ᠬᠤᠯᠪᠣᠭᠳᠠᠯ ᠪᠦᠬᠦᠢ ᠨᠢᠭᠡᠴᠢ ᠳᠤ᠄ | ︽ᠤᠰᠤᠨ ᠠᠰᠢᠭᠯᠠᠯᠲᠠ ᠶᠢᠨ ᠡᠮᠦᠨᠡᠬᠢ ᠬᠤᠭᠤᠴᠠᠭᠠᠨ ᠤ ᠠᠵᠢᠯ ᠤᠨ ᠮᠡᠷᠭᠡᠵᠢᠯ ᠤᠨ ᠬᠢᠨᠠᠨ ᠪᠠᠶᠢᠴᠠᠭᠠᠬᠤ | ᠲᠤᠰᠬᠠᠶ ᠮᠡᠷᠭᠡᠵᠢᠯᠲᠡᠨ ᠤ ᠬᠥᠮᠥᠷᠭᠡ ᠶᠢ ᠲᠣᠬᠢᠷᠠᠭᠤᠯᠤᠨ ᠲᠡᠭᠦᠯᠳᠡᠷᠵᠢᠭᠦᠯᠬᠦ ᠲᠤᠬᠠᠶ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠮᠡᠳᠡᠭᠳᠡᠯ︾ ︵ᠥᠪᠥᠷ ᠤᠰᠤ ᠠᠯᠪᠠᠨ ﹇ | 2020﹈ 3 ᠳ᠋ᠤᠭᠠᠷ ᠲᠣᠭᠠᠲᠤ︶ ᠢ ᠳᠠᠷᠤᠮᠠᠯᠯᠠᠨ ᠲᠠᠷᠬᠠᠭᠠᠭᠰᠠᠨ ᠠᠴᠠ ᠨᠠᠭᠠᠰᠢ᠂ ᠮᠠᠨ ᠤ ᠣᠷᠣᠨ ᠤ ᠤᠰᠤᠨ | ᠠᠰᠢᠭᠯᠠᠯᠲᠠ ᠶᠢᠨ ᠡᠮᠦᠨᠡᠬᠢ ᠬᠤᠭᠤᠴᠠᠭᠠᠨ ᠤ ᠠᠵᠢᠯ ᠤᠨ ᠮᠡᠷᠭᠡᠵᠢᠯ ᠤᠨ ᠬᠢᠨᠠᠨ ᠪᠠᠶᠢᠴᠠᠭᠠᠬᠤ ᠬᠢᠷᠢ ᠬᠡᠮᠵᠢᠶ᠎ᠡ ᠶᠢ | ᠳᠡᠭᠡᠭᠰᠢᠯᠡᠭᠦᠯᠬᠦ ᠳᠤ ᠢᠳᠡᠪᠬᠢᠲᠡᠶ ᠦᠢᠯᠡᠳᠦᠯ ᠦᠵᠡᠭᠦᠯᠪᠡ᠂ ᠮᠠᠨ ᠤ ᠣᠷᠣᠨ ᠤ ᠤᠰᠤᠨ ᠠᠰᠢᠭᠯᠠᠯᠲᠠ ᠶᠢᠨ ᠡᠮᠦᠨᠡᠬᠢ | ᠬᠤᠭᠤᠴᠠᠭᠠᠨ ᠤ ᠮᠡᠷᠭᠡᠵᠢᠯ ᠤᠨ ᠬᠢᠨᠠᠨ ᠪᠠᠶᠢᠴᠠᠭᠠᠬᠤ ᠠᠵᠢᠯ ᠤᠨ ᠵᠢᠷᠤᠮᠵᠢᠯ ᠢ ᠤᠯᠠᠮ ᠨᠢᠭᠡ ᠠᠯᠬᠤᠮ | ᠪᠠᠲᠤᠯᠠᠬᠤ ᠶᠢᠨ ᠲᠤᠰᠠᠳᠠ᠂ ᠡᠮᠬᠢ ᠵᠢᠷᠤᠮ ᠲᠠᠢ ᠥᠷᠨᠢᠭᠦᠯᠬᠦ᠂ ᠮᠡᠷᠭᠡᠵᠢᠯ ᠤᠨ ᠬᠢᠨᠠᠨ ᠪᠠᠶᠢᠴᠠᠭᠠᠬᠤ ᠠᠵᠢᠯ ᠤᠨ ᠶᠠᠰᠤ | ᠴᠢᠨᠠᠷ ᠪᠠ ᠦᠷ᠎ᠡ ᠪᠦᠲᠦᠮᠵᠢ ᠶᠢ ᠦᠨᠡᠨ ᠬᠦ ᠳᠡᠭᠡᠭᠰᠢᠯᠡᠭᠦᠯᠦᠨ᠎ᠡ᠂ ᠮᠡᠷᠭᠡᠵᠢᠯ ᠤᠨ ᠬᠢᠨᠠᠨ ᠪᠠᠶᠢᠴᠠᠭᠠᠯᠲᠠ ᠶᠢᠨ | ᠲᠤᠰᠬᠠᠶ ᠮᠡᠷᠭᠡᠵᠢᠯᠲᠡᠨ ᠤ ᠪᠦᠲᠦᠮᠵᠢᠲᠡᠶ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠶ᠂ ᠰᠤᠳᠤᠯᠬᠤ ᠪᠠᠷ ᠳᠠᠮᠵᠢᠨ᠂ | ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠦᠢᠯᠡᠰ ᠤᠨ ᠬᠥᠭᠵᠢᠯᠲᠡ ᠶᠢᠨ ᠲᠥᠪ ᠠᠴᠠ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠡᠮᠦᠨᠡᠬᠢ ᠬᠤᠭᠤᠴᠠᠭᠠᠨ ᠤ ᠠᠵᠢᠯ ᠤᠨ | ᠮᠡᠷᠭᠡᠵᠢᠯ ᠤᠨ ᠬᠢᠨᠠᠨ ᠪᠠᠶᠢᠴᠠᠭᠠᠬᠤ ᠲᠤᠰᠬᠠᠶ ᠮᠡᠷᠭᠡᠵᠢᠯᠲᠡᠨ ᠤ ᠬᠥᠮᠥᠷᠭᠡ︾ ︵ᠳᠣᠷᠣᠭᠰᠢ ︽ᠲᠤᠰᠬᠠᠶ | ᠮᠡᠷᠭᠡᠵᠢᠯᠲᠡᠨ ᠤ ᠬᠥᠮᠥᠷᠭᠡ︾ ᠭᠡᠵᠦ ᠲᠣᠪᠴᠢᠯᠠᠨ᠎ᠠ︶ ᠶᠢ ᠰᠢᠨᠡᠳᠬᠡᠨ ᠲᠡᠭᠦᠯᠳᠡᠷᠵᠢᠭᠦᠯᠬᠦ ᠶᠢ ᠬᠠᠷᠢᠭᠤᠴᠠᠨ᠎ᠠ᠂ | ᠦᠨᠳᠦᠰᠦᠯᠡᠯ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠡᠮᠦᠨᠡᠬᠢ | ᠬᠤᠭᠤᠴᠠᠭᠠᠨ ᠤ ᠠᠵᠢᠯ ᠤᠨ ᠮᠡᠷᠭᠡᠵᠢᠯ ᠤᠨ ᠬᠢᠨᠠᠨ ᠪᠠᠶᠢᠴᠠᠭᠠᠯᠲᠠ ᠬᠢᠭᠡᠳ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ | ᠬᠠᠮᠢᠶᠠᠷᠤᠯᠲᠠ ᠶᠢᠨ ᠠᠷᠭ᠎ᠠ ︵ᠵᠠᠰᠠᠪᠤᠷᠢ ᠣᠷᠣᠭᠤᠯᠤᠭᠰᠠᠨ︶︾᠂ ᠡᠳᠦᠭᠡ ᠬᠤᠯᠪᠣᠭᠳᠠᠯ ᠪᠥᠬᠦᠶ ᠵᠦᠢᠯᠡᠰ ᠢ | ᠳᠤᠤᠷᠠᠬᠢ ᠮᠡᠲᠦ ᠮᠡᠳᠡᠭᠳᠡᠪᠡ᠄ | ᠨᠢᠭᠡ᠂ ᠰᠢᠨᠡᠳᠬᠡᠨ ᠲᠡᠭᠦᠯᠳᠡᠷᠵᠢᠭᠦᠯᠬᠦ ᠵᠠᠷᠴᠢᠮ | ᠣᠲᠣ ᠶᠢᠨ ᠪᠠᠶᠢᠭ᠎ᠠ ᠲᠤᠰᠬᠠᠶ ᠮᠡᠷᠭᠡᠵᠢᠯᠲᠡᠨ ᠤ ᠬᠥᠮᠥᠷᠭᠡ ᠶᠢᠨ ᠰᠠᠭᠤᠷᠢᠨ ᠳᠡᠭᠡᠷ᠎ᠡ᠂ ᠮᠡᠷᠭᠡᠵᠢᠯ ᠤᠨ ᠬᠢᠨᠠᠨ | ᠪᠠᠶᠢᠴᠠᠭᠠᠬᠤ ᠠᠵᠢᠯ ᠤᠨ ᠬᠡᠷᠡᠭᠴᠡᠭᠡ ᠪᠠ ᠬᠥᠮᠥᠷᠭᠡ ᠳᠤ ᠣᠷᠣᠭᠤᠯᠬᠤ ᠲᠤᠰᠬᠠᠶ ᠮᠡᠷᠭᠡᠵᠢᠯᠲᠡᠨ ᠤ ᠬᠢᠨᠠᠨ | ᠲᠣᠭᠲᠠᠭᠠᠬᠤ ᠠᠵᠢᠯ ᠤᠨ ᠪᠣᠳᠠᠲᠠᠶ ᠢᠯᠡᠷᠡᠯ ᠢ ᠦᠨᠳᠦᠰᠦᠯᠡᠨ᠂ 2022 ᠣᠨ ᠳᠤ ᠭᠤᠶᠤᠴᠢᠯᠠᠨ ᠮᠡᠳᠡᠭᠦᠯᠦᠭᠰᠡᠨ | ᠬᠥᠭᠵᠢᠯᠲᠡ ᠶᠢᠨ ᠲᠥᠪ ᠤᠨ ᠲᠤᠰᠬᠠᠶ ᠮᠡᠷᠭᠡᠵᠢᠯᠲᠡᠨ ᠤ ᠬᠥᠮᠥᠷᠭᠡ ᠶᠢᠨ ᠬᠤᠷᠢᠶᠠᠩᠭᠤᠶᠢᠯᠠᠭᠰᠠᠨ ᠨᠡᠷᠡᠰ ᠲᠠᠢ | ᠤᠶᠠᠯᠳᠤᠭᠤᠯᠤᠨ᠂ ᠲᠤᠰᠬᠠᠶ ᠮᠡᠷᠭᠡᠵᠢᠯᠲᠡᠨ ᠤ ᠬᠢᠷᠢ ᠬᠡᠮ ᠢ ᠶᠡᠷᠦᠩᠬᠡᠶᠢᠯᠡᠨ ᠪᠣᠳᠣᠯᠬᠢᠯᠠᠵᠤ᠂ ᠲᠤᠰᠬᠠᠶ ᠮᠡᠷᠭᠡᠵᠢᠯ᠂ | ᠪᠠᠶᠢᠭ᠎ᠠ ᠨᠢᠭᠡᠴᠢ᠂ ᠣᠷᠣᠨ ᠪᠦᠰᠡ ᠶᠢᠨ ᠲᠠᠷᠬᠠᠯᠲᠠ ᠵᠡᠷᠭᠡ ᠬᠦᠴᠦᠨ ᠵᠦᠢᠯ ᠢ ᠶᠡᠷᠦᠩᠬᠡᠶᠢᠯᠡᠨ ᠪᠣᠳᠣᠯᠬᠢᠯᠠᠵᠤ᠂ | ᠬᠥᠮᠥᠷᠭᠡ ᠳᠤ ᠣᠷᠣᠭᠤᠯᠬᠤ ᠲᠤᠰᠬᠠᠶ ᠮᠡᠷᠭᠡᠵᠢᠯᠲᠡᠨ ᠤ ᠵᠢᠱᠢᠭᠳᠡᠭᠴᠢ ᠶᠢᠨ ᠰᠢᠯᠢᠳᠡᠭ ᠢ ᠨᠢ ᠰᠣᠩᠭᠤᠨ ᠲᠣᠭᠲᠠᠭᠠᠵᠤ᠂ | ᠬᠢᠨᠠᠨ ᠲᠣᠭᠲᠠᠭᠠᠵᠤ ᠨᠡᠶᠢᠲᠡ ᠳᠤ ᠵᠠᠷᠯᠠᠭᠰᠠᠨ ᠤ ᠳᠠᠷᠠᠭ᠎ᠠ ᠳᠠᠷᠤᠮᠠᠯᠯᠠᠨ ᠲᠠᠷᠬᠠᠭᠠᠵᠤ ᠬᠡᠷᠡᠭᠵᠢᠭᠦᠯᠦᠨ᠎ᠡ᠃ | ᠬᠤᠶᠠᠷ᠂ ᠲᠤᠰᠬᠠᠶ ᠮᠡᠷᠭᠡᠵᠢᠯᠲᠡᠨ ᠤ ᠲᠤᠰᠬᠠᠶ ᠮᠡᠷᠭᠡᠵᠢᠯ ᠤᠨ ᠬᠦᠷᠢᠶ᠎ᠡ ᠬᠡᠪᠴᠢᠶ᠎ᠡ᠃ | ᠬᠥᠮᠥᠷᠭᠡ ᠳᠤ ᠣᠷᠣᠭᠤᠯᠬᠤ ᠲᠤᠰᠬᠠᠶ ᠮᠡᠷᠭᠡᠵᠢᠯᠲᠡᠨ ᠢ ᠲᠤᠰᠬᠠᠶ ᠮᠡᠷᠭᠡᠵᠢᠯ ᠳᠤ᠄ ᠪᠠᠷᠢᠯᠭ᠎ᠠ ᠶᠢᠨ | ᠲᠥᠯᠥᠪᠵᠢᠭᠦᠯᠭᠡ᠂ ᠤᠰᠤᠨ ᠰᠢᠨᠵᠢᠯᠡᠭᠡ ᠤᠰᠤᠨ ᠤ ᠡᠬᠢ ᠪᠠᠶᠠᠯᠢᠭ᠂ ᠬᠥᠷᠥᠰᠥ ᠰᠢᠷᠣᠶ ᠶᠢ ᠬᠠᠮᠠᠭᠠᠯᠠᠬᠤ᠂ ᠤᠰᠤᠨ | ᠠᠰᠢᠭᠯᠠᠯᠲᠠ ᠶᠢᠨ ᠪᠠᠷᠢᠯᠭ᠎ᠠ᠂ ᠤᠰᠤ ᠬᠠᠩᠭᠠᠬᠤ ᠪᠠᠷᠢᠯᠭ᠎ᠠ᠂ ᠲᠠᠷᠢᠶᠠᠨ ᠭᠠᠵᠠᠷ ᠤᠨ ᠤᠰᠤᠨ ᠠᠰᠢᠭᠯᠠᠯᠲᠠ᠂ ᠭᠠᠵᠠᠷ | ᠰᠢᠨᠵᠢᠯᠡᠭᠡᠨ᠂ ᠤᠰᠤᠨ ᠮᠠᠰᠢᠨ ᠵᠢᠴᠢ ᠴᠠᠬᠢᠯᠭᠠᠨ ᠬᠡᠢ ᠶᠢᠨ ᠪᠠᠷᠢᠯᠭ᠎ᠠ᠂ ᠲᠡᠮᠦᠷᠯᠢᠭ ᠤᠨ ᠪᠦᠲᠦᠴᠡ᠂ ᠪᠠᠷᠢᠯᠭ᠎ᠠ | ᠪᠠᠷᠢᠬᠤ ᠵᠣᠬᠢᠶᠠᠨ ᠪᠠᠶᠢᠭᠤᠯᠤᠯᠲᠠ ᠶᠢᠨ ᠵᠢᠷᠤᠭ ᠲᠥᠯᠥᠪᠯᠡᠭᠡ᠂ ᠲᠦᠢᠮᠣ ᠲᠥᠰᠦᠪ ᠬᠢᠭᠡᠳ ᠠᠵᠤ ᠠᠬᠤᠶ ᠶᠢᠨ | ᠦᠨᠡᠯᠡᠯᠲᠡ᠂ ᠵᠠᠮ ᠬᠥᠭᠦᠷᠭᠡ᠂ ᠠᠵᠢᠯᠴᠢᠨ ᠠᠷᠠᠳ ᠤᠨ ᠪᠠᠷᠢᠯᠭ᠎ᠠ᠂ ᠤᠰᠤ ᠬᠠᠩᠭᠠᠬᠤ ᠤᠰᠤ ᠵᠠᠯᠠᠬᠤ᠂ ᠮᠡᠳᠡᠭᠡ | ᠵᠠᠩᠭᠢᠵᠢᠯᠲᠠ᠂ ᠣᠷᠴᠢᠨ ᠲᠣᠭᠤᠷᠢᠨ ᠤ ᠰᠢᠨᠵᠢᠯᠡᠬᠦ ᠤᠬᠠᠭᠠᠨ ᠬᠢᠭᠡᠳ ᠢᠨᠵᠧᠨᠧᠷᠢᠩ᠂ ᠠᠷᠠᠳ ᠢ ᠨᠡᠭᠦᠯᠭᠡᠬᠦ᠂ | ᠪᠤᠰᠤᠳ ᠵᠡᠷᠭᠡ ᠤᠰᠤᠨ ᠠᠰᠢᠭᠯᠠᠯᠲᠠ ᠤᠰᠤᠨ ᠴᠠᠬᠢᠯᠭᠠᠨ ᠤ ᠪᠠᠷᠢᠯᠭ᠎ᠠ ᠵᠢᠴᠢ ᠬᠠᠮᠢᠶ᠎ᠠ ᠪᠦᠬᠦᠢ ᠲᠤᠰᠬᠠᠶ | ᠮᠡᠷᠭᠡᠵᠢᠯ ᠢ ᠪᠠᠭᠲᠠᠭᠠᠨ᠎ᠠ᠃ | ᠭᠤᠷᠪᠠ᠂ ᠲᠤᠰᠬᠠᠶ ᠮᠡᠷᠭᠡᠵᠢᠯᠲᠡᠳ ᠢ ᠬᠥᠮᠥᠷᠭᠡ ᠳᠤ ᠣᠷᠣᠭᠤᠯᠬᠤ ᠨᠥᠬᠦᠴᠡᠯ | ︵ᠨᠢᠭᠡ︶ ᠲᠤᠬᠠᠶᠢᠯᠠᠭᠰᠠᠨ ᠠᠵᠢᠯ ᠤᠨ ᠬᠡᠪ ᠴᠢᠨᠠᠷ ᠢᠶᠠᠷ ᠨᠡᠯᠢᠶᠡᠳ ᠥᠨᠳᠥᠷ ᠪᠠ ᠲᠤᠬᠠᠶᠢᠯᠠᠭᠰᠠᠨ | ᠠᠵᠢᠯ ᠤᠨ ᠰᠠᠶᠢᠨ ᠰᠠᠶᠢᠬᠠᠨ ᠶᠣᠰᠣ ᠮᠣᠷᠠᠯ ᠲᠠᠢ᠂ ᠣᠪᠣᠷ ᠰᠤᠷᠲᠠᠯ ᠲᠥᠪ ᠴᠢᠬᠡᠴᠢ᠂ ᠵᠠᠷᠴᠢᠮ ᠢ ᠪᠠᠷᠢᠮᠲᠠᠯᠠᠳᠠᠭ᠂ | ᠪᠤᠰᠤᠳᠴᠢ᠂ ᠲᠥᠪ ᠭᠤᠣᠯᠴᠢ᠂ ᠦᠨᠡᠨ ᠠᠴᠠ ᠵᠥᠪ ᠢ ᠡᠷᠢᠬᠦ᠂ ᠠᠷᠢᠭᠤᠨ ᠴᠢᠬᠡᠴᠢ ᠪᠠᠷ ᠲᠤᠰᠢᠶᠠᠯ | ᠬᠠᠷᠢᠭᠤᠴᠠᠯᠭ᠎ᠠ ᠪᠠᠨ ᠭᠦᠢᠴᠡᠳᠬᠡᠵᠦ ᠴᠢᠳᠠᠳᠠᠭ᠂ ᠬᠢᠨᠠᠨ ᠲᠣᠭᠲᠠᠭᠠᠬᠤ ᠠᠵᠢᠯᠯᠠᠭ᠎ᠠ ᠳᠤ ᠵᠠᠰᠠᠭ ᠵᠠᠬᠢᠷᠭᠠᠨ ᠤ | ᠰᠠᠯᠠᠭ᠎ᠠ ᠮᠥᠴᠢᠷ᠂ ᠬᠢᠨᠠᠨ ᠪᠠᠶᠢᠴᠠᠭᠠᠬᠤ ᠨᠢᠭᠡᠴᠢ ᠭᠠᠷ ᠲᠦᠷᠦᠵᠤ ᠪᠣᠯᠬᠤ ᠦᠭᠡᠢ ᠪᠥᠭᠡᠳ ᠬᠤᠯᠪᠣᠭᠳᠠᠯ ᠪᠦᠬᠦᠢ | ᠮᠡᠷᠭᠡᠵᠢᠯ ᠤᠨ ᠮᠠᠲ᠋ᠧᠷᠢᠶᠠᠯ ᠤᠨ ᠨᠢᠭᠤᠴᠠ ᠶᠢ ᠬᠠᠮᠠᠭᠠᠯᠠᠵᠤ ᠴᠢᠳᠠᠳᠠᠭ︔ | ︵ᠬᠤᠶᠠᠷ︶ ᠬᠠᠮᠢᠶ᠎ᠠ ᠪᠥᠬᠦᠶ ᠲᠤᠰᠬᠠᠶ ᠮᠡᠷᠭᠡᠵᠢᠯ ᠤᠨ ᠬᠦᠷᠢᠶ᠎ᠡ ᠴᠠᠷᠠᠭ᠎ᠠ ᠳᠤ ᠨᠡᠯᠢᠶᠡᠳ ᠥᠨᠳᠥᠷ ᠲᠤᠰᠬᠠᠶ | ᠮᠡᠷᠭᠡᠵᠢᠯ ᠤᠨ ᠣᠨᠣᠯ ᠤᠨ ᠬᠢᠷᠢ ᠬᠡᠮᠵᠢᠶ᠎ᠡ ᠪᠠ ᠡᠯᠪᠡᠭ ᠪᠠᠶᠠᠯᠢᠭ ᠦᠢᠯᠡᠳᠦᠯᠭᠡ ᠶᠢᠨ ᠲᠤᠷᠰᠢᠯᠭ᠎ᠠ ᠲᠠᠢ ᠪᠠᠶᠢᠵᠤ᠂ | ᠵᠠᠷᠴᠢᠮ ᠳᠡᠭᠡᠷ᠎ᠡ ᠪᠠᠨ ᠳᠡᠳ᠋ ᠳᠡᠭᠡᠳᠦ ᠲᠠᠰ ᠠᠴᠠ ᠳᠡᠭᠡᠭᠰᠢᠬᠢ ︵ᠪᠠᠭᠲᠠᠨ᠎ᠠ︶ ᠲᠤᠰᠬᠠᠶ ᠮᠡᠷᠭᠡᠵᠢᠯ ᠤᠨ ᠴᠣᠯᠠ ᠲᠠᠢ | ᠪᠠᠶᠢᠵᠤ᠂ ᠬᠠᠮᠢᠶ᠎ᠠ ᠪᠥᠬᠦᠶ ᠲᠤᠰᠬᠠᠶ ᠮᠡᠷᠭᠡᠵᠢᠯ ᠤᠨ ᠠᠵᠢᠯ ᠢ 5 ᠵᠢᠯ ᠠᠴᠠ ᠳᠡᠭᠡᠭᠰᠢ ᠬᠢᠭᠰᠡᠨ ᠪᠠᠶᠢᠬᠤ ᠬᠡᠷᠡᠭᠲᠡᠶ︔ | ︵ᠭᠤᠷᠪᠠ︶ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ᠂ ᠬᠠᠤᠯᠢ ᠴᠠᠭᠠᠵᠠ ᠬᠠᠤᠯᠢ ᠲᠣᠭᠲᠠᠭᠠᠯ ᠢ | ᠣᠶᠢᠯᠠᠭᠠᠵᠤ᠂ ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠳᠦᠷᠢᠮ ᠲᠣᠭᠲᠠᠭᠠᠯ ᠤᠨ ᠵᠢᠷᠤᠮᠵᠢᠯ ᠪᠣᠯᠤᠨ ᠬᠠᠮᠢᠶ᠎ᠠ | ᠪᠦᠬᠦᠢ ᠮᠡᠷᠭᠡᠵᠢᠯ ᠤᠨ ᠪᠠᠷᠢᠮᠵᠢᠶ᠎ᠠ ᠶᠢ ᠣᠨᠣᠪᠴᠢᠲᠠᠶ ᠡᠵᠡᠮᠰᠢᠬᠦ ᠬᠡᠷᠡᠭᠲᠡᠶ︔ | ︵ᠳᠥᠷᠪᠡ︶ ᠵᠠᠷᠴᠢᠮ ᠳᠡᠭᠡᠷ᠎ᠡ ᠪᠠᠨ ᠪᠦᠬᠦᠯᠢ 65 ᠨᠠᠰᠤᠨ ᠠᠴᠠ ᠳᠣᠷᠣᠭᠰᠢ ︵ᠣᠨᠴᠣᠭᠤᠶ ᠪᠠᠶᠢᠳᠠᠯ ᠳᠤ | ᠪᠦᠬᠦᠯᠢ 70 ᠨᠠᠰᠤ ᠬᠦᠷᠲᠡᠯ᠎ᠡ ᠵᠣᠬᠢᠬᠤ ᠬᠡᠮᠵᠢᠶ᠎ᠡ ᠪᠠᠷ ᠤᠷᠲᠤᠳᠬᠠᠵᠤ ᠪᠣᠯᠤᠨ᠎ᠠ︶᠂ ᠪᠡᠶ᠎ᠡ ᠮᠠᠬᠠᠪᠣᠳ ᠨᠢ ᠡᠷᠡᠭᠦᠯ | ᠴᠢᠭᠢᠷᠠᠭ᠂ ᠮᠡᠷᠭᠡᠵᠢᠯ ᠤᠨ ᠬᠢᠨᠠᠨ ᠪᠠᠶᠢᠴᠠᠭᠠᠬᠤ ᠠᠵᠢᠯ ᠬᠢᠬᠦ ᠴᠠᠭ ᠪᠠ ᠣᠶᠤᠨ ᠴᠢᠳᠠᠯ ᠲᠠᠢ᠂ ᠮᠡᠷᠭᠡᠵᠢᠯ ᠤᠨ ᠬᠢᠨᠠᠨ | ᠪᠠᠶᠢᠴᠠᠭᠠᠬᠤ ᠠᠵᠢᠯ ᠢ ᠡᠭᠦᠷᠭᠡᠯᠡᠵᠦ ᠳᠡᠶᠢᠯᠬᠦ ᠶᠢ ᠪᠠᠲᠤᠯᠠᠭᠰᠠᠨ ᠪᠠᠶᠢᠬᠤ ᠬᠡᠷᠡᠭᠲᠡᠶ᠃ | ᠳᠥᠷᠪᠡ᠂ ᠲᠤᠰᠬᠠᠶ ᠮᠡᠷᠭᠡᠵᠢᠯᠲᠡᠳ ᠢ ᠬᠥᠮᠥᠷᠭᠡ ᠳᠤ ᠣᠷᠣᠭᠤᠯᠬᠤ ᠴᠤᠪᠤᠷᠠᠯ | ︵ᠨᠢᠭᠡ︶ ᠬᠤᠪᠢ ᠬᠥᠮᠦᠨ ᠭᠤᠶᠤᠴᠢᠯᠠᠬᠤ᠃ ᠨᠥᠬᠦᠴᠡᠯ ᠳᠤ ᠨᠡᠶᠢᠴᠡᠬᠦ ᠮᠥᠷᠲᠡᠭᠡᠨ ᠰᠠᠶᠢᠨ | ᠳᠤᠷ᠎ᠠ ᠠᠴᠠ ᠪᠠᠨ ᠬᠥᠮᠥᠷᠭᠡ ᠳᠤ ᠣᠷᠣᠭᠤᠯᠬᠤ ᠪᠠᠷ ᠭᠤᠶᠤᠴᠢᠯᠠᠭᠰᠠᠨ ᠲᠤᠰᠬᠠᠶ ᠮᠡᠷᠭᠡᠵᠢᠯᠲᠡᠨ ᠪᠣᠯ ᠱᠠᠭᠠᠷᠳᠠᠯᠭ᠎ᠠ | ᠶᠣᠰᠣᠭᠠᠷ ᠲᠤᠰᠬᠠᠶ ᠮᠡᠷᠭᠡᠵᠢᠯᠲᠡᠨ ᠤ ᠪᠠᠲᠤᠯᠠᠨ ᠲᠠᠨᠢᠯᠴᠠᠭᠤᠯᠬᠤ ᠬᠦᠰᠦᠨᠦᠭᠲᠦ ᠶᠢ ᠦᠨᠡᠨ ᠪᠣᠳᠠᠲᠠᠶ ᠪᠠᠷ ᠲᠠᠭᠯᠠᠨ | ᠪᠢᠴᠢᠵᠦ ︵ᠳᠠᠭᠠᠯᠳᠤᠭᠤᠯᠤᠯ 1 ᠶᠢ ᠦᠵᠡ︶᠂ ᠪᠠᠶᠢᠭ᠎ᠠ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠠᠴᠠ | ᠠᠩᠬᠠᠨ ᠤ ᠬᠢᠨᠠᠯᠲᠠ ᠬᠢᠬᠦ ᠶᠢᠨ ᠬᠠᠮᠲᠤ ᠭᠠᠷ ᠤᠨ ᠥᠰᠥᠭ ᠵᠢᠷᠤᠨ᠎ᠠ᠃ | ︵ᠬᠤᠶᠠᠷ︶ ᠨᠢᠭᠡᠴᠢ ᠠᠴᠠ ᠬᠢᠨᠠᠨ ᠬᠠᠷᠭᠤᠭᠤᠯᠵᠤ ᠪᠠᠲᠤᠯᠠᠨ ᠲᠠᠨᠢᠯᠴᠠᠭᠤᠯᠤᠨ᠎ᠠ᠃ ᠲᠤᠰᠬᠠᠶ ᠮᠡᠷᠭᠡᠵᠢᠯᠲᠡᠨ ᠤ | ᠪᠠᠶᠢᠭ᠎ᠠ ᠨᠢᠭᠡᠴᠢ ᠨᠢ ᠲᠠᠨᠢᠯᠴᠠᠭᠤᠯᠬᠤ ᠬᠦᠰᠦᠨᠦᠭᠲᠦ ᠳᠤ ᠲᠠᠭᠯᠠᠭᠰᠠᠨ ᠠᠭᠤᠯᠭ᠎ᠠ ᠶᠢ ᠳᠠᠬᠢᠨ ᠬᠢᠨᠠᠬᠤ ᠶᠢᠨ ᠬᠠᠮᠲᠤ | ᠲᠠᠨᠢᠯᠴᠠᠭᠤᠯᠬᠤ ᠰᠠᠨᠠᠯ ︵ᠠᠯᠪᠠᠨ ᠲᠠᠮᠠᠭ᠎ᠠ ᠳᠠᠷᠤᠨ᠎ᠠ︶ ᠢ ᠭᠠᠷᠭᠠᠬᠤ ᠶᠢᠨ ᠬᠠᠮᠲᠤ᠂ ᠲᠠᠨᠢᠯᠴᠠᠭᠤᠯᠬᠤ ᠪᠠᠷ ᠪᠠᠶᠢᠭ᠎ᠠ | ᠲᠤᠰᠬᠠᠶ ᠮᠡᠷᠭᠡᠵᠢᠯᠲᠡᠨ ᠢ ᠬᠤᠷᠢᠶᠠᠩᠭᠤᠶᠢᠯᠠᠭᠰᠠᠨ ᠤ ᠳᠠᠷᠠᠭ᠎ᠠ ᠬᠤᠷᠢᠶᠠᠩᠭᠤᠶᠢᠯᠠᠬᠤ ᠬᠦᠰᠦᠨᠦᠭᠲᠦ ︵ᠳᠠᠭᠠᠯᠳᠤᠭᠤᠯᠤᠯ | 2 ᠢ ᠦᠵᠡ︶ ᠶᠢ ᠲᠠᠭᠯᠠᠭᠰᠠᠨ ᠤ ᠳᠠᠷᠠᠭ᠎ᠠ ᠬᠠᠮᠲᠤ ᠳᠤᠨᠢ ᠥᠪᠡᠷᠲᠡᠭᠡᠨ ᠵᠠᠰᠠᠬᠤ ᠣᠷᠣᠨ ᠤ ᠤᠰᠤᠨ | ᠠᠰᠢᠭᠯᠠᠯᠲᠠ ᠶᠢᠨ ᠠᠵᠢᠯ ᠦᠢᠯᠡᠰ ᠤᠨ ᠬᠥᠭᠵᠢᠯᠲᠡ ᠶᠢᠨ ᠲᠥᠪ ᠲᠤ ᠮᠡᠳᠡᠭᠦᠯᠦᠨ ᠬᠦᠷᠭᠡᠨ᠎ᠡ᠃ | ︵ᠭᠤᠷᠪᠠ︶ ᠬᠢᠨᠠᠨ ᠲᠣᠭᠲᠠᠭᠠᠵᠤ ᠢᠯᠡ ᠨᠡᠶᠢᠲᠡᠯᠡᠬᠦ᠃ ᠥᠪᠡᠷᠲᠡᠭᠡᠨ ᠵᠠᠰᠠᠬᠤ ᠣᠷᠣᠨ ᠤ ᠤᠰᠤᠨ | ᠠᠰᠢᠭᠯᠠᠯᠲᠠ ᠶᠢᠨ ᠦᠢᠯᠡᠰ ᠤᠨ ᠬᠥᠭᠵᠢᠯᠲᠡ ᠶᠢᠨ ᠲᠥᠪ ᠠᠴᠠ ᠭᠤᠶᠤᠴᠢᠯᠠᠨ ᠮᠡᠳᠡᠭᠦᠯᠦᠭᠰᠡᠨ ᠮᠠᠲ᠋ᠧᠷᠢᠶᠡᠯ ᠳᠤ | ᠳᠠᠬᠢᠨ ᠬᠢᠨᠠᠯᠲᠠ ᠬᠢᠬᠦ ᠶᠢᠨ ᠬᠠᠮᠲᠤ ᠰᠢᠯᠢᠳᠡᠭ ᠢ ᠨᠢ ᠰᠣᠩᠭᠤᠨ ᠬᠥᠮᠥᠷᠭᠡ ᠳᠤ ᠣᠷᠣᠭᠤᠯᠬᠤ ᠲᠤᠰᠬᠠᠶ | ᠮᠡᠷᠭᠡᠵᠢᠯᠲᠡᠨ ᠤ ᠵᠢᠱᠢᠭᠳᠡᠭᠴᠢ ᠶᠢ ᠲᠣᠭᠲᠠᠭᠠᠵᠤ᠂ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ | ᠲᠢᠩᠬᠢᠮ ᠳᠤ ᠮᠡᠳᠡᠭᠦᠯᠵᠦ ᠬᠢᠨᠠᠨ ᠲᠣᠭᠲᠠᠭᠠᠯᠭᠠᠵᠤ ᠨᠡᠶᠢᠲᠡ ᠳᠤ ᠵᠠᠷᠯᠠᠭᠰᠠᠨ ᠤ ᠳᠠᠷᠠᠭ᠎ᠠ ᠳᠠᠷᠤᠮᠠᠯᠯᠠᠨ ᠶᠠᠪᠤᠭᠤᠯᠵᠤ | ᠬᠡᠷᠡᠭᠵᠢᠭᠦᠯᠦᠨ᠎ᠡ᠃ | ᠲᠠᠪᠤ᠂ ᠬᠤᠯᠪᠣᠭᠳᠠᠯ ᠪᠦᠬᠦᠢ ᠱᠠᠭᠠᠷᠳᠠᠯᠭ᠎ᠠ | ᠡᠯ᠎ᠡ ᠬᠤᠯᠪᠣᠭᠳᠠᠯ ᠪᠦᠬᠦᠢ ᠨᠢᠭᠡᠴᠢ ᠨᠦᠭᠦᠳ ᠲᠤᠰᠬᠠᠶ ᠮᠡᠷᠭᠡᠵᠢᠯᠲᠡᠨ ᠤ ᠬᠥᠮᠥᠷᠭᠡ ᠶᠢ ᠰᠢᠨᠡᠳᠬᠡᠨ | ᠲᠡᠭᠦᠯᠳᠡᠷᠵᠢᠭᠦᠯᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠤᠰᠤᠨ ᠠᠰᠢᠭᠯᠠᠯᠲᠠ ᠶᠢᠨ ᠡᠮᠦᠨᠡᠬᠢ | ᠬᠤᠭᠤᠴᠠᠭᠠᠨ ᠤ ᠮᠡᠷᠭᠡᠵᠢᠯ ᠤᠨ ᠬᠢᠨᠠᠨ ᠪᠠᠶᠢᠴᠠᠭᠠᠬᠤ ᠠᠵᠢᠯ ᠢ ᠦᠨᠡᠨ ᠬᠦ ᠲᠦᠯᠬᠢᠨ ᠠᠬᠢᠭᠤᠯᠬᠤ ᠠᠴᠠ ᠡᠭᠦᠰᠴᠦ᠂ | ᠬᠥᠮᠥᠷᠭᠡ ᠳᠤ ᠣᠷᠣᠭᠤᠯᠬᠤ ᠨᠥᠬᠦᠴᠡᠯ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠬᠢᠨᠠᠮᠠᠭᠠᠶ ᠰᠢᠯᠢᠨ ᠰᠣᠩᠭᠤᠵᠤ | ᠪᠣᠭᠤᠮᠲᠠ ᠶᠢ ᠠᠳᠬᠤᠨ᠂ ᠮᠣᠷᠠᠯ ᠰᠤᠷᠲᠠᠯ ᠨᠢ ᠡᠷᠬᠢᠮ ᠳᠡᠭᠡᠳᠦ᠂ ᠲᠤᠬᠠᠶᠢᠯᠠᠭᠰᠠᠨ ᠠᠵᠢᠯ ᠳᠠᠭᠠᠨ ᠴᠠᠭᠠᠷᠠᠭᠰᠠᠨ᠂ | ᠴᠢᠳᠠᠪᠤᠷᠢ ᠨᠢ ᠣᠯᠠᠨ ᠠᠴᠠ ᠬᠡᠲᠦ᠋ᠢᠳᠦᠭᠰᠡᠨ ᠲᠤᠰᠬᠠᠶ ᠮᠡᠷᠭᠡᠵᠢᠯᠲᠡᠨ ᠢ ᠦᠨᠡᠨ ᠬᠦ ᠪᠠᠲᠤᠯᠠᠨ ᠲᠠᠨᠢᠯᠴᠠᠭᠤᠯᠬᠤ | ᠬᠡᠷᠡᠭᠲᠡᠶ᠃ | ᠡᠯ᠎ᠡ ᠨᠢᠭᠡᠴᠢ ᠶᠢᠨ ᠬᠢᠨ ᠡᠷᠬᠡᠪᠰᠢ 2023 ᠣᠨ ᠤ 7 ᠳ᠋ᠤᠭᠠᠷ ᠰᠠᠷ᠎ᠠ ᠶᠢᠨ 28 ᠤ ᠡᠳᠦᠷ ᠠᠴᠠ ᠡᠮᠦᠨ᠎ᠡ | ᠲᠠᠨᠢᠯᠴᠠᠭᠤᠯᠬᠤ ᠬᠦᠰᠦᠨᠦᠭᠲᠦ ᠪᠣᠯᠤᠨ ᠬᠤᠷᠢᠶᠠᠩᠭᠤᠶᠢᠯᠠᠬᠤ ᠬᠦᠰᠦᠨᠦᠭᠲᠦ ᠳᠤ ᠭᠠᠷ ᠤᠨ ᠥᠰᠥᠭ ᠵᠢᠷᠤᠵᠤ ᠲᠠᠮᠠᠭ᠎ᠠ | ᠳᠠᠷᠤᠨ ᠰᠢᠷᠪᠢᠭᠰᠡᠨ ᠮᠠᠲ᠋ᠧᠷᠢᠶᠠᠯ ᠪᠣᠯᠤᠨ ᠡᠯᠧᠺᠲᠷᠣᠨ ᠬᠡᠪᠯᠡᠯ ᠢᠶᠠᠨ ᠥᠪᠡᠷᠲᠡᠭᠡᠨ ᠵᠠᠰᠠᠬᠤ ᠣᠷᠣᠨ ᠤ ᠤᠰᠤᠨ | ᠠᠰᠢᠭᠯᠠᠯᠲᠠ ᠶᠢᠨ ᠠᠵᠢᠯ ᠦᠢᠯᠡᠰ ᠤᠨ ᠬᠥᠭᠵᠢᠯᠲᠡ ᠶᠢᠨ ᠲᠥᠪ ᠤᠨ ᠡᠯᠧᠺᠲᠷᠣᠨ ᠢᠮᠧᠯ ᠳᠤ ᠮᠡᠳᠡᠭᠦᠯᠦᠨ ᠬᠦᠷᠭᠡᠬᠦ | ᠬᠡᠷᠡᠭᠲᠡᠶ᠃ 2022 ᠣᠨ ᠳᠤ ᠬᠥᠭᠵᠢᠭᠦᠯᠦᠯᠲᠡ ᠶᠢᠨ ᠲᠥᠪ ᠤᠨ ᠲᠤᠰᠬᠠᠶ ᠮᠡᠷᠭᠡᠵᠢᠯᠲᠡᠨ ᠤ ᠬᠥᠮᠥᠷᠭᠡ ᠶᠢᠨ | ᠭᠤᠶᠤᠴᠢᠯᠠᠯ ᠤᠨ ᠮᠠᠲ᠋ᠧᠷᠢᠶᠠᠯ ᠢ ᠮᠡᠳᠡᠭᠦᠯᠦᠨ ᠬᠦᠷᠭᠡᠬᠦ ᠳᠤ ᠭᠦᠷᠪᠡᠯ᠂ ᠲᠣᠰ ᠤᠳᠠᠭ᠎ᠠ ᠭᠤᠶᠤᠴᠢᠯᠠᠯ ᠤᠨ | ᠮᠠᠲ᠋ᠧᠷᠢᠶᠠᠯ ᠢᠶᠠᠨ ᠮᠡᠳᠡᠭᠦᠯᠦᠨ ᠬᠦᠷᠭᠡᠬᠦ ᠴᠢᠬᠤᠯᠠ ᠥᠬᠡᠶ᠃ | ᠬᠠᠷᠢᠯᠴᠠᠬᠤ ᠬᠥᠮᠦᠨ᠄ ᠡᠤ ᠵᠢᠶᠠᠩ ᠸᠧᠶ 17678051177 | ᠳ᠋ᠦᠸᠧ ᠵᠢᠩ 15849165880 | ᠢᠮᠧᠯ᠄ nmslfzzgb@ 163. com | ᠳᠠᠭᠠᠯᠳᠤᠭᠤᠯᠤᠯ᠄ | 1 . ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠡᠮᠦᠨᠡᠬᠢ | ᠬᠤᠭᠤᠴᠠᠭᠠᠨ ᠤ ᠠᠵᠢᠯ ᠤᠨ ᠮᠡᠷᠭᠡᠵᠢᠯ ᠤᠨ ᠬᠢᠨᠠᠨ ᠪᠠᠶᠢᠴᠠᠭᠠᠬᠤ ᠲᠤᠰᠬᠠᠶ ᠮᠡᠷᠭᠡᠵᠢᠯᠲᠡᠨ ᠤ ᠪᠠᠲᠤᠯᠠᠨ | ᠲᠠᠨᠢᠯᠴᠠᠭᠤᠯᠤᠭᠰᠠᠨ ᠬᠦᠰᠦᠨᠦᠭᠲᠦ.docx | 2 . ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠡᠮᠦᠨᠡᠬᠢ | ᠬᠤᠭᠤᠴᠠᠭᠠᠨ ᠤ ᠠᠵᠢᠯ ᠤᠨ ᠮᠡᠷᠭᠡᠵᠢᠯ ᠤᠨ ᠬᠢᠨᠠᠨ ᠪᠠᠶᠢᠴᠠᠭᠠᠵᠤ ᠪᠠᠲᠤᠯᠠᠨ ᠲᠠᠨᠢᠯᠴᠠᠭᠤᠯᠬᠤ ᠲᠤᠰᠬᠠᠶ | ᠮᠡᠷᠭᠡᠵᠢᠯᠲᠡᠨ ᠤ ᠬᠤᠷᠢᠶᠠᠩᠭᠤᠶᠢᠯᠠᠭᠰᠠᠨ ᠬᠦᠰᠦᠨᠦᠭᠲᠦ . xlsx | | | 2023 ᠣᠨ ᠤ 7 ᠳ᠋ᠤᠭᠠᠷ ᠰᠠᠷ᠎ᠠ ᠶᠢᠨ 21 ᠤ ᠡᠳᠦᠷ | | |