ᠬᠠᠳᠤᠨ ᠭᠤᠣᠯ ᠤᠨ ᠰᠠᠨ ᠱᠧᠩ ᠬᠦᠩ ᠤᠰᠤᠨ ᠠᠰᠢᠭᠯᠠᠯᠲᠠ ᠶᠢᠨ ᠬᠦᠢᠰᠦ ᠬᠠᠮᠢᠶᠠᠷᠤᠯᠲᠠ ᠶᠢᠨ ᠲᠥᠪ ᠪᠣᠷᠣᠲᠣᠬᠤᠢ ᠶᠢᠨ ᠤᠰᠤᠯᠠᠯᠲᠠ ᠶᠢᠨ ᠣᠷᠣᠨ ᠤ ᠤᠰᠤ ᠠᠷᠪᠢᠯᠠᠬᠤ ᠲᠥᠯᠥᠪᠯᠡᠭᠡ ᠶᠢᠨ ᠤᠷᠤᠭᠰᠢᠲᠠᠢ ᠬᠡᠷᠡᠭᠵᠢᠭᠦᠯᠦᠭᠳᠡᠬᠦ ᠶᠢ ᠪᠦᠬᠦ ᠬᠦᠴᠦᠨ ᠢᠶᠠᠷ ᠢᠶᠠᠨ ᠪᠠᠲᠤᠯᠠᠪᠠ
ᠨᠡᠶᠢᠲᠡᠯᠡᠭᠰᠡᠨ ᠴᠠᠭ᠄
2023/7/23
  ᠣᠶᠢᠷ᠎ᠠ ᠳᠤ᠂ ᠪᠠᠶᠠᠨᠨᠠᠭᠤᠷ ᠬᠤᠲᠠ ᠳᠤ ᠶᠡᠭᠡ ᠬᠡᠪᠴᠢᠶ᠎ᠡ ᠪᠠᠷ ᠪᠣᠷᠣᠭᠠᠨ ᠣᠷᠣᠵᠤ᠂ ᠪᠣᠷᠣᠲᠣᠬᠤᠶ ᠶᠢᠨ ᠤᠰᠤᠯᠠᠯᠲᠠ ᠶᠢᠨ ᠣᠷᠣᠨ ᠤ ᠭᠠᠩ ᠬᠠᠭᠰᠠᠷᠠᠭᠠᠨ ᠨᠠᠮᠳᠠᠪᠠ᠃ 7 ᠳ᠋ᠤᠭᠠᠷ ᠰᠠᠷ᠎ᠠ ᠶᠢᠨ 21 ᠤ ᠡᠳᠦᠷ᠂ ᠬᠠᠲᠤᠨ ᠭᠤᠤᠯ ᠤᠨ ᠰᠠᠨ ᠱᠧᠩ ᠬᠥᠩ ᠤᠰᠤᠨ ᠠᠰᠢᠭᠯᠠᠯᠲᠠ ᠶᠢᠨ ᠬᠦᠢᠰᠦ ᠶᠢᠨ ᠬᠠᠮᠢᠶᠠᠷᠤᠯᠲᠠ ᠶᠢᠨ ᠲᠥᠪ ᠪᠣᠷᠣᠲᠣᠬᠤᠶ ᠶᠢᠨ ᠤᠰᠤᠯᠠᠯᠲᠠ ᠶᠢᠨ ᠣᠷᠣᠨ ᠤ ᠤᠰᠤ ᠬᠡᠷᠡᠭᠯᠡᠬᠦ ᠲᠥᠯᠥᠪᠯᠡᠭᠡ᠂ ᠤᠰᠤᠯᠠᠯᠲᠠ ᠶᠢᠨ ᠣᠷᠣᠨ ᠤ ᠲᠠᠷᠢᠮᠠᠯ ᠤᠨ ᠤᠷᠭᠤᠯᠲᠠ ᠶᠢᠨ ᠪᠠᠶᠢᠳᠠᠯ ᠢ ᠦᠨᠳᠦᠰᠦᠯᠡᠨ᠂ ᠥᠪᠥᠷ ᠮᠣᠩᠭᠤᠯ ᠤᠨ ᠪᠣᠷᠣᠲᠣᠬᠤᠶ ᠶᠢᠨ ᠤᠰᠤᠯᠠᠯᠲᠠ ᠶᠢᠨ ᠣᠷᠣᠨ ᠤ ᠤᠰᠤᠨ ᠠᠰᠢᠭᠯᠠᠯᠲᠠ ᠶᠢᠨ ᠬᠥᠭᠵᠢᠯᠲᠡ ᠶᠢᠨ ᠲᠥᠪ᠂ ᠪᠠᠶᠠᠨᠨᠠᠭᠤᠷ ᠬᠤᠲᠠ ᠶᠢᠨ ᠤᠰᠤᠨ ᠠᠰᠢᠭᠯᠠᠯᠲᠠ ᠶᠢᠨ ᠲᠣᠪᠴᠢᠶ᠎ᠠ ᠶᠢᠨ ᠨᠢᠭᠲᠠ ᠬᠠᠮᠵᠢᠯᠴᠠᠭ᠎ᠠ ᠳᠤᠤᠷ᠎ᠠ᠂ ᠤᠮᠠᠷᠠᠲᠤ ᠶᠢᠨ ᠶᠡᠷᠦᠩᠬᠡᠶ ᠭᠤᠤᠯ ᠰᠤᠪᠠᠭ ᠤᠨ ᠤᠰᠤ ᠲᠠᠲᠠᠬᠤ ᠤᠷᠤᠰᠬᠠᠯ ᠤᠨ ᠬᠡᠮᠵᠢᠶ᠎ᠡ ᠶᠢ 220 m 3/s ᠪᠠᠶᠢᠭᠰᠠᠨ ᠠᠴᠠ ᠨᠢ 80 m 3/s ᠪᠣᠯᠭᠠᠨ ᠪᠠᠭᠠᠰᠬᠠᠪᠠ᠃  ᠬᠠᠲᠤᠨ ᠭᠤᠤᠯ ᠤᠨ ᠰᠠᠨ ᠱᠧᠩ ᠬᠥᠩ ᠤᠨ ᠤᠰᠤᠨ ᠠᠰᠢᠭᠯᠠᠯᠲᠠ ᠶᠢᠨ  ᠬᠦᠢᠰᠦ ᠶᠢᠨ ᠬᠠᠮᠢᠶᠠᠷᠤᠯᠲᠠ ᠶᠢᠨ ᠲᠥᠪ ᠨᠢ ︽ᠰᠠᠨ ᠱᠧᠩ ᠬᠥᠩ ᠤᠨ ᠤᠰᠤᠨ ᠠᠰᠢᠭᠯᠠᠯᠲᠠ ᠶᠢᠨ ᠬᠦᠢᠰᠦ ᠶᠢ ᠡᠵᠡᠮᠳᠡᠨ ᠬᠡᠷᠡᠭᠯᠡᠬᠦ ᠲᠥᠯᠥᠪᠯᠡᠭᠡ︾ ᠶᠣᠰᠣᠭᠠᠷ᠂ ᠤᠮᠠᠷᠠᠲᠤ ᠶᠡᠷᠦᠩᠬᠡᠶ ᠭᠤᠤᠯ ᠰᠤᠪᠠᠭ ᠤᠨ ᠤᠰᠤ ᠣᠷᠣᠭᠤᠯᠬᠤ ᠬᠠᠭᠠᠯᠲᠠ ᠶᠢ ᠨᠠᠷᠢᠯᠢᠭᠵᠢᠭᠤᠯᠤᠨ ᠲᠣᠬᠢᠷᠠᠭᠤᠯᠪᠠ ︵ᠤᠮᠠᠷᠠᠲᠤ ᠶᠡᠷᠦᠩᠬᠡᠶ ᠭᠤᠤᠯ ᠰᠤᠪᠠᠭ ᠤᠨ ᠤᠳᠠᠭ᠎ᠠ ᠪᠦᠷᠢ ᠶᠢᠨ ᠤᠷᠤᠰᠬᠠᠯ ᠤᠨ ᠬᠡᠮᠵᠢᠶ᠎ᠡ ᠶᠢ 50 m 3 / s ᠠᠴᠠ ᠬᠡᠲᠦᠷᠡᠭᠦᠯᠵᠦ ᠪᠣᠯᠬᠤ ᠥᠬᠡᠶ︶᠃ ᠣᠳᠣᠬᠠᠨ ᠳᠤ ᠤᠰᠤ ᠬᠡᠷᠡᠭᠯᠡᠬᠦ ᠲᠥᠯᠥᠪᠯᠡᠭᠡ ᠶᠢ ᠨᠢᠭᠡᠨᠲᠡ ᠭᠤᠷᠪᠠ ᠤᠳᠠᠭ᠎ᠠ ᠬᠤᠪᠢᠶᠠᠨ ᠪᠣᠳᠠᠲᠠᠶ ᠬᠡᠷᠡᠭᠵᠢᠭᠦᠯᠵᠦ ᠪᠠᠶᠢᠨ᠎ᠠ᠃  ᠲᠣᠰ ᠤᠳᠠᠭᠠᠨ ᠤ ᠪᠣᠷᠣᠲᠣᠬᠤᠶ ᠶᠢᠨ ᠤᠰᠤᠯᠠᠯᠲᠠ ᠶᠢᠨ ᠣᠷᠣᠨ ᠤ ᠤᠰᠤ ᠬᠡᠷᠡᠭᠯᠡᠬᠦ ᠲᠥᠯᠥᠪᠯᠡᠭᠡ ᠨᠢ 78 ᠡᠳᠦᠷ ᠦᠷᠭᠦᠯᠵᠢᠯᠡᠵᠦ᠂ ᠣᠳᠣᠬᠠᠨ ᠤ ᠤᠰᠤ ᠲᠠᠲᠠᠬᠤ ᠤᠷᠤᠰᠬᠠᠯ ᠤᠨ ᠬᠡᠮᠵᠢᠶ᠎ᠡ ᠪᠠᠷ ᠪᠠᠷᠤᠭᠴᠠᠭᠠᠯᠠᠪᠠᠯ᠂ 7 ᠰᠠᠷ᠎ᠠ ᠶᠢᠨ ᠰᠡᠭᠦᠯᠴᠢ ᠪᠠᠷ ᠤᠮᠠᠷᠠᠲᠤ ᠶᠢᠨ ᠶᠡᠷᠦᠩᠬᠡᠶ ᠭᠤᠤᠯ ᠰᠤᠪᠠᠭ ᠤᠨ ᠤᠰᠤ ᠲᠠᠲᠠᠬᠤ ᠬᠡᠮᠵᠢᠶ᠎ᠡ ᠨᠢ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ ᠪᠠᠷᠤᠭ 0.63 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠪᠠᠭᠠᠰᠬᠤ ᠪᠣᠯᠤᠨ᠎ᠠ᠃       ︵ᠡᠬᠡ ᠪᠢᠴᠢᠭ ᠢ ᠬᠠᠲᠤᠨ ᠭᠤᠤᠯ ᠤᠨ ᠰᠠᠨ ᠱᠧᠩ ᠬᠥᠩ ᠤᠰᠤᠨ ᠠᠰᠢᠭᠯᠠᠯᠲᠠ ᠶᠢᠨ ᠬᠦᠢᠰᠦ ᠶᠢᠨ ᠬᠠᠮᠢᠶᠠᠷᠤᠯᠲᠠ ᠶᠢᠨ ᠲᠥᠪ ᠠᠴᠠ ᠬᠠᠩᠭᠠᠪᠠ︶ 
 
ᠢᠷᠡᠯᠲᠡ᠄ ᠬᠠᠲᠤᠨ ᠭᠤᠤᠯ ᠤᠨ ᠰᠠᠨ ᠱᠧᠩ ᠬᠥᠩ ᠤᠰᠤᠨ ᠠᠰᠢᠭᠯᠠᠯᠲᠠ ᠶᠢᠨ ᠬᠦᠢᠰᠦ ᠬᠠᠮᠢᠶᠠᠷᠤᠯᠲᠠ ᠶᠢᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号