ᠶᠡᠷᠦᠩᠬᠡᠶ ᠱᠦᠵᠢ ᠰᠢ ᠶᠢᠨ ᠫᠢᠩ ᠤᠨ ᠤᠯᠤᠰ ᠤᠨ ᠤᠰᠤᠨ ᠤ ᠠᠮᠤᠷ ᠲᠦᠪᠰᠢᠨ ᠢ ᠪᠠᠲᠤᠯᠠᠬᠤ ᠲᠤᠬᠠᠶ | ᠴᠢᠬᠤᠯᠠ ᠥᠭᠦᠯᠡᠯᠲᠡ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠭᠤᠤᠯ | ᠮᠥᠷᠡᠨ ᠨᠠᠭᠤᠷ ᠴᠥᠭᠦᠷᠥᠮ ᠤᠨ ᠬᠦᠷᠢᠶᠡᠨ ᠳᠠᠬᠢ ᠬᠠᠤᠯᠢ ᠬᠡᠷᠡᠭᠵᠢᠭᠦᠯᠬᠦ ᠡᠷᠴᠢᠮ ᠢ ᠴᠢᠩᠭᠠᠷᠠᠭᠤᠯᠤᠨ᠂ ᠤᠰᠤᠨ ᠤ | ᠬᠠᠤᠯᠢ᠂ ᠬᠠᠲᠤᠨ ᠭᠤᠤᠯ ᠢ ᠬᠠᠮᠠᠭᠠᠯᠠᠬᠤ ᠬᠠᠤᠯᠢ ᠵᠡᠷᠭᠡ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠢ | ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠠᠬᠢᠭᠤᠯᠬᠤ ᠶᠢᠨ ᠲᠥᠯᠥᠭᠡ᠂ ᠥᠪᠡᠷᠲᠡᠭᠡᠨ ᠵᠠᠰᠠᠬᠤ | ᠣᠷᠣᠨ ᠤ ᠤᠰᠤᠨ ᠠᠰᠢᠭᠯᠠᠯᠲᠠ ᠶᠢᠨ ᠲᠢᠩᠬᠢᠮ᠂ ᠠᠷᠠᠳ ᠤᠨ ᠥᠨᠳᠥᠷ ᠵᠡᠷᠭᠡ ᠶᠢᠨ ᠰᠢᠭᠦᠬᠦ ᠬᠤᠷᠢᠶ᠎ᠠ᠂ | ᠠᠷᠠᠳ ᠤᠨ ᠪᠠᠶᠢᠴᠠᠭᠠᠬᠤ ᠬᠤᠷᠢᠶ᠎ᠠ᠂ ᠳᠣᠲᠣᠭᠠᠳᠤ ᠶᠢ ᠬᠠᠮᠠᠭᠠᠯᠠᠬᠤ ᠲᠢᠩᠬᠢᠮ᠂ ᠬᠠᠤᠯᠢ ᠴᠠᠭᠠᠵᠠ ᠶᠢᠨ ᠲᠢᠩᠬᠢᠮ | ᠬᠠᠮᠲᠤᠷᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠤᠤᠯ ᠮᠥᠷᠡᠨ ᠨᠠᠭᠤᠷ ᠴᠥᠭᠦᠷᠥᠮ ᠤᠨ | ᠠᠮᠤᠷ ᠲᠦᠪᠰᠢᠨ ᠤ ᠬᠠᠮᠠᠭᠠᠯᠠᠯᠲᠠ ᠶᠢᠨ ᠲᠤᠰᠬᠠᠶ ᠵᠦᠢᠯ ᠤᠨ ᠬᠠᠤᠯᠢ ᠬᠡᠷᠡᠭᠵᠢᠭᠦᠯᠬᠦ ᠠᠵᠢᠯᠯᠠᠭ᠎ᠠ ᠶᠢᠨ ᠲᠥᠰᠦᠯ︾ ︵ | ᠥᠪᠥᠷ ᠤᠰᠤᠨ ᠤ ᠶᠠᠪᠤᠳᠠᠯ ﹇ 2023﹈ 22 ᠳ᠋ᠤᠭᠠᠷ ᠲᠣᠭᠠᠲᠤ︶ ᠢ ᠳᠠᠷᠤᠮᠠᠯᠯᠠᠨ ᠲᠠᠷᠬᠠᠭᠠᠵᠤ᠂ ᠭᠤᠤᠯ ᠤᠨ | ᠵᠠᠮ ᠢ ᠡᠵᠡᠯᠡᠭᠰᠡᠨ᠂ ᠦᠶᠡᠷ ᠵᠠᠯᠠᠬᠤ ᠶᠢ ᠬᠠᠷᠰᠢᠯᠠᠭᠰᠠᠨ᠂ ᠤᠰᠤᠨ ᠤ ᠪᠠᠷᠢᠯᠭ᠎ᠠ ᠶᠢ ᠡᠪᠳᠡᠭᠰᠡᠨ᠂ ᠬᠠᠤᠯᠢ ᠪᠤᠰᠤ ᠪᠠᠷ | ᠡᠯᠡᠰᠦ ᠮᠠᠯᠲᠠᠭᠰᠠᠨ᠂ ᠬᠠᠤᠯᠢ ᠪᠤᠰᠤ ᠪᠠᠷ ᠤᠰᠤ ᠠᠪᠤᠭᠰᠠᠨ᠂ ᠵᠣᠷᠢᠭᠤᠳᠠ ᠪᠠᠷ ᠬᠥᠷᠥᠰᠥ ᠰᠢᠷᠣᠶ ᠶᠢ | ᠢᠳᠡᠭᠳᠡᠭᠦᠯᠦᠭᠰᠡᠨ ᠵᠡᠷᠭᠡ ᠤᠰᠤᠨ ᠤ ᠬᠡᠷᠡᠭ ᠤᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠦᠳᠲᠡᠷ | ᠲᠦᠷᠭᠡᠨ ᠪᠠᠶᠢᠴᠠᠭᠠᠨ ᠢᠯᠡᠷᠡᠭᠦᠯᠵᠦ᠂ ᠴᠠᠭ ᠲᠤᠬᠠᠶ ᠳᠤᠨᠢ ᠪᠠᠶᠢᠴᠠᠭᠠᠨ ᠰᠢᠢᠳᠪᠦᠷᠢᠯᠡᠬᠦ ᠶᠢᠨ ᠲᠤᠰᠠᠳᠠ᠂ | ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠠᠴᠠ ᠢᠯᠡᠴᠢᠯᠡᠨ ᠮᠡᠳᠡᠭᠦᠯᠬᠦ ᠠᠷᠭ᠎ᠠ | ᠮᠠᠶ᠋ᠢᠭ ᠢ ᠳᠤᠤᠷᠠᠬᠢ ᠮᠡᠲᠦ ᠨᠡᠶᠢᠲᠡᠯᠡᠪᠡ᠂ ᠥᠷᠭᠡᠨ ᠣᠯᠠᠨ ᠲᠦᠮᠡᠨ ᠪᠣᠯᠤᠨ ᠨᠡᠶᠢᠭᠡᠮ ᠤᠨ ᠡᠯ᠎ᠡ ᠡᠲᠡᠭᠡᠳ ᠤᠨ ᠬᠢᠨ᠄ | ᠤᠰᠤᠨ ᠠᠰᠢᠭᠯᠠᠯᠲᠠ ᠶᠢᠨ ᠶᠠᠮᠤᠨ ᠤ ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ ᠤᠲᠠᠰᠤ᠄ 12314 | ᠤᠰᠤᠨ ᠠᠰᠢᠭᠯᠠᠯᠲᠠ ᠶᠢᠨ ᠶᠠᠮᠤᠨ ᠤ ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ ᠦᠢᠯᠡᠴᠢᠯᠡᠭᠡᠨ ᠤ | ᠲᠠᠪᠴᠠᠩ᠄ http://supe.mwr.gov.cn | ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠢᠯᠡᠴᠢᠯᠡᠨ ᠮᠡᠳᠡᠭᠦᠯᠬᠦ ᠤᠲᠠᠰᠤ᠄ | 0471 — 5256730 ︵ᠭᠥᠯᠢᠶᠡᠨ ᠠᠪᠴᠤ ᠰᠢᠢᠳᠪᠦᠷᠢᠯᠡᠬᠦ ᠴᠠᠭ ᠨᠢ 2023 ᠣᠨ ᠤ 7 ᠳ᠋ᠤᠭᠠᠷ | ᠰᠠᠷ᠎ᠠ ᠶᠢᠨ 4 ᠤ ᠡᠳᠦᠷ ᠠᠴᠠ 2023 ᠣᠨ ᠤ 11 ᠳ᠋ᠦ᠋ᠭᠡᠷ ᠰᠠᠷ᠎ᠠ ᠶᠢᠨ 30 ᠤ ᠡᠳᠦᠷ ᠪᠣᠯᠲᠠᠯᠠᠬᠢ ᠬᠠᠤᠯᠢ ᠪᠠᠷ | ᠲᠣᠭᠲᠠᠭᠠᠭᠰᠠᠨ ᠠᠵᠢᠯᠯᠠᠬᠤ ᠡᠳᠦᠷ︶ | ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠵᠠᠬᠢᠳᠠᠯ ᠢᠯᠡᠴᠢᠯᠡᠨ ᠮᠡᠳᠡᠭᠦᠯᠬᠦ | ᠬᠠᠶ᠋ᠢᠭ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ | ᠤᠰᠤᠨ ᠤ ᠶᠠᠪᠤᠳᠠᠯ ᠤᠨ ᠭᠠᠵᠠᠷ ︵ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠬᠡᠬᠤᠲᠠ ᠶᠢᠨ | ᠬᠥᠯᠥᠨ ᠡᠮᠦᠨ᠎ᠡ ᠵᠠᠮ ᠤᠨ 119 ᠳ᠋ᠦ᠋ᠭᠡᠷ ᠲᠣᠭᠠᠲᠤ᠂ ᠰᠢᠤᠳᠠᠨ ᠳ᠋ᠤᠭᠠᠷ᠄ 010020︶ | | 2023 ᠣᠨ ᠤ 7 ᠳ᠋ᠤᠭᠠᠷ ᠰᠠᠷ᠎ᠠ ᠶᠢᠨ 4 ᠤ ᠡᠳᠦᠷ | | |