠᠯ ᠢ ᠨᠢᠭᠡᠳᠦᠯᠲᠡᠶ ᠲᠥᠯᠥᠪᠯᠡᠵᠦ᠂ ᠰᠠᠪᠠ ᠭᠠᠵᠠᠷ ᠢ ᠨᠢᠭᠡᠳᠦᠯᠲᠡᠶ ᠵᠢᠯᠣᠭᠤᠳᠤᠨ ᠲᠣᠬᠢᠷᠠᠭᠤᠯᠬᠤ ᠶᠢ ᠪᠠᠷᠢᠮᠲᠠᠯᠠᠨ᠎ᠠ᠃ ᠭᠤᠷᠪᠠ ᠳᠤ᠂ ᠤᠰᠤᠨ ᠴᠥᠭᠦᠷᠥᠮ ᠤᠨ ᠰᠡᠷᠭᠡᠶᠢᠯᠡᠯᠲᠡ ᠶᠢ ᠰᠠᠶᠢᠲᠤᠷ ᠬᠢᠬᠦ ᠬᠡᠷᠡᠭᠲᠡᠶ᠃ ᠤᠰᠤᠨ ᠴᠥᠭᠦᠷᠥᠮ ᠤᠨ ᠵᠠᠰᠠᠭ ᠵᠠᠬᠢᠷᠭᠠᠨ᠂ ᠮᠡᠷᠭᠡᠵᠢᠯ᠂ ᠲᠣᠭᠤᠷᠢᠨ ᠪᠠᠶᠢᠴᠠᠭᠠᠬᠤ ︽ᠭᠤᠷᠪᠠᠨ ᠬᠠᠷᠢᠭᠤᠴᠠᠯᠭ᠎ᠠ ᠡᠭᠦᠷᠭᠡᠯᠡᠭᠴᠢ︾᠂ ᠠᠶᠤᠯ ᠭᠡᠮ ᠲᠠᠢ ᠤᠰᠤᠨ ᠴᠥᠭᠦᠷᠥᠮ ᠢ ᠵᠠᠷᠴᠢᠮ ᠳᠡᠭᠡᠷ᠎ᠡ ᠪᠠᠨ ᠴᠥᠮ ᠬᠤᠭᠤᠰᠣᠨ ᠢᠶᠠᠷ ᠠᠵᠢᠯᠯᠠᠭᠤᠯᠵᠤ᠂ ᠤᠰᠤᠨ ᠴᠥᠭᠦᠷᠥᠮ ᠤᠨ ᠦᠶᠡᠷ ᠪᠢᠯᠬᠠᠬᠤ ᠵᠠᠮ᠂ ᠤᠰᠤ ᠲᠠᠯᠪᠢᠬᠤ ᠪᠡᠯᠡᠳᠬᠡᠮᠵᠢ ᠵᠡᠷᠭᠡ ᠵᠠᠩᠭᠢᠯᠠᠭ᠎ᠠ ᠶᠢᠨ ᠣᠷᠣᠨ ᠪᠠᠶᠢᠷᠢ ᠬᠢᠭᠡᠳ ᠰᠡᠷᠭᠡᠶᠢᠯᠡᠨ ᠬᠠᠮᠠᠭᠠᠯᠠᠬᠤ ᠠᠷᠭ᠎ᠠ ᠬᠡᠮᠵᠢᠶ᠎ᠡ ᠶᠢᠨ ᠪᠡᠯᠡᠳᠬᠡᠯ ᠤᠨ ᠪᠠᠶᠢᠳᠠᠯ ᠢ ᠪᠦᠬᠦ ᠲᠠᠯ᠎ᠠ ᠪᠠᠷ ᠪᠠᠶᠢᠴᠠᠭᠠᠵᠤ᠂ ᠤᠰᠤᠨ ᠴᠥᠭᠦᠷᠥᠮ ᠤᠨ ᠪᠠᠴᠢᠮ ᠪᠠᠶᠢᠳᠠᠯ ᠢ ᠠᠷᠭᠠᠴᠠᠵᠤ ᠠᠶᠤᠯ ᠠᠴᠠ ᠠᠪᠤᠷᠠᠬᠤ ᠲᠥᠰᠦᠯ ᠪᠣᠯᠤᠨ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠬᠦ ᠬᠡᠷᠡᠭᠲᠡᠶ᠃ ᠳᠥᠷᠪᠡ ᠳᠤ᠂ ᠭᠤᠤᠯ ᠤᠨ ᠵᠠᠮ ᠤᠨ ᠬᠠᠰᠢᠯᠭ᠎ᠠ ᠳᠠᠯᠠᠩ ᠢ ᠰᠡᠷᠭᠡᠶᠢᠯᠡᠨ ᠬᠤᠷᠢᠭᠯᠠᠬᠤ ᠠᠵᠢᠯ ᠢ ᠰᠠᠶᠢᠲᠤᠷ ᠬᠢᠬᠦ ᠬᠡᠷᠡᠭᠲᠡᠶ᠃ ᠪᠠᠷᠢᠮᠵᠢᠶ᠎ᠠ ᠳᠤ ᠬᠥᠷᠬᠦ ᠥᠬᠡᠶ ᠳᠠᠯᠠᠩ ᠬᠠᠰᠢᠯᠭ᠎ᠠ ᠶᠢᠨ ᠬᠡᠰᠡᠭ ᠢ ᠭᠤᠤᠯᠳᠠᠯᠭ᠎ᠠ ᠲᠠᠢ ᠠᠩᠬᠠᠷᠴᠤ᠂ ᠳᠠᠯᠠᠩ ᠢ ᠨᠡᠪᠲᠡᠯᠦᠭᠰᠡᠨ ᠪᠠᠷᠢᠯᠭ᠎ᠠ ᠶᠢ ᠴᠢᠩᠭ᠎ᠠ ᠠᠩᠬᠠᠷᠴᠤ᠂ ᠪᠠᠶᠢᠭᠤᠯᠵᠤ ᠪᠠᠶᠢᠭ᠎ᠠ ᠪᠠᠷᠢᠯᠭ᠎ᠠ ᠶᠢᠨ ᠠᠵᠢᠯ ᠤᠨ ᠦᠶᠡᠷ ᠤᠨ ᠬᠤᠭᠤᠴᠠᠭ᠎ᠠ ᠶᠢ ᠥᠩᠭᠡᠷᠡᠭᠦᠯᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠤᠨ᠂ ᠰᠡᠷᠭᠡᠶᠢᠯᠡᠨ ᠬᠤᠷᠢᠭᠯᠠᠬᠤ ᠠᠷᠭ᠎ᠠ ᠬᠡᠮᠵᠢᠶ᠎ᠡ ᠬᠢᠭᠡᠳ ᠤᠷᠢᠳᠴᠢᠯᠠᠨ ᠮᠡᠳᠡᠭᠡᠯᠡᠵᠦ ᠰᠡᠷᠡᠮᠵᠢᠯᠡᠭᠦᠯᠬᠦ ᠶᠢ ᠵᠣᠬᠢᠴᠠᠯᠳᠤᠭᠤᠯᠤᠨ ᠵᠣᠯᠭᠠᠭᠤᠯᠬᠤ ᠶᠢ ᠴᠢᠩᠭᠠᠷᠠᠭᠤᠯᠵᠤ᠂ ᠤᠷᠢᠳᠴᠢᠯᠠᠨ ᠰᠡᠷᠡᠮᠵᠢᠯᠡᠭᠦᠯᠦᠭᠰᠡᠨ ᠤ ᠳᠠᠷᠠᠭ᠎ᠠ ᠰᠡᠷᠭᠡᠶᠢᠯᠡᠨ ᠰᠠᠬᠢᠬᠤ ᠬᠥᠮᠦᠰ ᠢ ᠳᠠᠷᠤᠶ ᠲᠦᠷᠭᠡᠨ ᠲᠤᠭ᠎ᠠ ᠶᠣᠰᠣᠭᠠᠷ ᠠᠵᠢᠯ ᠤᠨ ᠪᠠᠶᠢᠷᠢ ᠳᠤ ᠭᠠᠷᠭᠠᠵᠤ᠂ ᠠᠶᠤᠯ ᠠᠴᠠ ᠠᠪᠤᠷᠬᠠᠤ ᠪᠡᠯᠡᠳᠬᠡᠯ ᠬᠦᠴᠦᠨ᠂ ᠲᠣᠨᠤᠭ ᠲᠥᠬᠦᠭᠡᠷᠦᠮᠵᠢ ᠪᠠ ᠮᠠᠲ᠋ᠧᠷᠢᠶᠠᠯ ᠪᠡᠯᠡᠳᠬᠡᠨ᠎ᠡ᠃ ᠲᠠᠪᠤ ᠳᠤ᠂ ᠦᠶᠡᠷ ᠲᠣᠭᠲᠠᠭᠠᠬᠤ ᠣᠷᠣᠨ ᠢ ᠬᠡᠷᠡᠭᠯᠡᠬᠦ ᠪᠡᠯᠡᠳᠬᠡᠯ ᠢ ᠰᠠᠶᠢᠲᠤᠷ ᠬᠢᠬᠦ ᠬᠡᠷᠡᠭᠲᠡᠢ᠃ ᠦᠶᠡᠷ ᠢ ᠲᠣᠭᠲᠠᠭᠠᠨ ᠬᠤᠷᠠᠭᠤᠯᠬᠤ ᠣᠷᠣᠨ ᠳᠤ ᠬᠡᠷᠡᠭᠯᠡᠬᠦ ᠨᠥᠬᠦᠴᠡᠯ ᠢᠶᠠᠨ ᠲᠣᠳᠣᠷᠬᠠᠶᠢᠯᠠᠵᠤ᠂ ᠬᠡᠷᠡᠭᠯᠡᠬᠦ ᠪᠡᠯᠡᠳᠬᠡᠯ ᠪᠠᠶᠢᠳᠠᠯ ᠢᠶᠠᠨ ᠪᠦᠬᠦ ᠲᠠᠯ᠎ᠠ ᠪᠠᠷ ᠪᠠᠶᠢᠴᠠᠭᠠᠨ ᠦᠵᠡᠵᠦ᠂ ᠬᠥᠮᠦᠰ ᠢ ᠰᠢᠯᠵᠢᠭᠦᠯᠦᠨ ᠵᠠᠶᠢᠯᠠᠭᠤᠯᠬᠤ ᠲᠥᠰᠦᠯ ᠢᠶᠠᠨ ᠲᠡᠭᠦᠯᠳᠡᠷᠵᠢᠭᠦᠯᠵᠦ᠂ ᠬᠠᠰᠢᠯᠭ᠎ᠠ ᠳᠠᠯᠠᠩ ᠵᠢᠴᠢ ᠪᠠᠷᠢᠯᠭ᠎ᠠ ᠶᠢᠨ ᠪᠠᠶᠢᠳᠠᠯ ᠢ ᠣᠨᠣᠪᠴᠢᠲᠠᠶ ᠡᠵᠡᠮᠰᠢᠬᠦ ᠬᠡᠷᠡᠭᠲᠡᠶ᠃ ᠵᠢᠷᠭᠤᠭ᠎ᠠ ᠳᠤ᠂ ᠳᠤᠮᠳᠠ ᠪᠠᠭ᠎ᠠ ᠭᠤᠣᠯ ᠮᠥᠷᠡᠨ ᠤ ᠦᠶᠡᠷ ᠵᠢᠴᠢ ᠠᠭᠤᠯᠠᠨ ᠦᠶᠡᠷ ᠤᠨ ᠭᠠᠮᠰᠢᠭ ᠢ ᠰᠡᠷᠭᠡᠶᠢᠯᠡᠨ ᠬᠤᠷᠢᠭᠯᠠᠬᠤ ᠠᠵᠢᠯ ᠢ ᠰᠠᠶᠢᠲᠤᠷ ᠬᠢᠬᠦ ᠬᠡᠷᠡᠭᠲᠡᠢ᠃ ᠤᠷᠢᠳᠴᠢᠯᠠᠨ ᠮᠡᠳᠡᠭᠡᠯᠡᠵᠦ ᠰᠡᠷᠡᠮᠵᠢᠯᠡᠭᠦᠯᠬᠦ ᠶᠢ ᠦᠷᠭᠦᠯᠵᠢᠯᠡᠨ ᠰᠠᠶᠢᠲᠤᠷ ᠬᠢᠵᠦ᠂ ︽ᠳᠠᠭᠤᠳᠠᠬᠤ︾ ᠲᠣᠭᠲᠠᠴᠠ ᠶᠢ ᠲᠡᠭᠦᠯᠳᠡᠷᠵᠢᠭᠦᠯᠦᠨ᠂ ᠰᠡᠷᠡᠮᠵᠢᠯᠡᠭᠦᠯᠬᠦ ᠮᠡᠳᠡᠭᠡ ᠵᠠᠩᠭᠢ ᠶᠢ ᠨᠢᠭᠡᠳᠦᠭᠡᠷ ᠹᠷᠣᠨᠲ ᠲᠤ ᠰᠢᠭᠤᠳ ᠬᠦᠷᠭᠡᠬᠦ᠂ ᠡᠷᠦᠬᠡ ᠳᠤ ᠬᠦᠷᠲᠡᠯ᠎ᠡ ᠬᠥᠮᠦᠨ ᠳᠤᠨᠢ ᠬᠦᠷᠦᠭᠦᠯᠬᠦ ᠶᠢ ᠦᠨᠡᠨ ᠬᠦ ᠪᠠᠲᠤᠯᠠᠵᠤ᠂ ᠠᠵᠢᠯᠲᠠᠨ ᠢ ᠵᠠᠶᠢᠯᠠᠭᠤᠯᠬᠤ ᠲᠥᠰᠦᠯ ᠢ ᠨᠠᠶᠢᠳᠠᠪᠤᠷᠢᠵᠢᠭᠤᠯᠤᠨ᠂ ᠠᠵᠢᠯᠲᠠᠨ ᠢ ᠵᠠᠶᠢᠯᠠᠭᠤᠯᠵᠤ ᠲᠥᠪᠬᠢᠨᠡᠭᠦᠯᠦᠭᠰᠡᠨ ᠤ ᠳᠠᠷᠠᠭᠠᠬᠢ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭᠠᠷᠠᠭᠤᠯᠵᠤ᠂ ᠳᠤᠷ᠎ᠠ ᠪᠠᠷ ᠢᠶᠠᠨ ᠪᠤᠴᠠᠵᠤ ᠢᠷᠡᠬᠦ ᠶᠢ ᠡᠷᠡᠰ ᠬᠤᠷᠢᠭᠯᠠᠬᠤ ᠬᠡᠷᠡᠭᠲᠡᠶ᠃ ᠳᠣᠯᠤᠭ᠎ᠠ ᠳᠤ᠂ ᠨᠦᠯᠦᠮᠡᠯ ᠭᠠᠵᠠᠷ ᠤᠨ ᠬᠠᠰᠢᠯᠭ᠎ᠠ ᠶᠢᠨ ᠰᠡᠷᠭᠡᠶᠢᠯᠡᠯᠲᠡ ᠶᠢ ᠰᠠᠶᠢᠲᠤᠷ ᠬᠢᠬᠦ ᠬᠡᠷᠡᠭᠲᠡᠶ᠃ ᠤᠷᠢᠳᠴᠢᠯᠠᠨ ᠮᠡᠳᠡᠭᠡᠯᠡᠵᠦ ᠤᠷᠢᠳᠴᠢᠯᠠᠨ ᠰᠡᠷᠡᠮᠵᠢᠯᠡᠭᠦᠯᠬᠦ ᠶᠢ ᠴᠢᠩᠭᠠᠳᠬᠠᠵᠤ᠂ ᠬᠠᠷᠢᠭᠤᠴᠠᠯᠭ᠎ᠠ ᠲᠠᠢ ᠬᠥᠮᠦᠨ ᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠬᠦ ᠶᠢ ᠦᠨᠡᠨ ᠬᠦ ᠪᠠᠲᠤᠯᠠᠵᠤ᠂ ᠳᠤᠤᠷᠠᠳᠤ ᠤᠷᠤᠰᠬᠠᠯ ᠳᠠᠬᠢ ᠠᠶᠢᠯ ᠲᠣᠰᠬᠤᠨ ᠲᠠᠢ ᠨᠦᠯᠦᠮᠡᠯ ᠭᠠᠵᠠᠷ ᠤᠨ ᠬᠠᠰᠢᠯᠭ᠎ᠠ ᠶᠢ ᠭᠤᠤᠯᠳᠠᠯᠭ᠎ᠠ ᠲᠠᠢ ᠰᠡᠷᠭᠡᠶᠢᠯᠡᠨ ᠰᠠᠬᠢᠵᠤ᠂ ᠬᠥᠮᠦᠰ ᠢ ᠵᠠᠶᠢᠯᠠᠭᠤᠯᠬᠤ ᠲᠥᠰᠦᠯ ᠢ ᠨᠠᠶᠢᠳᠠᠪᠤᠷᠢᠵᠢᠭᠤᠯᠤᠨ᠎ᠠ᠃ ᠨᠠᠢᠮᠠ ᠳᠤ᠂ ᠡᠮᠦᠨᠡᠲᠦ ᠶᠢᠨ ᠤᠰᠤ ᠶᠢ ᠤᠮᠠᠷᠠᠰᠢ ᠲᠠᠲᠠᠬᠤ ᠳᠤᠮᠳᠠ ᠱᠤᠭᠤᠮ ᠤᠨ ᠢᠨᠵᠧᠨᠧᠷᠢᠩ ᠤᠨ ᠰᠡᠷᠭᠡᠶᠢᠯᠡᠯᠲᠡ ᠶᠢ ᠰᠠᠶᠢᠲᠤᠷ ᠬᠢᠬᠦ ᠬᠡᠷᠡᠭᠲᠡᠢ᠃ ᠲᠦᠭᠰᠢᠭᠦᠷᠢ ᠶᠢᠨ ᠡᠬᠢ ᠰᠤᠷᠪᠤᠯᠵᠢ ᠶᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠬᠤ ᠪᠠ ᠡᠵᠡᠮᠰᠢᠵᠦ᠂ ᠰᠡᠷᠭᠡᠶᠢᠯᠡᠯᠲᠡ ᠶᠢᠨ ᠬᠠᠷᠢᠭᠤᠴᠠᠯᠭ᠎ᠠ ᠶᠢ ᠬᠡᠰᠡᠭ ᠬᠡᠰᠡᠭ ᠢᠶᠠᠷ ᠪᠣᠳᠠᠲᠠᠶᠢᠵᠢᠭᠤᠯᠵᠤ᠂ ᠰᠡᠷᠭᠡᠶᠢᠯᠡᠯᠲᠡ ᠶᠢᠨ ᠠᠷᠭ᠎ᠠ ᠬᠡᠮᠵᠢᠶ᠎ᠡ ᠶᠢ ᠬᠡᠰᠡᠭ ᠬᠡᠰᠡᠭ ᠢᠶᠠᠷ ᠨᠠᠶᠢᠳᠠᠪᠤᠷᠢᠵᠢᠭᠤᠯᠤᠨ᠎ᠠ᠃ ᠶᠢᠰᠦ᠂ ᠬᠤᠲᠠ ᠶᠢᠨ ᠦᠶᠡᠷ ᠢ ᠰᠡᠷᠭᠡᠶᠢᠯᠡᠬᠦ ᠠᠵᠢᠯ ᠢ ᠰᠠᠶᠢᠲᠤᠷ ᠬᠢᠬᠦ ᠬᠡᠷᠡᠭᠲᠡᠶ᠃ ᠬᠤᠲᠠ ᠶᠢᠨ ᠦᠶᠡᠷ ᠢ ᠰᠡᠷᠭᠡᠶᠢᠯᠡᠬᠦ ᠶᠢ ᠰᠠᠪᠠ ᠭᠠᠵᠠᠷ ᠤᠨ ᠦᠶᠡᠷ ᠢ ᠰᠡᠷᠭᠡᠶᠢᠯᠡᠬᠦ ᠰᠢᠰᠲ᠋ᠧᠮ ᠳᠤ ᠲᠠᠯᠪᠢᠵᠤ᠂ ᠤᠷᠢᠳᠴᠢᠯᠠᠨ ᠮᠡᠳᠡᠭᠡᠯᠡᠬᠦ᠂ ᠰᠡᠷᠡᠮᠵᠢᠯᠡᠭᠦᠯᠬᠦ᠂ ᠤᠷᠢᠳᠴᠢᠯᠠᠨ ᠲᠣᠭᠯᠠᠬᠤ᠂ ᠪᠡᠯᠡᠳᠬᠡᠯ ᠲᠥᠰᠦᠯ ︽ᠳᠥᠷᠪᠡᠨ ᠪᠡᠯᠡᠳᠬᠡᠯ︾ ᠤᠨ ᠠᠵᠢᠯ ᠢ ᠰᠠᠶᠢᠲᠤᠷ ᠬᠢᠵᠦ᠂ ︽ᠲᠡᠪᠴᠢᠬᠦ᠂ ᠲᠣᠭᠤᠷᠢᠬᠤ᠂ ᠵᠢᠭᠰᠠᠭᠠᠬᠤ︾ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠎ᠠ᠃ ᠠᠷᠪᠠ ᠳᠤ᠂ ᠭᠠᠩ ᠬᠠᠭᠰᠠᠷᠠᠭᠠᠨ ᠲᠠᠢ ᠲᠡᠮᠡᠴᠡᠬᠦ ᠠᠵᠢᠯ ᠢ ᠤᠷᠢᠳᠴᠢᠯᠠᠨ ᠰᠠᠶᠢᠲᠤᠷ ᠬᠢᠬᠦ ᠬᠡᠷᠡᠭᠲᠡᠢ᠃ ᠳᠤᠮᠳᠠ ᠤᠷᠲᠤ ᠬᠤᠭᠤᠴᠠᠭᠠᠨ ᠤ ᠤᠷᠢᠳᠴᠢᠯᠠᠭᠰᠠᠨ ᠮᠡᠳᠡᠭᠡ ᠶᠢ ᠰᠠᠶᠢᠲᠤᠷ ᠬᠢᠵᠦ᠂ ᠣᠨᠣᠪᠴᠢᠲᠠᠶ ᠬᠦᠷᠢᠶ᠎ᠡ ᠬᠡᠪᠴᠢᠶ᠎ᠡ᠂ ᠣᠨᠣᠪᠴᠢᠲᠠᠶ ᠡᠲᠡᠭᠡᠳ᠂ ᠣᠨᠣᠪᠴᠢᠲᠠᠶ ᠠᠷᠭ᠎ᠠ ᠬᠡᠮᠵᠢᠶ᠎ᠡ ᠶᠢ ᠪᠡᠶᠡᠯᠡᠭᠦᠯᠵᠦ᠂ ᠭᠠᠩ ᠬᠠᠭᠰᠠᠷᠠᠭᠠᠨ ᠲᠠᠢ ᠲᠡᠮᠡᠴᠡᠬᠦ ᠤᠰᠤᠨ ᠤ ᠡᠬᠢ ᠪᠠᠶᠠᠯᠢᠭ ᠢ ᠤᠷᠢᠳᠴᠢᠯᠠᠨ ᠨᠥᠭᠡᠴᠡᠯᠡᠬᠦ ᠬᠡᠷᠡᠭᠲᠡᠶ᠃ 
 
ᠢᠷᠡᠯᠲᠡ᠄ ᠭᠤᠸᠠᠩᠮᠢᠩ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号