ᠠᠷᠠᠳ ᠤᠨ ᠡᠳᠦᠷ ᠤᠨ ᠰᠣᠨᠢᠨ᠄ ᠦᠶᠡᠷ ᠢ ᠰᠡᠷᠭᠡᠶᠢᠯᠡᠵᠦ ᠭᠠᠮᠰᠢᠭ ᠠᠴᠠ ᠠᠪᠤᠷᠬᠠᠤ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠶ ︵ᠠᠷᠠᠳ ᠤᠨ ᠡᠳᠦᠷ ᠤᠨ ᠰᠣᠨᠢᠨ ᠤ ᠰᠢᠭᠦᠮᠵᠢ︶
ᠨᠡᠶᠢᠲᠡᠯᠡᠭᠰᠡᠨ ᠴᠠᠭ᠄
2023/7/21
  ᠦᠶᠡᠷ ᠢ ᠰᠡᠷᠭᠡᠶᠢᠯᠡᠵᠦ ᠭᠠᠮᠰᠢᠭ ᠠᠴᠠ ᠠᠪᠤᠷᠠᠬᠤ ᠨᠢ ᠠᠷᠠᠳ ᠲᠦᠮᠡᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠲᠠᠢ ᠬᠤᠯᠪᠣᠭᠳᠠᠵᠤ᠂ ᠠᠮᠤ ᠪᠤᠳᠠᠭᠠᠨ ᠤ ᠠᠮᠤᠷ ᠲᠦᠪᠰᠢᠨ᠂ ᠠᠵᠤ ᠠᠬᠤᠢ ᠶᠢᠨ ᠠᠮᠤᠷ ᠲᠦᠪᠰᠢᠨ᠂ ᠨᠡᠶᠢᠭᠡᠮ ᠤᠨ ᠠᠮᠤᠷ ᠲᠦᠪᠰᠢᠨ᠂ ᠤᠯᠤᠰ ᠤᠨ ᠠᠮᠤᠷ ᠲᠦᠪᠰᠢᠨ ᠲᠠᠢ ᠬᠤᠯᠪᠣᠭᠳᠠᠨ᠎ᠠ᠂ ᠡᠨᠡ ᠪᠣᠯ ︽ᠲᠤᠮᠤ ᠶᠠᠪᠤᠳᠠᠯ︾ ᠮᠥᠨ᠂ ᠢᠮᠠᠭᠲᠠ ᠬᠠᠷᠢᠭᠤᠴᠠᠯᠭ᠎ᠠ ᠶᠢᠨ ᠬᠥᠪᠴᠢ ᠶᠢ ᠴᠢᠩᠭᠠᠯᠠᠬᠤ ᠬᠡᠷᠡᠭᠲᠡᠢ᠃  ᠦᠷᠭᠦᠯᠵᠢᠯᠡᠨ ᠤᠷᠢᠳᠴᠢᠯᠠᠨ ᠮᠡᠳᠡᠭᠡᠯᠡᠵᠦ᠂ ᠨᠢᠭᠲᠠ ᠵᠥᠪᠳᠡᠯᠴᠡᠨ᠂ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠵᠤ᠂ ᠪᠠᠴᠢᠮ ᠠᠪᠤᠷᠠᠨ ᠲᠤᠰᠠᠯᠠᠬᠤ ᠠᠵᠢᠯ ᠣᠳᠣᠬᠠᠨ ᠳᠤ ᠶᠠᠭ ᠦᠶᠡᠷ ᠢ ᠰᠡᠷᠭᠡᠶᠢᠯᠡᠬᠦ ᠵᠠᠩᠭᠢᠯᠠᠭ᠎ᠠ ᠶᠢᠨ ᠬᠤᠭᠤᠴᠠᠭᠠᠨ ᠳᠤ ᠣᠷᠣᠵᠤ᠂ ᠣᠨᠴᠠᠭᠠᠶ ᠴᠠᠭ ᠠᠭᠤᠷ ᠣᠯᠠᠨ ᠡᠭᠦᠰᠴᠦ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ︽ᠦᠶᠡᠷ ᠤᠨ ᠬᠤᠭᠤᠴᠠᠭ᠎ᠠ︾ ᠶᠢ ᠰᠣᠨᠣᠰᠤᠮᠠᠭᠴᠠ ᠬᠥᠳᠡᠯᠦᠯᠴᠡᠵᠦ᠂ ᠦᠶᠡᠷ ᠲᠠᠢ        ᠤᠷᠤᠯᠳᠤᠨ᠂ ᠦᠶᠡᠷ ᠢ ᠰᠡᠷᠭᠡᠶᠢᠯᠡᠵᠦ ᠭᠠᠮᠰᠢᠭ ᠠᠴᠠ ᠠᠪᠤᠷᠬᠠᠤ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ ᠪᠠᠶᠢᠨ᠎ᠠ᠃  ᠲᠦᠷᠦᠭᠦᠬᠡᠨ᠂ ᠶᠡᠷᠦᠩᠬᠡᠶ ᠱᠦᠵᠢ ᠰᠢ ᠶᠢᠨ ᠫᠢᠩ ᠦᠶᠡᠷ ᠢ ᠰᠡᠷᠭᠡᠶᠢᠯᠡᠵᠦ ᠭᠠᠮᠰᠢᠭ ᠠᠴᠠ ᠠᠪᠤᠷᠬᠠᠤ ᠠᠵᠢᠯ ᠳᠤ ᠴᠢᠬᠤᠯᠠ ᠵᠢᠭᠠᠪᠤᠷᠢ ᠥᠭᠴᠦ᠂ ︽ᠡᠯ᠎ᠡ ᠱᠠᠲᠤᠨ ᠤ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠦᠶᠡᠷ ᠢ ᠰᠡᠷᠭᠡᠶᠢᠯᠡᠵᠦ ᠭᠠᠮᠰᠢᠭ ᠠᠴᠠ ᠠᠪᠤᠷᠬᠠᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠡᠯ᠎ᠡ ᠱᠠᠲᠤᠨ ᠤ ᠤᠳᠤᠷᠢᠳᠬᠤ ᠺᠠᠳ᠋ᠷ ᠪᠠᠴᠢᠮ ᠪᠠᠶᠢᠳᠠᠯ ᠢ ᠠᠷᠭᠠᠴᠠᠭᠠᠬᠤ ᠪᠠᠷ ᠵᠢᠵᠢᠭᠦᠷᠯᠡᠨ ᠰᠠᠬᠢᠬᠤ᠂ ᠤᠷᠢᠳᠴᠢᠯᠠᠨ ᠵᠢᠯᠣᠭᠤᠳᠴᠤ᠂ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ᠂ ᠠᠵᠢᠯ ᠤᠨ ᠬᠠᠷᠢᠭᠤᠴᠠᠯᠭ᠎ᠠ ᠪᠠᠨ ᠪᠠᠷᠢᠮᠲᠠᠯᠠᠬᠤ᠂ ᠠᠵᠢᠯ ᠤᠨ ᠬᠠᠷᠢᠭᠤᠴᠠᠯᠭ᠎ᠠ ᠪᠠᠨ ᠰᠠᠬᠢᠬᠤ᠂ ᠠᠵᠢᠯ ᠤᠨ ᠬᠠᠷᠢᠭᠤᠴᠠᠯᠭ᠎ᠠ ᠪᠠᠨ ᠭᠦᠢᠴᠡᠳᠭᠡᠬᠦ ᠶᠢ ᠪᠠᠷᠢᠮᠲᠠᠯᠠᠵᠤ᠂ ᠠᠷᠠᠳ ᠲᠦᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠠᠲᠤᠯᠠᠬᠤ ᠶᠢ ᠦᠨᠡᠨ ᠬᠦ ᠲᠡᠷᠢᠭᠦᠨ ᠪᠠᠶᠢᠷᠢᠨ ᠳᠤ ᠲᠠᠯᠪᠢᠵᠤ᠂ ᠡᠯ᠎ᠡ ᠲᠥᠷᠥᠯ ᠤᠨ ᠬᠤᠬᠢᠷᠠᠯ ᠢ ᠬᠠᠮᠤᠭ ᠤᠨ ᠳᠤᠤᠷ᠎ᠠ ᠬᠡᠮᠵᠢᠶᠡᠨ ᠳᠤ ᠬᠦᠷᠲᠡᠯ᠎ᠡ ᠪᠠᠭᠤᠷᠠᠭᠤᠯᠬᠤ ᠪᠠᠷ ᠴᠢᠷᠮᠠᠶᠢᠬᠤ ᠬᠡᠷᠡᠭᠲᠡᠶ︾ ᠭᠡᠵᠦ ᠱᠠᠭᠠᠷᠳᠠᠪᠠ᠃ ᠤᠢᠢᠷ᠎ᠠ ᠶᠢᠨ ᠡᠳᠦᠷ᠂ ᠶᠡᠷᠦᠩᠬᠡᠢ ᠱᠦᠵᠢ ᠰᠢ ᠶᠢᠨ ᠫᠢᠩ ᠵᠢᠶᠠᠩᠰᠦ ᠳᠤ ᠰᠢᠨᠵᠢᠯᠡᠨ ᠪᠠᠶᠢᠴᠠᠭᠠᠬᠤ ᠳᠠᠭᠠᠨ᠂ ︽ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠶᠡᠭᠡ ᠦᠶᠡᠷ ᠢ ᠰᠡᠷᠭᠡᠶᠢᠯᠡᠬᠦ᠂ ᠶᠡᠭᠡ ᠭᠠᠩ ᠬᠠᠭᠰᠠᠷᠠᠭᠠᠨ ᠲᠠᠢ ᠲᠡᠮᠡᠴᠡᠬᠦ᠂ ᠶᠡᠭᠡ ᠭᠠᠮᠰᠢᠭ ᠠᠴᠠ ᠠᠪᠤᠷᠠᠬᠤ ᠳᠤ ᠰᠠᠭᠤᠷᠢᠯᠠᠵᠤ︾᠂ ︽ᠡᠯ᠎ᠡ ᠵᠦᠢᠯ ᠤᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠢ ᠤᠷᠢᠳᠴᠢᠯᠠᠨ ᠰᠠᠶᠢᠲᠤᠷ ᠬᠢᠬᠦ ᠬᠡᠷᠡᠭᠲᠡᠢ︾ ᠭᠡᠵᠦ ᠴᠢᠬᠤᠯᠠᠴᠢᠯᠠᠪᠠ᠃ ᠦᠶᠡᠷ ᠢ ᠰᠡᠷᠭᠡᠶᠢᠯᠡᠬᠦ ᠬᠠᠷᠢᠭᠤᠴᠠᠯᠭ᠎ᠠ ᠲᠠᠶᠢᠱᠠᠨ ᠠᠭᠤᠯᠠ ᠠᠴᠠ ᠬᠦᠨᠳᠦ ᠶᠤᠮ᠂ ᠵᠠᠩᠭᠢᠯᠠᠭ᠎ᠠ ᠶᠢᠨ ᠴᠠᠭ ᠮᠥᠴᠡ ᠪᠣᠯᠬᠤ ᠲᠤᠲᠤᠮ ᠤᠯᠠᠮ ᠡᠷᠴᠢᠮ ᠢᠶᠠᠨ ᠴᠢᠩᠭᠠᠷᠠᠭᠤᠯᠵᠤ᠂ ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠵᠦ᠂ ᠦᠶᠡᠷ ᠢ ᠰᠡᠷᠭᠡᠶᠢᠯᠡᠵᠦ ᠭᠠᠮᠰᠢᠭ ᠠᠴᠠ ᠠᠪᠤᠷᠬᠠᠤ ᠬᠠᠷᠢᠭᠤᠴᠠᠯᠭ᠎ᠠ ᠠᠷᠭ᠎ᠠ ᠬᠡᠮᠵᠢᠶ᠎ᠡ ᠶᠢ ᠪᠣᠳᠠᠲᠠᠶ ᠠᠳᠬᠤᠨ ᠨᠠᠷᠢᠯᠢᠭ ᠠᠳᠬᠤᠬᠤ ᠬᠡᠷᠡᠭᠲᠡᠶ᠃  ᠦᠶᠡᠷ ᠢ ᠰᠡᠷᠭᠡᠶᠢᠯᠡᠵᠦ ᠭᠠᠮᠰᠢᠭ ᠠᠴᠠ ᠠᠪᠤᠷᠠᠬᠤ ᠨᠢ ᠠᠷᠠᠳ ᠲᠦᠮᠡᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠲᠠᠢ ᠬᠤᠯᠪᠣᠭᠳᠠᠵᠤ᠂ ᠠᠮᠤ ᠪᠤᠳᠠᠭᠠᠨ ᠤ ᠠᠮᠤᠷ ᠲᠦᠪᠰᠢᠨ᠂ ᠠᠵᠤ ᠠᠬᠤᠢ ᠶᠢᠨ ᠠᠮᠤᠷ ᠲᠦᠪᠰᠢᠨ᠂ ᠨᠡᠶᠢᠭᠡᠮ ᠤᠨ ᠠᠮᠤᠷ ᠲᠦᠪᠰᠢᠨ᠂ ᠤᠯᠤᠰ ᠤᠨ ᠠᠮᠤᠷ ᠲᠦᠪᠰᠢᠨ ᠲᠠᠢ ᠬᠤᠯᠪᠣᠭᠳᠠᠨ᠎ᠠ᠂ ᠡᠨᠡ ᠪᠣᠯ ︽ᠲᠤᠮᠤ ᠶᠠᠪᠤᠳᠠᠯ︾ ᠮᠥᠨ᠂ ᠢᠮᠠᠭᠲᠠ ᠬᠠᠷᠢᠭᠤᠴᠠᠯᠭ᠎ᠠ ᠶᠢᠨ ᠬᠥᠪᠴᠢ ᠶᠢ ᠴᠢᠩᠭᠠᠯᠠᠬᠤ ᠬᠡᠷᠡᠭᠲᠡᠢ᠃ ᠣᠶᠢᠷ᠎ᠠ ᠶᠢᠨ ᠵᠢᠯ ᠤᠨ ᠲᠤᠷᠰᠢ᠂ ᠬᠡᠲᠦᠷᠡᠮᠡᠬᠡᠶ ᠴᠠᠭ ᠠᠭᠤᠷ ᠤᠨ ᠬᠡᠷᠡᠭ ᠣᠯᠠᠰᠢᠷᠠᠵᠤ᠂ ᠣᠯᠠᠰᠢᠷᠠᠬᠤ᠂ ᠬᠦᠴᠦᠷᠬᠡᠭᠵᠢᠬᠦ᠂ ᠥᠷᠭᠡᠵᠢᠬᠦ ᠪᠠᠶᠢᠳᠠᠯ ᠢᠯᠡᠷᠡᠵᠦ᠂ ᠰᠢᠷᠦᠭᠦᠨ ᠪᠣᠷᠣᠭᠠᠨ ᠦᠶᠡᠷ ᠤᠰᠤᠲᠤᠯ ᠭᠠᠩ ᠬᠠᠭᠰᠠᠷᠭᠠᠨ ᠵᠡᠷᠭᠡ ᠭᠠᠮᠰᠢᠭ ᠤᠨ ᠭᠡᠨᠡᠳᠲᠡ ᠶᠢᠨ ᠴᠢᠨᠠᠷ᠂ ᠬᠡᠲᠦᠷᠡᠮᠡᠬᠡᠶ ᠴᠢᠨᠠᠷ᠂ ᠬᠡᠪ ᠤᠨ ᠪᠤᠰᠤ ᠴᠢᠨᠠᠷ ᠶᠠᠪᠤᠬᠤ ᠲᠤᠲᠤᠮ ᠢᠯᠡᠷᠬᠡᠶ ᠪᠣᠯᠵᠤ᠂ ᠲᠡᠦᠬᠡᠨ ᠲᠡᠮᠳᠡᠭᠯᠡᠯ ᠢ ᠡᠭᠦᠳᠦᠭᠰᠡᠨ ᠤᠰᠤ ᠭᠠᠩ ᠤᠨ ᠭᠠᠮᠰᠢᠭ ᠤᠨ ᠬᠡᠷᠡᠭ ᠣᠯᠠᠨᠲᠠ ᠭᠠᠷᠴᠤ ᠪᠠᠶᠢᠨ᠎ᠠ᠃ ᠵᠢᠱᠢᠯᠲᠡ ᠶᠢ ᠦᠨᠳᠦᠰᠦᠯᠡᠪᠡᠯ᠂ ᠡᠨᠡ ᠵᠢᠯ ᠤᠨ 7 ᠳ᠋ᠤᠭᠠᠷ ᠰᠠᠷ᠎ᠠ ᠠᠴᠠ 8 ᠳ᠋ᠤᠭᠠᠷ ᠰᠠᠷ᠎ᠠ ᠪᠣᠯᠲᠠᠯ᠎ᠠ᠂ ᠣᠷᠣᠨ ᠪᠦᠰᠡ ᠶᠢᠨ ᠴᠢᠨᠠᠷᠲᠠᠶ ᠦᠶᠡᠷ ᠤᠰᠤᠲᠤᠯ᠂ ᠭᠠᠩ ᠬᠠᠭᠰᠠᠷᠠᠭᠠᠨ᠂ ᠥᠨᠳᠥᠷ ᠳᠤᠯᠠᠭᠠᠨ ᠤ ᠬᠠᠯᠠᠭᠤᠨ ᠳᠠᠪᠠᠯᠭᠠᠨ ᠬᠦᠨᠳᠦ ᠪᠠᠶᠢᠨ᠎ᠠ᠃ ᠪᠢᠳᠡ ᠥᠴᠦᠬᠡᠨ ᠴᠦ ᠬᠤᠶᠢᠷᠭᠤᠰᠢᠬᠤ ᠰᠡᠳᠬᠢᠴᠡ ᠲᠠᠢ ᠪᠠᠶᠢᠵᠤ ᠪᠣᠯᠬᠤ ᠦᠭᠡᠢ᠂ ︽ᠴᠠᠭ ᠢᠮᠠᠭᠲᠠ ᠰᠡᠳᠬᠢᠯ ᠠᠮᠤᠷ ᠪᠠᠶᠢᠬᠤ ᠦᠭᠡᠢ︾ ᠬᠠᠷᠢᠭᠤᠴᠠᠯᠭᠠᠲᠤ ᠰᠡᠳᠬᠢᠯᠭᠡ ᠪᠠᠨ ᠪᠠᠲᠤᠯᠠᠬᠤ ᠶᠢ ᠨᠡᠩ ᠢᠯᠡᠭᠦᠦ ᠱᠠᠭᠠᠷᠳᠠᠨ᠎ᠠ᠃ 2023 ᠣᠨ ᠤ ᠪᠥᠬᠦ ᠤᠯᠤᠰ ᠤᠨ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠵᠠᠰᠠᠭ ᠵᠠᠬᠢᠷᠭᠠᠨ ᠤ ᠬᠠᠷᠢᠭᠤᠴᠠᠯᠭᠠᠲᠠᠨ᠂ ᠪᠥᠬᠦ ᠤᠯᠤᠰ ᠤᠨ 726 ᠲᠣᠮᠣ ᠤᠰᠤᠨ ᠴᠥᠭᠦᠷᠥᠮ ᠤᠨ ᠶᠡᠭᠡ ᠬᠠᠰᠢᠯᠭ᠎ᠠ ᠶᠢᠨ ᠠᠮᠤᠷ ᠲᠦᠪᠰᠢᠨ ᠤ ᠬᠠᠷᠢᠭᠤᠴᠠᠯᠭᠠᠲᠠᠨ ᠤ ᠨᠡᠷᠡᠰ ᠢ ᠨᠡᠶᠢᠲᠡᠯᠡᠵᠦ᠂ ᠡᠳᠦᠷ ᠪᠦᠷᠢ 100 ᠳᠤᠮᠳᠠ ᠵᠢᠵᠢᠭ ᠤᠰᠤᠨ ᠴᠥᠭᠦᠷᠥᠮ ᠢ ᠰᠤᠭᠤᠴᠢᠨ ᠪᠠᠶᠢᠴᠠᠭᠠᠵᠤ ᠬᠠᠷᠢᠭᠤᠴᠠᠯᠭ᠎ᠠ ᠲᠠᠢ ᠬᠥᠮᠦᠨ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠦᠶᠡᠷ ᠢ ᠰᠡᠷᠭᠡᠶᠢᠯᠡᠬᠦ ᠬᠠᠷᠢᠭᠤᠴᠠᠯᠭ᠎ᠠ ᠶᠢ ᠱᠠᠲᠤ ᠱᠠᠲᠤ ᠪᠠᠷ ᠪᠣᠳᠠᠲᠠᠶᠢᠵᠢᠭᠤᠯᠪᠠ᠃ ᠵᠠᠷᠢᠮ ᠭᠠᠵᠠᠷ ᠣᠷᠣᠨ ᠳᠤ ᠣᠯᠠᠨ ᠵᠢᠯ ᠠᠭᠠᠳᠠᠷ ᠪᠣᠷᠣᠭᠠᠨ ᠦᠶᠡᠷ ᠤᠰᠤᠲᠤᠯ ᠳᠤ ᠤᠴᠠᠷᠠᠭᠰᠠᠨ ᠦᠭᠡᠶ ᠪᠣᠯ ᠰᠤᠯᠠᠷᠠᠨ ᠰᠤᠯᠠᠷᠠᠵᠤ ᠠᠵᠠ ᠬᠠᠷᠠᠬᠤ ᠰᠡᠳᠬᠢᠯᠭᠡ ᠠᠮᠠᠷᠬᠠᠨ ᠡᠭᠦᠰᠳᠡᠭ᠃ ᠵᠠᠷᠢᠮ ᠭᠠᠵᠠᠷ ᠤᠨ ᠬᠢᠨ ᠡᠬᠢᠨ ᠤ ᠬᠤᠭᠤᠴᠠᠭᠠᠨ ᠳᠤ ᠭᠠᠩ ᠬᠠᠭᠰᠠᠷᠠᠭᠠᠨ ᠲᠠᠢ ᠲᠣᠬᠢᠶᠠᠯᠳᠤᠵᠤ᠂ ᠤᠰᠤ ᠬᠠᠳᠠᠭᠠᠯᠠᠨ ᠤᠰᠤ ᠭᠠᠮᠨᠠᠵᠤ᠂ ᠭᠠᠩᠳᠠᠵᠤ ᠤᠰᠤᠲᠤᠭᠠᠳ ᠪᠠᠴᠢᠮ ᠡᠷᠭᠢᠯᠲᠡ ᠭᠠᠷᠭᠠᠬᠤ ᠪᠡᠯᠡᠳᠬᠡᠯ ᠢ ᠬᠠᠷᠠᠬᠠᠨ ᠰᠠᠶᠢᠲᠤᠷ ᠬᠢᠭᠡᠳᠦᠢ ᠪᠠᠶᠢᠨ᠎ᠠ᠃ ᠦᠶᠡᠷ ᠢ ᠰᠡᠷᠭᠡᠶᠢᠯᠡᠬᠦ ᠶᠢ ᠬᠡᠮᠵᠢᠬᠦ᠂ ᠮᠡᠳᠡᠭᠦᠯᠬᠦ᠂ ᠰᠡᠷᠭᠡᠶᠢᠯᠡᠬᠦ᠂ ᠡᠰᠡᠷᠭᠦᠴᠡᠬᠦ᠂ ᠠᠪᠤᠷᠠᠬᠤ ᠵᠡᠷᠭᠡ ᠭᠤᠭᠴᠤᠭ᠎ᠠ ᠶᠢ ᠨᠢᠭᠲᠠ ᠤᠶᠠᠯᠳᠤᠭᠤᠯᠵᠤ᠂ ᠡᠷᠬᠡᠪᠰᠢ ᠨᠠᠷᠢᠨ ᠨᠢᠭᠲᠠ ᠪᠠᠶᠢᠷᠢᠯᠠᠭᠤᠯᠵᠤ᠂ ᠡᠷᠲᠡᠬᠡᠨ ᠬᠥᠳᠡᠯᠪᠡᠯ ᠰᠠᠶ᠋ᠢ ᠡᠯ᠎ᠡ ᠵᠦᠢᠯ ᠤᠨ ᠰᠡᠷᠭᠡᠶᠢᠯᠡᠬᠦ ᠠᠷᠭ᠎ᠠ ᠬᠡᠮᠵᠢᠶ᠎ᠡ ᠶᠢ ᠦᠶᠡᠷ ᠤᠨ ᠤᠰᠤᠨ ᠤ ᠡᠮᠦᠨ᠎ᠡ ᠲᠠᠯᠪᠢᠵᠤ ᠴᠢᠳᠠᠨ᠎ᠠ᠃ ᠬᠠᠮᠢᠶ᠎ᠠ ᠪᠥᠬᠦᠶ ᠬᠠᠷᠢᠭᠤᠴᠠᠯᠭᠠᠲᠠᠨ ᠡᠷᠬᠡᠪᠰᠢ ᠠᠶᠤᠯ ᠲᠦᠭᠰᠢᠭᠦᠷᠢ ᠶᠢᠨ ᠤᠬᠠᠮᠰᠠᠷ ᠢᠶᠠᠨ ᠴᠢᠩᠭᠠᠳᠬᠠᠵᠤ᠂ ᠬᠤᠷᠢᠭ᠎ᠠ ᠱᠤᠭᠤᠮ ᠤᠨ ᠰᠡᠳᠬᠢᠬᠦᠶ ᠶᠢ ᠪᠣᠶ ᠪᠣᠯᠭᠠᠵᠤ᠂ ᠦᠶᠡᠷ ᠢ ᠰᠡᠷᠭᠡᠶᠢᠯᠡᠬᠦ ᠬᠠᠷᠢᠭᠤᠴᠠᠯᠭ᠎ᠠ ᠶᠢ ᠪᠠᠲᠤ ᠡᠭᠦᠷᠭᠡᠯᠡᠵᠦ᠂ ᠡᠯ᠎ᠡ ᠵᠦᠢᠯ ᠤᠨ ᠠᠷᠭ᠎ᠠ ᠬᠡᠮᠵᠢᠶ᠎ᠡ ᠶᠢᠨ ᠲᠣᠭᠲᠠᠭᠠᠯᠲᠤ ᠴᠢᠨᠠᠷ ᠢᠶᠠᠷ ᠦᠶᠡᠷ ᠤᠨ ᠪᠠᠶᠢᠳᠠᠯ ᠤᠨ ᠲᠣᠭᠲᠠᠪᠤᠷᠢ ᠥᠬᠡᠶ ᠴᠢᠨᠠᠷ ᠢ ᠠᠷᠭᠠᠴᠠᠭᠠᠬᠤ ᠬᠡᠷᠡᠭᠲᠡᠶ᠃  ᠦᠶᠡᠷ ᠢ ᠰᠡᠷᠭᠡᠶᠢᠯᠡᠬᠦ ᠬᠠᠷᠢᠭᠤᠴᠠᠯᠭ᠎ᠠ ᠶᠢ ᠡᠭᠦᠷᠭᠡᠯᠡᠬᠦ ᠳᠤ ᠡᠷᠬᠡᠪᠰᠢ ᠬᠠᠳᠬᠤᠮᠠᠯ ᠬᠠᠳᠬᠤᠬᠤ ᠠᠵᠢᠯ ᠢ ᠭᠦᠢᠴᠡᠳ ᠬᠢᠬᠦ ᠬᠡᠷᠡᠭᠲᠡᠢ᠃ ᠣᠶᠢᠷ᠎ᠠ ᠶᠢᠨ ᠵᠢᠯ ᠠᠴᠠ ᠨᠠᠭᠠᠰᠢ᠂ ᠡᠯ᠎ᠡ ᠭᠠᠵᠠᠷ ᠤᠨ ᠭᠤᠤᠯ ᠮᠥᠷᠡᠨ ᠤ ᠬᠠᠰᠢᠯᠭ᠎ᠠ᠂ ᠤᠰᠤᠨ ᠬᠠᠭᠠᠯᠲᠠ ᠵᠡᠷᠭᠡ ᠦᠶᠡᠷ ᠢ ᠰᠡᠷᠭᠡᠶᠢᠯᠡᠬᠦ ᠲᠥᠬᠦᠭᠡᠷᠦᠮᠵᠢ ᠲᠠᠰᠤᠷᠠᠯᠲᠠ ᠥᠬᠡᠶ ᠲᠡᠭᠦᠯᠳᠡᠷᠵᠢᠪᠡ᠂ ᠭᠡᠪᠡᠴᠦ ᠪᠠᠰᠠ ᠬᠠᠰᠢᠯᠭ᠎ᠠ ᠶᠢᠨ ᠬᠡᠰᠡᠭ ᠤᠨ ᠤᠰᠤᠨ ᠤ ᠠᠷᠤ ᠬᠥᠲᠥᠯ᠂ ᠭᠠᠵᠠᠷ ᠳᠤᠤᠷᠠᠬᠢ ᠭᠦᠨ ᠳᠤ ᠰᠢᠷᠭᠤᠯᠵᠢ ᠶᠢᠨ ᠡᠭᠦᠷ᠂ ᠮᠠᠩᠭᠢᠰᠤ ᠶᠢᠨ ᠨᠦᠬᠡ ᠣᠷᠣᠰᠢᠵᠤ᠂ ᠠᠮᠠᠷᠬᠠᠨ ᠨᠡᠪᠴᠢᠵᠦ ᠭᠤᠭᠤᠵᠢᠬᠤ᠂ ᠠᠶᠤᠯ ᠲᠦᠭᠰᠢᠭᠦᠷᠢᠲᠦ ᠪᠠᠶᠢᠳᠠᠯ ᠢ ᠡᠭᠦᠰᠭᠡᠬᠦ ᠶᠢ ᠣᠯᠵᠤ ᠬᠠᠷᠠᠬᠤ ᠬᠡᠷᠡᠭᠲᠡᠶ᠃ ᠭᠠᠭᠴᠠᠬᠦ ᠵᠢᠭᠰᠠᠭᠠᠨ ᠪᠠᠶᠢᠴᠠᠭᠠᠵᠤ᠂ ᠨᠠᠷᠢᠨ ᠣᠨᠣᠪᠴᠢᠲᠠᠢ ᠬᠢᠨᠠᠨ ᠬᠡᠮᠵᠢᠵᠦ᠂ ᠲᠣᠭᠲᠠᠭᠰᠠᠨ ᠴᠡᠭ ᠲᠤ ᠵᠠᠰᠠᠨ ᠰᠡᠷᠭᠦᠭᠡᠪᠡᠯ ᠰᠠᠶᠢ ᠶᠡᠭᠡ ᠬᠠᠰᠢᠯᠭ᠎ᠠ ᠶᠢᠨ ᠦᠶᠡᠷ ᠤᠨ ᠤᠰᠤ ᠶᠢ ᠡᠰᠡᠷᠭᠦᠴᠡᠬᠦ ᠳᠤᠮᠳᠠ ᠵᠠᠩᠭᠢᠯᠠᠭ᠎ᠠ ᠶᠢᠨ ᠦᠢᠯᠡᠳᠦᠯ ᠦᠵᠡᠭᠦᠯᠬᠦ ᠶᠢ ᠪᠠᠲᠤᠯᠠᠵᠤ ᠴᠢᠳᠠᠨ᠎ᠠ᠃ ᠳᠤᠮᠳᠠ ᠪᠠᠭ᠎ᠠ ᠭᠤᠣᠯ ᠮᠥᠷᠡᠨ ᠤ ᠡᠬᠢ ᠨᠢ ᠣᠬᠤᠷ ᠤᠷᠤᠰᠬᠠᠯ ᠨᠢ ᠲᠦᠷᠭᠡᠨ᠂ ᠦᠶᠡᠷᠯᠡᠬᠦ ᠴᠠᠭ ᠨᠢ ᠣᠬᠤᠷ ᠪᠥᠭᠡᠳ ᠦᠶᠡᠷ ᠢ ᠰᠡᠷᠭᠡᠶᠢᠯᠡᠬᠦ ᠪᠡᠯᠡᠳᠬᠡᠮᠵᠢ ᠨᠢ ᠬᠠᠷᠢᠴᠠᠩᠭᠤᠶ ᠪᠠᠭᠤᠷᠠᠶ ᠪᠣᠯᠬᠤᠷ ᠠᠮᠠᠷᠬᠠᠨ ᠤᠰᠤᠲᠤᠯ ᠪᠣᠯᠵᠤ ᠭᠠᠮᠰᠢᠭ ᠪᠣᠯᠳᠠᠭ᠃ ᠦᠶᠡᠷ ᠤᠨ ᠬᠤᠭᠤᠴᠠᠭᠠᠨ ᠳᠤ ᠤᠷᠤᠬᠰᠠᠨ ᠠᠴᠠ ᠨᠠᠭᠠᠰᠢ᠂ ᠵᠠᠷᠢᠮ ᠭᠤᠣᠯ ᠮᠥᠷᠡᠨ ᠳᠤ ᠰᠡᠷᠡᠮᠵᠢ ᠶᠢᠨ ᠲᠤᠬᠢᠶ᠎ᠠ ᠠᠴᠠ ᠳᠡᠭᠡᠭᠰᠢᠬᠢ ᠦᠶᠡᠷ ᠭᠠᠷᠪᠠ᠂ ᠡᠨᠡ ᠨᠢ ᠪᠢᠳᠡᠨ ᠳᠤ ᠳᠠᠬᠢᠨᠲᠠ ᠰᠡᠷᠡᠮᠵᠢ ᠶᠢᠨ ᠲᠤᠬᠢᠶ᠎ᠠ ᠥᠭᠴᠦ᠂ ᠪᠠᠭᠤᠷᠠᠢ ᠭᠤᠭᠴᠤᠭ᠎ᠠ ᠶᠢ ᠴᠢᠩᠭ᠎ᠠ ᠠᠩᠬᠠᠷᠴᠤ᠂ ᠠᠶᠤᠯ ᠠᠴᠠ ᠠᠪᠤᠷᠠᠬᠤ ᠬᠦᠴᠦᠨ᠂ ᠡᠳ᠋ ᠪᠣᠳᠠᠰ ᠪᠣᠯᠤᠨ ᠲᠤᠨᠤᠭ ᠲᠥᠬᠦᠭᠡᠷᠦᠮᠵᠢ ᠶᠢ ᠤᠷᠢᠳᠴᠢᠯᠠᠨ ᠪᠡᠯᠡᠳᠬᠡᠵᠦ᠂ ᠡᠷᠲᠡ ᠢᠯᠡᠷᠡᠭᠦᠯᠵᠦ᠂ ᠡᠷᠲᠡ ᠰᠢᠢᠳᠪᠦᠷᠢᠯᠡᠬᠦ ᠬᠡᠷᠡᠭᠲᠡᠢ᠃ ᠬᠤᠲᠠ ᠳᠣᠲᠣᠷᠠᠬᠢ ᠤᠰᠤᠲᠤᠯ ᠪᠣᠯ ᠦᠶᠡᠷ ᠢ ᠰᠡᠷᠭᠡᠶᠢᠯᠡᠬᠦ ᠭᠤᠣᠯᠳᠠᠯᠭ᠎ᠠ ᠲᠠᠢ ᠬᠦᠷᠢᠶ᠎ᠡ ᠪᠣᠯᠬᠤ ᠲᠤᠯᠠ᠂ ᠭᠠᠵᠠᠷ ᠳᠣᠣᠷᠠᠬᠢ ᠲᠡᠮᠦᠷ ᠵᠠᠮ᠂ ᠭᠠᠵᠠᠷ ᠳᠣᠣᠷᠠᠬᠢ ᠲᠡᠷᠭᠡᠨ ᠬᠥᠮᠥᠷᠭᠡ᠂ ᠳᠣᠷᠣᠭᠰᠢ ᠵᠦᠷᠢᠯᠢᠭ ᠬᠥᠭᠦᠷᠭᠡ ᠪᠠᠷ ᠥᠩᠭᠡᠷᠡᠬᠦ ᠵᠡᠷᠭᠡ ᠤᠰᠤ ᠠᠮᠠᠷᠬᠠᠨ ᠬᠤᠷᠠᠬᠤ ᠲᠤᠯᠠ ᠦᠶᠡᠷ ᠢ ᠰᠡᠷᠭᠡᠶᠢᠯᠡᠬᠦ ᠠᠵᠢᠯ ᠢ ᠡᠷᠲᠡᠬᠡᠨ ᠲᠣᠬᠢᠷᠠᠭᠤᠯᠵᠤ ᠡᠷᠲᠡᠬᠡᠨ ᠪᠠᠶᠢᠷᠢᠯᠠᠭᠤᠯᠬᠤ ᠬᠡᠷᠡᠭᠲᠡᠶ︔ ᠰᠡᠷᠡᠮᠵᠢᠯᠡᠭᠦᠯᠬᠦ ᠠᠵᠢᠯ ᠢ ᠡᠬᠢᠯᠡᠭᠦᠯᠬᠦ ᠴᠠᠭ ᠬᠤᠭᠤᠴᠠᠭ᠎ᠠ ᠶᠢ ᠨᠠᠷᠢᠨ ᠨᠢᠮᠪᠠᠶ ᠰᠣᠩᠭᠤᠵᠤ᠂ ᠬᠤᠲᠠ ᠶᠢᠨ ᠠᠷᠠᠳ ᠢ ᠬᠥᠲᠥᠯᠥᠨ ᠵᠢᠯᠣᠭᠤᠳᠴᠤ ᠪᠠᠶᠢᠭᠠᠳ ᠶᠠᠪᠤᠵᠤ ᠰᠠᠭᠤᠬᠤ ᠶᠢ ᠨᠢ ᠵᠦᠶ ᠵᠣᠬᠢᠰᠲᠠᠶ ᠲᠣᠬᠢᠷᠠᠭᠤᠯᠵᠤ᠂ ᠵᠠᠮ ᠱᠤᠭᠤᠮ ᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠬᠦ ᠬᠡᠷᠡᠭᠲᠡᠶ᠃ ᠦᠵᠡᠯ ᠰᠠᠨᠠᠭ᠎ᠠ ᠲᠠᠨᠢᠯᠲᠠ ᠪᠠᠨ ᠪᠣᠳᠠᠲᠠᠶᠢᠵᠢᠭᠤᠯᠵᠤ᠂ ᠬᠠᠷᠢᠭᠤᠴᠠᠯᠭ᠎ᠠ ᠪᠠᠨ ᠪᠣᠳᠠᠲᠠᠶᠢᠵᠢᠭᠤᠯᠪᠠᠯ ᠰᠠᠶ᠋ᠢ ᠦᠶᠡᠷ ᠢ ᠰᠡᠷᠭᠡᠶᠢᠯᠡᠬᠦ ᠠᠵᠢᠯ ᠳᠤ ᠥᠨᠴᠥᠭ ᠪᠤᠯᠤᠩ ᠦᠯᠡᠳᠡᠭᠡᠬᠦ ᠦᠭᠡᠢ ᠪᠠᠶᠢᠬᠤ ᠶᠢ ᠪᠠᠲᠤᠯᠠᠵᠤ ᠴᠢᠳᠠᠨ᠎ᠠ᠃  ᠦᠶᠡᠷ ᠢ ᠰᠡᠷᠭᠡᠶᠢᠯᠡᠵᠦ ᠭᠠᠮᠰᠢᠭ ᠠᠴᠠ ᠠᠪᠤᠷᠠᠬᠤ ᠶᠢᠨ ᠲᠤᠰᠤᠯᠳᠠ ᠪᠣᠯ ᠢᠮᠠᠭᠲᠠ ᠠᠷᠠᠳ ᠲᠦᠮᠡᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠪᠠᠲᠤᠯᠠᠬᠤ ᠶᠠᠪᠤᠳᠠᠯ ᠪᠣᠯᠤᠨ᠎ᠠ᠃ ᠡᠯ᠎ᠡ ᠵᠦᠢᠯ ᠤᠨ ᠠᠷᠭ᠎ᠠ ᠬᠡᠮᠵᠢᠶ᠎ᠡ ᠳᠤ ᠡᠷᠬᠡᠪᠰᠢ ︽ᠬᠥᠮᠦᠨ︾ ᠤ ᠬᠦᠴᠦᠨ ᠵᠦᠢᠯ ᠢ ᠭᠦᠢᠴᠡᠳ ᠪᠣᠳᠣᠯᠬᠢᠯᠠᠬᠤ ᠬᠡᠷᠡᠭᠲᠡᠶ᠃ ᠵᠢᠱᠢᠶᠡᠯᠡᠪᠡᠯ᠂ ᠴᠠᠭ ᠲᠤᠬᠠᠶ ᠳᠤᠨᠢ ᠰᠢᠯᠵᠢᠭᠦᠯᠬᠦ ᠪᠣᠯ ᠬᠥᠮᠦᠰ ᠤᠨ ᠠᠮᠤᠷ ᠲᠦᠪᠰᠢᠨ ᠢ ᠪᠠᠲᠤᠯᠠᠬᠤ ᠬᠠᠮᠤᠭ ᠤᠨ ᠪᠦᠲᠦᠮᠵᠢᠲᠡᠶ ᠠᠷᠭ᠎ᠠ ᠬᠡᠮᠵᠢᠶ᠎ᠡ ᠶᠢᠨ ᠨᠢᠭᠡ ᠮᠥᠨ᠂ ᠠᠭᠤᠯᠠᠨ ᠦᠶᠡᠷ ᠤᠨ ᠰᠡᠷᠡᠮᠵᠢᠯᠡᠭᠦᠯᠦᠯ ᠢ ᠭᠥᠯᠢᠶᠡᠨ ᠠᠪᠴᠤ᠂ ᠲᠦᠭᠰᠢᠭᠦᠷᠢᠲᠦ ᠪᠠᠶᠢᠳᠠᠯ ᠢ ᠣᠯᠵᠤ ᠮᠡᠳᠡᠪᠡᠯ᠂ ᠰᠦᠷᠳᠡᠭᠦᠯᠦᠯ ᠳᠤ ᠤᠴᠠᠷᠠᠭᠰᠠᠨ ᠣᠷᠣᠨ ᠪᠦᠰᠡ ᠶᠢᠨ ᠬᠥᠮᠦᠰ ᠢ ᠳᠠᠷᠤᠶ ᠲᠦᠷᠭᠡᠨ ᠰᠢᠯᠵᠢᠭᠦᠯᠬᠦ ᠬᠡᠷᠡᠭᠲᠡᠶ᠃ ᠰᠢᠯᠵᠢᠭᠦᠯᠬᠦ ᠲᠥᠰᠦᠯ᠂ ᠬᠤᠭᠤᠯᠠ ᠬᠤᠨᠤᠭ ᠤᠨ ᠲᠣᠬᠢᠷᠠᠭᠤᠯᠤᠯᠲᠠ ᠵᠡᠷᠭᠡ ᠨᠢ ᠰᠢᠨᠵᠢᠯᠡᠬᠦ ᠤᠬᠠᠭᠠᠨᠴᠢ ᠪᠥᠭᠡᠳ ᠪᠦᠲᠦᠮᠵᠢᠲᠡᠶ ᠪᠠᠶᠢᠬᠤ ᠬᠡᠷᠡᠭᠲᠡᠶ᠃ ᠡᠯ᠎ᠡ ᠵᠦᠢᠯ ᠤᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠢ ᠤᠷᠢᠳᠴᠢᠯᠠᠨ ᠰᠠᠶᠢᠲᠤᠷ ᠬᠢᠵᠦ᠂ ᠪᠡᠯᠡᠳᠬᠡᠯ ᠲᠥᠰᠦᠯ ᠨᠡᠩ ᠣᠨᠣᠴᠠᠲᠠᠢ᠂ ᠲᠤᠬᠢᠷᠠᠭᠤᠯᠤᠯᠳᠠ ᠨᠡᠩ ᠨᠠᠷᠢᠯᠢᠭ ᠪᠣᠯᠪᠠᠯ ᠰᠠᠶ᠋ᠢ ᠬᠥᠮᠦᠨ ᠬᠠᠷ᠎ᠠ ᠶᠢᠨ ᠦᠬᠦᠯ ᠰᠢᠷᠬᠠᠲᠤᠯ ᠪᠣᠯᠤᠨ ᠭᠠᠮᠰᠢᠭ ᠤᠨ ᠬᠤᠬᠢᠷᠠᠯ ᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠵᠤ ᠴᠢᠳᠠᠨ᠎ᠠ᠃  ᠦᠶᠡᠷ ᠢ ᠰᠡᠷᠭᠡᠶᠢᠯᠡᠬᠦ ᠬᠠᠷᠢᠭᠤᠴᠠᠯᠭ᠎ᠠ ᠦᠶᠡᠷ ᠤᠨ ᠬᠤᠭᠤᠴᠠᠭᠠᠨ ᠳᠤ ᠯᠠ ᠪᠠᠶᠢᠬᠤ ᠪᠢᠰᠢ᠃ ᠶᠡᠷᠦ ᠶᠢᠨ ᠴᠠᠭ ᠲᠤ ᠬᠦᠴᠦ ᠣᠷᠣᠭᠤᠯᠪᠠᠯ ᠵᠠᠩᠭᠢᠯᠠᠭ᠎ᠠ ᠶᠢᠨ ᠦᠶ᠎ᠡ ᠳᠤ ᠰᠠᠶ᠋ᠢ ᠠᠭᠤᠵᠢᠭᠤ ᠲᠠᠯᠪᠢᠭᠤ ᠪᠠᠶᠢᠵᠤ ᠴᠢᠳᠠᠨ᠎ᠠ᠃ ᠡᠨᠡ ᠵᠢᠯ ᠤᠨ ᠦᠶᠡᠷ ᠠᠴᠠ ᠡᠮᠦᠨ᠎ᠡ᠂ ᠴᠢᠬᠤᠯᠠ ᠤᠰᠤᠨ ᠴᠥᠭᠦᠷᠥᠮ ᠤᠨ ᠰᠦᠷᠦᠭᠵᠢᠯ ᠢ ᠬᠠᠮᠲᠤᠷᠠᠨ ᠲᠣᠬᠢᠷᠠᠭᠤᠯᠬᠤ ᠲᠥᠰᠦᠯ᠂ ᠦᠶᠡᠷ ᠤᠨ ᠤᠰᠤ ᠶᠢ ᠲᠣᠬᠢᠷᠠᠭᠤᠯᠬᠤ ᠲᠥᠰᠦᠯ ᠢ ᠨᠠᠷᠢᠯᠢᠭᠵᠢᠭᠤᠯᠤᠨ ᠲᠡᠭᠦᠯᠳᠡᠷᠵᠢᠭᠦᠯᠵᠦ᠂ ᠳᠣᠯᠣᠭᠠᠨ ᠶᠡᠭᠡ ᠭᠤᠤᠯ ᠮᠥᠷᠡᠨ ᠤ ᠰᠠᠪᠠ ᠭᠠᠵᠠᠷ ᠤᠨ ᠦᠶᠡᠷ ᠢ ᠰᠡᠷᠭᠡᠶᠢᠯᠡᠬᠦ ᠲᠣᠬᠢᠷᠠᠭᠤᠯᠤᠯᠲᠠ ᠶᠢᠨ ᠪᠣᠳᠠᠲᠤ ᠪᠠᠶᠢᠯᠳᠤᠭᠠᠨ ᠤ ᠰᠣᠷᠢᠯᠲᠠ ᠶᠢ ᠪᠥᠬᠦ ᠲᠠᠯ᠎ᠠ ᠪᠠᠷ ᠥᠷᠨᠢᠭᠦᠯᠵᠦ᠂ ᠲᠥᠰᠦᠯ ᠢ ᠪᠦᠲᠦᠮᠵᠢᠲᠡᠶ ᠰᠢᠯᠭᠠᠨ ᠪᠠᠶᠢᠴᠠᠭᠠᠵᠤ᠂ ᠡᠩᠨᠡᠭᠡ ᠶᠢ ᠳᠠᠪᠲᠠᠨ ᠪᠣᠯᠪᠠᠰᠤᠷᠠᠭᠤᠯᠵᠤ᠂ ᠴᠢᠳᠠᠪᠤᠷᠢ ᠶᠢ ᠳᠡᠭᠡᠭᠰᠢᠯᠡᠭᠦᠯᠪᠡ᠃ ᠰᠠᠪᠠ ᠭᠠᠵᠠᠷ ᠤᠨ ᠦᠶᠡᠷ ᠢ ᠰᠡᠷᠭᠡᠶᠢᠯᠡᠬᠦ ᠲᠥᠯᠥᠪᠵᠢᠭᠦᠯᠭᠡ ᠶᠢ ᠵᠠᠰᠠᠨ ᠨᠠᠶᠢᠷᠠᠭᠤᠯᠬᠤ ᠠᠵᠢᠯ ᠢ ᠡᠮᠬᠢ ᠵᠢᠷᠤᠮ ᠲᠠᠢ ᠠᠬᠢᠭᠤᠯᠵᠤ᠂ ᠦᠶᠡᠷ ᠢ ᠰᠡᠷᠭᠡᠶᠢᠯᠡᠬᠦ ᠢᠨᠵᠧᠨᠧᠷᠢᠩ ᠤᠨ ᠰᠢᠰᠲ᠋ᠧᠮ ᠢ ᠲᠠᠰᠤᠷᠠᠯᠲᠠ ᠥᠬᠡᠶ ᠰᠢᠯᠢᠳᠡᠭᠵᠢᠭᠦᠯᠦᠨ᠂ ᠲᠣᠭᠠᠴᠢᠯᠠᠭᠰᠠᠨ ᠢᠬᠡᠷ᠎ᠡ ᠤᠰᠤᠨ ᠠᠰᠢᠭᠯᠠᠯᠲᠠ ᠶᠢᠨ ᠢᠨᠵᠧᠨᠧᠷᠢᠩ ᠢ ᠲᠦᠷᠭᠡᠳᠬᠡᠨ ᠪᠥᠲᠥᠭᠡᠨ ᠪᠠᠶᠢᠭᠤᠯᠬᠤ ᠵᠡᠷᠭᠡ ᠠᠷᠭ᠎ᠠ ᠬᠡᠮᠵᠢᠶ᠎ᠡ ᠨᠢ ᠪᠢᠳᠡᠨ ᠤ ᠦᠶᠡᠷ ᠢ ᠰᠡᠷᠭᠡᠶᠢᠯᠡᠬᠦ ᠠᠮᠤᠷ ᠲᠦᠪᠰᠢᠨ ᠢ ᠪᠠᠲᠤᠯᠠᠬᠤ ᠳᠤ ᠬᠦᠴᠦᠨ ᠨᠡᠮᠡᠷᠢᠯᠡᠪᠡ᠃ ᠡᠨᠡ ᠬᠦ ᠰᠠᠭᠤᠷᠢᠨ ᠳᠡᠭᠡᠷ᠎ᠡ᠂ ᠪᠠᠴᠢᠮ ᠪᠠᠶᠢᠳᠠᠯ ᠢ ᠠᠷᠭᠠᠴᠠᠭᠠᠨ ᠭᠡᠨᠡᠳᠲᠡ ᠶᠢᠨ ᠬᠡᠷᠡᠭ ᠢ ᠰᠢᠢᠳᠪᠦᠷᠢᠡᠯᠬᠦ ᠪᠠ ᠠᠯᠤᠰ ᠬᠡᠲᠦ ᠶᠢᠨ ᠲᠥᠯᠥᠪᠵᠢᠭᠦᠯᠭᠡ ᠶᠢ ᠤᠯᠠᠮ ᠴᠢᠨᠠᠭᠰᠢᠳᠠ ᠨᠢᠭᠡᠳᠦᠯᠲᠡᠶ ᠲᠥᠯᠥᠪᠵᠢᠭᠦᠯᠵᠦ᠂ ᠠᠵᠢᠯ ᠢᠶᠠᠨ ᠡᠮᠦᠨ᠎ᠡ ᠨᠢ ᠬᠢᠵᠦ᠂ ᠡᠩ ᠤᠨ ᠦᠶ᠎ᠡ ᠳᠤ ᠬᠦᠴᠦ ᠲᠠᠯᠪᠢᠪᠠᠯ ᠰᠠᠶ᠋ᠢ ᠦᠶᠡᠷ ᠢ ᠰᠡᠷᠭᠡᠶᠢᠯᠡᠬᠦ ᠠᠮᠤᠷ ᠲᠦᠪᠰᠢᠨ ᠤ ᠪᠠᠲᠤᠯᠠᠭ᠎ᠠ ᠶᠢᠨ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠵᠦ ᠴᠢᠳᠠᠨ᠎ᠠ᠃  ᠦᠶᠡᠷ ᠢ ᠰᠡᠷᠭᠡᠶᠢᠯᠡᠵᠦ ᠭᠠᠮᠰᠢᠭ ᠠᠴᠠ ᠠᠪᠤᠷᠠᠬᠤ ᠳᠤ ᠪᠠᠭ᠎ᠠ ᠶᠠᠪᠤᠳᠠᠯ ᠦᠭᠡᠢ᠃ ᠬᠠᠷᠢᠭᠤᠴᠠᠯᠭ᠎ᠠ ᠶᠢ ᠭᠤᠭᠴᠤᠭ᠎ᠠ ᠪᠦᠬᠦᠨ ᠢ ᠬᠤᠯᠪᠣᠭᠰᠠᠨ ᠦᠶᠡᠷ ᠢ ᠰᠡᠷᠭᠡᠶᠢᠯᠡᠬᠦ ᠬᠡᠯᠬᠢᠶ᠎ᠡ ᠳᠤ ᠨᠠᠶᠢᠳᠠᠪᠤᠷᠢᠵᠢᠭᠤᠯᠵᠤ᠂ ᠦᠶᠡᠷ ᠢ ᠰᠡᠷᠭᠡᠶᠢᠯᠡᠵᠦ ᠭᠠᠮᠰᠢᠭ ᠠᠴᠠ ᠠᠪᠤᠷᠠᠬᠤ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠨᠠᠷᠢᠯᠢᠭ ᠪᠣᠳᠠᠲᠠᠢ ᠠᠳᠬᠤᠪᠠᠯ᠂ ᠪᠢᠳᠡ ᠯᠠᠪᠲᠠᠢ ᠦᠶᠡᠷ ᠢ ᠰᠡᠷᠭᠡᠶᠢᠯᠡᠵᠦ ᠭᠠᠮᠰᠢᠭ ᠠᠴᠠ ᠠᠪᠤᠷᠠᠬᠤ ︽ᠪᠤᠯᠤᠳ ᠬᠡᠷᠡᠮ ᠪᠤᠯᠤᠳ ᠬᠠᠨ᠎ᠠ︾ ᠶᠢ ᠪᠠᠲᠤ ᠴᠣᠭᠴᠠᠯᠠᠵᠤ᠂ ᠭᠤᠣᠯ ᠮᠥᠷᠡᠨ ᠤ ᠠᠮᠤᠷ ᠠᠮᠤᠭᠤᠯᠠᠩ᠂ ᠤᠯᠠᠨ ᠲᠦᠮᠡᠨ ᠤ ᠠᠮᠤᠷ ᠲᠦᠪᠰᠢᠨ ᠢ ᠪᠠᠲᠤᠯᠠᠵᠤ ᠴᠢᠳᠠᠨ᠎ᠠ᠃ 
 
ᠢᠷᠡᠯᠲᠡ᠄ ᠠᠷᠠᠳ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号