︽ᠬᠥᠳᠡᠭᠡ ᠲᠣᠰᠬᠤᠨ ᠤ ᠤᠰᠤᠨ ᠴᠠᠬᠢᠯᠭᠠᠨ ᠤ ᠥᠷᠲᠡᠭᠡ ᠶᠢᠨ ᠠᠶᠤᠯᠭᠦᠢ ᠦᠢᠯᠡᠳᠪᠦᠷᠢᠯᠡᠯ ᠤᠨ | ᠪᠠᠷᠢᠮᠵᠢᠶᠠᠵᠢᠭᠤᠯᠤᠯᠲᠠ ᠶᠢ ᠪᠠᠷᠢᠮᠵᠢᠶ᠎ᠠ ᠳᠤ ᠬᠦᠷᠦᠭᠦᠯᠵᠦ ᠳᠡᠰ ᠲᠣᠭᠲᠠᠭᠠᠬᠤ ᠶᠢ ᠬᠡᠷᠡᠭᠵᠢᠭᠦᠯᠬᠦ ᠠᠷᠭ᠎ᠠ ︵ᠲᠦᠷ | ᠬᠡᠷᠡᠭᠵᠢᠭᠦᠯᠬᠦ︶ ᠶᠢ ᠳᠠᠷᠤᠮᠠᠯᠯᠠᠨ ᠶᠠᠪᠤᠭᠤᠯᠬᠤ ᠲᠤᠬᠠᠶ ᠤᠰᠤᠨ ᠠᠰᠢᠭᠯᠠᠯᠲᠠ ᠶᠢᠨ ᠶᠠᠮᠤᠨ ᠤ ᠮᠡᠳᠡᠭᠳᠡᠯ︾ ︵ᠤᠰᠤ | ᠴᠠᠬᠢᠯᠭᠠᠨ ﹇2013﹈ 379 ᠳ᠋ᠦ᠋ᠭᠡᠷ ᠲᠣᠭᠠᠲᠤ︶᠂ ︽ᠬᠥᠳᠡᠭᠡ ᠲᠣᠰᠬᠤᠨ ᠤ ᠤᠰᠤᠨ ᠴᠠᠬᠢᠯᠭᠠᠨ ᠤ | ᠥᠷᠲᠡᠭᠡ ᠶᠢᠨ ᠠᠶᠤᠯᠭᠦᠢ ᠦᠢᠯᠡᠳᠪᠦᠷᠢᠯᠡᠯ ᠤᠨ ᠪᠠᠷᠢᠮᠵᠢᠶᠠᠵᠢᠭᠤᠯᠤᠯᠲᠠ ᠶᠢ ᠬᠢᠨᠠᠨ ᠲᠣᠭᠲᠠᠭᠠᠬᠤ ᠠᠵᠢᠯ ᠢ | ᠥᠷᠨᠢᠭᠦᠯᠬᠦ ᠲᠤᠬᠠᠶ ᠤᠰᠤᠨ ᠠᠰᠢᠭᠯᠠᠯᠲᠠ ᠶᠢᠨ ᠶᠠᠮᠤᠨ ᠤ ᠠᠯᠪᠠᠨ ᠲᠢᠩᠬᠢᠮ ᠤᠨ ᠮᠡᠳᠡᠭᠳᠡᠯ︾ ︵ᠠᠯᠪᠠᠨ ᠤᠰᠤᠨ | ᠴᠠᠬᠢᠯᠭᠠᠨ ᠵᠠᠬᠢᠳᠠᠯ ﹇2015﹈ 133 ᠳ᠋ᠤᠭᠠᠷ ᠲᠣᠭᠠᠲᠤ︶ ᠪᠠ ︽ᠬᠥᠳᠡᠭᠡ ᠲᠣᠰᠬᠤᠨ ᠤ ᠤᠰᠤᠨ | ᠴᠠᠬᠢᠯᠭᠠᠨ ᠤ ᠥᠷᠲᠡᠭᠡ ᠶᠢᠨ ᠠᠶᠤᠯᠭᠦᠢ ᠦᠢᠯᠡᠳᠪᠦᠷᠢᠯᠡᠯ ᠤᠨ ᠪᠠᠷᠢᠮᠵᠢᠶᠠᠵᠢᠭᠤᠯᠤᠯᠲᠠ ᠶᠢ ᠬᠢᠨᠠᠨ ᠲᠣᠭᠲᠠᠭᠠᠬᠤ | ᠪᠠᠷᠢᠮᠵᠢᠶ᠎ᠠ ᠶᠢ ᠳᠠᠷᠤᠮᠠᠯᠯᠠᠨ ᠶᠠᠪᠤᠭᠤᠯᠬᠤ ᠲᠤᠬᠠᠶ ᠤᠰᠤᠨ ᠠᠰᠢᠭᠯᠠᠯᠲᠠ ᠶᠢᠨ ᠶᠠᠮᠤᠨ ᠤ ᠠᠯᠪᠠᠨ ᠲᠢᠩᠬᠢᠮ ᠤᠨ | ᠮᠡᠳᠡᠭᠳᠡᠯ︾ ︵ᠠᠯᠪᠠᠨ ᠤᠰᠤᠨ ᠴᠠᠬᠢᠯᠭᠠᠨ ﹇2019﹈ 16 ᠳ᠋ᠤᠭᠠᠷ ᠲᠣᠭᠠᠲᠤ︶᠂ ᠲᠣᠭᠲᠠᠭᠰᠠᠨ ᠳᠡᠰ | ᠳᠠᠷᠠᠭᠠᠯᠠᠯ ᠢᠶᠠᠷ ᠮᠡᠳᠡᠭᠦᠯᠦᠭᠰᠡᠨ ᠰᠠᠭᠤᠷᠢᠨ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ | ᠲᠢᠩᠬᠢᠮ ᠠᠴᠠ ᠲᠤᠰᠬᠠᠶ ᠮᠡᠷᠭᠡᠵᠢᠯᠲᠡᠳ ᠢ ᠵᠣᠬᠢᠶᠠᠨ ᠪᠠᠶᠢᠭᠤᠯᠵᠤ ᠲᠤᠬᠠᠶ ᠶᠢᠨ ᠭᠠᠵᠠᠷ ᠲᠤᠨᠢ ᠳᠠᠬᠢᠨ ᠬᠢᠨᠠᠬᠤ ᠪᠠ | ᠬᠢᠨᠠᠨ ᠲᠣᠭᠲᠠᠭᠠᠬᠤ ᠶᠢ ᠳᠠᠮᠵᠢᠭᠰᠠᠨ ᠪᠠᠶᠢᠨ᠎ᠠ᠂ ᠰᠠᠨ ᠱᠧᠩ ᠭᠦᠩ ᠤᠰᠤᠨ ᠴᠠᠬᠢᠯᠭᠠᠨ ᠥᠷᠲᠡᠭᠡ ᠶᠢ ᠦᠨᠡᠯᠡᠨ | ᠲᠣᠭᠲᠠᠭᠠᠬᠤ ᠪᠠᠷ ᠪᠠᠶᠢᠨ᠎ᠠ᠂ ᠰᠠᠨ ᠱᠧᠩ ᠬᠥᠩ ᠤᠨ ᠬᠤᠶᠠᠳᠤᠭᠠᠷ ᠬᠤᠭᠤᠴᠠᠭᠠᠨ ᠤ ᠤᠰᠤᠨ ᠴᠠᠬᠢᠯᠭᠠᠨ ᠤ | ᠥᠷᠲᠡᠭᠡ᠂ ᠪᠣᠷᠣᠲᠣᠬᠤᠶ ᠶᠢᠨ ᠤᠰᠤᠯᠠᠯᠲᠠ ᠶᠢᠨ ᠣᠷᠣᠨ ᠤ ᠶᠡᠷᠦᠩᠬᠡᠶ ᠭᠤᠤᠯ ᠰᠤᠪᠠᠭ ᠤᠨ ᠬᠤᠶᠠᠳᠤᠭᠠᠷ | ᠬᠤᠪᠢᠶᠠᠷᠢ ᠤᠰᠤᠨ ᠤ ᠵᠠᠩᠭᠢᠯᠠᠭ᠎ᠠ ᠶᠢᠨ ᠤᠰᠤᠨ ᠴᠠᠬᠢᠯᠭᠠᠨ ᠤ ᠥᠷᠲᠡᠭᠡ᠂ ᠬᠤᠩᠬᠤᠯᠵᠢ ᠤᠰᠤᠨ ᠴᠠᠬᠢᠯᠭᠠᠨ | ᠥᠷᠲᠡᠭᠡ᠂ ᠰᠢᠶᠠᠩ ᠱᠦᠶ ᠤᠰᠤᠨ ᠴᠠᠬᠢᠯᠭᠠᠨ ᠤ ᠥᠷᠲᠡᠭᠡ ᠵᠡᠷᠭᠡ 5 ᠤᠰᠤᠨ ᠴᠠᠬᠢᠯᠭᠠᠨ ᠤ ᠥᠷᠲᠡᠭᠡ ᠪᠣᠯ | ᠬᠥᠳᠡᠭᠡ ᠲᠣᠰᠬᠤᠨ ᠤ ᠤᠰᠤᠨ ᠴᠠᠬᠢᠯᠭᠠᠨ ᠤ ᠥᠷᠲᠡᠭᠡ ᠶᠢᠨ ᠠᠶᠤᠯᠭᠦᠢ ᠦᠢᠯᠡᠳᠪᠦᠷᠢᠯᠡᠯ ᠤᠨ | ᠪᠠᠷᠢᠮᠵᠢᠶᠠᠵᠢᠭᠤᠯᠤᠭᠰᠠᠨ ᠬᠤᠶᠠᠳᠤᠭᠠᠷ ᠳᠡᠰ ᠤᠨ ᠨᠢᠭᠡᠴᠢ ᠪᠣᠯᠤᠨ᠎ᠠ᠂ ᠣᠳᠣ ᠵᠠᠷᠯᠠᠨ ᠨᠡᠶᠢᠲᠡᠯᠡᠶ᠎ᠡ᠃ ᠬᠡᠷᠪᠡ ᠤᠨᠳᠤᠤ | ᠰᠠᠨᠠᠯ ᠲᠠᠢ ᠪᠠᠶᠢᠪᠠᠯ᠂ ᠵᠠᠷᠯᠠᠨ ᠨᠡᠶᠢᠲᠡᠯᠡᠬᠦ ᠬᠤᠭᠤᠴᠠᠭᠠᠨ ᠳᠤ ᠪᠢᠴᠢᠭ ᠤᠨ ᠬᠡᠯᠪᠡᠷᠢ ᠪᠠᠷ ᠮᠠᠨ ᠤ ᠲᠢᠩᠬᠢᠮ ᠳᠤ | ᠲᠤᠰᠬᠠᠭᠠᠷᠠᠶ᠃ | ᠢᠯᠡ ᠨᠡᠶᠢᠲᠡᠯᠡᠬᠦ ᠴᠠᠭ᠄ 2023 ᠣᠨ ᠤ 7 ᠳ᠋ᠤᠭᠠᠷ ᠰᠠᠷ᠎ᠠ ᠶᠢᠨ 21 ᠤ ᠡᠳᠦᠷ ᠠᠴᠠ 7 ᠳ᠋ᠤᠭᠠᠷ | ᠰᠠᠷ᠎ᠠ ᠶᠢᠨ 27 ᠤ ᠡᠳᠦᠷ ᠪᠣᠯᠲᠠᠯ᠎ᠠ | ᠬᠠᠷᠢᠯᠴᠠᠬᠤ ᠬᠥᠮᠦᠨ᠄ ᠤᠰᠤᠨ ᠠᠰᠢᠭᠯᠠᠯᠲᠠ ᠶᠢᠨ ᠲᠢᠩᠬᠢᠮ ᠤᠨ ᠲᠠᠷᠢᠶᠠᠯᠠᠩ ᠮᠠᠯ ᠠᠵᠤ ᠠᠬᠤᠶ ᠤᠰᠤᠨ | ᠠᠰᠢᠭᠯᠠᠯᠲᠠ ᠶᠢᠨ ᠭᠠᠵᠠᠷ ᠴᠢᠶᠣᠤ ᠶᠦᠩ ᠰᠢᠨ | ᠬᠠᠷᠢᠯᠴᠠᠬᠤ ᠣᠳᠠᠰᠦ᠄ 0471-5254969 | | 2023 ᠣᠨ ᠤ 7 ᠳ᠋ᠤᠭᠠᠷ ᠰᠠᠷ᠎ᠠ ᠶᠢᠨ 21 ᠤ ᠡᠳᠦᠷ | |