ᠡᠯ᠎ᠡ ᠠᠶᠢᠮᠠᠭ ᠬᠤᠲᠠ ᠶᠢᠨ ᠤᠰᠤᠨ ᠠᠰᠢᠭᠯᠠᠯᠲᠠ ︵ᠤᠰᠤᠨ ᠤ ᠶᠠᠪᠤᠳᠠᠯ︶ ᠶᠢᠨ ᠲᠣᠪᠴᠢᠶ᠎ᠠ᠂ ᠲᠢᠩᠬᠢᠮ ᠤᠨ | ᠪᠠᠶᠢᠭᠤᠯᠭ᠎ᠠ ᠶᠢᠨ ᠡᠯ᠎ᠡ ᠭᠠᠵᠠᠷ ᠠᠯᠪᠠᠨ ᠭᠡᠷ᠂ ᠲᠢᠩᠬᠢᠮ ᠳᠤ ᠬᠠᠷᠢᠶᠠᠯᠠᠭᠳᠠᠬᠤ ᠡᠯ᠎ᠡ ᠨᠢᠭᠡᠴᠢ᠂ ᠡᠯ᠎ᠡ ᠬᠠᠮᠢᠶ᠎ᠠ ᠪᠦᠬᠦᠢ | ᠨᠢᠭᠡᠴᠢ ᠳᠤ᠄ | ᠪᠦᠬᠦ ᠣᠷᠣᠨ ᠤ ᠤᠰᠤᠨ ᠠᠰᠢᠭᠯᠠᠯᠲᠠ ᠶᠢᠨ ᠠᠵᠢᠯ ᠲᠥᠷᠥᠯ ᠤᠨ ᠠᠶᠤᠯᠭᠦᠢ ᠦᠢᠯᠡᠳᠪᠦᠷᠢᠯᠡᠯ ᠳᠤ ᠬᠢᠨᠠᠯᠲᠠ | ᠲᠠᠯᠪᠢᠵᠤ ᠬᠠᠮᠢᠶᠠᠷᠬᠤ ᠬᠢᠷᠢ ᠬᠡᠮᠵᠢᠶ᠎ᠡ ᠶᠢ ᠴᠢᠩᠭᠠᠳᠬᠠᠨ᠂ ᠤᠰᠤᠨ ᠠᠰᠢᠭᠯᠠᠯᠲᠠ ᠶᠢᠨ ᠦᠢᠯᠡᠳᠪᠦᠷᠢᠯᠡᠯ ᠤᠨ | ᠠᠶᠤᠯᠭᠦᠢ ᠶᠢᠨ ᠠᠳᠡᠯ ᠢ ᠰᠡᠷᠭᠡᠶᠢᠯᠡᠬᠦ ᠪᠠ ᠬᠤᠷᠢᠭᠯᠠᠬᠤ ᠶᠢᠨ ᠲᠤᠰᠠᠳᠠ᠂ ᠮᠠᠨ ᠤ ᠲᠢᠩᠬᠢᠮ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠠᠶᠤᠯᠭᠦᠢ ᠦᠢᠯᠡᠳᠪᠦᠷᠢᠯᠡᠯ ᠳᠤ ᠬᠢᠨᠠᠯᠲᠠ ᠲᠠᠯᠪᠢᠵᠤ | ᠬᠠᠮᠢᠶᠠᠷᠬᠤ ᠠᠷᠭ᠎ᠠ ︵ᠲᠤᠷᠰᠢᠨ ᠬᠡᠷᠡᠭᠵᠢᠭᠦᠯᠬᠦ︶︾ ᠶᠢ ᠵᠣᠬᠢᠶᠠᠨ ᠪᠠᠶᠢᠭᠤᠯᠤᠨ ᠲᠣᠭᠲᠠᠭᠠᠵᠤ᠂ ᠣᠳᠣᠬᠠᠨ ᠳᠤ | ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠢᠶᠠᠷ ᠬᠢᠨᠠᠨ ᠵᠥᠪᠯᠡᠵᠦ ᠪᠠᠲᠤᠯᠠᠭᠠᠳ᠂ ᠡᠳᠦᠭᠡ | ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠬᠢᠨᠠᠮᠠᠭᠠᠶ ᠵᠢᠷᠤᠮᠯᠠᠨ ᠬᠡᠷᠡᠭᠵᠢᠭᠦᠯᠲᠦᠭᠡᠶ᠃ | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ | 2023 ᠣᠨ ᠤ 7 ᠳ᠋ᠤᠭᠠᠷ ᠰᠠᠷ᠎ᠠ ᠶᠢᠨ 21 ᠤ ᠡᠳᠦᠷ | | | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠠᠶᠤᠯᠭᠦᠢ ᠦᠢᠯᠡᠳᠪᠦᠷᠢᠯᠡᠯ ᠳᠤ | ᠬᠢᠨᠠᠯᠲᠠ ᠲᠠᠯᠪᠢᠵᠤ ᠬᠠᠮᠢᠶᠠᠷᠬᠤ ᠠᠷᠭ᠎ᠠ | ︵ᠲᠤᠷᠰᠢᠨ ᠬᠡᠷᠡᠭᠵᠢᠭᠦᠯᠬᠦ︶ | ᠨᠢᠭᠡᠳᠦᠭᠡᠷ ᠪᠦᠯᠦᠭ ᠶᠡᠷᠦᠩᠬᠡᠶ ᠳᠦᠷᠢᠮ | ᠨᠢᠭᠡᠳᠦᠭᠡᠷ ᠵᠤᠷᠪᠤᠰ ᠪᠦᠬᠦ ᠣᠷᠣᠨ ᠤ ᠤᠰᠤᠨ ᠠᠰᠢᠭᠯᠠᠯᠲᠠ ᠶᠢᠨ ᠠᠵᠢᠯ ᠲᠥᠷᠥᠯ ᠤᠨ ᠠᠶᠤᠯᠭᠦᠢ | ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠤᠰᠤᠨ ᠠᠰᠢᠭᠯᠠᠯᠲᠠ ᠶᠢᠨ ᠦᠢᠯᠡᠳᠪᠦᠷᠢᠯᠡᠯ ᠤᠨ | ᠠᠶᠤᠯᠭᠦᠢ ᠶᠢᠨ ᠠᠳᠡᠯ ᠢ ᠰᠡᠷᠭᠡᠶᠢᠯᠡᠬᠦ ᠪᠠ ᠬᠤᠷᠢᠭᠯᠠᠬᠤ ᠶᠢᠨ ᠲᠤᠰᠠᠳᠠ᠂ ︽ᠠᠶᠤᠯᠭᠦᠢ ᠦᠢᠯᠡᠳᠪᠦᠷᠢᠯᠡᠯ ᠤᠨ | ᠬᠦᠷᠢᠶᠡᠨ ᠤ ᠥᠭᠡᠷᠡᠴᠢᠯᠡᠯᠲᠡ ᠬᠥᠭᠵᠢᠯᠲᠡ ᠶᠢ ᠲᠦᠯᠬᠢᠨ ᠠᠬᠢᠭᠤᠯᠬᠤ ᠲᠤᠬᠠᠶ ᠳᠤᠮᠳᠠᠳᠤ ᠤᠯᠤᠰ ᠤᠨ ᠡᠪ ᠬᠠᠮᠲᠤ | ᠨᠠᠮ ᠤᠨ ᠲᠥᠪ ᠬᠤᠷᠢᠶ᠎ᠠ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ︾ ᠤᠨ ᠬᠤᠯᠪᠣᠭᠳᠠᠯ ᠪᠦᠬᠦᠢ ᠲᠣᠭᠲᠠᠭᠠᠯ | ᠪᠣᠯᠤᠨ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠶᠤᠯᠭᠦᠢ ᠦᠢᠯᠡᠳᠪᠦᠷᠢᠯᠡᠯ ᠤᠨ ᠬᠠᠤᠯᠢ︾᠂ ︽ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠶᠤᠯᠭᠦᠢ ᠦᠢᠯᠡᠳᠪᠦᠷᠢᠯᠡᠯ ᠤᠨ ᠳᠦᠷᠢᠮ︾᠂ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠵᠠᠰᠠᠭ ᠤᠨ ᠤᠳᠤᠷᠢᠳᠬᠤ ᠺᠠᠳ᠋ᠷ ᠤᠨ ᠠᠶᠤᠯᠭᠦᠢ | ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠦᠷᠢᠮ ᠢ ᠬᠡᠷᠡᠭᠵᠢᠭᠦᠯᠬᠦ ᠨᠠᠷᠢᠨ ᠳᠦᠷᠢᠮ︾ ᠵᠡᠷᠭᠡ ᠬᠤᠯᠪᠣᠭᠳᠠᠯ | ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠦᠰᠦᠯᠡᠨ᠂ ᠲᠤᠰ ᠠᠷᠭ᠎ᠠ ᠶᠢ ᠲᠣᠭᠲᠠᠭᠠᠪᠠ᠃ | ᠬᠤᠶᠠᠳᠤᠭᠠᠷ ᠵᠤᠷᠪᠤᠰ ᠲᠣᠰ ᠠᠷᠭ᠎ᠠ ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ | ᠵᠠᠬᠢᠷᠭᠠᠨ ᠤ ᠣᠷᠣᠨ ᠤ ᠳᠣᠲᠣᠷ᠎ᠠ ᠤᠰᠤᠨ ᠠᠰᠢᠭᠯᠠᠯᠲᠠ ᠶᠢᠨ ᠦᠢᠯᠡᠳᠪᠦᠷᠢᠯᠡᠯ ᠡᠵᠡᠩᠨᠡᠯᠲᠡ ᠶᠢᠨ ᠠᠵᠢᠯᠯᠠᠭ᠎ᠠ | ᠡᠷᠭᠢᠯᠡᠵᠦ ᠪᠠᠶᠢᠭ᠎ᠠ ᠨᠢᠭᠡᠴᠢ ︵ᠳᠣᠷᠣᠭᠰᠢ ᠤᠰᠤᠨ ᠠᠰᠢᠭᠯᠠᠯᠲᠠ ᠶᠢᠨ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ | ᠭᠡᠵᠦ ᠨᠢᠭᠡᠳᠦᠯᠲᠡᠶ ᠨᠡᠷᠡᠶᠢᠳᠦᠨ᠎ᠡ︶ ᠶᠢᠨ ᠠᠶᠤᠯᠭᠦᠢ ᠦᠢᠯᠡᠳᠪᠦᠷᠢᠯᠡᠯ ᠤᠨ ᠬᠠᠮᠢᠶᠠᠷᠤᠯᠲᠠ ᠪᠠ ᠪᠥᠬᠦ ᠣᠷᠣᠨ ᠤ ᠡᠯ᠎ᠡ | ᠱᠠᠲᠤᠨ ᠤ ᠤᠰᠤᠨ ᠤ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠡᠭᠦᠷᠭᠡ | ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠡᠷᠡᠭᠵᠢᠭᠦᠯᠦᠭᠰᠡᠨ ᠤᠰᠤᠨ ᠠᠰᠢᠭᠯᠠᠯᠲᠠ ᠶᠢᠨ ᠠᠶᠤᠯᠭᠦᠢ | ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠳᠤ ᠬᠡᠷᠡᠭᠯᠡᠭᠳᠡᠨ᠎ᠡ᠃ | ᠭᠤᠷᠪᠠᠳᠤᠭᠠᠷ ᠵᠤᠷᠪᠤᠰ ᠤᠰᠤᠨ ᠠᠰᠢᠭᠯᠠᠯᠲᠠ ᠶᠢᠨ ᠠᠶᠤᠯᠭᠦᠢ ᠦᠢᠯᠡᠳᠪᠦᠷᠢᠯᠡᠯ ᠳᠤ ᠬᠢᠨᠠᠯᠲᠠ ᠲᠠᠯᠪᠢᠵᠤ | ᠬᠠᠮᠢᠶᠠᠷᠬᠤ ᠳᠤ ᠬᠥᠮᠦᠨ ᠢᠶᠠᠷ ᠦᠨᠳᠦᠰᠦ ᠪᠣᠯᠭᠠᠨ᠂ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ | ᠳᠡᠭᠡᠳᠦᠯᠡᠬᠦ ᠶᠢ ᠪᠠᠷᠢᠮᠲᠠᠯᠠᠨ᠂ ᠬᠥᠭᠵᠢᠯᠲᠡ ᠪᠠ ᠠᠶᠤᠯ ᠦᠭᠡᠶ ᠶᠢ ᠨᠢᠭᠡᠳᠦᠯᠲᠡᠶ ᠲᠥᠯᠥᠪᠯᠡᠬᠦ ᠬᠡᠷᠡᠭᠲᠡᠶ︔ ᠠᠮᠤᠷ | ᠲᠦᠪᠰᠢᠨ ᠢ ᠲᠡᠷᠢᠭᠦᠨ ᠳᠤ ᠲᠠᠯᠪᠢᠬᠤ᠂ ᠤᠷᠢᠳᠴᠢᠯᠠᠨ ᠰᠡᠷᠭᠡᠶᠢᠯᠡᠬᠦ ᠪᠠᠷ ᠭᠤᠣᠯ ᠪᠣᠯᠭᠠᠬᠤ᠂ ᠶᠡᠷᠦᠩᠬᠡᠶᠢᠯᠡᠨ ᠵᠠᠰᠠᠬᠤ | ᠴᠢᠭᠯᠡᠯᠲᠡ ᠶᠢ ᠪᠠᠷᠢᠮᠲᠠᠯᠠᠵᠤ᠂ ᠬᠦᠨᠳᠦ ᠶᠡᠭᠡ ᠠᠮᠤᠷ ᠲᠦᠪᠰᠢᠨ ᠤ ᠠᠶᠤᠯ ᠲᠦᠭᠰᠢᠭᠦᠷᠢ ᠶᠢ ᠡᠬᠢ ᠡᠭᠦᠰᠦᠯ ᠠᠴᠠ ᠨᠢ | ᠰᠡᠷᠭᠡᠶᠢᠯᠡᠨ ᠠᠷᠢᠯᠭᠠᠨ᠎ᠠ︔ ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ᠂ ᠨᠢᠭᠡ ᠠᠵᠢᠯ ᠤᠨ ᠪᠠᠶᠢᠷᠢ ᠳᠤ | ᠬᠤᠣᠰ ᠬᠠᠷᠢᠭᠤᠴᠠᠯᠭ᠎ᠠ ᠡᠭᠦᠷᠭᠡᠯᠡᠬᠦ᠂ ᠵᠡᠷᠭᠡ ᠪᠠᠷ ᠠᠳᠬᠤᠨ ᠬᠠᠮᠲᠤ ᠪᠠᠷ ᠬᠠᠮᠢᠶᠠᠷᠬᠤ᠂ ᠲᠤᠰᠢᠶᠠᠯ ᠳᠠᠭᠠᠨ | ᠣᠰᠣᠯᠳᠠᠪᠠᠯ ᠬᠠᠷᠢᠭᠤᠴᠠᠯᠭ᠎ᠠ ᠨᠡᠬᠡᠮᠵᠢᠯᠡᠬᠦ ᠶᠢ ᠪᠠᠷᠢᠮᠲᠠᠯᠠᠨ᠎ᠠ︔ ᠬᠠᠷᠢᠶ᠎ᠠ ᠭᠠᠵᠠᠷ ᠲᠤᠨᠢ ᠬᠢᠨᠠᠨ ᠬᠠᠮᠢᠶᠠᠷᠤᠭᠤᠯᠬᠤ | ᠬᠢᠭᠡᠳ ᠱᠠᠲᠤ ᠬᠤᠪᠢᠶᠠᠨ ᠬᠢᠨᠠᠨ ᠬᠠᠮᠢᠶᠠᠷᠬᠤ ᠶᠢ ᠬᠠᠷᠢᠯᠴᠠᠨ ᠤᠶᠠᠯᠳᠤᠭᠤᠯᠵᠤ᠂ ᠬᠠᠷᠢᠶ᠎ᠠ ᠭᠠᠵᠠᠷ ᠲᠤᠨᠢ ᠬᠢᠨᠠᠨ | ᠬᠠᠮᠢᠶᠠᠷᠤᠭᠤᠯᠬᠤ ᠪᠠᠷ ᠭᠤᠣᠯ ᠪᠣᠯᠭᠠᠬᠤ ᠶᠢ ᠬᠡᠷᠡᠭᠵᠢᠭᠦᠯᠬᠦ ᠬᠡᠷᠡᠭᠲᠡᠶ︔ ᠠᠵᠢᠯ ᠲᠦᠷᠦᠯ ᠢ ᠬᠠᠮᠢᠶᠠᠷᠬᠤ ᠳᠤ ᠡᠷᠬᠡᠪᠰᠢ | ᠠᠮᠤᠷ ᠲᠦᠪᠰᠢᠨ ᠢ ᠬᠠᠮᠢᠶᠠᠷᠬᠤ᠂ ᠲᠤᠬᠠᠶᠢᠯᠠᠭᠰᠠᠨ ᠠᠵᠢᠯ ᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ | ᠬᠠᠮᠢᠶᠠᠷᠬᠤ᠂ ᠦᠢᠯᠡᠳᠪᠦᠷᠢᠯᠡᠯ ᠡᠵᠡᠩᠨᠡᠯᠲᠡ ᠶᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ | ᠬᠡᠷᠡᠭᠲᠡᠢ᠃ | ᠳᠥᠷᠪᠡᠳᠦᠭᠡᠷ ᠵᠤᠷᠪᠤᠰ ᠤᠰᠤᠨ ᠠᠰᠢᠭᠯᠠᠯᠲᠠ ᠶᠢᠨ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ ᠠᠶᠤᠯᠭᠦᠢ | ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠬᠠᠤᠯᠢ ᠶᠣᠰᠣᠭᠠᠷ ᠭᠦᠢᠴᠡᠳᠬᠡᠵᠦ᠂ ᠪᠦᠬᠦ | ᠣᠷᠣᠨ ᠤ ᠡᠯ᠎ᠡ ᠱᠠᠲᠤᠨ ᠤ ᠤᠰᠤᠨ ᠤ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ | ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠶᠣᠰᠣᠭᠠᠷ ᠤᠰᠤᠨ ᠠᠰᠢᠭᠯᠠᠯᠲᠠ ᠶᠢᠨ ᠠᠶᠤᠯᠭᠦᠢ ᠦᠢᠯᠡᠳᠪᠦᠷᠢᠯᠡᠯ ᠳᠤ | ᠬᠢᠨᠠᠯᠲᠠ ᠲᠠᠯᠪᠢᠵᠤ ᠬᠠᠮᠢᠶᠠᠷᠬᠤ ᠬᠠᠷᠢᠭᠤᠴᠠᠯᠭ᠎ᠠ ᠪᠠᠨ ᠬᠠᠤᠯᠢ ᠶᠣᠰᠣᠭᠠᠷ ᠭᠦᠢᠴᠡᠳᠬᠡᠬᠦ ᠬᠡᠷᠡᠭᠲᠡᠶ᠃ | ᠲᠠᠪᠤᠳᠤᠭᠠᠷ ᠵᠤᠷᠪᠤᠰ ᠪᠦᠬᠦ ᠣᠷᠣᠨ ᠤ ᠡᠯ᠎ᠡ ᠱᠠᠲᠤᠨ ᠤ ᠤᠰᠤᠨ ᠤ ᠵᠠᠰᠠᠭ ᠵᠠᠬᠢᠷᠭᠠᠨ ᠤ ᠭᠤᠣᠯᠴᠢᠯᠠᠨ | ᠬᠠᠮᠢᠶᠠᠷᠬᠤ ᠰᠠᠯᠠᠭ᠎ᠠ ᠮᠥᠴᠢᠷ ᠤᠳ ᠠᠶᠤᠯᠭᠦᠢ ᠦᠢᠯᠡᠳᠪᠦᠷᠢᠯᠡᠯ ᠤᠨ ᠺᠣᠮᠢᠰ ︵ᠤᠳᠤᠷᠢᠳᠬᠤ ᠳᠤᠭᠤᠶᠢᠯᠠᠩ︶ ᠤᠨ | ᠨᠢᠭᠡᠳᠦᠯᠲᠡᠶ ᠤᠳᠤᠷᠢᠳᠤᠭᠰᠠᠨ ᠵᠣᠬᠢᠴᠠᠭᠤᠯᠬᠤ ᠲᠣᠭᠲᠠᠴᠠ ᠪᠠ ᠶᠡᠷᠦᠩᠬᠡᠶᠢᠯᠡᠨ ᠬᠢᠨᠠᠨ ᠬᠠᠮᠢᠶᠠᠷᠬᠤ ᠬᠢᠭᠡᠳ ᠲᠤᠰᠬᠠᠶ | ᠬᠢᠨᠠᠨ ᠬᠠᠮᠢᠶᠠᠷᠬᠤ ᠠᠵᠢᠯ ᠤᠨ ᠬᠤᠪᠢᠶᠠᠷᠢᠯᠠᠯ ᠢᠶᠠᠷ ᠬᠠᠷᠢᠭᠤᠴᠠᠬᠤ ᠠᠵᠢᠯ ᠤᠨ ᠲᠣᠭᠲᠠᠴᠠ ᠶᠢ ᠪᠠᠶᠢᠭᠤᠯᠤᠨ | ᠪᠦᠷᠢᠨᠰᠢᠭᠦᠯᠬᠦ ᠬᠡᠷᠡᠭᠲᠡᠶ᠃ | ᠵᠢᠷᠭᠤᠳᠤᠭᠠᠷ ᠵᠤᠷᠪᠤᠰ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠨᠢ ᠪᠦᠬᠦ | ᠣᠷᠣᠨ ᠤ ᠤᠰᠤᠨ ᠠᠰᠢᠭᠯᠠᠯᠲᠠ ᠶᠢᠨ ᠠᠵᠢᠯ ᠲᠥᠷᠥᠯ ᠤᠨ ᠠᠶᠤᠯᠭᠦᠢ ᠦᠢᠯᠡᠳᠪᠦᠷᠢᠯᠡᠯ ᠤᠨ ᠠᠵᠢᠯ ᠢ | ᠵᠢᠯᠣᠭᠤᠳᠴᠤ᠂ ᠲᠢᠩᠬᠢᠮ ᠤᠨ ᠰᠢᠭᠤᠳ ᠬᠠᠷᠢᠶ᠎ᠠ ᠨᠢᠭᠡᠴᠢ ᠶᠢᠨ ᠠᠶᠤᠯᠭᠦᠢ ᠦᠢᠯᠡᠳᠪᠦᠷᠢᠯᠡᠯ ᠤᠨ ᠠᠵᠢᠯ ᠳᠤ | ᠬᠢᠨᠠᠯᠲᠠ ᠲᠠᠯᠪᠢᠵᠤ ᠬᠠᠮᠢᠶᠠᠷᠬᠤ ᠶᠢ ᠬᠠᠷᠢᠭᠤᠴᠠᠨ᠂ ᠳᠣᠤᠷᠠᠳᠤ ᠱᠠᠲᠤᠨ ᠤ ᠤᠰᠤᠨ ᠤ ᠵᠠᠰᠠᠭ ᠵᠠᠬᠢᠷᠭᠠᠨ ᠤ | ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠤᠰᠤᠨ ᠠᠰᠢᠭᠯᠠᠯᠲᠠ ᠶᠢᠨ ᠠᠶᠤᠯᠭᠦᠢ ᠦᠢᠯᠡᠳᠪᠦᠷᠢᠯᠡᠯ ᠤᠨ | ᠠᠵᠢᠯ ᠢ ᠵᠢᠯᠣᠭᠤᠳᠬᠤ ᠪᠠ ᠬᠢᠨᠠᠯᠲᠠ ᠲᠠᠯᠪᠢᠨ᠎ᠠ᠃ ᠲᠢᠩᠬᠢᠮ ᠤᠨ ᠰᠢᠭᠤᠳ ᠬᠠᠷᠢᠶ᠎ᠠ ᠨᠢᠭᠡᠴᠢ ᠵᠢᠴᠢ ᠬᠠᠷᠢᠶ᠎ᠠ ᠪᠥᠬᠦᠶ | ᠤᠰᠤᠨ ᠠᠰᠢᠭᠯᠠᠯᠲᠠ ᠶᠢᠨ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ ᠠᠶᠤᠯᠭᠦᠢ ᠦᠢᠯᠡᠳᠪᠦᠷᠢᠯᠡᠯ ᠤᠨ ᠭᠤᠤᠯ | ᠴᠣᠭᠴᠠ ᠶᠢᠨ ᠬᠠᠷᠢᠭᠤᠴᠠᠯᠭ᠎ᠠ ᠪᠠᠨ ᠬᠠᠤᠯᠢ ᠶᠣᠰᠣᠭᠠᠷ ᠭᠦᠢᠴᠡᠳᠭᠡᠵᠦ᠂ ᠳᠣᠲᠣᠭᠠᠳᠤ ᠶᠢᠨ ᠠᠶᠤᠯᠭᠦᠢ | ᠦᠢᠯᠡᠳᠪᠦᠷᠢᠯᠡᠯ ᠤᠨ ᠬᠠᠮᠢᠶᠠᠷᠤᠯᠲᠠ ᠪᠠ ᠬᠢᠨᠠᠯᠲᠠ ᠪᠠᠶᠢᠴᠠᠭᠠᠯᠲᠠ ᠪᠠᠨ ᠱᠠᠲᠤ ᠳᠠᠷᠠᠭᠠᠯᠠᠨ ᠴᠢᠩᠭᠠᠳᠬᠠᠵᠤ᠂ ᠬᠠᠷᠢᠶ᠎ᠠ | ᠭᠠᠵᠠᠷ ᠤᠨ ᠵᠠᠰᠠᠭ ᠤᠨ ᠣᠷᠳᠣᠨ ᠵᠢᠴᠢ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠠᠶᠤᠯᠭᠦᠢ | ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢ ᠤᠬᠠᠮᠰᠠᠷ ᠠᠴᠠ ᠪᠠᠨ ᠬᠦᠯᠢᠶᠡᠬᠦ ᠬᠡᠷᠡᠭᠲᠡᠶ᠃ ᠠᠶᠢᠮᠠᠭ ᠬᠤᠳᠠ᠂ | ᠬᠤᠰᠢᠭᠤ ᠰᠢᠶᠠᠨ ︵ᠬᠤᠳᠠ᠂ ᠲᠣᠭᠤᠷᠢᠭ︶ ᠤ ᠤᠰᠤᠨ ᠤ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ | ᠮᠥᠴᠢᠷ ᠨᠢ ᠲᠤᠰ ᠵᠠᠰᠠᠭ ᠵᠠᠬᠢᠷᠭᠠᠨ ᠤ ᠣᠷᠣᠨ ᠤ ᠪᠠᠨ ᠤᠰᠤᠨ ᠠᠰᠢᠭᠯᠠᠯᠲᠠ ᠶᠢᠨ ᠠᠶᠤᠯᠭᠦᠢ ᠦᠢᠯᠡᠳᠪᠦᠷᠢᠯᠡᠯ | ᠤᠨ ᠠᠵᠢᠯ ᠢ ᠵᠢᠯᠣᠭᠤᠳᠴᠤ᠂ ᠰᠢᠭᠤᠳ ᠬᠠᠷᠢᠶ᠎ᠠ ᠨᠢᠭᠡᠴᠢ ᠪᠣᠯᠤᠨ ᠬᠠᠷᠢᠶ᠎ᠠ ᠬᠡᠪᠴᠢᠶᠡᠨ ᠲᠡᠭᠡᠨ ᠤᠰᠤᠨ | ᠠᠰᠢᠭᠯᠠᠯᠲᠠ ᠶᠢᠨ ᠦᠢᠯᠡᠳᠪᠦᠷᠢᠯᠡᠯ ᠡᠵᠡᠩᠨᠡᠯᠲᠡ ᠶᠢᠨ ᠠᠵᠢᠯᠯᠠᠭ᠎ᠠ ᠬᠢᠵᠦ ᠪᠠᠶᠢᠭ᠎ᠠ ᠦᠢᠯᠡᠳᠪᠦᠷᠢᠯᠡᠯ ᠡᠵᠡᠩᠨᠡᠯᠲᠡ ᠶᠢᠨ | ᠨᠢᠭᠡᠴᠢ ᠳᠤ ᠠᠶᠤᠯᠭᠦᠢ ᠦᠢᠯᠡᠳᠪᠦᠷᠢᠯᠡᠯ ᠤᠨ ᠠᠵᠢᠯ ᠳᠤ ᠬᠢᠨᠠᠯᠲᠠ ᠲᠠᠯᠪᠢᠵᠤ ᠬᠠᠮᠢᠶᠠᠷᠬᠤ ᠶᠢ ᠬᠠᠷᠢᠭᠤᠴᠠᠨ᠂ | ᠲᠤᠤᠷᠠᠳᠤ ᠱᠠᠲᠤᠨ ᠤ ᠤᠰᠤᠨ ᠤ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠤᠰᠤᠨ | ᠠᠰᠢᠭᠯᠠᠯᠲᠠ ᠶᠢᠨ ᠠᠶᠤᠯᠭᠦᠢ ᠦᠢᠯᠡᠳᠪᠦᠷᠢᠯᠡᠯ ᠤᠨ ᠠᠵᠢᠯ ᠢ ᠵᠢᠯᠣᠭᠤᠳᠬᠤ ᠪᠠ ᠬᠢᠨᠠᠯᠲᠠ ᠲᠠᠯᠪᠢᠨ᠎ᠠ᠃ | ᠳᠣᠯᠣᠳᠤᠭᠠᠷ ᠵᠤᠷᠪᠤᠰ ᠤᠰᠤᠨ ᠠᠰᠢᠭᠯᠠᠯᠲᠠ ᠶᠢᠨ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ ᠨᠦᠭᠦᠳ | ᠠᠶᠤᠯᠭᠦᠢ ᠦᠢᠯᠡᠳᠪᠦᠷᠢᠯᠡᠯ ᠤᠨ ᠬᠠᠮᠢᠶᠠᠷᠤᠯᠲᠠ ᠶᠢ ᠬᠠᠤᠯᠢ ᠶᠣᠰᠣᠭᠠᠷ ᠴᠢᠩᠭᠠᠳᠬᠠᠨ᠂ ᠪᠦᠬᠦ ᠠᠵᠢᠯᠲᠠᠨ | ᠠᠵᠢᠯᠴᠢᠨ ᠤ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠦᠷᠢᠮ ᠪᠣᠯᠤᠨ ᠠᠶᠤᠯᠭᠦᠢ | ᠦᠢᠯᠡᠳᠪᠦᠷᠢᠯᠡᠯ ᠤᠨ ᠳᠦᠷᠢᠮ ᠲᠣᠭᠲᠠᠭᠠᠯ ᠢ ᠪᠠᠶᠢᠭᠤᠯᠤᠨ ᠪᠦᠷᠢᠨᠰᠢᠭᠦᠯᠵᠦ᠂ ᠠᠶᠤᠯᠭᠦᠢ ᠦᠢᠯᠡᠳᠪᠦᠷᠢᠯᠡᠯ ᠤᠨ | ᠪᠡᠯᠡ ᠮᠥᠩᠭᠦ᠂ ᠡᠳ᠋ ᠪᠠᠷᠠᠭ᠎ᠠ᠂ ᠮᠡᠷᠭᠡᠵᠢᠯ᠂ ᠠᠵᠢᠯᠲᠠᠨ ᠤ ᠣᠷᠣᠭᠤᠯᠤᠯᠲᠠ ᠶᠢᠨ ᠪᠠᠲᠤᠯᠠᠭ᠎ᠠ ᠶᠢᠨ ᠡᠷᠴᠢᠮ ᠢᠶᠠᠨ | ᠨᠡᠮᠡᠭᠳᠡᠭᠦᠯᠦᠨ᠂ ᠠᠶᠤᠯᠭᠦᠢ ᠦᠢᠯᠡᠳᠪᠦᠷᠢᠯᠡᠯ ᠤᠨ ᠨᠥᠬᠦᠴᠡᠯ ᠢ ᠰᠠᠶᠢᠵᠢᠷᠠᠭᠤᠯᠵᠤ᠂ ᠠᠶᠤᠯᠭᠦᠢ ᠦᠢᠯᠡᠳᠪᠦᠷᠢᠯᠡᠯ ᠤᠨ | ᠪᠠᠷᠢᠮᠵᠢᠶᠠᠵᠢᠭᠤᠯᠬᠤ᠂ ᠮᠡᠳᠡᠭᠡ ᠵᠠᠩᠭᠢᠵᠢᠭᠤᠯᠬᠤ ᠪᠠᠶᠢᠭᠤᠯᠤᠯᠲᠠ ᠶᠢ ᠴᠢᠩᠭᠠᠳᠬᠠᠨ᠂ ᠠᠮᠤᠷ ᠲᠦᠪᠰᠢᠨ ᠤ | ᠲᠦᠭᠰᠢᠭᠦᠷᠢ ᠶᠢ ᠱᠠᠲᠤ ᠬᠤᠪᠢᠶᠠᠨ ᠬᠠᠮᠢᠶᠠᠷᠤᠨ ᠡᠵᠡᠮᠳᠡᠬᠦ ᠪᠠ ᠳᠠᠯᠳᠠ ᠭᠡᠮ ᠢ ᠵᠢᠭᠰᠠᠭᠠᠨ ᠪᠠᠶᠢᠴᠠᠭᠠᠵᠤ ᠵᠠᠰᠠᠬᠤ | ᠳᠠᠪᠬᠤᠷ ᠰᠡᠷᠭᠡᠶᠢᠯᠡᠬᠦ ᠲᠣᠭᠲᠠᠴᠠ ᠶᠢ ᠪᠠᠶᠢᠭᠤᠯᠵᠤ᠂ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠲᠣᠭᠲᠠᠴᠠ ᠶᠢ | ᠪᠦᠷᠢᠨᠰᠢᠭᠦᠯᠦᠨ᠂ ᠠᠶᠤᠯᠭᠦᠢ ᠦᠢᠯᠡᠳᠪᠦᠷᠢᠯᠡᠯ ᠤᠨ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ᠠᠶᠤᠯᠭᠦᠢ | ᠦᠢᠯᠡᠳᠪᠦᠷᠢᠯᠡᠯ ᠢ ᠦᠨᠡᠨ ᠬᠦ ᠪᠠᠲᠤᠯᠠᠬᠤ ᠬᠡᠷᠡᠭᠲᠡᠶ᠃ ᠪᠦᠬᠦ ᠣᠷᠣᠨ ᠤ ᠡᠯ᠎ᠡ ᠱᠠᠲᠤᠨ ᠤ ᠤᠰᠤᠨ ᠤ ᠵᠠᠰᠠᠭ | ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠠᠶᠤᠯᠭᠦᠢ ᠦᠢᠯᠡᠳᠪᠦᠷᠢᠯᠡᠯ ᠤᠨ ᠰᠠᠭᠤᠷᠢ ᠪᠦᠲᠦᠭᠡᠨ | ᠪᠠᠶᠢᠭᠤᠯᠤᠯᠲᠠ ᠪᠣᠯᠤᠨ ᠬᠢᠨᠠᠨ ᠬᠠᠮᠢᠶᠠᠷᠬᠤ ᠴᠢᠳᠠᠪᠤᠷᠢ ᠶᠢᠨ ᠪᠠᠶᠢᠭᠤᠯᠤᠯᠲᠠ ᠪᠠᠨ ᠴᠢᠩᠭᠠᠳᠬᠠᠵᠤ᠂ ᠵᠠᠷᠤᠳᠠᠯ ᠤᠨ | ᠣᠷᠣᠭᠤᠯᠤᠯᠲᠠ ᠶᠢ ᠪᠠᠲᠤᠯᠠᠬᠤ ᠬᠡᠷᠡᠭᠲᠡᠶ᠃ | ᠬᠤᠶᠠᠳᠤᠭᠠᠷ ᠪᠦᠯᠦᠭ ᠤᠰᠤᠨ ᠠᠰᠢᠭᠯᠠᠯᠲᠠ ᠶᠢᠨ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ ᠶᠢᠨ | ᠠᠶᠤᠯᠭᠦᠢ ᠦᠢᠯᠡᠳᠪᠦᠷᠢᠯᠡᠯ ᠤᠨ ᠬᠠᠮᠢᠶᠠᠷᠤᠯᠲᠠ | ᠨᠠᠢᠮᠠᠳᠤᠭᠠᠷ ᠵᠤᠷᠪᠤᠰ ᠤᠰᠤᠨ ᠠᠰᠢᠭᠯᠠᠯᠲᠠ ᠶᠢᠨ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ ᠨᠢ | ᠬᠤᠯᠪᠣᠭᠳᠠᠯ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠪᠣᠯᠤᠨ ᠤᠯᠤᠰ ᠤᠨ ᠪᠠᠷᠢᠮᠵᠢᠶ᠎ᠠ᠂ ᠠᠵᠢᠯ | ᠲᠥᠷᠥᠯ ᠤᠨ ᠪᠠᠷᠢᠮᠵᠢᠶ᠎ᠠ ᠳᠤ ᠲᠣᠭᠲᠠᠭᠠᠭᠰᠠᠨ ᠠᠶᠤᠯᠭᠦᠢ ᠦᠢᠯᠡᠳᠪᠦᠷᠢᠯᠡᠯ ᠤᠨ ᠨᠥᠬᠦᠴᠡᠯ ᠢ ᠪᠦᠷᠢᠯᠳᠦᠭᠦᠯᠬᠦ | ᠬᠡᠷᠡᠭᠲᠡᠶ᠃ ᠠᠶᠤᠯᠭᠦᠢ ᠦᠢᠯᠡᠳᠪᠦᠷᠢᠯᠡᠬᠦ ᠨᠥᠬᠦᠴᠡᠯ ᠢ ᠪᠦᠷᠢᠯᠳᠦᠭᠦᠯᠦᠭᠡᠳᠦᠶ ᠪᠣᠯ ᠤᠰᠤᠨ ᠠᠰᠢᠭᠯᠠᠯᠲᠠ ᠶᠢᠨ | ᠦᠢᠯᠡᠳᠪᠦᠷᠢᠯᠡᠯ ᠡᠵᠡᠩᠨᠡᠯᠲᠡ ᠶᠢᠨ ᠠᠵᠢᠯᠯᠠᠭ᠎ᠠ ᠬᠢᠵᠦ ᠪᠣᠯᠬᠤ ᠦᠭᠡᠶ᠃ | ᠶᠢᠰᠦᠳᠦᠭᠡᠷ ᠵᠤᠷᠪᠤᠰ ᠤᠰᠤᠨ ᠠᠰᠢᠭᠯᠠᠯᠲᠠ ᠶᠢᠨ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ ᠨᠦᠭᠦᠳ | ᠠᠶᠤᠯᠭᠦᠢ ᠦᠢᠯᠡᠳᠪᠦᠷᠢᠯᠡᠯ ᠤᠨ ᠣᠷᠣᠭᠤᠯᠤᠯᠲᠠ ᠶᠢ ᠨᠠᠶᠢᠳᠠᠪᠤᠷᠢᠵᠢᠭᠤᠯᠬᠤ ᠶᠢ ᠪᠠᠲᠤᠯᠠᠵᠤ᠂ ᠠᠶᠤᠯᠭᠦᠢ | ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠰᠢᠰᠲ᠋ᠧᠮᠵᠢ᠂ ᠲᠦᠭᠰᠢᠭᠦᠷᠢ ᠶᠢ ᠱᠠᠲᠤ ᠬᠤᠪᠢᠶᠠᠨ ᠬᠠᠮᠢᠶᠠᠷᠤᠨ ᠡᠵᠡᠮᠳᠡᠬᠦ | ᠰᠢᠰᠲ᠋ᠧᠮᠵᠢ᠂ ᠳᠠᠯᠳᠠ ᠭᠡᠮ ᠢ ᠵᠢᠭᠰᠠᠭᠠᠨ ᠪᠠᠶᠢᠴᠠᠭᠠᠵᠤ ᠵᠠᠰᠠᠬᠤ ᠰᠢᠰᠲ᠋ᠧᠮᠵᠢ᠂ ᠠᠶᠤᠯᠭᠦᠢ ᠦᠢᠯᠡᠳᠪᠦᠷᠢᠯᠡᠯ ᠤᠨ | ᠪᠠᠷᠢᠮᠵᠢᠶᠠᠵᠢᠭᠤᠯᠬᠤ ᠰᠢᠰᠲ᠋ᠧᠮᠵᠢ ᠪᠠ ᠦᠢᠯᠡᠳᠪᠦᠷᠢᠯᠡᠯ ᠤᠨ ᠠᠶᠤᠯᠭᠦᠢ ᠶᠢᠨ ᠠᠳᠡᠯ ᠤᠨ ᠪᠠᠴᠢᠮ ᠪᠠᠶᠢᠳᠠᠯ ᠢ | ᠠᠷᠭᠠᠴᠠᠬᠤ ᠬᠠᠮᠢᠶᠠᠷᠤᠯᠲᠠ ᠶᠢᠨ ᠰᠢᠰᠲ᠋ᠧᠮᠵᠢ ᠶᠢ ᠪᠠᠶᠢᠭᠤᠯᠤᠨ ᠪᠦᠷᠢᠨᠰᠢᠭᠦᠯᠵᠦ᠂ ᠲᠣᠭᠲᠠᠭᠠᠯ ᠶᠣᠰᠣᠭᠠᠷ ᠠᠶᠤᠯᠭᠦᠢ | ᠦᠢᠯᠡᠳᠪᠦᠷᠢᠯᠡᠯ ᠤᠨ ᠬᠠᠮᠢᠶᠠᠷᠤᠯᠲᠠ ᠶᠢᠨ ᠪᠠᠶᠢᠭᠤᠯᠤᠮᠵᠢ ᠪᠠᠶᠢᠭᠤᠯᠬᠤ ᠪᠤᠶᠤ ᠠᠶᠤᠯᠭᠦᠢ ᠦᠢᠯᠡᠳᠪᠦᠷᠢᠯᠡᠯ ᠤᠨ | ᠬᠠᠮᠢᠶᠠᠷᠤᠯᠲᠠ ᠶᠢᠨ ᠲᠤᠰᠬᠠᠶ ︵ᠬᠠᠪᠰᠤᠷᠭᠠᠭᠰᠠᠨ︶ ᠲᠤᠰᠢᠶᠠᠯ ᠤᠨ ᠠᠵᠢᠯᠲᠠᠨ ᠲᠣᠬᠢᠷᠠᠭᠤᠯᠵᠤ᠂ ᠠᠶᠤᠯᠭᠦᠢ | ᠦᠢᠯᠡᠳᠪᠦᠷᠢᠯᠡᠯ ᠤᠨ ᠬᠥᠮᠦᠵᠢᠯ ᠪᠣᠯᠪᠠᠰᠤᠷᠠᠯ ᠥᠷᠨᠢᠭᠦᠯᠦᠨ᠂ ᠠᠶᠤᠯᠭᠦᠢ ᠤᠨ ᠠᠮᠠᠯᠠᠯᠲᠠ ᠶᠢᠨ ᠳᠦᠷᠢᠮ ᠢ | ᠪᠠᠶᠢᠭᠤᠯᠵᠤ᠂ ᠠᠶᠤᠯᠭᠦᠢ ᠤᠨ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢ ᠴᠢᠩᠭᠠᠳᠬᠠᠨ᠂ ᠠᠶᠤᠯᠭᠦᠢ ᠤᠨ | ᠮᠡᠳᠡᠭᠡ ᠵᠠᠩᠭᠢ ᠶᠢ ᠴᠠᠭ ᠲᠤᠬᠠᠶ ᠳᠤᠨᠢ᠂ ᠦᠨᠡᠨ ᠪᠣᠳᠠᠲᠠᠶ ᠪᠠᠷ ᠮᠡᠳᠡᠭᠦᠯᠬᠦ ᠬᠡᠷᠡᠭᠲᠡᠶ᠃ | ᠠᠷᠪᠠᠳᠤᠭᠠᠷ ᠵᠤᠷᠪᠤᠰ ᠤᠰᠤᠨ ᠠᠰᠢᠭᠯᠠᠯᠲᠠ ᠶᠢᠨ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ ᠨᠦᠭᠦᠳ | ᠪᠦᠬᠦ ᠠᠵᠢᠯᠲᠠᠨ ᠤ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠦᠷᠢᠮ ᠢ ᠪᠠᠶᠢᠭᠤᠯᠤᠨ | ᠪᠦᠷᠢᠨᠰᠢᠭᠦᠯᠬᠦ ᠶᠢᠨ ᠬᠠᠮᠲᠤ ᠨᠠᠶᠢᠳᠠᠪᠤᠷᠢᠵᠢᠭᠤᠯᠵᠤ᠂ ᠡᠯ᠎ᠡ ᠠᠵᠢᠯ ᠤᠨ ᠪᠠᠶᠢᠷᠢ ᠶᠢᠨ ᠬᠠᠷᠢᠭᠤᠴᠠᠯᠭ᠎ᠠ ᠡᠭᠦᠷᠭᠡᠯᠡᠭᠴᠢ᠂ | ᠬᠠᠷᠢᠭᠤᠴᠠᠯᠭ᠎ᠠ ᠶᠢᠨ ᠬᠡᠪᠴᠢᠶ᠎ᠡ ᠪᠣᠯᠤᠨ ᠬᠢᠨᠠᠨ ᠰᠢᠯᠭᠠᠬᠤ ᠪᠠᠷᠢᠮᠵᠢᠶ᠎ᠠ ᠵᠡᠷᠭᠡ ᠠᠭᠤᠯᠭ᠎ᠠ ᠶᠢ ᠲᠣᠳᠣᠷᠬᠠᠶᠢᠯᠠᠨ᠂ ᠪᠦᠬᠦ | ᠠᠵᠢᠯᠲᠠᠨ ᠤ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠵᠤ ᠪᠠᠶᠢᠭ᠎ᠠ | ᠪᠠᠶᠢᠳᠠᠯ ᠳᠤ ᠬᠢᠨᠠᠯᠲᠠ ᠲᠠᠯᠪᠢᠵᠤ ᠬᠢᠨᠠᠨ ᠰᠢᠯᠭᠠᠬᠤ ᠪᠠᠨ ᠴᠢᠩᠭᠠᠳᠬᠠᠨ᠂ ᠪᠦᠬᠦ ᠠᠵᠢᠯᠲᠠᠨ ᠤ ᠠᠶᠤᠯᠭᠦᠢ | ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠶ᠃ ᠤᠰᠦᠠ | ᠠᠰᠢᠭᠯᠠᠯᠲᠠ ᠶᠢᠨ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ ᠶᠢᠨ ᠭᠤᠣᠯ ᠬᠠᠷᠢᠭᠤᠴᠠᠯᠭᠠᠲᠠᠨ ᠪᠠ ᠪᠣᠳᠠᠲᠠᠢ | ᠡᠵᠡᠮᠳᠡᠭᠴᠢ ᠪᠣᠯ ᠲᠤᠰ ᠨᠢᠭᠡᠴᠢ ᠶᠢᠨ ᠢᠶᠠᠨ ᠠᠶᠤᠯᠭᠦᠢ ᠦᠢᠯᠡᠳᠪᠦᠷᠢᠯᠡᠯ ᠤᠨ ᠨᠢᠭᠡᠳᠦᠭᠡᠷ ᠬᠠᠷᠢᠭᠤᠴᠠᠯᠭᠠᠲᠠᠨ ᠮᠥᠨ᠂ | ᠲᠤᠰ ᠨᠢᠭᠡᠴᠢ ᠶᠢᠨ ᠢᠶᠠᠨ ᠠᠶᠤᠯᠭᠦᠢ ᠦᠢᠯᠡᠳᠪᠦᠷᠢᠯᠡᠯ ᠤᠨ ᠠᠵᠢᠯ ᠢ ᠪᠦᠬᠦ ᠲᠠᠯ᠎ᠠ ᠪᠠᠷ ᠬᠠᠷᠢᠭᠤᠴᠠᠵᠤ᠂ ᠪᠤᠰᠤᠳ | ᠬᠠᠷᠢᠭᠤᠴᠠᠯᠭᠠᠲᠠᠨ ᠲᠤᠰᠢᠶᠠᠯ ᠬᠠᠷᠢᠭᠤᠴᠠᠯᠭ᠎ᠠ ᠶᠢᠨ ᠢᠶᠠᠨ ᠬᠡᠪᠴᠢᠶᠡᠨ ᠳᠠᠬᠢ ᠠᠶᠤᠯᠭᠦᠢ ᠦᠢᠯᠡᠳᠪᠦᠷᠢᠯᠡᠯ ᠤᠨ | ᠠᠵᠢᠯ ᠢ ᠬᠠᠷᠢᠭᠤᠴᠠᠨ᠎ᠠ᠃ ᠤᠰᠤᠨ ᠠᠰᠢᠭᠯᠠᠯᠲᠠ ᠶᠢᠨ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ ᠨᠦᠭᠦᠳ | ᠲᠣᠭᠲᠠᠭᠠᠯ ᠶᠣᠰᠣᠭᠠᠷ ᠠᠶᠤᠯᠭᠦᠢ ᠦᠢᠯᠡᠳᠪᠦᠷᠢᠯᠡᠯ ᠤᠨ ᠬᠤᠪᠢᠳᠠᠨ ᠬᠠᠮᠢᠶᠠᠷᠬᠤ ᠲᠤᠰᠬᠠᠶ ᠲᠤᠰᠢᠶᠠᠯ ᠤᠨ | ᠬᠠᠷᠢᠭᠤᠴᠠᠯᠭᠠᠲᠠᠨ ᠪᠤᠶᠤ ᠠᠶᠤᠯᠭᠦᠢ ᠶᠢᠨ ᠶᠡᠷᠦᠩᠬᠡᠶ ᠬᠢᠨᠠᠭᠴᠢ ᠲᠣᠬᠢᠷᠠᠭᠤᠯᠵᠤ᠂ ᠲᠤᠰ ᠨᠢᠭᠡᠴᠢ ᠶᠢᠨ ᠢᠶᠠᠨ ᠭᠤᠣᠯ | ᠬᠠᠷᠢᠭᠤᠴᠠᠯᠭᠠᠲᠠᠨ ᠢ ᠬᠠᠪᠰᠤᠷᠤᠨ ᠠᠶᠤᠯᠭᠦᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠡᠭᠦᠷᠭᠡ | ᠬᠠᠷᠢᠭᠤᠴᠠᠯᠭ᠎ᠠ ᠶᠢ ᠭᠦᠢᠴᠡᠳᠬᠡᠬᠦ ᠬᠡᠷᠡᠭᠲᠡᠶ᠃ | ᠠᠷᠪᠠᠨ ᠨᠢᠭᠡᠳᠦᠭᠡᠷ ᠵᠤᠷᠪᠤᠰ ᠤᠰᠤᠨ ᠠᠰᠢᠭᠯᠠᠯᠲᠠ ᠶᠢᠨ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ ᠨᠢ | ᠠᠮᠤᠷ ᠲᠦᠪᠰᠢᠨ ᠤ ᠲᠦᠭᠰᠢᠭᠦᠷᠢ ᠶᠢ ᠱᠠᠲᠤ ᠬᠤᠪᠢᠶᠠᠨ ᠬᠠᠮᠢᠶᠠᠷᠤᠨ ᠡᠵᠡᠮᠳᠡᠬᠦ ᠲᠦᠷᠢᠮ ᠢ ᠪᠠᠶᠢᠭᠤᠯᠵᠤ᠂ ᠠᠮᠤᠷ | ᠲᠦᠪᠰᠢᠨ ᠤ ᠲᠦᠭᠰᠢᠭᠦᠷᠢ ᠶᠢ ᠪᠠᠶᠢᠴᠠᠭᠠᠨ ᠡᠷᠢᠬᠦ᠂ ᠰᠤᠳᠤᠯᠤᠨ ᠮᠠᠭᠠᠳᠯᠠᠬᠤ᠂ ᠤᠷᠢᠳᠴᠢᠯᠠᠨ ᠰᠡᠷᠡᠮᠵᠢᠯᠡᠭᠦᠯᠬᠦ᠂ | ᠰᠡᠷᠭᠡᠶᠢᠯᠡᠬᠦ᠂ ᠰᠢᠢᠳᠪᠦᠷᠢᠯᠡᠬᠦ᠂ ᠬᠠᠷᠢᠭᠤᠴᠠᠯᠭ᠎ᠠ ᠵᠡᠷᠭᠡ ᠭᠤᠭᠴᠣᠭᠠᠨ ᠤ ᠪᠥᠬᠦ ᠬᠡᠯᠬᠢᠶᠡᠰᠦ ᠶᠢᠨ ᠬᠠᠮᠢᠶᠠᠷᠤᠨ | ᠡᠵᠡᠮᠳᠡᠬᠦ ᠲᠣᠭᠲᠠᠴᠠ ᠶᠢ ᠨᠠᠶᠢᠳᠠᠪᠤᠷᠢᠵᠢᠭᠤᠯᠤᠨ᠂ ᠲᠦᠭᠰᠢᠭᠦᠷᠢ ᠶᠢᠨ ᠡᠬᠢ ᠰᠤᠷᠪᠤᠯᠵᠢ ᠶᠢ ᠢᠯᠭᠠᠨ ᠲᠠᠨᠢᠬᠤ ᠶᠢ | ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠵᠦ᠂ ᠲᠦᠭᠰᠢᠭᠦᠷᠢ ᠶᠢᠨ ᠡᠬᠢ ᠰᠤᠷᠪᠤᠯᠵᠢ ᠶᠢᠨ ᠲᠦᠭᠰᠢᠭᠦᠷᠢ ᠶᠢᠨ | ᠲᠠᠰ ᠢ ᠦᠨᠡᠯᠡᠨ ᠲᠣᠭᠲᠠᠭᠠᠵᠤ᠂ ᠠᠮᠤᠷ ᠲᠦᠪᠰᠢᠨ ᠤ ᠲᠦᠭᠰᠢᠭᠦᠷᠢ ᠶᠢ ᠤᠷᠢᠳᠴᠢᠯᠠᠨ ᠰᠡᠷᠡᠮᠵᠢᠯᠡᠭᠦᠯᠬᠦ ᠶᠢ | ᠬᠡᠷᠡᠭᠵᠢᠭᠦᠯᠦᠨ᠂ ᠬᠢᠨᠠᠨ ᠰᠢᠨᠵᠢᠬᠦ᠂ ᠡᠵᠡᠮᠳᠡᠬᠦ ᠪᠠ ᠰᠡᠷᠭᠡᠶᠢᠯᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ | ᠰᠢᠨᠵᠢᠯᠡᠬᠦ ᠤᠬᠠᠭᠠᠨᠴᠢ ᠪᠦᠲᠦᠮᠵᠢᠲᠡᠶ ᠠᠷᠭ᠎ᠠ ᠬᠡᠮᠵᠢᠶ᠎ᠡ ᠠᠪᠴᠤ ᠪᠠᠶᠢᠭᠠᠳ ᠵᠦᠷᠢᠶᠡᠴᠢᠯᠡᠭᠰᠡᠨ ᠰᠢᠢᠳᠪᠦᠷᠢᠯᠡᠯᠲᠡ | ᠬᠢᠵᠦ᠂ ᠡᠯ᠎ᠡ ᠱᠠᠲᠤ᠂ ᠡᠯ᠎ᠡ ᠠᠵᠢᠯ ᠤᠨ ᠪᠠᠶᠢᠷᠢ ᠶᠢᠨ ᠬᠠᠮᠢᠶᠠᠷᠤᠨ ᠡᠵᠡᠮᠳᠡᠬᠦ ᠬᠠᠷᠢᠭᠤᠴᠠᠯᠭ᠎ᠠ ᠶᠢ ᠲᠣᠳᠣᠷᠬᠠᠶᠢᠯᠠᠬᠤ | ᠪᠠ ᠨᠠᠶᠢᠳᠠᠪᠤᠷᠢᠵᠢᠭᠤᠯᠬᠤ ᠶᠢᠨ ᠬᠠᠮᠲᠤ᠂ ᠪᠣᠳᠠᠲᠤ ᠪᠠᠶᠢᠳᠠᠯ ᠢᠶᠠᠨ ᠦᠨᠳᠦᠰᠦᠯᠡᠨ ᠬᠥᠳᠡᠯᠦᠩᠭᠦᠶ ᠪᠠᠷ ᠰᠢᠨᠡᠳᠬᠡᠵᠦ᠂ | ᠲᠣᠭᠲᠠᠭᠠᠯ ᠶᠣᠰᠣᠭᠠᠷ ᠮᠡᠳᠡᠭᠦᠯᠬᠦ᠃ | ᠠᠷᠪᠠᠨ ᠬᠤᠶᠠᠳᠤᠭᠠᠷ ᠵᠤᠷᠪᠤᠰ ᠤᠰᠤᠨ ᠠᠰᠢᠭᠯᠠᠯᠲᠠ ᠶᠢᠨ ᠦᠢᠯᠡᠳᠪᠦᠷᠢᠯᠡᠯ ᠡᠵᠡᠩᠨᠡᠯᠲᠡ ᠶᠢᠨ | ᠨᠢᠭᠡᠴᠢ ᠨᠦᠭᠦᠳ ᠦᠢᠯᠡᠳᠪᠦᠷᠢᠯᠡᠯ ᠤᠨ ᠠᠶᠤᠯᠭᠦᠢ ᠶᠢᠨ ᠠᠳᠡᠯ ᠤᠨ ᠳᠠᠯᠳᠠ ᠭᠡᠮ ᠢ ᠵᠢᠭᠰᠠᠭᠠᠨ ᠪᠠᠶᠢᠴᠠᠭᠠᠵᠤ ᠵᠠᠰᠠᠬᠤ | ᠳᠦᠷᠢᠮ ᠪᠠᠶᠢᠭᠤᠯᠤᠨ᠂ ᠵᠢᠭᠰᠠᠭᠠᠨ ᠪᠠᠶᠢᠴᠠᠭᠠᠵᠤ ᠵᠠᠰᠠᠬᠤ ᠬᠠᠷᠢᠭᠤᠴᠠᠯᠭ᠎ᠠ ᠪᠠᠨ ᠲᠣᠳᠣᠷᠬᠠᠶᠢᠯᠠᠵᠤ᠂ ᠵᠢᠭᠰᠠᠭᠠᠨ | ᠪᠠᠶᠢᠴᠠᠭᠠᠵᠤ ᠵᠠᠰᠠᠬᠤ ᠵᠠᠷᠤᠳᠠᠯ ᠢ ᠨᠠᠶᠢᠳᠠᠪᠤᠷᠢᠵᠢᠭᠤᠯᠤᠨ᠂ ᠮᠡᠷᠭᠡᠵᠢᠯ᠂ ᠬᠠᠮᠢᠶᠠᠷᠤᠯᠲᠠ ᠶᠢᠨ ᠠᠷᠭ᠎ᠠ ᠬᠡᠮᠵᠢᠶ᠎ᠡ | ᠠᠪᠴᠤ᠂ ᠠᠳᠡᠯ ᠤᠨ ᠳᠠᠯᠳᠠ ᠭᠡᠮ ᠢ ᠴᠠᠭ ᠲᠤᠬᠠᠶ ᠳᠤᠨᠢ ᠣᠯᠵᠤ ᠮᠡᠳᠡᠬᠦ ᠶᠢᠨ ᠬᠠᠮᠲᠤ ᠠᠷᠢᠯᠭᠠᠵᠤ᠂ ᠲᠣᠭᠲᠠᠭᠠᠯ | ᠶᠣᠰᠣᠭᠠᠷ ᠨᠡᠪᠲᠡᠷᠡᠭᠦᠯᠬᠦ ᠪᠠ ᠮᠡᠳᠡᠭᠦᠯᠬᠦ ᠬᠡᠷᠡᠭᠲᠡᠶ᠃ | ᠠᠷᠪᠠᠨ ᠭᠤᠷᠪᠠᠳᠤᠭᠠᠷ ᠵᠤᠷᠪᠤᠰ ᠤᠰᠤᠨ ᠠᠰᠢᠭᠯᠠᠯᠲᠠ ᠶᠢᠨ ᠦᠢᠯᠡᠳᠪᠦᠷᠢᠯᠡᠯ ᠡᠵᠡᠩᠨᠡᠯᠲᠡ ᠶᠢᠨ | ᠨᠢᠭᠡᠴᠢ ᠨᠦᠭᠦᠳ ᠠᠶᠤᠯᠭᠦᠢ ᠦᠢᠯᠡᠳᠪᠦᠷᠢᠯᠡᠯ ᠤᠨ ᠳᠦᠷᠢᠮ ᠲᠣᠭᠲᠠᠭᠠᠯ᠂ ᠠᠵᠢᠯᠯᠠᠬᠤ ᠳᠦᠷᠢᠮ ᠢ ᠲᠣᠭᠲᠠᠭᠠᠨ | ᠬᠡᠷᠡᠭᠵᠢᠭᠦᠯᠵᠦ᠂ ᠠᠶᠤᠯᠭᠦᠢ ᠦᠢᠯᠡᠳᠪᠦᠷᠢᠯᠡᠯ ᠤᠨ ᠪᠠᠷᠢᠮᠵᠢᠶᠠᠵᠢᠭᠤᠯᠬᠤ ᠪᠠᠶᠢᠭᠤᠯᠤᠯᠲᠠ ᠶᠢ ᠬᠡᠷᠡᠭᠵᠢᠭᠦᠯᠵᠦ᠂ | ᠦᠢᠯᠡᠳᠪᠦᠷᠢᠯᠡᠯ ᠤᠨ ᠡᠯ᠎ᠡ ᠵᠠᠩᠭᠢᠯᠠᠭ᠎ᠠ ᠶᠢ ᠬᠤᠯᠪᠣᠭᠳᠠᠯ ᠪᠦᠬᠦᠢ ᠠᠶᠤᠯᠭᠦᠢ ᠦᠢᠯᠡᠳᠪᠦᠷᠢᠯᠡᠯ ᠤᠨ ᠬᠠᠤᠯᠢ ᠴᠠᠭᠠᠵᠠ | ᠬᠠᠤᠯᠢ ᠲᠣᠭᠲᠠᠭᠠᠯ ᠪᠣᠯᠤᠨ ᠪᠠᠷᠢᠮᠵᠢᠶ᠎ᠠ ᠶᠢᠨ ᠵᠢᠷᠤᠮᠵᠢᠯ ᠤᠨ ᠱᠠᠭᠠᠷᠳᠠᠯᠭ᠎ᠠ ᠳᠤ ᠨᠡᠶᠢᠴᠡᠭᠦᠯᠵᠦ᠂ ᠠᠶᠤᠯᠭᠦᠢ ᠶᠢᠨ | ᠬᠠᠮᠢᠶᠠᠷᠤᠯᠲᠠ᠂ ᠠᠵᠢᠯᠯᠠᠬᠤ ᠦᠢᠯᠡ ᠠᠵᠢᠯᠯᠠᠭ᠎ᠠ᠂ ᠲᠥᠬᠦᠭᠡᠷᠦᠮᠵᠢ ᠪᠡᠯᠡᠳᠬᠡᠮᠵᠢ ᠪᠣᠯᠤᠨ ᠠᠵᠢᠯᠯᠠᠬᠤ ᠣᠷᠴᠢᠨ | ᠲᠣᠭᠤᠷᠢᠨ ᠤ ᠪᠠᠷᠢᠮᠵᠢᠶᠠᠵᠢᠭᠤᠯᠬᠤ ᠶᠢ ᠪᠡᠶᠡᠯᠡᠭᠦᠯᠬᠦ ᠬᠡᠷᠡᠭᠲᠡᠶ᠃ | ᠠᠷᠪᠠᠨ ᠳᠥᠷᠪᠡᠳᠦᠭᠡᠷ ᠵᠤᠷᠪᠤᠰ ᠤᠰᠤᠨ ᠠᠰᠢᠭᠯᠠᠯᠲᠠ ᠶᠢᠨ ᠦᠢᠯᠡᠳᠪᠦᠷᠢᠯᠡᠯ ᠡᠵᠡᠩᠨᠡᠯᠲᠡ ᠶᠢᠨ | ᠨᠢᠭᠡᠴᠢ ᠨᠦᠭᠦᠳ ᠦᠢᠯᠡᠳᠪᠦᠷᠢᠯᠡᠯ ᠤᠨ ᠠᠶᠤᠯᠭᠦᠢ ᠶᠢᠨ ᠠᠳᠡᠯ ᠤᠨ ᠶᠡᠷᠦᠩᠬᠡᠶᠢᠯᠡᠭᠰᠡᠨ ᠪᠠᠴᠢᠮ ᠪᠠᠶᠢᠳᠠᠯ ᠢ | ᠠᠷᠭᠠᠴᠠᠬᠤ ᠪᠡᠯᠡᠳᠬᠡᠯ ᠲᠥᠰᠦᠯ᠂ ᠲᠤᠰᠬᠠᠶ ᠵᠦᠢᠯ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ | ᠪᠣᠯᠤᠨ ᠲᠤᠬᠠᠶ ᠶᠢᠨ ᠲᠠᠯᠠᠪᠠᠶ ᠶᠢᠨ ᠰᠢᠢᠳᠪᠦᠷᠢᠯᠡᠬᠦ ᠲᠥᠰᠦᠯ ᠢ ᠲᠣᠭᠲᠠᠭᠠᠯ ᠶᠣᠰᠣᠭᠠᠷ ᠲᠣᠭᠲᠠᠭᠠᠵᠤ᠂ ᠪᠠᠴᠢᠮ | ᠪᠠᠶᠢᠳᠠᠯ ᠢ ᠠᠷᠭᠠᠴᠠᠬᠤ ᠳᠠᠬᠢ ᠠᠪᠤᠷᠠᠨ ᠲᠤᠰᠠᠯᠠᠬᠤ ᠪᠠᠭᠠᠵᠢ ᠬᠡᠷᠡᠭᠰᠡᠯ᠂ ᠲᠥᠬᠦᠭᠡᠷᠦᠮᠵᠢ ᠪᠣᠯᠤᠨ ᠡᠳ᠋ ᠪᠠᠷᠠᠭ᠎ᠠ | ᠲᠣᠬᠢᠷᠠᠭᠤᠯᠤᠨ᠂ ᠪᠠᠴᠢᠮ ᠪᠠᠶᠢᠳᠠᠯ ᠢ ᠠᠷᠭᠠᠴᠠᠬᠤ ᠳᠠᠬᠢ ᠠᠪᠤᠷᠠᠨ ᠲᠤᠰᠠᠯᠠᠬᠤ ᠡᠩᠨᠡᠭᠡ ᠪᠤᠶᠤ ᠠᠵᠢᠯᠲᠠᠨ ᠢ | ᠨᠠᠶᠢᠳᠠᠪᠤᠷᠢᠵᠢᠭᠤᠯᠵᠤ᠂ ᠲᠣᠭᠲᠠᠭᠠᠯ ᠶᠣᠰᠣᠭᠠᠷ ᠬᠥᠮᠦᠵᠢᠯ ᠪᠤᠯᠪᠠᠰᠤᠷᠠᠯ ᠪᠣᠯᠤᠨ ᠰᠣᠷᠢᠯᠲᠠ ᠶᠢ ᠵᠣᠬᠢᠶᠠᠨ | ᠪᠠᠶᠢᠭᠤᠯᠬᠤ ᠬᠡᠷᠡᠭᠲᠡᠶ᠃ ᠤᠰᠤᠨ ᠠᠰᠢᠭᠯᠠᠯᠲᠠ ᠤᠰᠤᠨ ᠴᠠᠬᠢᠯᠭᠠᠨ ᠤ ᠪᠠᠷᠢᠯᠭ᠎ᠠ ᠶᠢᠨ ᠠᠵᠤ ᠠᠬᠤᠶᠢᠯᠠᠯ ᠨᠢ ᠪᠠᠴᠢᠮ | ᠪᠠᠶᠢᠳᠠᠯ ᠢ ᠠᠷᠭᠠᠴᠠᠬᠤ ᠵᠢᠵᠢᠭᠦᠷ ᠤᠨ ᠲᠦᠷᠢᠮ ᠪᠠᠶᠢᠭᠤᠯᠵᠤ᠂ ᠪᠠᠴᠢᠮ ᠪᠠᠶᠢᠳᠠᠯ ᠢ ᠠᠷᠭᠠᠴᠠᠬᠤ ᠵᠢᠵᠢᠭᠦᠷ | ᠲᠣᠬᠢᠷᠠᠭᠤᠯᠬᠤ ᠬᠡᠷᠡᠭᠲᠡᠶ᠃ | ᠠᠷᠪᠠᠨ ᠲᠠᠪᠤᠳᠤᠭᠠᠷ ᠵᠤᠷᠪᠤᠰ ᠤᠰᠤᠨ ᠠᠰᠢᠭᠯᠠᠯᠲᠠ ᠶᠢᠨ ᠦᠢᠯᠡᠳᠪᠦᠷᠢᠯᠡᠯ ᠡᠵᠡᠩᠨᠡᠯᠲᠡ ᠶᠢᠨ | ᠨᠢᠭᠡᠴᠢ ᠨᠦᠭᠦᠳ ᠪᠦᠬᠦ ᠠᠵᠢᠯᠲᠠᠨ ᠠᠵᠢᠯᠴᠢᠨ ᠤ ᠠᠶᠤᠯᠭᠦᠢ ᠦᠢᠯᠡᠳᠪᠦᠷᠢᠯᠡᠯ ᠤᠨ ᠪᠤᠯᠪᠠᠰᠤᠷᠠᠯ ᠤᠨ ᠳᠦᠷᠢᠮ | ᠪᠠᠶᠢᠭᠤᠯᠵᠤ᠂ ᠠᠵᠢᠯᠯᠠᠭᠰᠠᠳ ᠲᠤ ᠠᠶᠤᠯᠭᠦᠢ ᠦᠢᠯᠡᠳᠪᠦᠷᠢᠯᠡᠯ ᠤᠨ ᠬᠥᠮᠦᠵᠢᠯ ᠪᠤᠯᠪᠠᠰᠤᠷᠠᠯ ᠬᠢᠵᠦ᠂ | ᠠᠵᠢᠯᠯᠠᠭᠰᠠᠳ ᠤᠨ ᠴᠢᠬᠤᠯᠠ ᠪᠦᠬᠦᠢ ᠠᠶᠤᠯᠭᠦᠢ ᠦᠢᠯᠡᠳᠪᠦᠷᠢᠯᠡᠯ ᠤᠨ ᠮᠡᠳᠡᠯᠭᠡ ᠲᠠᠢ ᠪᠠᠶᠢᠬᠤ ᠶᠢ ᠪᠠᠲᠤᠯᠠᠬᠤ | ᠬᠡᠷᠡᠭᠲᠡᠶ᠃ ᠠᠶᠤᠯᠭᠦᠢ ᠦᠢᠯᠡᠳᠪᠦᠷᠢᠯᠡᠯ ᠤᠨ ᠬᠥᠮᠦᠵᠢᠯ ᠪᠣᠯᠪᠠᠰᠤᠷᠠᠯ ᠳᠤ ᠬᠢᠷᠢ ᠲᠡᠩᠴᠡᠭᠰᠡᠨ ᠤᠢᠭᠡᠢ ᠬᠥᠮᠦᠨ ᠢ | ᠠᠵᠢᠯ ᠤᠨ ᠪᠠᠶᠢᠷᠢ ᠳᠤ ᠭᠠᠷᠭᠠᠵᠤ ᠠᠵᠢᠯᠯᠠᠭᠤᠯᠵᠤ ᠪᠣᠯᠬᠤ ᠤᠢᠭᠡᠢ᠃ ᠤᠰᠤᠨ ᠠᠰᠢᠭᠯᠠᠯᠲᠠ ᠶᠢᠨ ᠦᠢᠯᠡᠳᠪᠦᠷᠢᠯᠡᠯ | ᠡᠵᠡᠩᠨᠡᠯᠲᠡ ᠶᠢᠨ ᠨᠢᠭᠡᠴᠢ ᠬᠥᠳᠡᠯᠮᠦᠷᠢ ᠦᠢᠯᠡᠴᠢᠯᠡᠭᠡ ᠲᠣᠮᠢᠯᠠᠬᠤ ᠬᠡᠯᠪᠡᠷᠢ ᠪᠠᠷ ᠠᠵᠢᠯᠴᠢᠨ ᠬᠡᠷᠡᠭᠯᠡᠬᠦ ᠳᠤ ᠬᠦᠷᠪᠡᠯ᠂ | ᠬᠥᠳᠡᠯᠮᠦᠷᠢ ᠦᠢᠯᠡᠴᠢᠯᠡᠭᠡ ᠲᠣᠮᠢᠯᠠᠬᠤ ᠬᠥᠮᠦᠰ ᠢ ᠲᠤᠰ ᠨᠢᠭᠡᠴᠢ ᠶᠢᠨ ᠢᠶᠠᠨ ᠠᠵᠢᠯᠯᠠᠵᠤ ᠪᠠᠶᠢᠭ᠎ᠠ ᠬᠥᠮᠦᠰ ᠲᠡᠭᠡᠨ | ᠣᠷᠣᠭᠤᠯᠤᠨ ᠨᠢᠭᠡᠳᠦᠯᠲᠡᠢ ᠠᠶᠤᠯᠭᠦᠢ ᠶᠢᠨ ᠬᠠᠮᠢᠶᠠᠷᠤᠯᠲᠠ ᠶᠠᠪᠤᠭᠤᠯᠬᠤ ᠬᠡᠷᠡᠭᠲᠡᠢ᠃ ᠤᠰᠦᠠ ᠠᠰᠢᠭᠯᠠᠯᠲᠠ ᠶᠢᠨ | ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ ᠶᠢᠨ ᠣᠨᠴᠠ ᠲᠦᠷᠦᠯ ᠤᠨ ᠠᠵᠢᠯ ᠬᠢᠭᠰᠡᠳ ᠪᠠ ᠣᠨᠴᠠ ᠲᠦᠷᠦᠯ ᠤᠨ | ᠲᠤᠨᠤᠬ ᠲᠥᠬᠦᠭᠡᠷᠦᠮᠵᠢ ᠶᠢᠨ ᠠᠵᠢᠯ ᠬᠢᠭᠰᠡᠳ ᠡᠷᠬᠡᠪᠰᠢ ᠵᠣᠬᠢᠴᠠᠩᠭᠤᠢ ᠬᠢᠷᠢ ᠬᠡᠮ ᠣᠯᠪᠠᠯ ᠰᠠᠶ᠋ᠢ ᠠᠵᠢᠯ ᠤᠨ | ᠪᠠᠶᠢᠷᠢ ᠳᠤ ᠭᠠᠷᠴᠤ ᠠᠵᠢᠯᠯᠠᠵᠤ ᠪᠣᠯᠤᠨ᠎ᠠ᠃ ᠤᠰᠤᠨ ᠠᠰᠢᠭᠯᠠᠯᠲᠠ ᠤᠰᠤᠨ ᠴᠠᠬᠢᠯᠭᠠᠨ ᠤ ᠪᠠᠷᠢᠯᠭ᠎ᠠ ᠶᠢᠨ ᠠᠵᠤ | ᠠᠬᠤᠶᠢᠯᠠᠯ ᠤᠨ ᠭᠤᠣᠯ ᠬᠠᠷᠢᠭᠤᠴᠠᠯᠭᠠᠲᠠᠨ᠂ ᠲᠥᠷᠥᠯ ᠵᠦᠢᠯ ᠤᠨ ᠬᠠᠷᠢᠭᠤᠴᠠᠯᠭᠠᠲᠠᠨ ᠪᠣᠯᠤᠨ ᠠᠶᠤᠯᠭᠦᠢ | ᠦᠢᠯᠡᠳᠪᠦᠷᠢᠯᠡᠯ ᠤᠨ ᠬᠠᠮᠢᠶᠠᠷᠤᠯᠲᠠ ᠶᠢᠨ ᠲᠤᠰᠬᠠᠶ ᠲᠤᠰᠢᠶᠠᠯ ᠲᠠᠢ ᠠᠵᠢᠯᠲᠠᠨ ᠨᠢ ᠤᠰᠤᠨ ᠠᠰᠢᠭᠯᠠᠯᠲᠠ ᠶᠢᠨ | ᠶᠠᠮᠤᠨ ᠪᠤᠶᠤ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠠᠶᠤᠯᠭᠦᠢ | ᠦᠢᠯᠡᠳᠪᠦᠷᠢᠯᠡᠯ ᠤᠨ ᠬᠢᠨᠠᠨ ᠰᠢᠯᠭᠠᠯᠲᠠ ᠳᠤ ᠬᠢᠷᠢ ᠲᠡᠩᠴᠡᠭᠰᠡᠨ ᠪᠠᠶᠢᠬᠤ ᠬᠡᠷᠡᠭᠲᠡᠶ᠃ | ᠠᠷᠪᠠᠨ ᠵᠢᠷᠭᠤᠳᠤᠭᠠᠷ ᠵᠤᠷᠪᠤᠰ ᠤᠰᠤᠨ ᠠᠰᠢᠭᠯᠠᠯᠲᠠ ᠶᠢᠨ ᠦᠢᠯᠡᠳᠪᠦᠷᠢᠯᠡᠯ ᠡᠵᠡᠩᠨᠡᠯᠲᠡ ᠶᠢᠨ | ᠨᠢᠭᠡᠴᠢ ᠨᠦᠭᠦᠳ ᠠᠶᠤᠯᠭᠦᠢ ᠦᠢᠯᠡᠳᠪᠦᠷᠢᠯᠡᠯ ᠤᠨ ᠠᠮᠠᠯᠠᠯᠲᠠ ᠶᠢᠨ ᠳᠦᠷᠢᠮ ᠢ ᠪᠠᠶᠢᠭᠤᠯᠵᠤ᠂ ᠭᠤᠣᠯ | ᠬᠠᠷᠢᠭᠤᠴᠠᠯᠭᠠᠲᠠᠨ ︵ᠪᠣᠳᠠᠲᠠᠶ ᠡᠵᠡᠮᠳᠡᠭᠴᠢ︶ ᠠᠴᠠ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ | ᠭᠦᠢᠴᠡᠳᠬᠡᠬᠦ᠂ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠪᠣᠯᠤᠨ ᠠᠵᠢᠯᠯᠠᠬᠤ ᠳᠦᠷᠢᠮ ᠢ | ᠬᠡᠷᠡᠭᠵᠢᠭᠦᠯᠬᠦ᠂ ᠡᠯ᠎ᠡ ᠵᠦᠢᠯ ᠤᠨ ᠠᠶᠤᠯᠭᠦᠢ ᠶᠢᠨ ᠬᠠᠮᠢᠶᠠᠷᠤᠯᠲᠠ ᠶᠢᠨ ᠳᠦᠷᠢᠮ ᠢ ᠨᠠᠶᠢᠳᠠᠪᠤᠷᠢᠵᠢᠭᠤᠯᠬᠤ ᠵᠡᠷᠭᠡ ᠳᠤ | ᠵᠢᠯ ᠪᠦᠷᠢ ᠨᠡᠶᠢᠭᠡᠮ ᠪᠣᠯᠤᠨ ᠠᠵᠢᠯᠲᠠᠨ ᠠᠵᠢᠯᠴᠢᠨ ᠳᠤ ᠢᠯᠡ ᠪᠠᠷ ᠠᠮᠠᠯᠠᠯᠲᠠ ᠬᠢᠬᠦ ᠬᠡᠷᠡᠭᠲᠡᠶ᠃ | ᠠᠷᠪᠠᠨ ᠳᠣᠯᠣᠳᠤᠭᠠᠷ ᠵᠤᠷᠪᠤᠰ ᠤᠰᠤᠨ ᠠᠰᠢᠭᠯᠠᠯᠲᠠ ᠶᠢᠨ ᠦᠢᠯᠡᠳᠪᠦᠷᠢᠯᠡᠯ ᠡᠵᠡᠩᠨᠡᠯᠲᠡ ᠶᠢᠨ | ᠨᠢᠭᠡᠴᠢ ᠨᠦᠭᠦᠳ ᠠᠶᠤᠯᠭᠦᠢ ᠦᠢᠯᠡᠳᠪᠦᠷᠢᠯᠡᠯ ᠤᠨ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠪᠠᠨ ᠴᠢᠩᠭᠠᠳᠬᠠᠨ᠂ | ᠤᠰᠤᠨ ᠠᠰᠢᠭᠯᠠᠯᠲᠠ ᠶᠢᠨ ᠠᠶᠤᠯᠭᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠮᠡᠳᠡᠭᠡ ᠵᠠᠩᠭᠢ ᠶᠢᠨ | ᠰᠢᠰᠲ᠋ᠧᠮ ᠢ ᠬᠡᠷᠡᠭᠯᠡᠵᠦ᠂ ᠮᠡᠳᠡᠭᠡ ᠵᠠᠩᠭᠢ ᠶᠢᠨ ᠮᠡᠷᠭᠡᠵᠢᠯ ᠤᠨ ᠠᠷᠭ᠎ᠠ ᠪᠠᠷᠢᠯ ᠢ ᠳᠡᠯᠭᠡᠷᠡᠭᠦᠯᠦᠨ ᠬᠡᠷᠡᠭᠯᠡᠵᠦ᠂ | ᠠᠶᠤᠯᠭᠦᠢ ᠦᠢᠯᠡᠳᠪᠦᠷᠢᠯᠡᠯ ᠢ ᠪᠠᠲᠤᠯᠠᠬᠤ ᠴᠢᠳᠠᠪᠤᠷᠢ ᠪᠠᠨ ᠳᠡᠭᠡᠭᠰᠢᠯᠡᠭᠦᠯᠬᠦ ᠬᠡᠷᠡᠭᠲᠡᠶ᠃ | ᠠᠷᠪᠠᠨ ᠨᠠᠢᠮᠠᠳᠤᠭᠠᠷ ᠵᠤᠷᠪᠤᠰ ᠤᠰᠤᠨ ᠠᠰᠢᠭᠯᠠᠯᠲᠠ ᠶᠢᠨ ᠦᠢᠯᠡᠳᠪᠦᠷᠢᠯᠡᠯ ᠡᠵᠡᠩᠨᠡᠯᠲᠡ ᠶᠢᠨ | ᠨᠢᠭᠡᠴᠢ ᠨᠦᠭᠦᠳ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠳᠤ ᠬᠠᠤᠯᠢ ᠶᠣᠰᠣᠭᠠᠷ ᠣᠷᠣᠯᠴᠠᠵᠤ᠂ | ᠠᠵᠢᠯᠯᠠᠭᠰᠠᠳ ᠲᠤ ᠳᠠᠭᠠᠳᠬᠠᠯ ᠤᠨ ᠰᠦᠢᠳᠬᠡᠯ ᠲᠤᠰᠢᠶᠠᠬᠤ ᠬᠡᠷᠡᠭᠲᠡᠶ᠃ ᠤᠰᠤᠨ ᠠᠰᠢᠭᠯᠠᠯᠲᠠ ᠤᠰᠤᠨ | ᠴᠠᠬᠢᠯᠭᠠᠨ ᠤ ᠪᠠᠷᠢᠯᠭ᠎ᠠ ᠪᠠᠷᠢᠬᠤ ᠠᠵᠤ ᠠᠬᠤᠶᠢᠯᠠᠯ ᠨᠢ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ | ᠳᠠᠭᠠᠳᠬᠠᠯ ᠤᠨ ᠲᠦᠷᠢᠮ ᠢ ᠨᠠᠶᠢᠳᠠᠪᠤᠷᠢᠵᠢᠭᠤᠯᠵᠤ᠂ ᠪᠠᠷᠢᠯᠭ᠎ᠠ ᠪᠠᠷ ᠨᠢᠭᠡᠴᠢ ᠪᠣᠯᠭᠠᠨ ᠲᠥᠷᠥᠯ ᠵᠦᠢᠯ ᠤᠨ ᠪᠠᠷᠢᠯᠭ᠎ᠠ | ᠪᠠᠷᠢᠵᠤ ᠪᠠᠶᠢᠭ᠎ᠠ ᠭᠠᠵᠠᠷ ᠲᠤ ᠳᠠᠭᠠᠳᠬᠠᠭᠤᠯᠬᠤ ᠬᠡᠷᠡᠭᠲᠡᠶ᠃ | ᠠᠷᠪᠠ ᠶᠢᠰᠦᠳᠦᠭᠡᠷ ᠵᠤᠷᠪᠤᠰ ᠤᠰᠤᠨ ᠠᠰᠢᠭᠯᠠᠯᠲᠠ ᠶᠢᠨ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ | ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ᠂ ᠦᠢᠯᠡᠳᠪᠦᠷᠢᠯᠡᠯ ᠡᠵᠡᠩᠨᠡᠯᠲᠡ ᠶᠢᠨ ᠲᠥᠷᠥᠯ | ᠵᠦᠢᠯ᠂ ᠭᠠᠵᠠᠷ ᠲᠠᠯᠠᠪᠤᠷ ᠵᠡᠷᠭᠡ ᠶᠢ ᠪᠤᠰᠤᠳ ᠨᠢᠭᠡᠴᠢ ᠳᠤ ᠳᠠᠭᠠᠭᠠᠴᠢᠯᠠᠭᠤᠯᠤᠭᠰᠠᠨ ᠪᠤᠶᠤ ᠲᠦᠷᠢᠶᠡᠰᠦᠯᠡᠭᠦᠯᠦᠭᠰᠡᠨ᠂ | ᠡᠰᠡᠬᠦᠯ᠎ᠡ ᠬᠤᠶᠠᠷ ᠠᠴᠠ ᠳᠡᠭᠡᠭᠰᠢᠬᠢ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ ᠠᠳᠠᠯᠢ ᠨᠢᠭᠡᠨ ᠠᠵᠢᠯ ᠤᠨ | ᠣᠷᠣᠨ ᠤ ᠳᠣᠲᠣᠷ᠎ᠠ ᠦᠢᠯᠡᠳᠪᠦᠷᠢᠯᠡᠯ ᠡᠵᠡᠩᠨᠡᠯᠲᠡ ᠶᠢᠨ ᠠᠵᠢᠯᠯᠠᠭ᠎ᠠ ᠬᠢᠬᠦ ᠳᠤ ᠨᠥᠭᠦᠭᠡ ᠡᠲᠡᠭᠡᠳ ᠤᠨ ᠢᠶᠠᠨ | ᠦᠢᠯᠡᠳᠪᠦᠷᠢᠯᠡᠯ ᠤᠨ ᠠᠶᠤᠯᠭᠦᠢ ᠶᠢ ᠰᠦᠷᠳᠡᠭᠦᠯᠵᠦ ᠮᠡᠳᠡᠪᠡᠯ᠂ ᠠᠶᠤᠯᠭᠦᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ | ᠲᠤᠰᠬᠠᠶ ᠵᠥᠪᠯᠡᠯᠴᠡᠭᠡᠷ ᠲᠣᠭᠲᠠᠬᠤ ᠪᠤᠶᠤ ᠭᠡᠷ᠎ᠡ ᠳᠡᠭᠡᠨ ᠲᠤᠰ ᠲᠤᠰ ᠤᠨ ᠠᠶᠤᠯᠭᠦᠢ ᠦᠢᠯᠡᠳᠪᠦᠷᠢᠯᠡᠯ ᠤᠨ | ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠪᠠᠨ ᠪᠣᠯᠵᠣᠨ ᠲᠣᠭᠲᠠᠬᠤ ᠬᠡᠷᠡᠭᠲᠡᠶ᠃ | ᠭᠤᠷᠪᠠᠳᠤᠭᠠᠷ ᠪᠦᠯᠦᠭ ᠤᠰᠤᠨ ᠠᠰᠢᠭᠯᠠᠯᠲᠠ ᠶᠢᠨ ᠠᠶᠤᠯᠭᠦᠢᠦᠢᠯᠡᠳᠪᠦᠷᠢᠯᠡᠯ ᠳᠤ ᠬᠢᠨᠠᠯᠲᠠ ᠲᠠᠯᠪᠢᠵᠤ | ᠬᠠᠮᠢᠶᠠᠷᠬᠤ | ᠬᠤᠷᠢᠳᠤᠭᠠᠷ ᠵᠤᠷᠪᠤᠰ ᠪᠦᠬᠦ ᠣᠷᠣᠨ ᠤ ᠡᠯ᠎ᠡ ᠱᠠᠲᠤᠨ ᠤ ᠤᠰᠤᠨ ᠤ ᠵᠠᠰᠠᠭ ᠵᠠᠬᠢᠷᠭᠠᠨ ᠤ ᠭᠤᠣᠯᠴᠢᠯᠠᠨ | ᠬᠠᠮᠢᠶᠠᠷᠬᠤ ᠰᠠᠯᠠᠭ᠎ᠠ ᠮᠥᠴᠢᠷ ᠤᠨ ᠠᠶᠤᠯᠭᠦᠢ ᠦᠢᠯᠡᠳᠪᠦᠷᠢᠯᠡᠯ ᠤᠨ ᠺᠣᠮᠢᠰ ︵ᠤᠳᠤᠷᠢᠳᠬᠤ ᠳᠤᠭᠤᠶᠢᠯᠠᠩ︶ ᠨᠢ | ᠳᠡᠭᠡᠳᠦ ᠱᠠᠲᠤᠨ ᠤ ᠠᠶᠤᠯᠭᠦᠢ ᠦᠢᠯᠡᠳᠪᠦᠷᠢᠯᠡᠯ ᠤᠨ ᠬᠤᠯᠪᠣᠭᠳᠠᠯ ᠪᠦᠬᠦᠢ ᠰᠢᠢᠳᠪᠦᠷᠢᠲᠦ ᠪᠣᠳᠣᠯᠭ᠎ᠠ ᠶᠢᠨ | ᠱᠠᠭᠠᠷᠳᠠᠯᠭ᠎ᠠ ᠶᠢ ᠪᠠᠶᠢᠷᠢᠯᠠᠭᠤᠯᠤᠨ ᠨᠠᠶᠢᠳᠠᠪᠤᠷᠢᠵᠢᠭᠤᠯᠵᠤ᠂ ᠤᠰᠤᠨ ᠠᠰᠢᠭᠯᠠᠯᠲᠠ ᠶᠢᠨ ᠠᠶᠤᠯᠭᠦᠢ | ᠦᠢᠯᠡᠳᠪᠦᠷᠢᠯᠡᠯ ᠤᠨ ᠴᠢᠬᠤᠯᠠ ᠶᠡᠭᠡ ᠲᠥᠷᠥ ᠶᠢᠨ ᠪᠣᠳᠣᠯᠭ᠎ᠠ ᠶᠢ ᠰᠤᠳᠤᠯᠤᠨ ᠳᠤᠷᠠᠳᠴᠤ᠂ ᠤᠰᠤᠨ | ᠠᠰᠢᠭᠯᠠᠯᠲᠠ ᠶᠢᠨ ᠠᠶᠤᠯᠭᠦᠢ ᠦᠢᠯᠡᠳᠪᠦᠷᠢᠯᠡᠯ ᠤᠨ ᠠᠵᠢᠯ ᠤᠨ ᠳᠤᠮᠳᠠᠬᠢ ᠴᠢᠬᠤᠯᠠ ᠶᠡᠭᠡ ᠠᠰᠠᠭᠤᠳᠠᠯ ᠪᠣᠯᠤᠨ | ᠵᠦᠢᠯᠡᠰ ᠢ ᠵᠣᠬᠢᠴᠠᠭᠤᠯᠤᠨ ᠰᠢᠢᠳᠪᠦᠷᠢᠯᠡᠵᠦ᠂ ᠤᠰᠤᠨ ᠠᠰᠢᠭᠯᠠᠯᠲᠠ ᠶᠢᠨ ᠠᠶᠤᠯᠭᠦᠢ ᠦᠢᠯᠡᠳᠪᠦᠷᠢᠯᠡᠯ ᠤᠨ ᠬᠢᠨᠠᠯᠲᠠ | ᠬᠠᠮᠢᠶᠠᠷᠤᠯᠲᠠ ᠶᠢᠨ ᠭᠤᠣᠯᠳᠠᠯᠭ᠎ᠠ ᠲᠠᠢ ᠠᠵᠢᠯ ᠢ ᠰᠢᠮᠳᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠶ᠃ | ᠬᠤᠷᠢᠨ ᠨᠢᠭᠡᠳᠦᠭᠡᠷ ᠵᠤᠷᠪᠤᠰ ᠪᠦᠬᠦ ᠣᠷᠣᠨ ᠤ ᠡᠯ᠎ᠡ ᠱᠠᠲᠤᠨ ᠤ ᠤᠰᠤᠨ ᠤ ᠵᠠᠰᠠᠭ ᠵᠠᠬᠢᠷᠭᠠᠨ ᠤ | ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠪᠣᠯ ᠲᠤᠰ ᠨᠢᠭᠡᠴᠢ ᠶᠢᠨ ᠠᠶᠤᠯᠭᠦᠢ | ᠦᠢᠯᠡᠳᠪᠦᠷᠢᠯᠡᠯ ᠤᠨ ᠠᠵᠢᠯ ᠤᠨ ᠨᠢᠭᠡᠳᠦᠭᠡᠷ ᠬᠠᠷᠢᠭᠤᠴᠠᠯᠭ᠎ᠠ ᠡᠭᠦᠷᠭᠡᠯᠡᠭᠴᠢ ᠪᠣᠯᠬᠤ ᠪᠥᠭᠡᠳ ᠪᠦᠬᠦ ᠲᠠᠯ᠎ᠠ ᠶᠢᠨ | ᠤᠳᠤᠷᠢᠳᠬᠤ ᠬᠠᠷᠢᠭᠤᠴᠠᠯᠭ᠎ᠠ ᠶᠢ ᠡᠭᠦᠷᠭᠡᠯᠡᠵᠦ᠂ ᠠᠶᠤᠯᠭᠦᠢ ᠦᠢᠯᠡᠳᠪᠦᠷᠢᠯᠡᠯ ᠤᠨ ᠠᠵᠢᠯ ᠢ ᠬᠤᠪᠢᠳᠠᠨ ᠬᠠᠮᠢᠶᠠᠷᠴᠤ | ᠪᠠᠶᠢᠭ᠎ᠠ ᠬᠠᠷᠢᠭᠤᠴᠠᠯᠭᠠᠲᠠᠨ ᠶᠡᠷᠦᠩᠬᠡᠶᠢᠯᠡᠭᠰᠡᠨ ᠬᠢᠨᠠᠨ ᠬᠠᠮᠢᠶᠠᠷᠬᠤ ᠤᠳᠤᠷᠢᠳᠤᠯᠭ᠎ᠠ ᠶᠢᠨ ᠬᠠᠷᠢᠭᠤᠴᠠᠯᠭ᠎ᠠ ᠶᠢ | ᠡᠭᠦᠷᠭᠡᠯᠡᠵᠦ᠂ ᠪᠤᠰᠤᠳ ᠬᠠᠷᠢᠭᠤᠴᠠᠯᠭᠠᠲᠠᠨ ᠬᠤᠪᠢᠳᠠᠨ ᠬᠠᠮᠢᠶᠠᠷᠴᠤ ᠪᠦᠬᠦᠢ ᠬᠡᠪᠴᠢᠶᠡᠨ ᠳᠣᠲᠣᠷᠠᠬᠢ ᠠᠶᠤᠯᠭᠦᠢ | ᠦᠢᠯᠡᠳᠪᠦᠷᠢᠯᠡᠯ ᠤᠨ ᠠᠵᠢᠯ ᠳᠤ ᠲᠤᠰᠬᠠᠶ ᠬᠢᠨᠠᠨ ᠬᠠᠮᠢᠶᠠᠷᠬᠤ ᠤᠳᠤᠷᠢᠳᠤᠯᠭ᠎ᠠ ᠶᠢᠨ ᠬᠠᠷᠢᠭᠤᠴᠠᠯᠭ᠎ᠠ ᠶᠢ | ᠡᠭᠦᠷᠭᠡᠯᠡᠨ᠎ᠡ᠃ | ᠬᠤᠷᠢᠨ ᠬᠤᠶᠠᠳᠤᠭᠠᠷ ᠵᠤᠷᠪᠤᠰ ᠪᠦᠬᠦ ᠣᠷᠣᠨ ᠤ ᠡᠯ᠎ᠡ ᠱᠠᠲᠤᠨ ᠤ ᠤᠰᠤᠨ ᠤ ᠵᠠᠰᠠᠭ ᠵᠠᠬᠢᠷᠭᠠᠨ ᠤ | ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠠᠶᠤᠯᠭᠦᠢ ᠦᠢᠯᠡᠳᠪᠦᠷᠢᠯᠡᠯ ᠤᠨ ᠶᠡᠷᠦᠩᠬᠡᠶᠢᠯᠡᠭᠰᠡᠨ ᠬᠢᠨᠠᠯᠲᠠ | ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠠᠵᠢᠯ ᠤᠨ ᠡᠭᠦᠷᠭᠡ ᠬᠠᠷᠢᠭᠤᠴᠠᠯᠭ᠎ᠠ ᠶᠢᠨ ᠶᠣᠰᠣᠭᠠᠷ ᠲᠤᠰ ᠱᠠᠲᠤᠨ ᠤ | ᠤᠰᠤᠨ ᠠᠰᠢᠭᠯᠠᠯᠲᠠ ᠶᠢᠨ ᠠᠶᠤᠯᠭᠦᠢ ᠦᠢᠯᠡᠳᠪᠦᠷᠢᠯᠡᠯ ᠤᠨ ᠳᠦᠷᠢᠮ ᠲᠣᠭᠲᠠᠭᠠᠯ ᠢ ᠵᠣᠬᠢᠶᠠᠨ ᠪᠠᠶᠢᠭᠤᠯᠤᠨ | ᠪᠦᠷᠢᠨᠰᠢᠭᠦᠯᠬᠦ ᠶᠢ ᠬᠠᠷᠢᠭᠤᠴᠠᠵᠤ᠂ ᠠᠶᠤᠯᠭᠦᠢ ᠦᠢᠯᠡᠳᠪᠦᠷᠢᠯᠡᠯ ᠤᠨ ᠲᠦᠭᠰᠢᠭᠦᠷᠢ ᠶᠢ ᠦᠨᠡᠯᠡᠨ ᠵᠢᠱᠢᠬᠦ᠂ ᠬᠢᠨᠠᠯᠲᠠ | ᠲᠠᠯᠪᠢᠵᠤ ᠪᠠᠶᠢᠴᠠᠭᠠᠬᠤ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ᠂ ᠪᠦᠷᠢᠳᠬᠡᠨ ᠵᠠᠳᠠᠯᠬᠤ᠂ ᠤᠬᠠᠭᠤᠯᠤᠨ | ᠬᠥᠮᠦᠵᠢᠭᠦᠯᠬᠦ ᠪᠤᠯᠪᠠᠰᠤᠷᠠᠯ ᠵᠡᠷᠭᠡ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢᠨ ᠠᠵᠢᠯ ᠢ ᠥᠷᠨᠢᠭᠦᠯᠦᠨ᠎ᠡ᠃ | ᠬᠤᠷᠢᠨ ᠭᠤᠷᠪᠠᠳᠤᠭᠠᠷ ᠵᠤᠷᠪᠤᠰ ᠪᠥᠬᠦ ᠣᠷᠣᠨ ᠤ ᠡᠯ᠎ᠡ ᠱᠠᠲᠤᠨ ᠤ ᠤᠰᠤᠨ ᠤ ᠵᠠᠰᠠᠭ ᠵᠠᠬᠢᠷᠭᠠᠨ ᠤ | ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠠᠶᠤᠯᠭᠦᠢ ᠦᠢᠯᠡᠳᠪᠦᠷᠢᠯᠡᠯ ᠤᠨ ᠲᠤᠰᠬᠠᠢ ᠬᠢᠨᠠᠯᠲᠠ | ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠠᠵᠢᠯ ᠤᠨ ᠡᠭᠦᠷᠭᠡ ᠬᠠᠷᠢᠭᠤᠴᠠᠯᠭ᠎ᠠ ᠶᠢᠨ ᠢᠶᠠᠨ ᠶᠣᠰᠣᠭᠠᠷ ᠲᠤᠰ | ᠲᠤᠰᠬᠠᠢ ᠮᠡᠷᠭᠡᠵᠢᠯ ᠤᠨ ᠬᠦᠷᠢᠶᠡᠨ ᠤ ᠪᠠᠨ ᠤᠰᠤᠨ ᠠᠰᠢᠭᠯᠠᠯᠲᠠ ᠶᠢᠨ ᠠᠶᠤᠯᠭᠦᠢ ᠦᠢᠯᠡᠳᠪᠦᠷᠢᠯᠡᠯ ᠤᠨ ᠠᠵᠢᠯ ᠳᠤ | ᠬᠢᠨᠠᠯᠲᠠ ᠲᠠᠯᠪᠢᠵᠤ ᠬᠠᠮᠢᠶᠠᠷᠤᠨ᠂ ᠲᠤᠰ ᠲᠤᠰᠬᠠᠢ ᠮᠡᠷᠭᠡᠵᠢᠯ ᠤᠨ ᠬᠦᠷᠢᠶᠡᠨ ᠤ ᠬᠤᠯᠪᠣᠭᠳᠠᠯ ᠪᠥᠬᠦᠢ ᠲᠥᠷᠢᠮ | ᠪᠣᠯᠤᠨ ᠮᠡᠷᠭᠡᠵᠢᠯ ᠤᠨ ᠪᠠᠷᠢᠮᠵᠢᠶ᠎ᠠ ᠶᠢ ᠪᠥᠷᠢᠨᠰᠢᠬᠦᠯᠥᠨ ᠨᠠᠶᠢᠳᠠᠪᠤᠷᠢᠵᠢᠭᠤᠯᠵᠤ᠂ ᠲᠤᠰ ᠲᠤᠰᠬᠠᠢ ᠮᠡᠷᠭᠡᠵᠢᠯ ᠤᠨ | ᠬᠦᠷᠢᠶᠡᠨ ᠤ ᠪᠠᠨ ᠤᠰᠤᠨ ᠠᠰᠢᠭᠯᠠᠯᠲᠠ ᠶᠢᠨ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ ᠶᠢᠨ ᠠᠶᠤᠯᠭᠦᠢ | ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠬᠤ ᠶᠢ ᠬᠢᠨᠠᠨ ᠵᠢᠯᠣᠭᠤᠳᠬᠤ | ᠬᠡᠷᠡᠭᠲᠡᠢ᠃ | ᠬᠤᠷᠢᠨ ᠳᠥᠷᠪᠡᠳᠦᠭᠡᠷ ᠵᠤᠷᠪᠤᠰ ᠪᠥᠬᠦ ᠣᠷᠣᠨ ᠤ ᠡᠯ᠎ᠡ ᠱᠠᠲᠤᠨ ᠤ ᠤᠰᠤᠨ ᠤ ᠵᠠᠰᠠᠭ ᠵᠠᠬᠢᠷᠭᠠᠨ ᠤ | ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ | ᠰᠢᠰᠲ᠋ᠧᠮᠵᠢ ᠶᠢ ᠪᠠᠶᠢᠭᠤᠯᠤᠨ ᠪᠦᠷᠢᠨᠰᠢᠭᠦᠯᠵᠦ᠂ ᠠᠶᠤᠯᠭᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ | ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ | ᠤᠰᠤᠨ ᠠᠰᠢᠭᠯᠠᠯᠲᠠ ᠶᠢᠨ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ ᠶᠢᠨ ᠪᠥᠬᠦ ᠠᠵᠢᠯᠲᠠᠨ ᠤ ᠠᠶᠤᠯᠭᠦᠢ | ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠲᠦᠷᠢᠮ ᠢ ᠨᠠᠶᠢᠳᠠᠪᠤᠷᠢᠵᠢᠭᠤᠯᠬᠤ ᠳᠤ ᠬᠢᠨᠠᠯᠲᠠ ᠲᠠᠯᠪᠢᠬᠤ ᠪᠠ | ᠵᠢᠯᠣᠭᠤᠳᠬᠤ ᠬᠡᠷᠡᠭᠲᠡᠶ᠃ | ᠬᠤᠷᠢᠨ ᠲᠠᠪᠤᠳᠤᠭᠠᠷ ᠵᠤᠷᠪᠤᠰ ᠪᠦᠬᠦ ᠣᠷᠣᠨ ᠤ ᠡᠯ᠎ᠡ ᠱᠠᠲᠤᠨ ᠤ ᠤᠰᠤᠨ ᠤ ᠵᠠᠰᠠᠭ ᠵᠠᠬᠢᠷᠭᠠᠨ ᠤ | ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠠᠶᠤᠯᠭᠦᠢ ᠦᠢᠯᠡᠳᠪᠦᠷᠢᠯᠡᠯ ᠤᠨ ᠲᠦᠭᠰᠢᠭᠦᠷᠢ ᠶᠢ ᠱᠠᠲᠤ | ᠬᠤᠪᠢᠶᠠᠨ ᠬᠠᠮᠢᠶᠠᠷᠤᠨ ᠡᠵᠡᠮᠳᠡᠬᠦ ᠰᠢᠰᠲ᠋ᠧᠮᠵᠢ ᠶᠢ ᠪᠠᠶᠢᠭᠤᠯᠤᠨ ᠪᠦᠷᠢᠨᠰᠢᠭᠦᠯᠵᠦ᠂ ᠠᠶᠤᠯᠭᠦᠢ ᠶᠢᠨ ᠲᠦᠭᠰᠢᠭᠦᠷᠢ ᠶᠢᠨ | ᠳ᠋ᠡᠶᠢᠲ᠋ᠠ ᠬᠦᠮᠦᠷᠭᠡ ᠶᠢ ᠪᠠᠶᠢᠭᠤᠯᠤᠨ᠂ ᠵᠦᠷᠢᠶᠡᠴᠢᠯᠡᠭᠰᠡᠨ ᠬᠢᠨᠠᠯᠲᠠ ᠬᠠᠮᠢᠶᠠᠷᠤᠯᠲᠠ ᠶᠢ ᠬᠡᠷᠡᠭᠵᠢᠭᠦᠯᠵᠦ᠂ ᠤᠰᠤᠨ | ᠠᠰᠢᠭᠯᠠᠯᠲᠠ ᠶᠢᠨ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ ᠶᠢ ᠰᠢᠮᠳᠠᠭᠤᠯᠤᠨ ᠵᠢᠯᠣᠭᠤᠳᠴᠤ ᠪᠠᠶᠢᠭᠠᠳ | ᠠᠶᠤᠯ ᠤᠨ ᠡᠬᠢ ᠰᠤᠷᠪᠤᠯᠵᠢ ᠶᠢ ᠢᠯᠭᠠᠨ ᠲᠠᠨᠢᠬᠤ ᠪᠠ ᠲᠦᠭᠰᠢᠭᠦᠷᠢ ᠶᠢᠨ ᠦᠨᠡᠯᠡᠯᠲᠡ ᠬᠢᠯᠭᠡᠵᠦ᠂ ᠬᠦᠨᠳᠦ ᠶᠡᠭᠡ | ᠠᠶᠤᠯ ᠤᠨ ᠡᠬᠢ ᠰᠤᠷᠪᠤᠯᠵᠢ ᠪᠠ ᠲᠦᠭᠰᠢᠭᠦᠷᠢ ᠶᠢᠨ ᠵᠡᠷᠭᠡ ᠳᠡᠰ ᠢ ᠬᠦᠨᠳᠦ ᠶᠡᠭᠡ ᠡᠩ ᠤᠨ ᠠᠶᠤᠯ ᠤᠨ ᠡᠬᠢ | ᠰᠤᠷᠪᠤᠯᠵᠢ ᠪᠣᠯᠭᠠᠨ ᠬᠠᠮᠢᠶᠠᠷᠤᠨ ᠡᠵᠡᠮᠳᠡᠬᠦ ᠶᠢ ᠴᠢᠩᠭᠠᠳᠬᠠᠬᠤ ᠬᠡᠷᠡᠭᠲᠡᠶ᠃ | ᠬᠤᠷᠢᠨ ᠵᠢᠷᠭᠤᠳᠤᠭᠠᠷ ᠵᠣᠷᠪᠤᠰ ᠪᠦᠬᠦ ᠣᠷᠣᠨ ᠤ ᠡᠯ᠎ᠡ ᠱᠠᠲᠤᠨ ᠤ ᠤᠰᠤᠨ ᠤ ᠵᠠᠰᠠᠭ ᠵᠠᠬᠢᠷᠭᠠᠨ ᠤ | ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠳᠠᠯᠳᠠ ᠭᠡᠮ ᠢ ᠵᠢᠭᠰᠠᠭᠠᠨ ᠪᠠᠶᠢᠴᠠᠭᠠᠵᠤ ᠵᠠᠰᠠᠬᠤ ᠰᠢᠰᠲ᠋ᠧᠮᠵᠢ ᠶᠢ | ᠪᠠᠶᠢᠭᠤᠯᠤᠨ ᠪᠦᠷᠢᠨᠰᠢᠭᠦᠯᠵᠦ᠂ ᠬᠠᠮᠢᠶ᠎ᠠ ᠪᠦᠬᠦᠢ ᠳᠦᠷᠢᠮ᠂ ᠪᠠᠷᠢᠮᠵᠢᠶ᠎ᠠ ᠶᠢ ᠲᠣᠭᠲᠠᠭᠠᠨ ᠲᠡᠭᠦᠯᠳᠡᠷᠵᠢᠭᠦᠯᠵᠦ᠂ | ᠳᠠᠯᠳᠠ ᠭᠡᠮ ᠢ ᠵᠢᠭᠰᠠᠭᠠᠨ ᠪᠠᠶᠢᠴᠠᠭᠠᠵᠤ ᠵᠠᠰᠠᠬᠤ ᠶᠢ ᠲᠤᠰ ᠬᠠᠷᠢᠶ᠎ᠠ ᠣᠷᠣᠨ ︵ᠨᠢᠭᠡᠴᠢ︶ ᠤ ᠪᠠᠨ ᠤᠰᠤᠨ | ᠠᠰᠢᠭᠯᠠᠯᠲᠠ ᠶᠢᠨ ᠠᠶᠤᠯᠭᠦᠢ ᠦᠢᠯᠡᠳᠪᠦᠷᠢᠯᠡᠯ ᠳᠤ ᠬᠢᠨᠠᠯᠲᠠ ᠲᠠᠯᠪᠢᠵᠤ ᠬᠠᠮᠢᠶᠠᠷᠬᠤ ᠶᠢᠨ ᠴᠢᠬᠤᠯᠠ ᠠᠭᠤᠯᠭ᠎ᠠ | ᠪᠣᠯᠭᠠᠨ᠂ ᠰᠢᠮᠳᠠᠭᠤᠯᠤᠨ ᠵᠢᠯᠣᠭᠤᠳᠬᠤ ᠪᠠ ᠬᠢᠨᠠᠯᠲᠠ ᠲᠠᠯᠪᠢᠵᠤ ᠪᠠᠶᠢᠴᠠᠭᠠᠬᠤ ᠪᠠᠨ ᠴᠢᠩᠭᠠᠳᠬᠠᠵᠤ᠂ ᠤᠰᠤᠨ | ᠠᠰᠢᠭᠯᠠᠯᠲᠠ ᠶᠢᠨ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ ᠳᠤ ᠠᠳᠡᠯ ᠤᠨ ᠳᠠᠯᠳᠠ ᠭᠡᠮ ᠢ ᠵᠢᠭᠰᠠᠭᠠᠨ | ᠪᠠᠶᠢᠴᠠᠭᠠᠵᠤ ᠵᠠᠰᠠᠬᠤ ᠳᠦᠷᠢᠮ ᠪᠠᠶᠢᠭᠤᠯᠤᠭᠰᠠᠨ ᠦᠭᠡᠶ᠂ ᠴᠠᠭ ᠲᠤᠬᠠᠶ ᠳᠤᠨᠢ ᠵᠢᠭᠰᠠᠭᠠᠨ ᠪᠠᠶᠢᠴᠠᠭᠠᠭᠰᠠᠨ ᠦᠭᠡᠶ | ᠪᠥᠭᠡᠳ ᠠᠷᠭ᠎ᠠ ᠬᠡᠮᠵᠢᠶ᠎ᠡ ᠠᠪᠴᠤ ᠠᠳᠡᠯ ᠤᠨ ᠳᠠᠯᠳᠠ ᠭᠡᠮ ᠢ ᠠᠷᠢᠯᠭᠠᠭᠰᠠᠨ ᠦᠭᠡᠶ᠂ ᠠᠳᠡᠯ ᠤᠨ ᠳᠠᠯᠳᠠ ᠭᠡᠮ ᠢ | ᠵᠢᠭᠰᠠᠭᠠᠨ ᠪᠠᠶᠢᠴᠠᠭᠠᠵᠤ ᠵᠠᠰᠠᠭᠰᠠᠨ ᠪᠠᠶᠢᠳᠠᠯ ᠢᠶᠠᠨ ᠦᠨᠡᠨ ᠪᠣᠳᠠᠲᠠᠶ ᠪᠠᠷ ᠲᠡᠮᠳᠡᠭᠯᠡᠭᠰᠡᠨ ᠦᠭᠡᠶ ᠪᠤᠶᠤ ᠠᠵᠢᠯ | ᠡᠷᠬᠢᠯᠡᠭᠰᠡᠳ ᠲᠤ ᠮᠡᠳᠡᠭᠳᠡᠭᠰᠡᠨ ᠦᠭᠡᠶ ᠵᠡᠷᠭᠡ ᠦᠢᠯᠡ ᠠᠵᠢᠯᠯᠠᠭ᠎ᠠ ᠶᠢ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ | ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠶ᠃ ᠪᠦᠬᠦ ᠣᠷᠣᠨ ᠤ ᠡᠯ᠎ᠡ ᠱᠠᠲᠤᠨ ᠤ ᠤᠰᠤᠨ ᠤ ᠵᠠᠰᠠᠭ ᠵᠠᠬᠢᠷᠭᠠᠨ ᠤ | ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠬᠦᠨᠳᠦ ᠶᠡᠭᠡ ᠠᠳᠡᠯ ᠤᠨ ᠳᠠᠯᠳᠠ ᠭᠡᠮ ᠢ ᠰᠢᠮᠳᠠᠭᠤᠯᠤᠨ | ᠭᠦᠢᠴᠡᠳᠬᠡᠯᠭᠡᠬᠦ ᠳᠦᠷᠢᠮ ᠢ ᠪᠠᠶᠢᠭᠤᠯᠤᠨ ᠪᠦᠷᠢᠨᠰᠢᠭᠦᠯᠵᠦ᠂ ᠤᠰᠤᠨ ᠠᠰᠢᠭᠯᠠᠯᠲᠠ ᠶᠢᠨ ᠦᠢᠯᠡᠳᠪᠦᠷᠢᠯᠡᠯ | ᠡᠵᠡᠩᠨᠡᠯᠲᠡ ᠶᠢᠨ ᠨᠢᠭᠡᠴᠢ ᠶᠢ ᠰᠢᠮᠳᠠᠭᠤᠯᠤᠨ ᠵᠢᠯᠣᠭᠤᠳᠴᠤ ᠪᠠᠶᠢᠭᠠᠳ ᠬᠦᠨᠳᠦ ᠶᠡᠭᠡ ᠠᠳᠡᠯ ᠤᠨ ᠳᠠᠯᠳᠠ ᠭᠡᠮ ᠢ | ᠴᠠᠭ ᠲᠤᠬᠠᠶ ᠳᠤᠨᠢ ᠠᠷᠢᠯᠭᠠᠬᠤ ᠬᠡᠷᠡᠭᠲᠡᠶ᠃ | ᠬᠤᠷᠢᠨ ᠳᠣᠯᠣᠳᠤᠭᠠᠷ ᠵᠤᠷᠪᠤᠰ ᠪᠥᠬᠦ ᠣᠷᠣᠨ ᠤ ᠡᠯ᠎ᠡ ᠱᠠᠲᠤᠨ ᠤ ᠤᠰᠤᠨ ᠤ ᠵᠠᠰᠠᠭ ᠵᠠᠬᠢᠷᠭᠠᠨ ᠤ | ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠠᠶᠤᠯᠭᠦᠢ ᠦᠢᠯᠡᠳᠪᠦᠷᠢᠯᠡᠯ ᠤᠨ ᠪᠠᠷᠢᠮᠵᠢᠶᠠᠵᠢᠭᠤᠯᠬᠤ | ᠰᠢᠰᠲ᠋ᠧᠮᠵᠢ ᠶᠢ ᠪᠠᠶᠢᠭᠤᠯᠤᠨ ᠪᠥᠷᠢᠨᠰᠢᠬᠦᠯᠵᠤ᠂ ᠤᠰᠤᠨ ᠠᠰᠢᠭᠯᠠᠯᠲᠠ ᠶᠢᠨ ᠦᠢᠯᠡᠳᠪᠦᠷᠢᠯᠡᠯ ᠡᠵᠡᠩᠨᠡᠯᠲᠡ ᠶᠢᠨ | ᠨᠢᠭᠡᠴᠢ ᠶᠢᠨ ᠠᠶᠤᠯᠭᠦᠢ ᠦᠢᠯᠡᠳᠪᠦᠷᠢᠯᠡᠯ ᠤᠨ ᠪᠠᠷᠢᠮᠵᠢᠶᠠᠵᠢᠭᠤᠯᠬᠤ ᠪᠥᠳᠥᠭᠡᠨ ᠪᠠᠶᠢᠭᠤᠯᠤᠯᠲᠠ ᠥᠷᠨᠢᠭᠦᠯᠬᠦ ᠲᠤ | ᠬᠢᠨᠠᠯᠲᠠ ᠲᠠᠯᠪᠢᠨ ᠵᠢᠯᠣᠭᠤᠳᠴᠤ᠂ ᠬᠢᠨᠠᠨ ᠲᠣᠭᠲᠠᠭᠠᠬᠤ ᠡᠷᠬᠡ ᠮᠡᠳᠡᠯ ᠤᠨ ᠶᠣᠰᠣᠭᠠᠷ ᠪᠠᠷᠢᠮᠵᠢᠶᠠᠵᠢᠭᠤᠯᠬᠤ ᠲᠡᠰ ᠢ | ᠬᠢᠨᠠᠨ ᠲᠣᠭᠲᠠᠭᠠᠬᠤ ᠶᠢ ᠥᠷᠨᠢᠭᠦᠯᠦᠨ᠂ ᠬᠥᠳᠡᠯᠦᠩᠭᠦᠢ ᠬᠢᠨᠠᠨ ᠬᠠᠮᠢᠶᠠᠷᠬᠤ ᠪᠠ ᠮᠡᠳᠡᠭᠡ ᠵᠠᠩᠭᠢ ᠶᠢ ᠬᠠᠮᠲᠤᠪᠠᠷ | ᠡᠳ᠋ᠯᠡᠬᠦ ᠶᠢ ᠬᠡᠷᠡᠭᠵᠢᠭᠦᠯᠵᠦ᠂ ᠬᠤᠯᠪᠣᠭᠳᠠᠯ ᠪᠥᠬᠦᠢ ᠤᠷᠮᠠᠰᠢᠭᠤᠯᠬᠤ ᠪᠠ ᠵᠠᠯᠬᠠᠭᠠᠨ ᠴᠡᠭᠡᠷᠯᠡᠭᠦᠯᠬᠦ ᠲᠣᠭᠲᠠᠴᠠ ᠶᠢ | ᠪᠠᠶᠢᠭᠤᠯᠤᠨ ᠲᠡᠭᠦᠯᠳᠡᠷᠵᠢᠭᠦᠯᠵᠦ᠂ ᠠᠶᠤᠯᠭᠦᠢ ᠦᠢᠯᠡᠳᠪᠦᠷᠢᠯᠡᠯ ᠤᠨ ᠪᠠᠷᠢᠮᠵᠢᠶᠠᠵᠢᠭᠤᠯᠬᠤ ᠲᠡᠰ ᠢ ᠳᠠᠭᠠᠭᠠᠴᠢᠯᠠᠯᠲᠠ | ᠵᠠᠷᠯᠠᠵᠤ ᠳᠠᠭᠠᠭᠠᠴᠢᠯᠠᠯᠲᠠ ᠬᠦᠯᠢᠶᠡᠬᠦ᠂ ᠠᠵᠢᠯ ᠲᠥᠷᠥᠯ ᠢ ᠰᠠᠶᠢᠰᠢᠶᠠᠨ ᠬᠥᠬᠢᠭᠦᠯᠬᠦ᠂ ᠠᠵᠢᠯ ᠤᠨ ᠠᠮᠵᠢᠯᠲᠠ ᠶᠢ | ᠬᠢᠨᠠᠨ ᠰᠢᠯᠭᠠᠬᠤ᠂ ᠢᠲᠡᠭᠡᠮᠵᠢ ᠶᠢ ᠦᠨᠡᠯᠡᠬᠦ ᠵᠡᠷᠭᠡ ᠬᠤᠯᠪᠣᠭᠳᠠᠯ ᠪᠥᠬᠦᠢ ᠠᠵᠢᠯ ᠤᠨ ᠴᠢᠬᠤᠯᠠ ᠯᠠᠪᠯᠠᠬᠤ | ᠦᠨᠳᠦᠰᠦᠯᠡᠯ ᠪᠣᠯᠭᠠᠵᠤ᠂ ᠠᠶᠤᠯᠭᠦᠢ ᠦᠢᠯᠡᠳᠪᠦᠷᠢᠯᠡᠯ ᠤᠨ ᠪᠠᠷᠢᠮᠵᠢᠶᠠᠵᠢᠭᠤᠯᠤᠭᠰᠠᠨ ᠦᠷ᠎ᠡ ᠪᠦᠲᠦᠭᠡᠯ᠃ | ᠬᠤᠷᠢᠨ ᠨᠠᠢᠮᠠᠳᠤᠭᠠᠷ ᠵᠤᠷᠪᠤᠰ ᠪᠦᠬᠦ ᠣᠷᠣᠨ ᠤ ᠡᠯ᠎ᠡ ᠱᠠᠲᠤᠨ ᠤ ᠤᠰᠤᠨ ᠤ ᠵᠠᠰᠠᠭ ᠵᠠᠬᠢᠷᠭᠠᠨ ᠤ | ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ | ᠰᠢᠰᠲ᠋ᠧᠮᠵᠢ ᠶᠢ ᠪᠠᠶᠢᠭᠤᠯᠤᠨ ᠪᠦᠷᠢᠨᠰᠢᠭᠦᠯᠵᠦ᠂ ᠲᠤᠰ ᠬᠠᠷᠢᠶ᠎ᠠ ᠣᠷᠣᠨ ︵ᠨᠢᠭᠡᠴᠢ︶ ᠤ ᠪᠠᠨ ᠤᠰᠤᠨ | ᠠᠰᠢᠭᠯᠠᠯᠲᠠ ᠶᠢᠨ ᠦᠢᠯᠡᠳᠪᠦᠷᠢᠯᠡᠯ ᠤᠨ ᠠᠶᠤᠯᠭᠦᠢ ᠶᠢᠨ ᠠᠳᠡᠯ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ | ᠲᠥᠰᠦᠯ ᠢ ᠲᠣᠭᠲᠠᠭᠠᠨ᠂ ᠪᠠᠴᠢᠮ ᠪᠠᠶᠢᠳᠠᠯ ᠢ ᠠᠷᠭᠠᠴᠠᠬᠤ ᠵᠢᠵᠢᠭᠦᠷ ᠤᠨ ᠳᠦᠷᠢᠮ ᠪᠠᠶᠢᠭᠤᠯᠵᠤ᠂ ᠪᠠᠴᠢᠮ ᠪᠠᠶᠢᠳᠠᠯ ᠢ | ᠠᠷᠭᠠᠴᠠᠬᠤ ᠵᠢᠵᠢᠭᠦᠷ ᠲᠣᠬᠢᠷᠠᠭᠤᠯᠵᠤ᠂ ᠤᠰᠤᠨ ᠠᠰᠢᠭᠯᠠᠯᠲᠠ ᠶᠢᠨ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ ᠶᠢᠨ | ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠠᠵᠢᠯ ᠳᠤ ᠬᠢᠨᠠᠯᠲᠠ ᠲᠠᠯᠪᠢᠨ ᠵᠢᠯᠣᠭᠤᠳᠬᠤ ᠬᠡᠷᠡᠭᠲᠡᠶ᠃ | ᠬᠤᠷᠢ ᠶᠢᠰᠦᠳᠦᠭᠡᠷ ᠵᠤᠷᠪᠤᠰ ᠪᠦᠬᠦ ᠣᠷᠣᠨ ᠤ ᠡᠯ᠎ᠡ ᠱᠠᠲᠤᠨ ᠤ ᠤᠰᠤᠨ ᠤ ᠵᠠᠰᠠᠭ ᠵᠠᠬᠢᠷᠭᠠᠨ ᠤ | ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠠᠶᠤᠯᠭᠦᠢ ᠦᠢᠯᠡᠳᠪᠦᠷᠢᠯᠡᠯ ᠤᠨ ᠲᠦᠭᠰᠢᠭᠦᠷᠢ ᠶᠢᠨ ᠦᠨᠡᠯᠡᠨ | ᠵᠢᠱᠢᠯᠲᠡ ᠶᠢ ᠲᠣᠭᠲᠠᠮᠠᠯ ᠬᠤᠭᠤᠴᠠᠭ᠎ᠠ ᠲᠠᠢ ᠪᠠᠷ ᠬᠢᠵᠦ᠂ ᠠᠶᠤᠯ ᠤᠨ ᠡᠬᠢ ᠰᠤᠷᠪᠤᠯᠵᠢ᠂ ᠳᠠᠯᠳᠠ ᠭᠡᠮ᠂ ᠠᠳᠡᠯ | ᠵᠡᠷᠭᠡ ᠠᠶᠤᠯᠭᠦᠢ ᠦᠢᠯᠡᠳᠪᠦᠷᠢᠯᠡᠯ ᠤᠨ ᠬᠠᠮᠢᠶ᠎ᠠ ᠪᠦᠬᠦᠢ ᠮᠡᠳᠡᠭᠡ ᠵᠠᠩᠭᠢ ᠶᠢ ᠬᠤᠷᠢᠶᠠᠩᠭᠤᠶᠢᠯᠠᠨ ᠵᠠᠳᠠᠯᠵᠤ᠂ | ᠠᠶᠤᠯᠭᠦᠢ ᠦᠢᠯᠡᠳᠪᠦᠷᠢᠯᠡᠯ ᠤᠨ ᠪᠠᠶᠢᠳᠠᠯ ᠤᠨ ᠦᠨᠡᠯᠡᠨ ᠵᠢᠱᠢᠯᠲᠡ ᠶᠢ ᠲᠣᠭᠲᠠᠮᠠᠯ ᠬᠤᠭᠤᠴᠠᠭ᠎ᠠ ᠲᠠᠢ ᠪᠠᠷ | ᠥᠷᠨᠢᠭᠦᠯᠬᠦ ᠶᠢᠨ ᠬᠠᠮᠲᠤ ᠦᠷ᠎ᠡ ᠳ᠋ᠦᠩ ᠢ ᠨᠡᠶᠢᠲᠡᠯᠡᠨ ᠰᠡᠷᠡᠮᠵᠢᠯᠡᠭᠦᠯᠵᠦ᠂ ᠲᠦᠭᠰᠢᠭᠦᠷᠢ ᠶᠢᠨ ᠪᠠᠶᠢᠳᠠᠯ ᠢ | ᠦᠨᠳᠦᠰᠦᠯᠡᠨ ᠬᠢᠨᠠᠯᠲᠠ ᠬᠠᠮᠢᠶᠠᠷᠤᠯᠲᠠ ᠶᠢᠨ ᠬᠡᠪᠴᠢᠶᠡᠨ ᠳᠣᠲᠣᠷᠠᠬᠢ ᠬᠦᠨᠳᠦ ᠶᠡᠭᠡ ᠠᠳᠡᠯ ᠤᠨ ᠳᠠᠯᠳᠠ ᠭᠡᠮ᠂ | ᠬᠦᠨᠳᠦ ᠶᠡᠭᠡ ᠠᠶᠤᠯᠭᠦᠢ ᠶᠢᠨ ᠲᠦᠭᠰᠢᠭᠦᠷᠢ᠂ ᠠᠳᠡᠯ ᠣᠯᠠᠨᠲᠠ ᠭᠠᠷᠳᠠᠭ ᠭᠠᠵᠠᠷ ᠣᠷᠣᠨ ᠪᠣᠯᠤᠨ ᠨᠢᠭᠡᠴᠢ ᠳᠤ | ᠬᠢᠨᠠᠯᠲᠠ ᠬᠠᠮᠢᠶᠠᠷᠤᠯᠲᠠ ᠶᠢᠨ ᠡᠷᠴᠢᠮ ᠢᠶᠠᠨ ᠨᠡᠮᠡᠭᠳᠡᠭᠦᠯᠬᠦ ᠬᠡᠷᠡᠭᠲᠡᠶ᠃ | ᠭᠤᠴᠢᠳᠤᠭᠠᠷ ᠵᠤᠷᠪᠤᠰ ᠪᠦᠬᠦ ᠣᠷᠣᠨ ᠤ ᠡᠯ᠎ᠡ ᠱᠠᠲᠤᠨ ᠤ ᠤᠰᠤᠨ ᠤ ᠵᠠᠰᠠᠭ ᠵᠠᠬᠢᠷᠭᠠᠨ ᠤ ᠭᠤᠣᠯᠴᠢᠯᠠᠨ | ᠬᠠᠮᠢᠶᠠᠷᠬᠤ ᠰᠠᠯᠠᠭ᠎ᠠ ᠮᠥᠴᠢᠷ ᠤᠳ ᠠᠶᠤᠯᠭᠦᠢ ᠦᠢᠯᠡᠳᠪᠦᠷᠢᠯᠡᠯ ᠤᠨ ᠣᠨ ᠤ ᠬᠢᠨᠠᠯᠲᠠ ᠲᠠᠯᠪᠢᠵᠤ ᠪᠠᠶᠢᠴᠠᠭᠠᠬᠤ | ᠲᠥᠯᠥᠪᠯᠡᠭᠡ ᠲᠣᠭᠲᠠᠭᠠᠵᠤ᠂ ᠶᠡᠷᠦᠩᠬᠡᠶᠢᠯᠡᠨ ᠬᠢᠨᠠᠨ ᠬᠠᠮᠢᠶᠠᠷᠬᠤ ᠪᠠ ᠲᠤᠰᠬᠠᠶ ᠬᠢᠨᠠᠯᠲᠠ ᠬᠠᠮᠢᠶᠠᠷᠤᠯᠲᠠ ᠶᠢᠨ ᠡᠭᠦᠷᠭᠡ | ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠢᠨᠠᠯᠲᠠ ᠲᠠᠯᠪᠢᠵᠤ ᠪᠠᠶᠢᠴᠠᠭᠠᠬᠤ ᠶᠢ ᠥᠷᠨᠢᠭᠦᠯᠦᠨ᠂ | ᠣᠯᠵᠤ ᠮᠡᠳᠡᠭᠰᠡᠨ ᠠᠰᠠᠭᠤᠳᠠᠯ ᠳᠤ ᠬᠤᠯᠪᠣᠭᠳᠠᠯ ᠪᠦᠬᠦᠢ ᠬᠠᠷᠢᠭᠤᠴᠠᠯᠭᠠᠲᠤ ᠨᠢᠭᠡᠴᠢ ᠶᠢ ᠰᠢᠮᠳᠠᠭᠤᠯᠵᠤ ᠪᠠᠶᠢᠭᠠᠳ | ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠬᠦᠨᠳᠦ ᠶᠡᠭᠡ ᠠᠳᠡᠯ ᠤᠨ ᠳᠠᠯᠳᠠ ᠭᠡᠮ᠂ | ᠠᠳᠡᠯ ᠣᠯᠠᠨ ᠭᠠᠷᠳᠠᠭ ᠭᠠᠵᠠᠷ ᠣᠷᠣᠨ ᠪᠣᠯᠤᠨ ᠨᠢᠭᠡᠴᠢ ᠳᠤ ᠭᠤᠣᠯᠳᠠᠯᠭ᠎ᠠ ᠲᠠᠢ ᠬᠢᠨᠠᠨ ᠬᠠᠮᠢᠶᠠᠷᠬᠤ ᠶᠢ | ᠬᠡᠷᠡᠭᠵᠢᠭᠦᠯᠬᠦ ᠬᠡᠷᠡᠭᠲᠡᠶ᠃ ᠬᠢᠨᠠᠯᠲᠠ ᠲᠠᠯᠪᠢᠵᠤ ᠪᠠᠶᠢᠴᠠᠭᠠᠭᠠᠳ ᠣᠯᠵᠤ ᠮᠡᠳᠡᠭᠰᠡᠨ ᠬᠠᠤᠯᠢ ᠲᠣᠭᠲᠠᠭᠠᠯ ᠠᠴᠠ | ᠵᠥᠷᠢᠴᠡᠭᠰᠡᠨ ᠦᠢᠯᠡ ᠠᠵᠢᠯᠯᠠᠭ᠎ᠠ ᠳᠤ ᠬᠤᠯᠪᠣᠭᠳᠠᠯ ᠪᠦᠬᠦᠢ ᠲᠣᠭᠲᠠᠭᠠᠯ ᠢ ᠴᠢᠩᠭ᠎ᠠ ᠵᠢᠷᠤᠮᠯᠠᠨ ᠬᠠᠷᠢᠭᠤᠴᠠᠯᠭ᠎ᠠ | ᠨᠡᠬᠡᠮᠵᠢᠯᠡᠬᠦ ᠬᠡᠷᠡᠭᠲᠡᠶ︔ ᠨᠠᠮ ᠤᠨ ᠰᠠᠬᠢᠯᠭ᠎ᠠ ᠪᠠᠲᠤ ᠵᠠᠰᠠᠭ ᠤᠨ ᠰᠠᠬᠢᠯᠭ᠎ᠠ ᠪᠠᠲᠤ ᠶᠢ ᠵᠥᠷᠢᠴᠡᠭᠰᠡᠨ ᠢᠶᠠᠷ | ᠰᠡᠵᠢᠭᠯᠡᠭᠳᠡᠭᠰᠡᠨ ᠦᠢᠯᠡ ᠠᠵᠢᠯᠯᠠᠭ᠎ᠠ ᠶᠢ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠳᠤ ᠴᠠᠭ | ᠲᠤᠬᠠᠢ ᠳᠤᠨᠢ ᠠᠰᠠᠭᠤᠳᠠᠯ ᠤᠨ ᠰᠦᠪᠡᠭᠴᠢ ᠶᠢ ᠰᠢᠯᠵᠢᠭᠦᠯᠦᠨ ᠬᠦᠷᠭᠡᠪᠡ︔ ᠬᠠᠤᠯᠢ ᠠᠴᠠ ᠵᠥᠷᠢᠴᠡᠨ ᠶᠠᠯ᠎ᠠ ᠬᠢᠭᠰᠡᠨ | ᠰᠡᠵᠢᠭᠯᠡᠯᠲᠡᠶ ᠦᠢᠯᠡ ᠠᠵᠢᠯᠯᠠᠭ᠎ᠠ ᠶᠢ ᠬᠠᠤᠯᠢ ᠴᠠᠭᠠᠵᠠ ᠶᠢᠨ ᠪᠠᠶᠢᠭᠤᠯᠭ᠎ᠠ ᠳᠤ ᠰᠢᠯᠵᠢᠭᠦᠯᠦᠨ ᠬᠦᠷᠭᠡᠵᠦ ᠬᠠᠤᠯᠢ | ᠶᠣᠰᠣᠭᠠᠷ ᠰᠢᠢᠳᠪᠦᠷᠢᠯᠡᠭᠦᠯᠬᠦ ᠬᠡᠷᠡᠭᠲᠡᠶ᠃ | ᠭᠤᠴᠢᠨ ᠨᠢᠭᠡᠳᠦᠭᠡᠷ ᠵᠤᠷᠪᠤᠰ ᠪᠦᠬᠦ ᠣᠷᠣᠨ ᠤ ᠡᠯ᠎ᠡ ᠱᠠᠲᠤᠨ ᠤ ᠤᠰᠤᠨ ᠤ ᠵᠠᠰᠠᠭ ᠵᠠᠬᠢᠷᠭᠠᠨ ᠤ | ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠤᠰᠤᠨ ᠠᠰᠢᠭᠯᠠᠯᠲᠠ ᠶᠢᠨ ᠠᠶᠤᠯᠭᠦᠢ ᠦᠢᠯᠡᠳᠪᠦᠷᠢᠯᠡᠯ ᠤᠨ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠬᠦ ᠶᠢ ᠬᠠᠤᠯᠢ ᠶᠣᠰᠣᠭᠠᠷ ᠥᠷᠨᠢᠭᠦᠯᠵᠦ᠂ ᠤᠰᠤᠨ ᠠᠰᠢᠭᠯᠠᠯᠲᠠ ᠶᠢᠨ ᠠᠶᠤᠯᠭᠦᠢ | ᠦᠢᠯᠡᠳᠪᠦᠷᠢᠯᠡᠯ ᠤᠨ ᠬᠠᠤᠯᠢ ᠬᠡᠷᠡᠭᠵᠢᠭᠦᠯᠬᠦ ᠶᠢ ᠲᠤᠰ ᠱᠠᠲᠤᠨ ᠤ ᠤᠰᠤᠨ ᠤ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠬᠦ ᠶᠢᠨ ᠴᠢᠬᠤᠯᠠ ᠠᠭᠤᠯᠭ᠎ᠠ ᠪᠣᠯᠭᠠᠵᠤ᠂ ᠬᠠᠤᠯᠢ ᠬᠡᠷᠡᠭᠵᠢᠭᠦᠯᠦᠭᠰᠡᠨ ᠨᠡᠶᠢᠲᠡᠯᠢᠭ ᠬᠡᠷᠡᠭ ᠤᠨ ᠵᠢᠱᠢᠶ᠎ᠡ ᠶᠢ | ᠲᠣᠭᠲᠠᠮᠠᠯ ᠬᠤᠭᠤᠴᠠᠭ᠎ᠠ ᠲᠠᠢ ᠪᠠᠷ ᠨᠡᠶᠢᠭᠡᠮ ᠳᠤ ᠨᠡᠶᠢᠲᠡᠯᠡᠬᠦ ᠬᠡᠷᠡᠭᠲᠡᠶ᠃ ᠤᠰᠤᠨ ᠠᠰᠢᠭᠯᠠᠯᠲᠠ ᠶᠢᠨ ᠠᠶᠤᠯᠭᠦᠢ | ᠦᠢᠯᠡᠳᠪᠦᠷᠢᠯᠡᠯ ᠤᠨ ᠬᠠᠤᠯᠢ ᠬᠡᠷᠡᠭᠵᠢᠭᠦᠯᠵᠦ ᠰᠢᠢᠳᠭᠡᠨ ᠲᠣᠷᠭᠠᠬᠤ ᠪᠠᠷᠢᠮᠵᠢᠶ᠎ᠠ ᠶᠢ ᠠᠶᠤᠯᠭᠦᠢ ᠦᠢᠯᠡᠳᠪᠦᠷᠢᠯᠡᠯ ᠤᠨ | ᠵᠠᠰᠠᠭ ᠵᠠᠬᠢᠷᠭᠠᠨ ᠤ ᠰᠢᠢᠳᠭᠡᠨ ᠲᠣᠷᠭᠠᠬᠤ ᠬᠤᠯᠪᠣᠭᠳᠠᠯ ᠪᠦᠬᠦᠢ ᠪᠠᠷᠢᠮᠵᠢᠶ᠎ᠠ ᠪᠠᠷ ᠯᠠᠪᠯᠠᠯᠲᠠ ᠪᠣᠯᠭᠠᠨ ᠬᠡᠷᠡᠭᠵᠢᠭᠦᠯᠵᠦ | ᠪᠣᠯᠤᠨ᠎ᠠ᠂ ᠡᠰᠡᠬᠦᠯ᠎ᠡ ᠵᠠᠰᠠᠭ ᠵᠠᠬᠢᠷᠭᠠᠨ ᠤ ᠰᠢᠢᠳᠭᠡᠨ ᠲᠣᠷᠭᠠᠬᠤ ᠬᠤᠯᠪᠣᠭᠳᠠᠯ ᠪᠦᠬᠦᠢ ᠬᠠᠤᠯᠢ ᠲᠣᠭᠲᠠᠭᠠᠯ | ᠶᠣᠰᠣᠭᠠᠷ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠲᠣᠭᠲᠠᠭᠠᠨ᠎ᠠ᠃ | ᠭᠤᠴᠢᠨ ᠬᠤᠶᠠᠳᠤᠭᠠᠷ ᠵᠤᠷᠪᠤᠰ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠨᠢ | ᠬᠢᠨᠠᠨ ᠰᠢᠯᠭᠠᠬᠤ ᠬᠠᠮᠢᠶᠠᠷᠤᠯᠲᠠ ᠶᠢᠨ ᠡᠷᠬᠡ ᠮᠡᠳᠡᠯ ᠤᠨ ᠶᠣᠰᠣᠭᠠᠷ ᠤᠰᠤᠨ ᠠᠰᠢᠭᠯᠠᠯᠲᠠ ᠤᠰᠤᠨ ᠴᠠᠬᠢᠯᠭᠠᠨ ᠤ | ᠢᠨᠵᠧᠨᠧᠷᠢᠩ ᠶᠢᠨ ᠪᠠᠷᠢᠯᠭ᠎ᠠ ᠪᠠᠷᠢᠬᠤ ᠠᠵᠤ ᠠᠬᠤᠶᠢᠯᠠᠯ ᠤᠨ ᠭᠤᠣᠯ ᠬᠠᠷᠢᠭᠤᠴᠠᠯᠭᠠᠲᠠᠨ᠂ ᠲᠥᠷᠥᠯ ᠵᠦᠢᠯ ᠤᠨ | ᠬᠠᠷᠢᠭᠤᠴᠠᠯᠭᠠᠲᠠᠨ ᠪᠣᠯᠤᠨ ᠠᠶᠤᠯᠭᠦᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠲᠤᠰᠬᠠᠢ ᠲᠤᠰᠢᠶᠠᠯᠳᠤ | ᠠᠵᠢᠯᠳᠠᠨ ᠤ ᠠᠶᠤᠯᠭᠦᠢ ᠦᠢᠯᠡᠳᠪᠦᠷᠢᠯᠡᠯ ᠤᠨ ᠬᠢᠨᠠᠨ ᠰᠢᠯᠭᠠᠬᠤ ᠬᠠᠮᠢᠶᠠᠷᠤᠯᠲᠠ ᠶᠢ ᠥᠷᠨᠢᠭᠦᠯᠵᠦ᠂ ᠬᠥᠳᠡᠯᠦᠩᠭᠦᠢ | ᠬᠢᠨᠠᠯᠲᠠ ᠬᠠᠮᠢᠶᠠᠷᠤᠯᠲᠠ ᠶᠢ ᠬᠡᠷᠡᠭᠵᠢᠭᠦᠯᠦᠨ᠎ᠡ᠃ ᠪᠦᠬᠦ ᠣᠷᠣᠨ ᠤ ᠡᠯ᠎ᠡ ᠱᠠᠲᠤᠨ ᠤ ᠤᠰᠤᠨ ᠤ ᠵᠠᠰᠠᠭ ᠵᠠᠬᠢᠷᠭᠠᠨ ᠤ | ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠠᠶᠤᠯᠭᠦᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠠᠵᠢᠯᠲᠠᠨ ᠤ | ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ ᠪᠠᠶᠢᠭ᠎ᠠ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠬᠤ ᠪᠠᠨ | ᠴᠢᠩᠭᠠᠳᠬᠠᠬᠤ ᠬᠡᠷᠡᠭᠲᠡᠶ᠃ | ᠭᠤᠴᠢᠨ ᠭᠤᠷᠪᠠᠳᠤᠭᠠᠷ ᠵᠤᠷᠪᠤᠰ ᠪᠥᠬᠦ ᠣᠷᠣᠨ ᠤ ᠡᠯ᠎ᠡ ᠱᠠᠲᠤᠨ ᠤ ᠤᠰᠤᠨ ᠤ ᠵᠠᠰᠠᠭ ᠵᠠᠬᠢᠷᠭᠠᠨ ᠤ | ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠲᠤᠰ ᠨᠢᠭᠡᠴᠢ ᠶᠢᠨ ᠢᠶᠠᠨ ᠠᠶᠤᠯᠭᠦᠢ ᠦᠢᠯᠡᠳᠪᠦᠷᠢᠯᠡᠯ ᠤᠨ | ᠬᠥᠮᠦᠵᠢᠯ ᠪᠣᠯᠤᠨ ᠪᠤᠯᠪᠠᠰᠤᠷᠠᠯ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠲᠤᠰ ᠬᠠᠷᠢᠶ᠎ᠠ ᠣᠷᠣᠨ ︵ᠨᠢᠭᠡᠴᠢ︶ | ᠤ ᠪᠠᠨ ᠳᠣᠲᠣᠷᠠᠬᠢ ᠤᠰᠤᠨ ᠠᠰᠢᠭᠯᠠᠯᠲᠠ ᠶᠢᠨ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ ᠶᠢᠨ ᠲᠣᠭᠲᠠᠭᠠᠯ | ᠶᠣᠰᠣᠭᠠᠷ ᠠᠶᠤᠯᠭᠦᠢ ᠦᠢᠯᠡᠳᠪᠦᠷᠢᠯᠡᠯ ᠤᠨ ᠬᠥᠮᠦᠵᠢᠯ ᠪᠣᠯᠤᠨ ᠪᠤᠯᠪᠠᠰᠤᠷᠠᠯ ᠤᠨ ᠠᠵᠢᠯ ᠲᠤ ᠬᠢᠨᠠᠯᠲᠠ ᠲᠠᠯᠪᠢᠬᠤ ᠪᠠ | ᠵᠢᠯᠣᠭᠤᠳᠬᠤ ᠬᠡᠷᠡᠭᠲᠡᠢ᠃ | ᠭᠤᠴᠢᠨ ᠳᠥᠷᠪᠡᠳᠦᠭᠡᠷ ᠵᠤᠷᠪᠤᠰ ᠪᠥᠬᠦ ᠣᠷᠣᠨ ᠤ ᠡᠯ᠎ᠡ ᠱᠠᠲᠤᠨ ᠤ ᠤᠰᠤᠨ ᠤ ᠵᠠᠰᠠᠭ ᠵᠠᠬᠢᠷᠭᠠᠨ ᠤ | ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠪᠣᠳᠠᠲᠠᠶ ᠲᠠᠢ ᠪᠠᠨ ᠤᠶᠠᠯᠳᠤᠭᠤᠯᠤᠨ ᠠᠶᠤᠯᠭᠦᠢ | ᠦᠢᠯᠡᠳᠪᠦᠷᠢᠯᠡᠯ ᠤᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢᠨ ᠮᠡᠳᠡᠭᠡ ᠵᠠᠩᠭᠢ ᠶᠢᠨ ᠬᠥᠮᠥᠷᠭᠡ ᠶᠢ | ᠪᠠᠶᠢᠭᠤᠯᠤᠨ ᠪᠦᠷᠢᠨᠰᠢᠭᠦᠯᠵᠦ᠂ ᠤᠰᠤᠨ ᠠᠰᠢᠭᠯᠠᠯᠲᠠ ᠶᠢᠨ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ ᠶᠢᠨ ᠵᠠᠰᠠᠭ | ᠵᠠᠬᠢᠷᠭᠠᠨ ᠤ ᠰᠢᠢᠳᠭᠡᠯ ᠲᠣᠷᠭᠠᠭᠤᠯᠢ ᠵᠡᠷᠭᠡ ᠮᠡᠳᠡᠭᠡ ᠵᠠᠩᠭᠢ ᠶᠢ ᠴᠤᠭᠯᠠᠭᠤᠯᠬᠤ᠂ ᠬᠠᠮᠲᠤᠪᠠᠷ ᠭᠥᠷᠳᠡᠬᠦ᠂ ᠬᠡᠷᠡᠭᠯᠡᠬᠦ | ᠪᠠ ᠢᠯᠡ ᠪᠣᠯᠭᠠᠬᠤ ᠶᠢ ᠴᠢᠩᠭᠠᠳᠬᠠᠬᠤ ᠶᠢᠨ ᠬᠠᠮᠲᠤ᠂ ᠤᠰᠤᠨ ᠠᠰᠢᠭᠯᠠᠯᠲᠠ ᠶᠢᠨ ᠪᠥᠲᠥᠭᠡᠨ ᠪᠠᠶᠢᠭᠤᠯᠤᠯᠲᠠ ᠶᠢᠨ | ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠢᠲᠡᠭᠡᠮᠵᠢ ᠶᠢᠨ ᠮᠡᠳᠡᠭᠡ ᠵᠠᠩᠭᠢ ᠶᠢᠨ ᠬᠠᠮᠢᠶᠠᠷᠤᠯᠲᠠ ᠳᠤ ᠣᠷᠣᠭᠤᠯᠬᠤ | ᠬᠡᠷᠡᠭᠲᠡᠶ᠃ | ᠭᠤᠴᠢᠨ ᠲᠠᠪᠤᠳᠤᠭᠠᠷ ᠵᠤᠷᠪᠤᠰ ᠪᠥᠬᠦ ᠣᠷᠣᠨ ᠤ ᠡᠯ᠎ᠡ ᠱᠠᠲᠤᠨ ᠤ ᠤᠰᠤᠨ ᠤ ᠵᠠᠰᠠᠭ ᠵᠠᠬᠢᠷᠭᠠᠨ ᠤ | ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠠᠶᠤᠯᠭᠦᠢ ᠦᠢᠯᠡᠳᠪᠦᠷᠢᠯᠡᠯ ᠤᠨ ᠢᠯᠡᠴᠢᠯᠡᠨ ᠮᠡᠳᠡᠭᠦᠯᠦᠭᠰᠡᠨ ᠢ | ᠱᠠᠩᠨᠠᠬᠤ ᠲᠥᠷᠢᠮ ᠪᠠᠶᠢᠭᠤᠯᠵᠤ᠂ ᠤᠰᠤᠨ ᠠᠰᠢᠭᠯᠠᠯᠲᠠ ᠶᠢᠨ ᠠᠶᠤᠯᠭᠦᠢ ᠦᠢᠯᠡᠳᠪᠦᠷᠢᠯᠡᠯ ᠤᠨ ᠲᠤᠬᠠᠢ ᠢᠯᠡᠴᠢᠯᠡᠨ | ᠮᠡᠳᠡᠭᠦᠯᠦᠭᠰᠡᠨ ᠢ ᠬᠠᠤᠯᠢ ᠶᠣᠰᠣᠭᠠᠷ ᠬᠥᠯᠢᠶᠡᠨ ᠠᠪᠬᠤ ᠶᠢᠨ ᠬᠠᠮᠲᠤ ᠪᠠᠶᠢᠴᠠᠭᠠᠨ ᠬᠠᠷᠭᠤᠭᠤᠯᠬᠤ ᠬᠡᠷᠡᠭᠲᠡᠢ᠃ ᠲᠤᠰ | ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ ᠳᠤ ᠬᠠᠷᠢᠶᠠᠯᠠᠭᠳᠠᠬᠤ ᠦᠭᠡᠶ᠂ ᠪᠤᠰᠤᠳ ᠬᠤᠯᠪᠣᠭᠳᠠᠯ ᠪᠦᠬᠦᠢ | ᠰᠠᠯᠠᠭ᠎ᠠ ᠮᠥᠴᠢᠷ ᠠᠴᠠ ᠪᠠᠶᠢᠴᠠᠭᠠᠨ ᠰᠢᠢᠳᠪᠦᠷᠢᠯᠡᠬᠦ ᠴᠢᠬᠤᠯᠠᠲᠠᠶ ᠪᠣᠯ᠂ ᠪᠤᠰᠤᠳ ᠬᠤᠯᠪᠣᠭᠳᠠᠯ ᠪᠦᠬᠦᠢ ᠰᠠᠯᠠᠭ᠎ᠠ | ᠮᠥᠴᠢᠷ ᠲᠤ ᠰᠢᠯᠵᠢᠭᠦᠯᠦᠨ ᠲᠤᠰᠢᠶᠠᠵᠤ ᠰᠢᠢᠳᠪᠦᠷᠢᠯᠡᠭᠦᠯᠬᠦ ᠬᠡᠷᠡᠭᠲᠡᠶ᠃ | ᠳᠥᠷᠪᠡᠳᠦᠭᠡᠷ ᠪᠦᠯᠦᠭ ᠤᠰᠤᠨ ᠠᠰᠢᠭᠯᠠᠯᠲᠠ ᠶᠢᠨ ᠦᠢᠯᠡᠳᠪᠦᠷᠢᠯᠡᠯ ᠤᠨ ᠠᠶᠤᠯᠭᠦᠢ ᠶᠢᠨ ᠠᠳᠡᠯ ᠢ ᠮᠡᠳᠡᠭᠦᠯᠬᠦ | ᠪᠠ ᠰᠢᠢᠳᠪᠦᠷᠢᠯᠡᠬᠦ | ᠭᠤᠴᠢᠨ ᠵᠢᠷᠭᠤᠳᠤᠭᠠᠷ ᠵᠤᠷᠪᠤᠰ ᠤᠰᠤᠨ ᠠᠰᠢᠭᠯᠠᠯᠲᠠ ᠶᠢᠨ ᠦᠢᠯᠡᠳᠪᠦᠷᠢᠯᠡᠯ ᠡᠵᠡᠩᠨᠡᠯᠲᠡ ᠶᠢᠨ | ᠨᠢᠭᠡᠴᠢ ᠳᠤ ᠦᠢᠯᠡᠳᠪᠦᠷᠢᠯᠡᠯ ᠤᠨ ᠠᠶᠤᠯᠭᠦᠢ ᠶᠢᠨ ᠠᠳᠡᠯ ᠭᠠᠷᠤᠭᠰᠠᠨ ᠤ ᠳᠠᠷᠠᠭ᠎ᠠ᠂ ᠠᠳᠡᠯ ᠤᠨ ᠲᠤᠬᠠᠶ ᠶᠢᠨ | ᠲᠠᠯᠠᠪᠠᠶ ᠶᠢᠨ ᠬᠤᠯᠪᠣᠭᠳᠠᠯ ᠪᠦᠬᠦᠢ ᠬᠥᠮᠦᠰ ᠲᠤᠰ ᠨᠢᠭᠡᠴᠢ ᠶᠢᠨ ᠢᠶᠠᠨ ᠬᠠᠷᠢᠭᠤᠴᠠᠯᠭᠠᠲᠠᠨ ᠳᠤ ᠳᠠᠷᠦ᠋ᠢᠬᠠᠨ | ᠮᠡᠳᠡᠭᠦᠯᠬᠦ ᠬᠡᠷᠡᠭᠲᠡᠶ᠃ ᠨᠢᠭᠡᠴᠢ ᠶᠢᠨ ᠬᠠᠷᠢᠭᠤᠴᠠᠯᠭᠠᠲᠠᠨ ᠠᠳᠡᠯ ᠤᠨ ᠮᠡᠳᠡᠭᠦᠯᠦᠯᠲᠡ ᠶᠢ ᠬᠦᠯᠢᠶᠡᠨ ᠠᠪᠤᠭᠰᠠᠨ ᠤ | ᠳᠠᠷᠠᠭ᠎ᠠ᠂ 1 ᠴᠠᠭ ᠤᠨ ᠳᠣᠲᠣᠷ᠎ᠠ ᠲᠤᠬᠠᠶ ᠶᠢᠨ ᠭᠠᠵᠠᠷ ᠤᠨ ᠬᠤᠰᠢᠭᠤ ᠰᠢᠶᠠᠨ ︵ᠬᠤᠲᠠ᠂ ᠲᠣᠭᠤᠷᠢᠭ︶ ᠤ | ᠠᠷᠠᠳ ᠤᠨ ᠵᠠᠰᠠᠭ ᠤᠨ ᠣᠷᠳᠣᠨ ᠤ ᠤᠰᠤᠨ ᠤ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ | ᠪᠣᠯᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠮᠡᠳᠡᠭᠦᠯᠬᠦ ᠬᠡᠷᠡᠭᠲᠡᠶ᠃ ᠪᠦᠬᠦ ᠣᠷᠣᠨ ᠤ ᠡᠯ᠎ᠡ ᠱᠠᠲᠤᠨ ᠤ | ᠤᠰᠤᠨ ᠤ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠳᠡᠯ ᠤᠨ ᠮᠡᠳᠡᠭᠦᠯᠦᠯᠲᠡ ᠶᠢ | ᠬᠦᠯᠢᠶᠡᠨ ᠠᠪᠤᠭᠰᠠᠨ ᠤ ᠳᠠᠷᠠᠭ᠎ᠠ᠂ ᠲᠣᠭᠲᠠᠭᠠᠯ ᠶᠣᠰᠣᠭᠠᠷ ᠠᠳᠡᠯ ᠤᠨ ᠪᠠᠶᠢᠳᠠᠯ ᠢ ᠱᠠᠲᠤ ᠳᠠᠷᠠᠭᠠᠯᠠᠨ ᠳᠡᠭᠡᠭᠰᠢ | ᠮᠡᠳᠡᠭᠦᠯᠵᠦ᠂ ᠱᠠᠲᠤ ᠪᠦᠷᠢ ᠶᠢᠨ ᠳᠡᠭᠡᠭᠰᠢ ᠮᠡᠳᠡᠭᠦᠯᠬᠦ ᠴᠠᠭ ᠢ 2 ᠴᠠᠭ ᠠᠴᠠ ᠬᠡᠲᠦᠷᠡᠭᠦᠯᠵᠦ ᠪᠣᠯᠬᠤ ᠦᠭᠡᠶ᠃ | ᠨᠡᠯᠢᠶᠡᠳ ᠶᠡᠭᠡ ᠠᠴᠠ ᠳᠡᠭᠡᠭᠰᠢ ᠲᠠᠰ ᠤᠨ ᠠᠳᠡᠯ ᠭᠠᠷᠤᠭᠰᠠᠨ ᠪᠣᠯ ᠠᠳᠡᠯ ᠭᠠᠷᠤᠭᠰᠠᠨ ᠨᠢᠭᠡᠴᠢ ᠪᠣᠯᠤᠨ ᠠᠳᠡᠯ | ᠭᠠᠷᠤᠭᠰᠠᠨ ᠭᠠᠵᠠᠷ ᠤᠨ ᠬᠤᠰᠢᠭᠤ ᠰᠢᠶᠠᠨ ︵ᠬᠤᠲᠠ᠂ ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠤ | ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠱᠠᠲᠤ ᠳᠠᠷᠠᠭᠠᠯᠠᠨ | ᠳᠡᠭᠡᠭᠰᠢ ᠮᠡᠳᠡᠭᠦᠯᠬᠦ ᠶᠢᠨ ᠬᠠᠮᠲᠤ ᠪᠠᠰᠠ 1 ᠴᠠᠭ ᠤᠨ ᠳᠣᠲᠣᠷ᠎ᠠ ᠲᠦᠷᠭᠡᠨ ᠮᠡᠳᠡᠭᠦᠯᠬᠦ ᠬᠡᠯᠪᠡᠷᠢ ᠪᠠᠷ ᠥᠪᠡᠷᠲᠡᠭᠡᠨ | ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠳᠤ ᠮᠡᠳᠡᠭᠦᠯᠬᠦ ᠬᠡᠷᠡᠭᠲᠡᠶ᠃ ᠪᠦᠬᠦ ᠣᠷᠣᠨ ᠤ ᠤᠰᠤᠨ | ᠠᠰᠢᠭᠯᠠᠯᠲᠠ ᠶᠢᠨ ᠠᠵᠢᠯ ᠲᠥᠷᠥᠯ ᠤᠨ ᠬᠦᠷᠢᠶᠡᠨ ᠤ ᠠᠳᠡᠯ ᠤᠨ ᠮᠡᠳᠡᠭᠦᠯᠦᠯᠲᠡ ᠳᠤ ᠪᠠᠰᠠ ᠤᠰᠤᠨ | ᠠᠰᠢᠭᠯᠠᠯᠲᠠ ᠶᠢᠨ ᠶᠠᠮᠤᠨ ᠤ ︽ᠤᠰᠤᠨ ᠠᠰᠢᠭᠯᠠᠯᠲᠠ ᠶᠢᠨ ᠠᠶᠤᠯᠭᠦᠢ ᠦᠢᠯᠡᠳᠪᠦᠷᠢᠯᠡᠯ ᠤᠨ ᠮᠡᠳᠡᠭᠡ ᠵᠠᠩᠭᠢ ᠶᠢ | ᠮᠡᠳᠡᠭᠦᠯᠬᠦ ᠪᠠ ᠰᠢᠢᠳᠪᠦᠷᠢᠯᠡᠬᠦ ᠳᠦᠷᠢᠮ︾ ᠤᠨ ᠬᠠᠮᠢᠶ᠎ᠠ ᠪᠦᠬᠦᠢ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠬᠡᠷᠡᠭᠲᠡᠶ᠃ | ᠭᠤᠴᠢᠨ ᠳᠣᠯᠣᠳᠤᠭᠠᠷ ᠵᠤᠷᠪᠤᠰ ᠠᠳᠡᠯ ᠡᠭᠦᠰᠦᠭᠰᠡᠨ ᠨᠢᠭᠡᠴᠢ ᠶᠢᠨ ᠬᠠᠷᠢᠭᠤᠴᠠᠯᠭᠠᠲᠠᠨ ᠠᠳᠡᠯ ᠤᠨ | ᠮᠡᠳᠡᠭᠦᠯᠦᠯᠲᠡ ᠶᠢ ᠣᠯᠤᠭᠰᠠᠨ ᠤ ᠲᠠᠷᠠᠭ᠎ᠠ᠂ ᠵᠣᠬᠢᠴᠠᠩᠭᠤᠢ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ | ᠲᠡᠷᠡ ᠳᠠᠷᠤᠢ ᠳᠤᠨᠢ ᠡᠬᠢᠯᠡᠭᠦᠯᠬᠦ ᠬᠡᠷᠡᠭᠲᠡᠢ ᠪᠥᠭᠡᠳ ᠪᠦᠲᠦᠮᠵᠢᠲᠡᠢ ᠠᠷᠭ᠎ᠠ ᠬᠡᠮᠵᠢᠶ᠎ᠡ ᠠᠪᠴᠤ ᠪᠠᠶᠢᠭᠠᠳ ᠠᠳᠡᠯ ᠢ | ᠠᠪᠤᠷᠠᠨ ᠲᠤᠰᠠᠯᠠᠬᠤ ᠠᠵᠢᠯ ᠢ ᠵᠣᠬᠢᠶᠠᠨ ᠪᠠᠶᠢᠭᠤᠯᠬᠤ ᠬᠡᠷᠡᠭᠲᠡᠢ᠃ ᠬᠤᠯᠪᠣᠭᠳᠠᠯ ᠪᠦᠬᠦᠢ ᠤᠰᠤᠨ ᠤ ᠵᠠᠰᠠᠭ | ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠦᠢᠯᠡᠳᠪᠦᠷᠢᠯᠡᠯ ᠤᠨ ᠠᠶᠤᠯᠭᠦᠢ ᠶᠢᠨ ᠠᠳᠡᠯ ᠤᠨ | ᠮᠡᠳᠡᠭᠦᠯᠦᠯᠲᠡ ᠶᠢ ᠬᠦᠯᠢᠶᠡᠨ ᠠᠪᠤᠭᠰᠠᠨ ᠤ ᠳᠠᠷᠠᠭ᠎ᠠ᠂ ᠵᠣᠬᠢᠴᠠᠩᠭᠤᠶ ᠪᠦᠬᠦᠢ ᠪᠠᠴᠢᠮ ᠪᠠᠶᠢᠳᠠᠯ ᠢ ᠠᠷᠭᠠᠴᠠᠬᠤ | ᠪᠡᠯᠡᠳᠬᠡᠯ ᠲᠥᠰᠦᠯ ᠢᠶᠠᠨ ᠡᠬᠢᠯᠡᠭᠦᠯᠵᠦ᠂ ᠠᠳᠡᠯ ᠤᠨ ᠠᠪᠤᠷᠠᠨ ᠲᠤᠰᠠᠯᠠᠬᠤ ᠶᠢ ᠵᠣᠬᠢᠶᠠᠨ ᠪᠠᠶᠢᠭᠤᠯᠬᠤ ᠪᠤᠶᠤ | ᠣᠷᠣᠯᠴᠠᠬᠤ ᠬᠡᠷᠡᠭᠲᠡᠶ᠃ | ᠭᠤᠴᠢᠨ ᠨᠠᠢᠮᠠᠳᠤᠭᠠᠷ ᠵᠤᠷᠪᠤᠰ ᠬᠤᠯᠪᠣᠭᠳᠠᠯ ᠪᠦᠬᠦᠢ ᠤᠰᠤᠨ ᠤ ᠵᠠᠰᠠᠭ ᠵᠠᠬᠢᠷᠭᠠᠨ ᠤ ᠭᠤᠣᠯᠴᠢᠯᠠᠨ | ᠬᠠᠮᠢᠶᠠᠷᠬᠤ ᠰᠠᠯᠠᠭ᠎ᠠ ᠮᠥᠴᠢᠷ ᠨᠢ ᠠᠳᠡᠯ ᠢ ᠪᠠᠶᠢᠴᠠᠭᠠᠬᠤ ᠠᠵᠢᠯ ᠢ ᠬᠠᠤᠯᠢ ᠶᠣᠰᠣᠭᠠᠷ ᠥᠷᠨᠢᠭᠦᠯᠬᠦ ᠪᠤᠶᠤ | ᠲᠡᠭᠦᠨ ᠳᠤ ᠣᠷᠣᠯᠴᠠᠵᠤ᠂ ᠴᠣᠬᠤᠯᠪᠣᠷᠢᠯᠠᠭᠰᠠᠨ ᠠᠳᠡᠯ ᠢ ᠪᠠᠶᠢᠴᠠᠭᠠᠨ ᠰᠢᠢᠳᠪᠦᠷᠢᠯᠡᠬᠦ ᠲᠣᠭᠲᠠᠭᠠᠯ ᠶᠣᠰᠣᠭᠠᠷ᠂ | ᠲᠣᠭᠲᠠᠭᠠᠭᠰᠠᠨ ᠡᠷᠬᠡ ᠮᠡᠳᠡᠯ ᠪᠣᠯᠤᠨ ᠳᠡᠰ ᠳᠠᠷᠠᠭᠠᠯᠠᠯ ᠢ ᠦᠨᠳᠦᠰᠦᠯᠡᠨ ᠠᠳᠡᠯ ᠭᠠᠷᠤᠭᠰᠠᠨ ᠨᠢᠭᠡᠴᠢ ᠪᠣᠯᠤᠨ | ᠬᠤᠯᠪᠣᠭᠳᠠᠯ ᠪᠦᠬᠦᠢ ᠬᠠᠷᠢᠭᠤᠴᠠᠯᠭ᠎ᠠ ᠡᠭᠦᠷᠭᠡᠯᠡᠭᠴᠢ ᠶᠢ ᠰᠢᠢᠳᠪᠦᠷᠢᠯᠡᠬᠦ ᠬᠡᠷᠡᠭᠲᠡᠶ᠃ | ᠭᠤᠴᠢ ᠶᠢᠰᠦᠳᠦᠭᠡᠷ ᠵᠤᠷᠪᠤᠰ ᠪᠦᠬᠦ ᠣᠷᠣᠨ ᠤ ᠡᠯ᠎ᠡ ᠱᠠᠲᠤᠨ ᠤ ᠤᠰᠤᠨ ᠤ ᠵᠠᠰᠠᠭ ᠵᠠᠬᠢᠷᠭᠠᠨ ᠤ | ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠣᠯᠤᠨ ᠤᠰᠤᠨ ᠠᠰᠢᠭᠯᠠᠯᠲᠠ ᠶᠢᠨ ᠦᠢᠯᠡᠳᠪᠦᠷᠢᠯᠡᠯ ᠡᠵᠡᠩᠨᠡᠯᠲᠡ ᠶᠢᠨ | ᠨᠢᠭᠡᠴᠢ ᠨᠦᠭᠦᠳ ᠲᠤᠰ ᠬᠠᠷᠢᠶ᠎ᠠ ᠣᠷᠣᠨ ︵ᠨᠢᠭᠡᠴᠢ︶ ᠤ ᠤᠰᠤᠨ ᠠᠰᠢᠭᠯᠠᠯᠲᠠ ᠶᠢᠨ ᠦᠢᠯᠡᠳᠪᠦᠷᠢᠯᠡᠯ ᠤᠨ | ᠠᠶᠤᠯᠭᠦᠢ ᠶᠢᠨ ᠠᠳᠡᠯ ᠤᠨ ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠬᠤᠷᠢᠶᠠᠩᠭᠤᠶᠢᠯᠠᠨ ᠵᠠᠳᠠᠯᠵᠤ᠂ ᠤᠰᠤᠨ | ᠠᠰᠢᠭᠯᠠᠯᠲᠠ ᠶᠢᠨ ᠠᠵᠢᠯ ᠲᠥᠷᠥᠯ ᠤᠨ ᠦᠢᠯᠡᠳᠪᠦᠷᠢᠯᠡᠯ ᠤᠨ ᠠᠶᠤᠯ ᠦᠭᠡᠶ ᠶᠢᠨ ᠠᠳᠡᠯ ᠤᠨ ᠲᠤᠭ᠎ᠠ | ᠪᠦᠷᠢᠳᠬᠡᠯ ᠤᠨ ᠮᠡᠳᠡᠭᠦᠯᠬᠦ ᠬᠦᠰᠦᠨᠦᠭᠲᠦ ᠶᠢ ᠲᠣᠭᠲᠠᠭᠠᠯ ᠶᠣᠰᠣᠭᠠᠷ ᠱᠠᠲᠤ ᠳᠠᠷᠠᠭᠠᠯᠠᠨ ᠳᠡᠭᠡᠭᠰᠢ ᠮᠡᠳᠡᠭᠦᠯᠬᠦ | ᠬᠡᠷᠡᠭᠲᠡᠶ᠃ | ᠲᠠᠪᠤᠳᠤᠭᠠᠷ ᠪᠦᠯᠦᠭ ᠳᠠᠭᠠᠯᠳᠤᠭᠤᠯᠤᠯ ᠳᠦᠷᠢᠮ | ᠳᠥᠴᠢᠳᠦᠭᠡᠷ ᠵᠤᠷᠪᠤᠰ ᠲᠤᠰ ᠠᠷᠭ᠎ᠠ ᠳᠠᠬᠢ ᠤᠰᠤᠨ ᠠᠰᠢᠭᠯᠠᠯᠲᠠ ᠶᠢᠨ ᠦᠢᠯᠡᠳᠪᠦᠷᠢᠯᠡᠯ ᠡᠵᠡᠩᠨᠡᠯᠲᠡ ᠶᠢᠨ | ᠨᠢᠭᠡᠴᠢ ᠭᠡᠳᠡᠭ ᠨᠢ ᠤᠰᠤᠨ ᠤ ᠡᠬᠢ ᠪᠠᠶᠠᠯᠢᠭ ᠢ ᠨᠡᠭᠡᠭᠡᠬᠦ᠂ ᠠᠰᠢᠭᠯᠠᠬᠤ᠂ ᠠᠷᠪᠢᠯᠠᠬᠤ᠂ ᠬᠠᠮᠠᠭᠠᠯᠠᠬᠤ᠂ ᠬᠠᠮᠢᠶᠠᠷᠬᠤ᠂ | ᠤᠰᠤᠨ ᠤ ᠣᠷᠴᠢᠨ ᠲᠣᠭᠤᠷᠢᠨ ᠢ ᠵᠠᠰᠠᠬᠤ᠂ ᠤᠰᠤᠨ ᠤ ᠠᠮᠢ ᠠᠬᠤᠶ ᠶᠢ ᠰᠡᠷᠭᠦᠭᠡᠬᠦ᠂ ᠤᠰᠤᠨ ᠤ ᠭᠠᠮᠰᠢᠭ ᠢ | ᠰᠡᠷᠭᠡᠶᠢᠯᠡᠨ ᠵᠠᠰᠠᠬᠤ ᠵᠡᠷᠭᠡ ᠦᠢᠯᠡᠳᠪᠦᠷᠢᠯᠡᠯ ᠡᠵᠡᠩᠨᠡᠯᠲᠡ ᠶᠢᠨ ᠠᠵᠢᠯᠯᠠᠭ᠎ᠠ ᠬᠢᠵᠦ ᠪᠠᠶᠢᠭ᠎ᠠ ᠠᠵᠤ ᠠᠬᠤᠶᠢᠯᠠᠯ᠂ | ᠠᠵᠢᠯ ᠦᠢᠯᠡᠰ ᠤᠨ ᠨᠢᠭᠡᠴᠢ᠂ ᠬᠤᠪᠢ ᠶᠢᠨ ᠠᠵᠤ ᠠᠬᠤᠶ ᠶᠢᠨ ᠵᠣᠬᠢᠶᠠᠨ ᠪᠠᠶᠢᠭᠤᠯᠤᠯᠲᠠ ᠵᠡᠷᠭᠡ ᠨᠢᠭᠡᠴᠢ ᠶᠢ | ᠵᠢᠭᠠᠵᠤ ᠪᠤᠶ᠃ | ᠳᠥᠴᠢᠨ ᠨᠢᠭᠡᠳᠦᠭᠡᠷ ᠵᠤᠷᠪᠤᠰ ᠲᠤᠰ ᠠᠷᠭ᠎ᠠ ᠶᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠤᠰᠤᠨ ᠠᠰᠢᠭᠯᠠᠯᠲᠠ ᠶᠢᠨ ᠲᠢᠩᠬᠢᠮ ᠠᠴᠠ ᠬᠠᠷᠢᠭᠤᠴᠠᠨ ᠲᠠᠶᠢᠯᠪᠤᠷᠢᠯᠠᠨ᠎ᠠ᠃ ᠲᠣᠰ ᠠᠷᠭ᠎ᠠ ᠶᠢ ᠨᠡᠶᠢᠲᠡᠯᠡᠭᠰᠡᠨ | ᠡᠳᠦᠷ ᠠᠴᠠ ᠡᠬᠢᠯᠡᠨ ᠬᠡᠷᠡᠭᠵᠢᠭᠦᠯᠦᠨ᠎ᠡ᠃ | |