ᠸᠠᠩ ᠬᠠᠢ ᠵᠢᠶᠦ᠋ᠨ ᠰᠢᠯᠢ ᠶᠢᠨ ᠭᠤᠣᠯ ᠤᠨ ᠤᠰᠤᠨ ᠰᠢᠨᠵᠢᠯᠡᠭᠡᠨ ᠤᠰᠤᠨ ᠤ ᠡᠬᠢ ᠰᠤᠷᠪᠤᠯᠵᠢ ᠶᠢᠨ ᠬᠤᠪᠢᠶᠠᠷᠢ ᠲᠥᠪ ᠲᠤ ᠬᠦᠷᠴᠦ ᠤᠰᠤᠨ ᠰᠢᠨᠵᠢᠯᠡᠭᠡᠨ ᠤ ᠬᠢᠨᠠᠨ ᠬᠡᠮᠵᠢᠯᠲᠡ ᠶᠢᠨ ᠠᠦ᠋ᠲ᠋ᠣᠴᠢᠯᠠᠯᠲᠠ ᠶᠢᠨ ᠪᠦᠳᠦᠭᠡᠨ ᠪᠠᠶᠢᠭᠤᠯᠤᠯᠲᠠ ᠶᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2023/7/3
  ᠭᠤᠤᠯ ᠰᠡᠳᠦᠪᠲᠦ ᠬᠥᠮᠦᠵᠢᠯ ᠤᠨ ᠦᠨᠡᠨ ᠪᠣᠳᠠᠲᠠᠶ ᠦᠷ᠎ᠡ ᠪᠦᠲᠦᠮᠵᠢ ᠤᠯᠬᠤ ᠶᠢ ᠠᠬᠢᠭᠤᠯᠵᠤ᠂ ᠪᠥᠬᠦ ᠣᠷᠣᠨ ᠤ ᠤᠰᠤᠨ ᠰᠢᠨᠵᠢᠯᠡᠭᠡᠨ ᠤ ᠬᠢᠨᠠᠨ ᠬᠡᠮᠵᠢᠯᠲᠡ ᠶᠢᠨ ᠠᠦ᠋ᠲ᠋ᠣᠴᠢᠯᠠᠯᠲᠠ ᠶᠢᠨ ᠪᠠᠶᠢᠭᠤᠯᠤᠯᠲᠠ ᠶᠢ ᠲᠦᠷᠭᠡᠳᠬᠡᠬᠦ ᠶᠢᠨ ᠲᠥᠯᠥᠭᠡ᠂ 6 ᠳ᠋ᠤᠭᠠᠷ ᠰᠠᠷ᠎ᠠ ᠶᠢᠨ 28 ᠤ ᠡᠳᠦᠷ ᠠᠴᠠ 7 ᠳ᠋ᠤᠭᠠᠷ ᠰᠠᠷ᠎ᠠ ᠶᠢᠨ 1 ᠤ ᠡᠳᠦᠷ ᠪᠣᠯᠲᠠᠯ᠎ᠠ᠂ ᠤᠰᠤᠨ ᠰᠢᠨᠵᠢᠯᠡᠭᠡᠨ ᠤᠰᠤᠨ ᠤ ᠡᠬᠢ ᠰᠤᠷᠪᠤᠯᠵᠢ ᠶᠢᠨ ᠲᠥᠪ ᠤᠨ ᠨᠠᠮ ᠤᠨ ᠬᠤᠷᠢᠶᠠᠨ ᠤ ᠱᠦᠵᠢ᠂ ᠡᠷᠬᠢᠯᠡᠭᠴᠢ ᠸᠠᠩ ᠬᠠᠶ ᠵᠢᠶᠦ᠋ᠨ ᠪᠦᠯᠬᠦᠮ ᠳᠠᠭᠠᠭᠤᠯᠤᠨ ᠰᠢᠯᠢ ᠶᠢᠨ ᠭᠤᠤᠯ ᠤᠨ ᠤᠰᠤᠨ ᠰᠢᠨᠵᠢᠯᠡᠭᠡᠨ ᠤᠰᠤᠨ ᠤ ᠡᠬᠢ ᠰᠤᠷᠪᠤᠯᠵᠢ ᠶᠢᠨ ᠬᠤᠪᠢᠶᠠᠷᠢ ᠲᠥᠪ ᠤᠨ   ᠬᠤᠯᠤ ᠭᠤᠤ᠂ ᠳ᠋ᠠ ᠾᠧ ᠺᠸᠦ᠂ ᠨᠦᠬᠡ ᠰᠦᠮ᠎ᠡ ᠵᠡᠷᠭᠡ 7 ᠤᠰᠤᠨ ᠰᠢᠨᠵᠢᠯᠡᠭᠡᠨ ᠤ ᠥᠷᠲᠡᠭᠡ ᠳᠤ ᠬᠦᠷᠴᠦ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠭᠰᠡᠨ ᠪᠥᠭᠡᠳ ᠬᠤᠪᠢᠶᠠᠷᠢ ᠲᠥᠪ ᠤᠨ ᠤᠳᠤᠷᠢᠳᠬᠤ ᠪᠠᠭ ᠤᠨ ᠪᠦᠷᠢᠯᠳᠦᠬᠦᠨ᠂ ᠭᠤᠭᠴᠣᠭᠠᠨ ᠤ ᠺᠠᠳ᠋ᠷ ᠲᠠᠢ ᠶᠠᠷᠢᠯᠴᠠᠵᠤ᠂ ᠤᠰᠤᠨ ᠰᠢᠨᠵᠢᠯᠡᠭᠡᠨ ᠤ ᠬᠢᠨᠠᠨ ᠬᠡᠮᠵᠢᠯᠲᠡ ᠶᠢᠨ ᠠᠦ᠋ᠲ᠋ᠣᠴᠢᠯᠠᠯᠲᠠ ᠶᠢᠨ ᠪᠠᠶᠢᠭᠤᠯᠤᠯᠲᠠ ᠶᠢᠨ ᠪᠣᠳᠠᠲᠠᠶ ᠪᠠᠶᠢᠳᠠᠯ ᠪᠣᠯᠤᠨ ᠣᠷᠣᠰᠢᠵᠤ ᠪᠠᠶᠢᠭ᠎ᠠ ᠠᠰᠠᠭᠤᠳᠠᠯ ᠢ ᠨᠠᠷᠢᠨ ᠣᠶᠢᠯᠠᠭᠠᠪᠠ᠃
文监测自动化建设1.jpg
  ᠸᠠᠩ ᠬᠠᠢ ᠵᠢᠶᠦ᠋ᠨ ᠵᠢᠭᠠᠵᠦ ᠭᠠᠷᠭᠠᠬᠤ ᠳᠠᠭᠠᠨ᠂ ᠰᠢᠨ᠎ᠡ ᠪᠠᠶᠢᠳᠠᠯ ᠳᠣᠣᠷ᠎ᠠ᠂ ᠤᠰᠤᠨ ᠤ ᠰᠢᠨᠵᠢᠯᠡᠭᠡᠨ ᠤ ᠡᠭᠦᠷᠭᠡ ᠴᠢᠳᠠᠪᠬᠢ ᠡᠭᠦᠷᠭᠡ ᠬᠠᠷᠢᠭᠤᠴᠠᠯᠭ᠎ᠠ ᠴᠢᠩᠭᠠᠷᠠᠵᠤ᠂ ᠦᠢᠯᠡᠴᠢᠯᠡᠭᠡᠨ ᠤ ᠬᠦᠷᠢᠶ᠎ᠡ ᠬᠡᠪᠴᠢᠶ᠎ᠡ ᠥᠷᠭᠡᠵᠢᠵᠦ᠂ ᠬᠠᠷᠢᠭᠤᠴᠠᠯᠭ᠎ᠠ ᠶᠠᠪᠤᠬᠤ ᠲᠤᠳᠤᠮ ᠶᠡᠭᠡ ᠪᠤᠯᠵᠤ ᠪᠠᠶᠢᠨ᠎ᠠ᠃ ᠣᠳᠣᠬᠠᠨ ᠳᠤ᠂ ᠤᠰᠤᠨ ᠠᠰᠢᠭᠯᠠᠯᠲᠠ ᠶᠢᠨ ᠶᠠᠮᠤᠨ ᠤ ᠤᠰᠤᠨ ᠰᠢᠨᠵᠢᠯᠡᠭᠡᠨ ᠤ ᠵᠤᠷᠭᠠᠨ᠂ ᠤᠰᠤᠨ ᠠᠰᠢᠭᠯᠠᠯᠲᠠ ᠶᠢᠨ ᠲᠢᠩᠬᠢᠮ ᠥᠪᠥᠷ ᠮᠣᠩᠭᠤᠯ ᠤᠨ ᠤᠰᠤᠨ ᠰᠢᠨᠵᠢᠯᠡᠭᠡᠨ ᠤ ᠠᠵᠢᠯ ᠢ ᠮᠠᠰᠢ ᠴᠢᠬᠤᠯᠠᠴᠢᠯᠠᠵᠤ᠂ ᠪᠠᠰᠠ ᠮᠠᠰᠢ ᠶᠡᠭᠡ ᠳᠡᠮᠵᠢᠯᠭᠡ ᠦᠵᠡᠭᠦᠯᠪᠡ᠃ ᠪᠢᠳᠡ ᠠᠵᠠ ᠲᠣᠬᠢᠶᠠᠯ ᠢ ᠦᠨᠡᠨ ᠬᠦ ᠠᠮᠵᠢᠵᠤ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠤᠰᠤᠨ ᠰᠢᠨᠵᠢᠯᠡᠭᠡᠨ ᠤ ᠬᠢᠨᠠᠨ ᠬᠡᠮᠵᠢᠯᠲᠡ ᠶᠢᠨ ᠠᠦ᠋ᠲ᠋ᠣᠴᠢᠯᠠᠭᠰᠠᠨ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ ᠤᠰᠤᠨ ᠰᠢᠨᠵᠢᠯᠡᠭᠡᠨ ᠤ ᠲᠤᠭ᠎ᠠ ᠪᠠᠷᠢᠮᠲᠠ ᠶᠢ ᠭᠦᠨᠵᠡᠭᠡᠶ ᠡᠳ᠋ᠰᠢᠭᠦᠯᠬᠦ ᠶᠢ ᠴᠢᠩᠭᠠᠳᠬᠠᠵᠤ᠂ ᠨᠠᠩ ᠴᠢᠨᠠᠷ ᠰᠠᠶᠢᠲᠠᠶ ᠥᠨᠳᠥᠷ ᠪᠦᠲᠦᠮᠵᠢᠲᠡᠶ ᠤᠰᠤᠨ ᠰᠢᠨᠵᠢᠯᠡᠭᠡᠨ ᠤ ᠦᠷ᠎ᠡ ᠪᠦᠲᠦᠭᠡᠯ ᠢᠶᠠᠷ ᠤᠰᠤᠨ ᠠᠰᠢᠭᠯᠠᠯᠲᠠ ᠪᠣᠯᠤᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠲᠤᠯᠭᠠᠭᠤᠷᠢᠯᠠᠬᠤ ᠳᠤ ᠦᠢᠯᠡᠴᠢᠯᠡᠬᠦ ᠬᠡᠷᠡᠭᠲᠡᠶ ᠭᠡᠵᠡᠢ᠃
文监测自动化建设2.jpg
  ᠸᠠᠩ ᠬᠠᠶ ᠵᠢᠶᠦ᠋ᠨ ᠴᠢᠬᠤᠯᠠᠴᠢᠯᠠᠭᠰᠠᠨ ᠨᠢ᠂ ᠰᠢᠯᠢ ᠶᠢᠨ ᠭᠤᠤᠯ ᠤᠨ ᠭᠠᠵᠠᠷ ᠣᠷᠣᠨ ᠤ ᠭᠤᠤᠯ ᠤᠨ ᠵᠠᠮ ᠲᠣᠭᠲᠠᠭᠤᠨ᠂ ᠣᠭᠲᠣᠯᠤᠭᠠᠰᠤ ᠨᠢ ᠢᠪᠴᠡᠭᠦᠦ᠂ ᠤᠰᠤᠨ ᠰᠢᠨᠵᠢᠯᠡᠭᠡᠨ ᠤ ᠬᠢᠨᠠᠨ ᠬᠡᠮᠵᠢᠯᠲᠡ ᠶᠢᠨ ᠠᠦ᠋ᠲ᠋ᠣᠴᠢᠯᠠᠯᠲᠠ ᠶᠢᠨ ᠪᠥᠲᠥᠭᠡᠨ ᠪᠠᠶᠢᠭᠤᠯᠤᠯᠲᠠ ᠶᠢᠨ ᠰᠠᠭᠤᠷᠢ ᠨᠥᠬᠦᠴᠡᠯ ᠢ ᠨᠠᠩ ᠢᠯᠡᠭᠦᠦ ᠪᠦᠷᠢᠯᠳᠦᠭᠦᠯᠦᠨ᠎ᠡ᠃ ᠰᠢᠯᠢ ᠶᠢᠨ ᠭᠤᠤᠯ ᠤᠨ ᠤᠰᠤᠨ ᠰᠢᠨᠵᠢᠯᠡᠭᠡᠨ ᠤᠰᠤᠨ ᠤ ᠡᠬᠢ ᠰᠤᠷᠪᠤᠯᠵᠢ ᠵᠢᠨ‌ᠬᠤᠪᠢᠶᠠᠷᠢ ᠲᠥᠪ ᠨᠢ ᠤᠰᠤᠨ ᠰᠢᠨᠵᠢᠯᠡᠭᠡᠨ ᠤ ᠬᠥᠭᠵᠢᠯᠲᠡ ᠳᠤ ᠲᠤᠯᠭᠠᠷᠠᠵᠤ ᠪᠠᠶᠢᠭ᠎ᠠ ᠪᠠᠶᠢᠳᠠᠯ ᠡᠭᠦᠷᠭᠡ ᠶᠢ ᠭᠦᠢᠴᠡᠳ ᠲᠠᠨᠢᠵᠤ᠂ ᠤᠰᠤᠨ ᠰᠢᠨᠵᠢᠯᠡᠭᠡᠨ ᠤ ᠣᠳᠣᠬᠢᠴᠢᠯᠠᠯᠲᠠ ᠶᠢᠨ ᠬᠠᠷᠠᠯᠲᠠ ᠶᠢ ᠲᠣᠭᠲᠠᠭᠠᠵᠤ᠂ ᠣᠳᠣᠬᠠᠨ ᠤ ᠪᠣᠳᠠᠲᠤ ᠪᠠᠶᠢᠳᠠᠯ ᠳᠤ ᠰᠠᠭᠤᠷᠢᠯᠠᠨ᠂ ᠬᠦᠴᠢᠷ ᠪᠡᠷᠬᠡᠰᠢᠶᠡᠯ ᠢ ᠢᠯᠡᠨ ᠳᠠᠪᠠᠵᠤ᠂ ᠳᠤᠲᠠᠭᠤᠳᠠᠯ ᠢᠶᠠᠨ ᠨᠥᠬᠦᠪᠥᠷᠢᠯᠡᠨ᠂ ᠤᠰᠤᠨ ᠰᠢᠨᠵᠢᠯᠡᠭᠡᠨ ᠤ ᠬᠢᠨᠠᠨ ᠬᠡᠮᠵᠢᠯᠲᠡ ᠶᠢᠨ ᠠᠦ᠋ᠲ᠋ᠣᠴᠢᠯᠠᠯᠲᠠ ᠶᠢᠨ ᠪᠥᠲᠥᠭᠡᠨ ᠪᠠᠶᠢᠭᠤᠯᠤᠯᠲᠠ ᠶᠢ ᠪᠥᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠶ᠃ ᠨᠢᠭᠡ ᠳᠤ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠤᠬᠠᠭᠤᠯᠤᠨ ᠲᠤᠭᠤᠰᠢᠯᠠᠭᠤᠯᠵᠤ᠂ ᠲᠠᠩᠰᠠ ᠮᠡᠳᠡᠭᠦᠯᠬᠦ ᠤᠬᠠᠮᠰᠠᠷ᠂ ᠲᠠᠩᠰᠠ ᠲᠤᠰᠢᠶᠠᠬᠤ ᠤᠬᠠᠮᠰᠠᠷ᠂ ᠦᠷ᠎ᠡ ᠪᠦᠲᠦᠭᠡᠯ ᠤᠨ ᠤᠬᠠᠮᠰᠠᠷ ᠢ ᠪᠠᠲᠤ ᠪᠣᠶ ᠪᠣᠯᠭᠠᠵᠤ᠂ ᠥᠪᠡᠷᠲᠡᠭᠡᠨ ᠵᠠᠰᠠᠬᠤ ᠣᠷᠣᠨ ᠤ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠳᠤ ᠤᠰᠤᠨ ᠰᠢᠨᠵᠢᠯᠡᠭᠡᠨ ᠤ ᠲᠤᠯᠭᠠᠭᠤᠷᠢᠯᠠᠯ ᠬᠠᠩᠭᠠᠬᠤ ᠬᠡᠷᠡᠭᠲᠡᠶ᠃ ᠬᠤᠶᠠᠷ ᠲᠤ᠂ ᠤᠰᠤᠨ ᠵᠦᠢ ᠶᠢᠨ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠡᠷᠴᠢᠮ ᠪᠣᠯᠤᠨ ᠪᠡᠯᠡ ᠮᠥᠩᠭᠦ ᠥᠭᠬᠦ ᠡᠷᠴᠢᠮ ᠢᠶᠠᠨ ᠨᠡᠮᠡᠭᠳᠡᠭᠦᠯᠵᠦ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠪᠣᠯᠤᠨ ᠬᠢᠨᠠᠯᠲᠠ ᠲᠠᠯᠪᠢᠯᠲᠠ ᠶᠢ ᠰᠠᠶᠢᠲᠤᠷ ᠠᠳᠬᠤᠵᠤ᠂ ᠡᠯ᠎ᠡ ᠵᠦᠢᠯ ᠤᠨ ᠪᠠᠷᠢᠯᠭ᠎ᠠ ᠶᠢ ᠬᠤᠭᠤᠴᠠᠭ᠎ᠠ ᠶᠣᠰᠣᠭᠠᠷ ᠳᠠᠭᠤᠰᠬᠠᠬᠤ ᠶᠢ ᠦᠨᠡᠨᠬᠦ ᠪᠠᠲᠤᠯᠠᠬᠤ ᠬᠡᠷᠡᠭᠲᠡᠶ᠃ ᠭᠤᠷᠪᠠ ᠳᠤ᠂ ᠤᠰᠤᠨ ᠰᠢᠨᠵᠢᠯᠡᠭᠡᠨ ᠤ ᠰᠠᠭᠤᠷᠢ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠶᠢᠨ ᠡᠮᠦᠨᠡᠬᠢ ᠬᠤᠭᠤᠴᠠᠭᠠᠨ ᠤ ᠠᠵᠢᠯ ᠢ ᠨᠠᠷᠢᠨ ᠬᠢᠨᠠᠮᠠᠭᠠᠶ ᠰᠠᠶᠢᠲᠤᠷ ᠬᠢᠵᠦ᠂ ︽ᠨᠢᠭᠡ ᠥᠷᠲᠡᠭᠡ ᠨᠢᠭᠡ ᠪᠣᠳᠣᠯᠭ᠎ᠠ︾ ᠶᠢᠨ ᠵᠠᠷᠴᠢᠮ ᠶᠣᠰᠣᠭᠠᠷ ᠣᠯᠠᠨ ᠲᠦᠮᠡᠨ ᠲᠠᠢ ᠨᠠᠩ ᠣᠶᠢᠷᠠᠲᠤᠬᠤ ᠬᠡᠷᠡᠭᠵᠢᠭᠦᠯᠬᠦ ᠲᠥᠰᠦᠯ ᠢ ᠰᠤᠳᠤᠯᠤᠨ ᠲᠣᠭᠲᠠᠭᠠᠵᠤ᠂ ᠤᠰᠤᠨ ᠰᠢᠨᠵᠢᠯᠡᠭᠡᠨ ᠤ ᠬᠢᠨᠠᠨ ᠬᠡᠮᠵᠢᠯᠲᠡ ᠶᠢᠨ ᠠᠦ᠋ᠲ᠋ᠣᠴᠢᠯᠠᠯᠲᠠ ᠶᠢᠨ ᠲᠦᠪᠰᠢᠨ ᠢ ᠲᠦᠷᠭᠡᠳᠬᠡᠨ ᠳᠡᠭᠡᠭᠰᠢᠯᠡᠭᠦᠯᠬᠦ ᠬᠡᠷᠡᠭᠲᠡᠶ᠃ ᠲᠦᠷᠪᠡ ᠳᠤ᠂ ᠤᠳᠤᠷᠢᠳᠬᠤ ᠪᠠᠭ ᠤᠨ ᠪᠠᠶᠢᠭᠤᠯᠤᠯᠲᠠ ᠶᠢ ᠴᠢᠩᠭᠠᠳᠬᠠᠵᠤ᠂ ᠭᠤᠣᠯᠳᠠᠯᠭ᠎ᠠ ᠲᠠᠢ ᠠᠰᠠᠭᠤᠳᠠᠯ ᠤᠨ ᠲᠣᠭᠤᠷᠢᠨ ᠳᠤ ᠬᠠᠮᠲᠤ ᠪᠠᠷ ᠠᠷᠭ᠎ᠠ ᠤᠬᠠᠭᠠᠨ ᠭᠠᠷᠭᠠᠵᠤ᠂ ᠬᠠᠮᠲᠤ ᠪᠠᠷ ᠠᠬᠢᠭᠤᠯᠤᠨ ᠰᠢᠢᠳᠪᠦᠷᠢᠯᠡᠵᠦ᠂ ᠪᠦᠯᠬᠦᠮᠳᠡᠨ ᠬᠠᠮᠵᠢᠯᠴᠠᠬᠤ ᠪᠦᠬᠦᠯᠢ ᠴᠣᠭᠴᠠ ᠶᠢᠨ ᠬᠠᠮᠲᠤᠷᠠᠯ ᠬᠦᠴᠦᠨ ᠢ ᠨᠢᠭᠲᠠᠷᠠᠭᠤᠯᠬᠤ ᠬᠡᠷᠡᠭᠲᠡᠢ᠃ ᠲᠠᠪᠤ ᠳᠤ᠂ ᠬᠠᠮᠢᠶᠠᠷᠤᠯᠲᠠ ᠪᠠᠨ ᠴᠢᠩᠭᠠᠳᠬᠠᠵᠤ᠂ ᠳᠣᠲᠣᠭᠠᠳᠤ ᠡᠵᠡᠮᠳᠡᠯ ᠤᠨ ᠲᠦᠷᠢᠮ ᠢ ᠪᠦᠷᠢᠨᠰᠢᠬᠦᠯᠵᠤ᠂ ᠰᠤᠷᠲᠠᠯ ᠤᠨ ᠪᠠᠶᠢᠭᠤᠯᠤᠯᠲᠠ ᠶᠢ ᠴᠢᠩᠭ᠎ᠠ ᠠᠩᠬᠠᠷᠴᠤ᠂ ᠰᠤᠷᠲᠠᠯ ᠢᠶᠠᠨ ᠴᠥᠬᠦᠷᠡᠰᠢ ᠦᠭᠡᠢ ᠬᠤᠪᠢᠷᠠᠭᠤᠯᠵᠤ ᠰᠢᠨ᠎ᠡ ᠰᠤᠷᠲᠠᠯ ᠢ ᠪᠤᠢ ᠪᠣᠯᠭᠠᠬᠤ ᠬᠡᠷᠡᠭᠲᠡᠢ᠃ ᠵᠢᠷᠭᠤᠭ᠎ᠠ ᠳᠤ᠂ ᠭᠤᠣᠯ ᠰᠡᠳᠦᠪᠲᠦ ᠬᠥᠮᠦᠵᠢᠯ ᠢ ᠰᠠᠶᠢᠲᠤᠷ ᠠᠳᠬᠤᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠤᠬᠠᠭᠤᠯᠤᠨ ᠲᠤᠭᠤᠰᠢᠯᠠᠭᠤᠯᠵᠤ᠂ ᠤᠨᠤᠯ ᠤᠨ ᠰᠤᠷᠤᠯᠴᠠᠯᠭ᠎ᠠ᠂ ᠪᠠᠶᠢᠴᠠᠭᠠᠨ ᠰᠤᠳᠤᠯᠤᠯᠲᠠ᠂ ᠬᠥᠭᠵᠢᠯᠲᠡ ᠶᠢ ᠠᠬᠢᠭᠤᠯᠬᠤ᠂ ᠪᠠᠶᠢᠴᠠᠭᠠᠨ ᠰᠢᠨᠵᠢᠵᠦ ᠴᠡᠭᠴᠡᠯᠡᠨ ᠰᠠᠶᠢᠵᠢᠷᠠᠭᠤᠯᠬᠤ᠂ ᠲᠦᠷᠢᠮ ᠲᠣᠭᠲᠠᠭᠠᠯ ᠲᠣᠭᠲᠠᠭᠠᠬᠤ ᠶᠢ ᠨᠡᠪᠲᠡᠷᠡᠭᠦᠯᠵᠦ᠂ ᠭᠤᠣᠯ ᠰᠡᠳᠦᠪᠲᠦ ᠬᠥᠮᠦᠵᠢᠯ ᠤᠨ ᠭᠦᠨᠵᠡᠭᠡᠶᠢᠷᠡᠨ ᠪᠣᠳᠠᠲᠠᠶᠢᠵᠢᠬᠤ ᠶᠢ ᠠᠬᠢᠭᠤᠯᠵᠤ᠂ ᠦᠢᠯᠡᠳᠦᠯᠭᠡ ᠶᠢ ᠵᠢᠯᠣᠭᠤᠳᠬᠤ᠂ ᠠᠵᠢᠯ ᠢ ᠠᠬᠢᠭᠤᠯᠬᠤ ᠬᠠᠷᠠᠯᠲᠠ ᠳᠤ ᠬᠦᠷᠬᠦ ᠬᠡᠷᠡᠭᠲᠡᠢ᠃ ᠳᠤᠯᠤᠭ᠎ᠠ ᠳᠤ᠂ ᠤᠰᠤᠨ ᠰᠢᠨᠵᠢᠯᠡᠭᠡᠨ ᠤ ᠠᠶᠤᠯᠭᠦᠢ ᠦᠢᠯᠡᠳᠪᠦᠷᠢᠯᠡᠯ ᠢ ᠰᠠᠶᠢᠲᠤᠷ ᠠᠳᠬᠤᠵᠤ᠂ ᠠᠯᠠᠱᠠ ᠵᠡᠭᠦᠨ ᠬᠤᠰᠢᠭᠤᠨ ᠤ ᠨᠡᠭᠦᠷᠡᠰᠦᠨ ᠠᠭᠤᠷᠬᠠᠢ ᠨᠤᠷᠠᠵᠤ᠂ ᠶᠢᠨᠴᠤᠸᠠᠨ ᠤ ᠰᠢᠷᠠᠯᠭ᠎ᠠ ᠶᠢᠨ ᠳᠡᠯᠭᠡᠭᠦᠷ ᠤᠨ ᠰᠢᠲᠠᠮᠠᠬᠠᠢ ᠬᠡᠢ ᠳᠡᠯᠪᠡᠷᠡᠭᠰᠡᠨ ᠠᠳᠡᠯ ᠢᠶᠠᠷ ᠲᠤᠯᠢ ᠪᠣᠯᠭᠠᠵᠤ᠂ ᠤᠰᠤᠨ ᠰᠢᠨᠵᠢᠯᠡᠭᠡᠨ ᠤ ᠬᠡᠮᠵᠢᠨ ᠪᠠᠶᠢᠴᠠᠭᠠᠯᠲᠠ ᠶᠢᠨ ᠠᠮᠤᠷ ᠲᠦᠪᠰᠢᠨ᠂ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠠᠮᠤᠷ ᠲᠦᠪᠰᠢᠨ᠂ ᠮᠠᠰᠢᠨ ᠲᠡᠷᠭᠡᠨ ᠤ ᠠᠮᠤᠷ ᠲᠦᠪᠰᠢᠨ ᠵᠡᠷᠭᠡ ᠭᠤᠣᠯᠳᠠᠯᠭ᠎ᠠ ᠶᠢ ᠳᠤᠪᠤᠶᠢᠯᠭᠠᠵᠤ᠂ ᠴᠠᠭ ᠢᠮᠠᠭᠲᠠ ᠰᠡᠳᠬᠢᠯ ᠠᠮᠤᠷ ᠪᠠᠶᠢᠬᠤ ᠦᠭᠡᠢ ᠬᠠᠷᠢᠭᠤᠴᠠᠯᠭᠠᠲᠤ ᠰᠡᠳᠬᠢᠯᠭᠡ ᠪᠠᠷ᠂ ᠨᠢᠳᠦ ᠪᠠᠨ ᠶᠡᠬᠡᠪᠡᠷ ᠪᠦᠯᠲᠡᠶᠢᠯᠭᠡᠨ᠂ ᠠᠮᠤᠷ ᠲᠦᠪᠰᠢᠨ ᠤ ᠠᠶᠤᠯ ᠲᠦᠭᠰᠢᠭᠦᠷᠢ ᠭᠡᠮ ᠰᠣᠭᠤᠭ ᠢ ᠵᠢᠭᠰᠠᠭᠠᠨ ᠪᠠᠶᠢᠴᠠᠭᠠᠵᠤ ᠵᠠᠰᠠᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠠᠳᠬᠤᠵᠤ᠂ ᠴᠢᠬᠤᠯᠠ ᠪᠦᠬᠦᠢ ᠪᠠᠴᠢᠮ ᠪᠠᠶᠢᠳᠠᠯ ᠢ ᠠᠷᠭᠠᠴᠠᠭᠠᠬᠤ ᠡᠳ᠋ ᠪᠣᠳᠠᠰ ᠪᠣᠯᠤᠨ ᠪᠡᠯᠡᠳᠬᠡᠯ ᠲᠥᠬᠦᠭᠡᠷᠦᠮᠵᠢ ᠶᠢ ᠨᠥᠭᠡᠴᠡᠯᠡᠵᠦ᠂ ᠤᠰᠤᠨ ᠰᠢᠨᠵᠢᠯᠡᠭᠡᠨ ᠤ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠤᠨ ᠦᠷᠭᠦᠯᠵᠢᠯᠡᠨ ᠲᠣᠭᠲᠠᠭᠤᠨ ᠪᠠᠶᠢᠬᠤ ᠶᠢ ᠪᠠᠲᠤᠯᠠᠬᠤ ᠬᠡᠷᠡᠭᠲᠡᠢ ᠭᠡᠵᠡᠢ᠃  ᠰᠢᠯᠢ ᠶᠢᠨ ᠭᠤᠤᠯ ᠤᠨ ᠤᠰᠤᠨ ᠰᠢᠨᠵᠢᠯᠡᠭᠡᠨ ᠤᠰᠤᠨ ᠤ ᠡᠬᠢ ᠰᠤᠷᠪᠤᠯᠵᠢ ᠶᠢᠨ ᠬᠤᠪᠢᠶᠠᠷᠢ ᠲᠦᠪ ᠤᠨ ᠤᠳᠤᠷᠢᠳᠬᠤ ᠪᠠᠭ ᠤᠨ ᠪᠦᠷᠢᠯᠳᠦᠬᠦᠨ᠂ ᠬᠠᠮᠢᠶ᠎ᠠ ᠪᠥᠬᠦᠶ ᠰᠠᠯᠠᠭ᠎ᠠ ᠲᠠᠰᠤᠭ ᠤᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃ 
 
ᠢᠷᠡᠯᠲᠡ᠄ ᠰᠢᠯᠢ ᠶᠢᠨ ᠭᠤᠣᠯ ᠤᠰᠤᠨ ᠰᠢᠨᠵᠢᠯᠡᠭᠡᠨ ᠤᠰᠤᠨ ᠤ ᠡᠬᠢ ᠰᠤᠷᠪᠤᠯᠵᠢ ᠶᠢᠨ ᠬᠤᠪᠢᠶᠠᠷᠢ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号