ᠰᠢᠨᠬᠤᠸᠠ ᠰᠦᠯᠵᠢᠶ᠎ᠡ᠄ ᠤᠰᠤᠨ ᠠᠰᠢᠭᠯᠠᠯᠲᠠ ᠶᠢᠨ ᠶᠠᠮᠤᠨ ᠲᠠᠶᠢᠹᠧᠩ ᠰᠠᠯᠬᠢ ︽ ᠲᠠᠢ ᠯᠢ︾ ᠠᠴᠠ ᠪᠣᠯᠤᠭᠰᠠᠨ ᠰᠢᠷᠦᠭᠦᠨ ᠪᠣᠷᠣᠭᠠᠨ ᠦᠶᠡᠷ ᠤᠰᠤᠲᠤᠯ ᠢ ᠠᠷᠭᠠᠴᠠᠬᠤ ᠪᠠᠨ ᠴᠢᠩᠭᠠᠳᠬᠠᠵᠤ ᠪᠠᠶᠢᠨ᠎ᠠ
ᠨᠡᠶᠢᠲᠡᠯᠡᠭᠰᠡᠨ ᠴᠠᠭ᠄
2023/7/21
  ᠰᠢᠨᠬᠤᠸᠠ ᠬᠤᠷᠢᠶᠠᠨ ᠤ ᠪᠡᠭᠡᠵᠢᠩ ᠤᠨ 7 ᠳ᠋ᠤᠭᠠᠷ ᠰᠠᠷ᠎ᠠ ᠶᠢᠨ 18 ᠤ ᠡᠳᠦᠷ ᠤᠨ ᠮᠡᠳᠡᠭᠡ ᠤᠰᠤᠨ ᠠᠰᠢᠭᠯᠠᠯᠲᠠ ᠶᠢᠨ ᠶᠠᠮᠤᠨ 18 ᠤ ᠡᠳᠦᠷ ᠦᠶᠡᠷ ᠤᠨ ᠪᠠᠶᠢᠳᠠᠯ ᠤᠨ ᠲᠤᠬᠠᠶ ᠵᠠᠷᠯᠠᠯ ᠨᠡᠶᠢᠲᠡᠯᠡᠵᠦ᠂ ᠡᠨᠡ ᠵᠢᠯ ᠤᠨ 4 ᠳ᠋ᠦ᠋ᠭᠡᠷ ᠨᠣᠮᠧᠷᠲᠤ ᠲᠠᠶᠢᠹᠧᠩ ᠰᠠᠯᠬᠢ ︽ ᠲᠠᠢ ᠯᠢ︾ ᠶᠢᠨ ᠠᠪᠴᠢᠷᠠᠭᠰᠠᠨ ᠪᠣᠷᠣᠭᠠᠨ ᠤ ᠨᠥᠯᠥᠭᠡ ᠪᠠᠷ ᠭᠤᠸᠠᠩᠰᠢ ᠶᠢᠨ ᠪᠠᠷᠠᠭᠤᠨ ᠬᠤᠶᠢᠲᠤ ᠶᠢᠨ ᠤᠷᠤᠰᠬᠠᠯᠲᠤ ᠭᠤᠤᠯ ᠤᠨ ᠳᠡᠭᠡᠳᠦ ᠤᠷᠤᠰᠬᠠᠯ ᠵᠢᠴᠢ ᠰᠠᠯᠪᠤᠷᠢ ᠤᠷᠤᠰᠬᠠᠯ ᠯᠢᠦ ᠮᠠ ᠾᠧ ᠭᠤᠤᠯ ᠳᠤ ᠰᠡᠷᠡᠮᠵᠢ ᠶᠢᠨ ᠱᠤᠭᠤᠮ ᠠᠴᠠ ᠳᠠᠪᠠᠭᠰᠠᠨ ᠦᠶᠡᠷ ᠭᠠᠷᠪᠠ᠃ ᠬᠤᠶᠢᠰᠢᠳᠠ ᠶᠢᠨ ᠬᠤᠶᠠᠷ ᠡᠳᠦᠷ ᠤᠨ ᠪᠣᠷᠣᠭᠠᠨ ᠤ ᠨᠥᠯᠥᠭᠡ ᠪᠠᠷ᠂ ᠭᠤᠸᠠᠩᠰᠢ ᠶᠢᠨ ᠮᠢᠩ ᠵᠢᠶᠠᠩ ᠭᠤᠣᠯ᠂ ᠪᠧᠶ ᠯᠦᠨ ᠾᠧ ᠭᠤᠣᠯ᠂ ᠹᠠᠩ ᠴᠧᠩ ᠾᠧ ᠭᠤᠣᠯ ᠵᠡᠷᠭᠡ ᠳᠤᠮᠳᠠ ᠪᠠᠭ᠎ᠠ ᠭᠤᠤᠯ ᠳᠤ ᠰᠡᠷᠡᠮᠵᠢ ᠶᠢᠨ ᠱᠤᠭᠤᠮ ᠠᠴᠠ ᠳᠠᠪᠠᠭᠰᠠᠨ ᠦᠶᠡᠷ ᠭᠠᠷᠴᠤ ᠮᠡᠳᠡᠨ᠎ᠡ᠃ ᠤᠰᠤᠨ ᠠᠰᠢᠭᠯᠠᠯᠲᠠ ᠶᠢᠨ ᠶᠠᠮᠤᠨ ᠰᠢᠷᠦᠭᠦᠨ ᠪᠣᠷᠣᠭᠠᠨ ᠦᠶᠡᠷ ᠤᠨ ᠤᠰᠤ ᠶᠢ ᠰᠡᠷᠭᠡᠶᠢᠯᠡᠬᠦ ᠠᠵᠢᠯ ᠢ ᠤᠯᠠᠮ ᠰᠠᠶᠢᠲᠤᠷ ᠬᠢᠨ᠎ᠡ᠃  ᠦᠶᠡᠷ ᠤᠨ ᠪᠠᠶᠢᠳᠠᠯ ᠢ ᠮᠡᠳᠡᠭᠡᠯᠡᠬᠦ ᠳᠡᠭᠡᠨ᠂ ᠵᠢᠱᠢᠯᠲᠡ ᠪᠠᠷ 18 ᠤ ᠡᠳᠦᠷ ᠤᠨ 20 ᠴᠠᠭ ᠠᠴᠠ 19 ᠤ ᠡᠳᠦᠷ ᠤᠨ 20 ᠴᠠᠭ ᠪᠣᠯᠲᠠᠯ᠎ᠠ᠂ ᠭᠤᠸᠠᠩᠰᠢ ᠶᠢᠨ ᠪᠠᠷᠠᠭᠤᠨ ᠬᠡᠰᠡᠭ᠂ ᠭᠤᠸᠠᠩᠳᠦ᠋ᠩ ᠤᠨ ᠵᠡᠭᠦᠨ ᠬᠡᠰᠡᠭ ᠤᠨ ᠳᠤᠮᠳᠠ ᠬᠡᠰᠡᠭ ᠤᠨ ᠲᠡᠯᠡᠶ ᠳᠠᠭᠠᠤ᠂ ᠶᠦᠨᠨᠠᠨ ᠤ ᠵᠡᠭᠦᠨ ᠬᠡᠰᠡᠭ᠂ ᠭᠦᠢᠵᠸᠤ ᠶᠢᠨ ᠳᠤᠮᠳᠠ ᠬᠡᠰᠡᠭ ᠤᠨ ᠡᠮᠦᠨᠡᠲᠦ ᠬᠡᠰᠡᠭ᠂ ᠬᠤᠨᠠᠨ ᠤ ᠪᠠᠷᠠᠭᠤᠨ ᠬᠤᠶᠢᠲᠤ ᠬᠡᠰᠡᠭ᠂ ᠬᠤᠪᠧᠶ ᠶᠢᠨ ᠳᠤᠮᠳᠠ ᠡᠮᠦᠨᠡᠲᠦ ᠬᠡᠰᠡᠭ᠂ ᠠᠨᠾᠦ᠋ᠢ ᠶᠢᠨ ᠳᠤᠮᠳᠠ ᠬᠤᠶᠢᠲᠤ ᠬᠡᠰᠡᠭ ᠵᠡᠷᠭᠡ ᠭᠠᠵᠠᠷ ᠲᠤ ᠶᠡᠭᠡ ᠪᠣᠷᠣᠭᠠᠨ ᠣᠷᠣᠵᠤ᠂ ᠡᠭᠦᠨ ᠳᠤ ᠭᠤᠸᠠᠩᠰᠢ ᠶᠢᠨ ᠪᠠᠷᠠᠭᠤᠨ ᠡᠮᠦᠨᠡᠲᠦ ᠬᠡᠰᠡᠭ᠂ ᠶᠦᠨᠨᠠᠨ ᠤ ᠵᠡᠭᠦᠨ ᠡᠮᠦᠨᠡᠲᠦ ᠬᠡᠰᠡᠭ ᠵᠡᠷᠭᠡ ᠭᠠᠵᠠᠷ ᠲᠤ ᠶᠡᠭᠡ ᠪᠣᠷᠣᠭᠠᠨ ᠣᠷᠣᠨ᠎ᠠ︔19 ᠤ ᠡᠳᠦᠷ ᠤᠨ 20 ᠴᠠᠭ ᠠᠴᠠ 20 ᠤ ᠡᠳᠦᠷ ᠤᠨ 20 ᠴᠠᠭ ᠪᠣᠯᠲᠠᠯ᠎ᠠ ᠵᠢᠶᠠᠩ ᠬᠤᠸᠠᠢ᠂ ᠬᠠᠲᠤᠨ ᠭᠤᠣᠯ ᠬᠤᠸᠠᠶᠢᠾᠧ ᠭᠤᠣᠯ ᠤᠨ ᠡᠮᠦᠨᠡᠲᠦ ᠬᠡᠰᠡᠭ᠂ ᠵᠢᠶᠠᠩᠨᠠᠨ ᠤ ᠵᠡᠭᠦᠨ ᠬᠤᠶᠢᠲᠤ ᠬᠡᠰᠡᠭ ᠵᠢᠴᠢ ᠭᠤᠸᠠᠩᠰᠢ ᠶᠢᠨ ᠳᠤᠮᠳᠠ ᠪᠠᠷᠠᠭᠤᠨ ᠬᠡᠰᠡᠭ᠂ ᠶᠦᠨᠨᠠᠨ ᠤ ᠡᠮᠦᠨᠡᠲᠦ ᠬᠡᠰᠡᠭ᠂ ᠴᠦᠩᠴᠢᠩ ᠤᠨ ᠪᠠᠷᠠᠭᠤᠨ ᠬᠤᠶᠢᠲᠤ ᠬᠡᠰᠡᠭ᠂ ᠬᠤᠪᠸᠢ ᠶᠢᠨ ᠵᠡᠭᠦᠨ ᠬᠡᠰᠡᠭ ᠲᠤ ᠳᠤᠮᠳᠠ ᠠᠴᠠ ᠶᠡᠭᠡ ᠪᠣᠷᠣᠭᠠᠨ ᠣᠷᠣᠨ᠎ᠠ᠂ ᠡᠭᠦᠨ ᠤ ᠳᠣᠲᠣᠷ᠎ᠠ ᠵᠢᠶᠠᠩᠰᠦ ᠶᠢᠨ ᠳᠤᠮᠳᠠ ᠡᠮᠦᠨᠡᠲᠦ ᠬᠡᠰᠡᠭ ᠲᠤ ᠠᠭᠠᠳᠠᠷ ᠪᠣᠷᠣᠭᠠᠨ ᠣᠷᠣᠨ᠎ᠠ᠃  ᠪᠣᠷᠣᠭᠠᠨ ᠤ ᠨᠥᠯᠥᠭᠡ ᠪᠠᠷ ᠭᠤᠸᠠᠩᠰᠢ ᠶᠢᠨ ᠢᠦᠶ ᠵᠢᠶᠠᠩ ᠮᠥᠷᠡᠨ ᠵᠢᠴᠢ ᠰᠠᠯᠪᠤᠷᠢ ᠤᠷᠤᠰᠬᠠᠯ ᠽᠦᠸᠧ ᠵᠢᠶᠠᠩ ᠮᠥᠷᠡᠨ᠂ ᠶᠦᠨᠨᠠᠨ ᠤ ᠨᠠᠨ ᠫᠠᠨ ᠵᠢᠶᠠᠩ ᠮᠥᠷᠡᠨ ᠵᠡᠷᠭᠡ ᠭᠤᠤᠯ ᠮᠥᠷᠡᠨ ᠳᠤ ᠤᠰᠤ ᠥᠰᠬᠦ ᠪᠠᠶᠢᠳᠠᠯ ᠭᠠᠷᠴᠤ᠂ ᠭᠤᠸᠠᠩᠰᠢ ᠶᠢᠨ ᠮᠢᠩ ᠵᠢᠶᠠᠩ ᠮᠥᠷᠡᠨ᠂ ᠪᠧᠶ ᠯᠦᠨ ᠾᠧ ᠭᠤᠤᠯ᠂ ᠹᠠᠩ ᠴᠧᠩ ᠾᠧ ᠭᠤᠤᠯ ᠵᠡᠷᠭᠡ ᠰᠢᠷᠦᠭᠦᠨ ᠪᠣᠷᠣᠭᠠᠨ ᠤ ᠣᠷᠣᠨ ᠤ ᠳᠣᠲᠣᠷᠠᠬᠢ ᠳᠤᠮᠳᠠ ᠪᠠᠭ᠎ᠠ ᠭᠤᠤᠯ ᠮᠥᠷᠡᠨ ᠳᠤ ᠰᠡᠷᠡᠮᠵᠢ ᠶᠢᠨ ᠱᠤᠭᠤᠮ ᠠᠴᠠ ᠳᠠᠪᠠᠭᠰᠠᠨ ᠦᠶᠡᠷ ᠭᠠᠷᠴᠤ ᠮᠡᠳᠡᠨ᠎ᠡ᠃  ᠤᠰᠤᠨ ᠠᠰᠢᠭᠯᠠᠯᠲᠠ ᠶᠢᠨ ᠶᠠᠮᠤᠨ ᠤ ᠦᠶᠡᠷ ᠭᠠᠩ ᠤᠨ ᠭᠠᠮᠰᠢᠭ ᠢ ᠰᠡᠷᠭᠡᠶᠢᠯᠡᠬᠦ ᠵᠤᠷᠭᠠᠨ ᠤ ᠬᠠᠮᠢᠶ᠎ᠠ ᠪᠥᠬᠦᠶ ᠬᠠᠷᠢᠭᠤᠴᠠᠯᠭᠠᠲᠠᠨ ᠢᠯᠡᠷᠬᠡᠶᠢᠯᠡᠬᠦ ᠳᠡᠭᠡᠨ᠂ ᠤᠰᠤᠨ ᠠᠰᠢᠭᠯᠠᠯᠲᠠ ᠶᠢᠨ ᠶᠠᠮᠤᠨ ᠲᠠᠶᠢᠹᠧᠩ ᠰᠠᠯᠬᠢ ︽ ᠲᠠᠢ ᠯᠢ︾ ᠶᠢᠨ ᠬᠤᠪᠢᠷᠠᠯᠲᠠ ᠶᠢᠨ ᠶᠠᠪᠤᠴᠠ ᠪᠠ ᠪᠣᠷᠣᠭᠠᠨ ᠤ ᠪᠠᠶᠢᠳᠠᠯ ᠤᠰᠤᠨ ᠤ ᠪᠠᠶᠢᠳᠠᠯ ᠤᠨ ᠬᠤᠪᠢᠷᠠᠯᠲᠠ ᠶᠢ ᠨᠢᠭᠲᠠ ᠠᠩᠬᠠᠷᠴᠤ᠂ ᠰᠢᠷᠦᠭᠦᠨ ᠪᠣᠷᠣᠭᠠᠨ ᠦᠶᠡᠷ ᠤᠰᠤᠲᠤᠯ ᠢ ᠰᠡᠷᠭᠡᠶᠢᠯᠡᠬᠦ ᠠᠵᠢᠯ ᠢ ᠪᠠᠶᠢᠷᠢᠯᠠᠭᠤᠯᠪᠠ︔ ᠵᠢᠵᠢᠭᠦᠷᠯᠡᠨ ᠰᠠᠬᠢᠬᠤ ᠶᠢ ᠴᠢᠩᠭᠠᠳᠬᠠᠵᠤ᠂ ᠣᠷᠣᠨ ᠨᠤᠲᠤᠭ ᠢ ᠵᠢᠭᠠᠨ ᠵᠢᠯᠣᠭᠤᠳᠴᠤ ᠪᠠᠶᠢᠭᠠᠳ ᠬᠢᠨᠠᠨ ᠬᠡᠮᠵᠢᠵᠦ ᠤᠷᠢᠳᠴᠢᠯᠠᠨ ᠮᠡᠳᠡᠭᠡᠯᠡᠵᠦ ᠤᠷᠢᠳᠴᠢᠯᠠᠨ ᠰᠡᠷᠡᠮᠵᠢᠯᠡᠭᠦᠯᠬᠦ᠂ ᠤᠰᠤᠨ ᠠᠰᠢᠭᠯᠠᠯᠲᠠ ᠶᠢᠨ ᠪᠠᠷᠢᠯᠭ᠎ᠠ ᠶᠢ ᠲᠣᠬᠢᠷᠠᠭᠤᠯᠬᠤ᠂ ᠤᠰᠤᠨ ᠴᠥᠭᠦᠷᠥᠮ ᠤᠨ ᠦᠶᠡᠷ ᠤᠨ ᠬᠤᠭᠤᠴᠠᠭ᠎ᠠ ᠶᠢ ᠠᠮᠤᠷ ᠲᠦᠪᠰᠢᠨ ᠢᠶᠠᠷ ᠥᠩᠭᠡᠷᠡᠭᠦᠯᠬᠦ᠂ ᠠᠭᠤᠯᠠᠨ ᠦᠶᠡᠷ ᠤᠨ ᠭᠠᠮᠰᠢᠭ ᠢ ᠰᠡᠷᠭᠡᠶᠢᠯᠡᠬᠦ ᠵᠡᠷᠭᠡ ᠠᠵᠢᠯ ᠢ ᠦᠷᠭᠦᠯᠵᠢᠯᠡᠨ ᠰᠠᠶᠢᠲᠤᠷ ᠬᠢᠯᠭᠡᠨ᠎ᠡ᠃  ᠣᠳᠣᠬᠠᠨ ᠳᠤ᠂ ᠤᠰᠤᠨ ᠠᠰᠢᠭᠯᠠᠯᠲᠠ ᠶᠢᠨ ᠶᠠᠮᠤᠨ ᠦᠶᠡᠷ ᠤᠨ ᠰᠡᠷᠭᠡᠶᠢᠯᠡᠯᠲᠡ ᠶᠢ ᠪᠠᠲᠤᠯᠠᠵᠤ᠂ 4 ᠠᠵᠢᠯᠯᠠᠬᠤ ᠳᠤᠭᠤᠶᠢᠯᠠᠩ ᠨᠢᠭᠡᠳᠦᠭᠡᠷ ᠹᠷᠣᠨᠲ ᠲᠤ ᠦᠶᠡᠷ ᠢ ᠰᠡᠷᠭᠡᠶᠢᠯᠡᠬᠦ ᠠᠵᠢᠯ ᠢ ᠵᠢᠯᠣᠭᠤᠳᠴᠤ ᠪᠠᠶᠢᠨ᠎ᠠ᠃ 
 
ᠢᠷᠡᠯᠲᠡ᠄ ᠰᠢᠨᠬᠤᠸᠠ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号