ᠰᠢᠨᠬᠤᠸᠠ ᠬᠤᠷᠢᠶ᠎ᠠ᠄ ︽ᠰᠢ ᠶᠢᠨ ᠫᠢᠩ ᠤᠨ ᠤᠰᠤ ᠶᠢ ᠵᠠᠰᠠᠬᠤ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ ᠬᠡᠷᠡᠭᠲᠡᠢ︾ ᠭᠡᠬᠦ ᠨᠣᠮ ᠢ ᠬᠡᠪᠯᠡᠨ ᠲᠠᠷᠬᠠᠭᠠᠪᠠ
ᠨᠡᠶᠢᠲᠡᠯᠡᠭᠰᠡᠨ ᠴᠠᠭ᠄
2023/7/21
  ᠰᠢᠨᠬᠤᠸᠠ ᠬᠤᠷᠢᠶᠠᠨ ᠤ ᠪᠡᠭᠡᠵᠢᠩ ᠤᠨ 7 ᠳ᠋ᠤᠭᠠᠷ ᠰᠠᠷ᠎ᠠ ᠶᠢᠨ 18 ᠤ ᠡᠳᠦᠷ ᠤᠨ ᠮᠡᠳᠡᠭᠡ ᠤᠰᠤᠨ ᠠᠰᠢᠭᠯᠠᠯᠲᠠ ᠶᠢᠨ ᠶᠠᠮᠤᠨ ᠤ ᠵᠣᠬᠢᠶᠠᠨ ᠪᠠᠶᠢᠭᠤᠯᠵᠤ ᠨᠠᠶᠢᠷᠠᠭᠤᠯᠤᠭᠰᠠᠨ ︽ᠰᠢ ᠶᠢᠨ ᠫᠢᠩ ᠤᠨ ᠤᠰᠤ ᠶᠢ ᠵᠠᠰᠠᠬᠤ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠬᠤ ᠨᠢ︾ ᠭᠡᠬᠦ ᠨᠣᠮ ᠢ ᠣᠶᠢᠷ᠎ᠠ ᠳᠤ ᠠᠷᠠᠳ ᠤᠨ ᠬᠡᠪᠯᠡᠯ ᠤᠨ ᠬᠤᠷᠢᠶ᠎ᠠ ᠠᠴᠠ ᠬᠡᠪᠯᠡᠭᠦᠯᠵᠦ᠂ ᠪᠥᠬᠦ ᠤᠯᠤᠰ ᠲᠤ ᠲᠠᠷᠬᠠᠭᠠᠪᠠ᠃  ᠲᠤᠰ ᠨᠣᠮ ᠳᠤ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠶᠡᠷᠦᠩᠬᠡᠢ ᠱᠦᠵᠢ ᠰᠢ ᠶᠢᠨ ᠫᠢᠩ ᠤᠨ ᠤᠰᠤ ᠶᠢ ᠵᠠᠰᠠᠬᠤ ᠲᠤᠬᠠᠢ ᠴᠢᠬᠤᠯᠠ ᠥᠭᠦᠯᠡᠯᠲᠡ ᠶᠢᠨ ᠴᠠᠭ ᠦᠶ᠎ᠡ ᠶᠢᠨ ᠠᠬᠤᠢ ᠪᠠᠶᠢᠳᠠᠯ᠂ ᠦᠵᠡᠯ ᠰᠠᠨᠠᠭᠠᠨ ᠤ ᠰᠤᠳᠠᠰᠤ᠂ ᠴᠢᠬᠤᠯᠠ ᠶᠡᠭᠡ ᠠᠴᠢ ᠬᠤᠯᠪᠣᠭᠳᠠᠯ᠂ ᠪᠠᠶᠠᠯᠢᠭ ᠠᠭᠤᠯᠤᠭᠳᠠᠬᠤᠨ᠂ ᠵᠣᠷᠢᠭ ᠰᠠᠨᠠᠭᠠᠨ ᠤ ᠮᠥᠨ ᠴᠢᠨᠠᠷ᠂ ᠦᠢᠯᠡᠳᠦᠯᠭᠡ ᠶᠢᠨ ᠱᠠᠭᠠᠷᠳᠠᠯᠭ᠎ᠠ ᠶᠢ ᠲᠤᠰᠬᠠᠢ ᠰᠡᠳᠦᠪ ᠬᠤᠪᠢᠶᠠᠨ ᠲᠣᠳᠣᠷᠬᠠᠶᠢᠯᠠᠨ ᠥᠭᠦᠯᠡᠪᠡ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠶᠡᠷᠦᠩᠬᠡᠢ ᠱᠦᠵᠢ ᠰᠢ ᠶᠢᠨ ᠫᠢᠩ ᠳᠤᠮᠳᠠᠳᠤ ᠶᠢᠨ ᠦᠨᠳᠦᠰᠦᠲᠡᠨ ᠤ ᠥᠨᠢᠳᠡ ᠶᠢᠨ ᠦᠷᠭᠦᠯᠵᠢᠯᠡᠬᠦ ᠬᠥᠭᠵᠢᠯᠲᠡ ᠶᠢ ᠪᠡᠶᠡᠯᠡᠭᠦᠯᠬᠦ ᠪᠠᠶᠢᠯᠳᠤᠬᠤ ᠪᠤᠳᠤᠯᠭ᠎ᠠ ᠶᠢᠨ ᠦᠨᠳᠦᠷᠴᠡ ᠠᠴᠠ᠂ ᠤᠰᠤ ᠵᠠᠰᠠᠬᠤ ᠦᠢᠯᠡᠰ ᠢ ᠪᠡᠶ᠎ᠡ ᠪᠠᠷ ᠢᠶᠠᠨ ᠵᠢᠷᠤᠭᠯᠠᠨ᠂ ᠪᠡᠶ᠎ᠡ ᠪᠠᠷ ᠢᠶᠠᠨ ᠪᠠᠶᠢᠷᠢᠯᠠᠭᠤᠯᠵᠤ᠂ ᠪᠡᠶ᠎ᠡ ᠪᠠᠷ ᠢᠶᠠᠨ ᠠᠬᠢᠭᠤᠯᠤᠨ᠂ ᠠᠯᠢ ᠤᠯᠠᠨ ᠴᠢᠬᠤᠯᠠ ᠶᠠᠷᠢᠶ᠎ᠠ ᠲᠠᠯᠪᠢᠵᠤ᠂ ᠠᠯᠢ ᠤᠯᠠᠨ ᠴᠢᠬᠤᠯᠠ ᠵᠢᠭᠠᠪᠤᠷᠢ ᠴᠣᠬᠤᠯᠠᠪᠤᠷᠢ ᠥᠭᠴᠦ᠂ ︽ᠤᠰᠤ ᠠᠷᠪᠢᠯᠠᠬᠤ ᠶᠢ ᠲᠡᠷᠢᠭᠦᠨ ᠳᠤ ᠲᠠᠯᠪᠢᠬᠤ᠂ ᠣᠷᠣᠨ ᠵᠠᠢ ᠶᠢ ᠲᠡᠩᠴᠡᠭᠦᠷᠢᠲᠡᠢ ᠪᠠᠶᠢᠯᠭᠠᠬᠤ᠂ ᠰᠢᠰᠲ᠋ᠧᠮ ᠲᠠᠢ ᠵᠠᠰᠠᠬᠤ᠂ ᠬᠤᠶᠠᠷ ᠲᠠᠯ᠎ᠠ ᠪᠠᠷ ᠬᠦᠴᠦᠯᠡᠬᠦ︾ ᠤᠰᠤ ᠵᠠᠰᠠᠬᠤ ᠰᠡᠳᠬᠢᠴᠡ ᠶᠢ ᠲᠣᠳᠣᠷᠬᠠᠶᠢᠯᠠᠵᠤ᠂ ᠤᠯᠤᠰ ᠤᠨ ︽ᠭᠤᠣᠯ ᠮᠥᠷᠡᠨ ᠤ ᠪᠠᠶᠢᠯᠳᠤᠬᠤ ᠪᠤᠳᠤᠯᠭ᠎ᠠ︾ ᠶᠢ ᠲᠣᠭᠲᠠᠭᠠᠵᠤ᠂ ᠤᠯᠤᠰ ᠤᠨ ᠤᠰᠤᠨ ᠠᠰᠢᠭᠯᠠᠯᠲᠠ ᠶᠢᠨ ᠲᠣᠣᠷ ᠵᠡᠷᠭᠡ ᠴᠢᠬᠤᠯᠠ ᠶᠡᠭᠡ ᠤᠰᠤᠨ ᠠᠰᠢᠭᠯᠠᠯᠲᠠ ᠶᠢᠨ ᠢᠨᠵᠧᠨᠧᠷᠢᠩ ᠢ ᠲᠥᠯᠥᠪᠵᠢᠭᠦᠯᠵᠦ᠂ ᠠᠯᠢ ᠤᠯᠠᠨ ᠰᠢᠨ᠎ᠡ ᠣᠶᠢᠯᠠᠭᠠᠭᠳᠠᠬᠤᠨ ᠰᠢᠨ᠎ᠡ ᠰᠡᠳᠬᠢᠴᠡ ᠰᠢᠨ᠎ᠡ ᠪᠠᠶᠢᠯᠳᠤᠬᠤ ᠪᠤᠳᠤᠯᠭ᠎ᠠ ᠶᠢ ᠳᠤᠷᠠᠳᠴᠠᠢ᠃ ᠶᠡᠷᠦᠩᠬᠡᠢ ᠱᠦᠵᠢ ᠰᠢ ᠶᠢᠨ ᠫᠢᠩ ᠤᠨ ᠤᠰᠤ ᠶᠢ ᠵᠠᠰᠠᠬᠤ ᠲᠤᠬᠠᠢ ᠴᠢᠬᠤᠯᠠ ᠥᠭᠦᠯᠡᠯᠲᠡ ᠨᠢ ᠰᠢᠨ᠎ᠡ ᠴᠠᠭ ᠦᠶ᠎ᠡ ᠳᠤ ᠶᠠᠭᠤᠨ ᠳᠤ ᠤᠰᠤ ᠶᠢ ᠵᠠᠰᠠᠬᠤ ᠠᠵᠢᠯ ᠢ ᠰᠠᠶᠢᠲᠤᠷ ᠬᠢᠬᠦ᠂ ᠶᠠᠮᠠᠷ ᠶᠠᠩᠵᠤ ᠶᠢᠨ ᠤᠰᠤ ᠶᠢ ᠵᠠᠰᠠᠬᠤ ᠠᠵᠢᠯ ᠢ ᠰᠠᠶᠢᠲᠤᠷ ᠬᠢᠬᠦ᠂ ᠤᠰᠤ ᠶᠢ ᠵᠠᠰᠠᠬᠤ ᠠᠵᠢᠯ ᠢ ᠬᠡᠷᠬᠢᠨ ᠰᠠᠶᠢᠲᠤᠷ ᠬᠢᠬᠦ ᠵᠡᠷᠭᠡ ᠠᠯᠢ ᠤᠯᠠᠨ ᠴᠢᠬᠤᠯᠠ ᠶᠡᠭᠡ ᠤᠨᠤᠯ ᠤᠨ ᠪᠠ ᠦᠢᠯᠡᠳᠦᠯᠭᠡ ᠶᠢᠨ ᠠᠰᠠᠭᠤᠳᠠᠯ ᠳᠤ ᠰᠢᠰᠲ᠋ᠧᠮ ᠲᠠᠢ ᠬᠠᠷᠢᠭᠤᠯᠲᠠ ᠥᠭᠴᠦ᠂ ᠮᠠᠰᠢ ᠴᠢᠩᠭ᠎ᠠ ᠤᠯᠤᠰ ᠲᠦᠷᠦᠴᠢ ᠴᠢᠨᠠᠷ᠂ ᠦᠵᠡᠯ ᠰᠠᠨᠠᠭᠠᠲᠤ ᠴᠢᠨᠠᠷ᠂ ᠤᠨᠤᠯ ᠤᠨ ᠴᠢᠨᠠᠷ ᠲᠠᠢ ᠪᠠᠶᠢᠵᠤ᠂ ᠰᠢᠨ᠎ᠡ ᠴᠠᠭ ᠦᠶ᠎ᠡ ᠶᠢᠨ ᠤᠰᠤ ᠶᠢ ᠵᠠᠰᠠᠬᠤ ᠤᠷᠤᠭᠰᠢᠯᠠᠯᠲᠠ ᠶᠢᠨ ᠴᠢᠭᠯᠡᠯ ᠢ ᠲᠣᠳᠣᠷᠬᠠᠢ ᠵᠢᠭᠠᠵᠤ᠂ ᠦᠨᠳᠦᠰᠦᠨ ᠵᠢᠷᠤᠮᠯᠠᠯ ᠬᠠᠩᠭᠠᠵᠠᠢ᠃ 
 
ᠢᠷᠡᠯᠲᠡ᠄ ᠰᠢᠨᠬᠤᠸᠠ ᠬᠤᠷᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号