6 ᠳ᠋ᠤᠭᠠᠷ ᠰᠠᠷ᠎ᠠ ᠶᠢᠨ 20 ᠤ ᠡᠳᠦᠷ᠂ ᠤᠰᠤᠨ ᠠᠰᠢᠭᠯᠠᠯᠲᠠ ᠶᠢᠨ ᠶᠠᠮᠤᠨ ᠰᠢᠶᠤᠤ ᠯᠠᠩ ᠳ᠋ᠢ ᠤᠰᠤᠨ | ᠠᠰᠢᠭᠯᠠᠯᠲᠠ ᠶᠢᠨ ᠬᠦᠢᠰᠦ ᠳᠤ ᠲᠣᠭᠠᠴᠢᠯᠠᠭᠰᠠᠨ ᠢᠬᠡᠷ᠎ᠡ ᠤᠰᠤᠨ ᠠᠰᠢᠭᠯᠠᠯᠲᠠ ᠶᠢᠨ ᠪᠥᠲᠥᠭᠡᠨ | ᠪᠠᠶᠢᠭᠤᠯᠤᠯᠲᠠ ᠶᠢᠨ ᠲᠤᠬᠠᠶ ᠶᠢᠨ ᠭᠠᠵᠠᠷ ᠤᠨ ᠬᠤᠷᠠᠯ ᠬᠤᠷᠠᠯᠳᠤᠭᠤᠯᠵᠤ᠂ ᠲᠣᠭᠠᠴᠢᠯᠠᠭᠰᠠᠨ ᠢᠬᠡᠷ᠎ᠡ ᠤᠰᠤᠨ | ᠠᠰᠢᠭᠯᠠᠯᠲᠠ ᠶᠢᠨ ᠪᠥᠲᠥᠭᠡᠨ ᠪᠠᠶᠢᠭᠤᠯᠤᠯᠲᠠ ᠶᠢᠨ ᠱᠠᠲᠤᠨ ᠤ ᠠᠬᠢᠴᠠ ᠶᠢ ᠪᠠᠶᠢᠴᠠᠭᠠᠨ ᠦᠵᠡᠵᠦ᠂ ᠲᠠᠷᠠᠭᠠᠴᠢ ᠶᠢᠨ | ᠠᠯᠬᠤᠮ ᠤᠨ ᠭᠤᠤᠯᠳᠠᠯᠭ᠎ᠠ ᠲᠠᠢ ᠡᠭᠦᠷᠭᠡ ᠶᠢ ᠪᠠᠶᠢᠷᠢᠯᠠᠭᠤᠯᠪᠠ᠃ ᠤᠰᠤᠨ ᠠᠰᠢᠭᠯᠠᠯᠲᠠ ᠶᠢᠨ ᠶᠠᠮᠤᠨ ᠤ ᠨᠠᠮ ᠤᠨ | ᠤᠳᠤᠷᠢᠳᠬᠤ ᠳᠤᠭᠤᠶᠢᠯᠠᠩ ᠤᠨ ᠱᠦᠵᠢ᠂ ᠰᠠᠶᠢᠳ ᠯᠢ ᠭᠦᠸᠧ ᠶᠢᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠶ᠃ | ᠶᠠᠮᠤᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠰᠠᠶᠢᠳ ᠸᠠᠩ ᠳ᠋ᠤᠤ ᠰᠢ ᠬᠤᠷᠠᠯ | ᠡᠷᠭᠢᠯᠡᠵᠦ᠂ ᠤᠰᠤᠨ ᠠᠰᠢᠭᠯᠠᠯᠲᠠ ᠶᠢᠨ ᠶᠠᠮᠤᠨ ᠤ ᠲᠣᠭᠠᠴᠢᠯᠠᠭᠰᠠᠨ ᠢᠬᠡᠷ᠎ᠡ ᠲᠠᠪᠴᠠᠩ ᠵᠢᠴᠢ ᠪᠥᠬᠦ ᠤᠯᠤᠰ ᠤᠨ | ᠤᠰᠤᠨ ᠠᠰᠢᠭᠯᠠᠯᠲᠠ ᠶᠢᠨ 2023 ᠳ᠋ᠤᠭᠠᠷ ᠨᠢᠭᠤᠷ ᠤᠨ ᠵᠢᠷᠤᠭ ᠢ ᠨᠡᠶᠢᠲᠡᠯᠡᠪᠡ᠃ | ᠤᠰᠤᠨ ᠠᠰᠢᠭᠯᠠᠯᠲᠠ ᠶᠢᠨ ᠶᠠᠮᠤᠨ ᠤ ᠲᠣᠭᠠᠴᠢᠯᠠᠭᠰᠠᠨ ᠢᠬᠡᠷ᠎ᠡ ᠲᠠᠪᠴᠠᠩ ︵ᠪᠥᠬᠦ ᠤᠯᠤᠰ ᠤᠨ ᠤᠰᠤᠨ | ᠠᠰᠢᠭᠯᠠᠯᠲᠠ ᠶᠢᠨ ᠨᠢᠭᠡ ᠬᠠᠭᠤᠳᠠᠰᠤ ᠵᠢᠷᠤᠭ ᠤᠨ 2023 ᠳ᠋ᠤᠭᠠᠷ ᠬᠡᠪᠯᠡᠯ︶ ᠨᠢ ᠲᠣᠭᠠᠴᠢᠯᠠᠭᠰᠠᠨ ᠢᠬᠡᠷ᠎ᠡ ᠤᠰᠤᠨ | ᠠᠰᠢᠭᠯᠠᠯᠲᠠ ᠶᠢᠨ ᠵᠠᠩᠭᠢᠯᠠᠭ᠎ᠠ ᠪᠣᠯᠤᠭᠰᠠᠨ ᠤ ᠬᠤᠪᠢ ᠳᠤ᠂ ᠡᠮᠬᠢ ᠵᠢᠷᠤᠮ ᠲᠠᠢ ᠡᠮᠬᠢᠯᠡᠨ ᠨᠡᠶᠢᠯᠡᠭᠦᠯᠬᠦ ᠪᠠᠷ | ᠳᠠᠮᠵᠢᠭᠤᠯᠤᠨ ᠣᠯᠠᠨ ᠡᠭᠦᠰᠦᠯᠳᠦ ᠲᠤᠭ᠎ᠠ ᠪᠠᠷᠢᠮᠲᠠ ᠶᠢ ᠲᠣᠭᠠᠵᠢᠭᠤᠯᠵᠤ᠂ ᠣᠯᠠᠨ ᠡᠯᠧᠮᠧᠨ᠋ᠲ ᠤᠨ ᠲᠣᠭᠠᠨ ᠤ | ᠲᠤᠰᠬᠠᠯ ᠢ ᠪᠡᠶᠡᠯᠡᠭᠦᠯᠦᠨ᠎ᠡ︔ ᠲᠣᠭᠠᠨ ᠤ ᠤᠬᠠᠭᠠᠨ ᠤ ᠵᠠᠭᠪᠤᠷ ᠢᠶᠠᠷ ᠭᠤᠤᠯ ᠪᠣᠯᠭᠠᠨ ᠤᠰᠤᠨ ᠠᠰᠢᠭᠯᠠᠯᠲᠠ ᠶᠢᠨ | ᠨᠡᠶᠢᠳᠡᠮ ᠬᠡᠷᠡᠭᠯᠡᠬᠦ ᠵᠠᠭᠪᠤᠷ ᠤᠨ ᠲᠠᠪᠴᠠᠩ ᠢ ᠪᠠᠶᠢᠭᠤᠯᠵᠤ᠂ ᠹᠢᠽᠢᠺ ᠤᠨ ᠰᠠᠪᠠ ᠭᠠᠵᠠᠷ ᠤᠨ ᠢᠵᠢᠯ ᠠᠯᠬᠤᠮ ᠢᠶᠠᠷ | ᠳᠠᠭᠤᠷᠢᠶᠠᠨ ᠳᠠᠭᠤᠷᠢᠶᠠᠬᠤ ᠶᠢ ᠪᠡᠶᠡᠯᠡᠭᠦᠯᠦᠨ᠎ᠡ︔ ᠣᠯᠠᠨ ᠱᠠᠲᠤ ᠳᠠᠪᠬᠤᠷᠭ᠎ᠠ᠂ ᠣᠯᠠᠨ ᠠᠷᠭ᠎ᠠ ᠮᠠᠶ᠋ᠢᠭ ᠢᠶᠠᠷ | ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ ᠶᠢ ᠤᠯᠠᠮ ᠨᠢᠭᠡ ᠠᠯᠬᠤᠮ ᠠᠬᠢᠭᠤᠯᠵᠤ᠂ ᠰᠠᠪᠠ ᠭᠠᠵᠠᠷ ᠤᠨ ᠦᠶᠡᠷ ᠢ | ᠰᠡᠷᠭᠡᠶᠢᠯᠡᠬᠦ ᠪᠠ ᠤᠰᠤᠨ ᠤ ᠡᠬᠢ ᠪᠠᠶᠠᠯᠢᠭ ᠢ ᠬᠠᠮᠢᠶᠠᠷᠬᠤ ᠬᠢᠭᠡᠳ ᠲᠣᠬᠢᠷᠠᠭᠤᠯᠬᠤ ᠵᠡᠷᠭᠡ ᠲᠤᠬᠠᠶᠢᠯᠠᠭᠰᠠᠨ | ᠠᠵᠢᠯ ᠤᠨ ᠬᠦᠷᠢᠶ᠎ᠡ ᠴᠠᠷᠠᠭ᠎ᠠ ᠶᠢᠨ ᠲᠣᠭᠠᠴᠢᠯᠠᠭᠰᠠᠨ ᠬᠡᠯᠪᠡᠷᠢ ᠪᠠᠨ ᠬᠤᠪᠢᠷᠠᠭᠤᠯᠤᠨ ᠬᠥᠭᠵᠢᠬᠦ ᠶᠢ ᠠᠬᠢᠭᠤᠯᠤᠨ᠎ᠠ᠃ | ᠣᠶᠢᠯᠠᠭᠠᠭᠰᠠᠨ ᠢᠶᠠᠷ᠂ ᠲᠣᠭᠠᠴᠢᠯᠠᠭᠰᠠᠨ ᠢᠬᠡᠷ᠎ᠡ ᠲᠠᠪᠴᠠᠩ ᠢ ᠠᠰᠢᠭᠯᠠᠯᠲᠠ ᠳᠤ ᠣᠷᠣᠭᠤᠯᠤᠭᠰᠠᠨ ᠠᠴᠠ | ᠨᠠᠭᠠᠰᠢ᠂ ᠡᠩ ᠲᠡᠷᠢᠭᠦᠨ ᠳᠤ ᠰᠠᠪᠠ ᠭᠠᠵᠠᠷ ᠤᠨ ᠦᠶᠡᠷ ᠢ ᠰᠡᠷᠭᠡᠶᠢᠯᠡᠬᠦ ︽ᠤᠷᠢᠳᠴᠢᠯᠠᠨ ᠮᠡᠳᠡᠭᠡᠯᠡᠬᠦ᠂ | ᠤᠷᠢᠳᠴᠢᠯᠠᠨ ᠰᠡᠷᠡᠮᠵᠢᠯᠡᠭᠦᠯᠬᠦ᠂ ᠤᠷᠢᠳᠴᠢᠯᠠᠨ ᠲᠣᠭᠯᠠᠬᠤ᠂ ᠪᠡᠯᠡᠳᠬᠡᠯ ᠲᠥᠰᠦᠯ︾ ᠢ ᠣᠯᠭᠤᠵᠤ᠂ ᠣᠨᠣᠪᠴᠢᠲᠠᠶ | ᠰᠢᠢᠳᠪᠦᠷᠢᠲᠦ ᠪᠣᠳᠣᠯᠭ᠎ᠠ ᠲᠣᠭᠲᠠᠭᠠᠬᠤ ᠶᠢ ᠪᠦᠲᠦᠮᠵᠢᠲᠡᠶ ᠲᠤᠯᠭᠠᠭᠤᠷᠢᠯᠠᠭᠰᠠᠨ ᠤ ᠬᠠᠮᠲᠤ ᠤᠰᠤᠨ | ᠠᠰᠢᠭᠯᠠᠯᠲᠠ ᠶᠢᠨ ᠠᠵᠢᠯ ᠲᠥᠷᠥᠯ ᠳᠤ ᠥᠷᠭᠡᠨ ᠢᠶᠠᠷ ᠦᠢᠯᠡᠴᠢᠯᠡᠵᠦ᠂ ᠤᠰᠤᠨ ᠠᠰᠢᠭᠯᠠᠯᠲᠠ ᠶᠢᠨ ᠵᠠᠰᠠᠯᠲᠠ | ᠬᠠᠮᠢᠶᠠᠷᠤᠯᠲᠠ ᠶᠢᠨ ᠠᠵᠢᠯᠯᠠᠭ᠎ᠠ ᠶᠢᠨ ᠲᠣᠭᠠᠴᠢᠯᠠᠯᠲᠠ᠂ ᠰᠦᠯᠵᠢᠶᠡᠵᠢᠯᠲᠡ᠂ ᠤᠶᠤᠨᠴᠢᠯᠠᠯᠳᠠ ᠶᠢᠨ ᠲᠦᠪᠰᠢᠨ ᠢ | ᠬᠦᠴᠦᠲᠡᠶ ᠳᠡᠭᠡᠭᠰᠢᠯᠡᠭᠦᠯᠵᠦ᠂ ᠰᠢᠨ᠎ᠡ ᠱᠠᠲᠤ ᠦᠶ᠎ᠡ ᠶᠢᠨ ᠤᠰᠤᠨ ᠠᠰᠢᠭᠯᠠᠯᠲᠠ ᠶᠢᠨ ᠴᠢᠨᠠᠷ ᠰᠠᠶᠢᠲᠠᠶ | ᠬᠥᠭᠵᠢᠯᠲᠡ ᠶᠢ ᠳᠠᠶᠢᠴᠢᠯᠠᠨ ᠲᠤᠯᠭᠠᠭᠤᠷᠢᠯᠠᠵᠤ᠂ ᠲᠣᠭᠠᠴᠢᠯᠠᠭᠰᠠᠨ ᠳᠤᠮᠳᠠᠳᠤ ᠤᠯᠤᠰ ᠤᠨ ᠪᠥᠲᠥᠭᠡᠨ | ᠪᠠᠶᠢᠭᠤᠯᠤᠯᠲᠠ ᠳᠤ ᠤᠰᠤᠨ ᠠᠰᠢᠭᠯᠠᠯᠲᠠ ᠶᠢᠨ ᠬᠦᠴᠦᠨ ᠴᠢᠳᠠᠯ ᠢᠶᠠᠨ ᠡᠷᠭᠦᠪᠡ᠃ | ᠯᠢ ᠭᠦᠸᠧ ᠶᠢᠩ ᠵᠢᠭᠠᠵᠤ ᠭᠠᠷᠭᠠᠭᠰᠠᠨ ᠨᠢ᠂ ᠤᠰᠤᠨ ᠠᠰᠢᠭᠯᠠᠯᠲᠠ ᠶᠢᠨ ᠶᠠᠮᠤᠨ ᠤ ᠨᠠᠮ ᠤᠨ ᠤᠳᠤᠷᠢᠳᠬᠤ | ᠳᠤᠭᠤᠶᠢᠯᠠᠩ ᠤᠨ ᠰᠢᠰᠲ᠋ᠧᠮ ᠲᠣᠭᠠᠴᠢᠯᠠᠭᠰᠠᠨ ᠢᠬᠡᠷ᠎ᠡ ᠤᠰᠤᠨ ᠠᠰᠢᠭᠯᠠᠯᠲᠠ ᠶᠢᠨ ᠰᠢᠰᠲ᠋ᠧᠮ ᠢ ᠪᠠᠶᠢᠭᠤᠯᠵᠤ᠂ | ᠲᠣᠭᠠᠴᠢᠯᠠᠭᠰᠠᠨ ᠢᠬᠡᠷ᠎ᠡ ᠰᠠᠪᠠ ᠭᠠᠵᠠᠷ᠂ ᠲᠣᠭᠠᠴᠢᠯᠠᠭᠰᠠᠨ ᠢᠬᠡᠷ᠎ᠡ ᠤᠰᠤᠨ ᠲᠤᠤᠷ᠂ ᠲᠣᠭᠠᠴᠢᠯᠠᠭᠰᠠᠨ ᠢᠬᠡᠷ᠎ᠡ | ᠢᠨᠵᠧᠨᠧᠷᠢᠩ ᠳᠤ ᠦᠵᠦ ᠲᠥᠯᠥᠪᠯᠡᠭᠡ ᠬᠢᠵᠡᠶ᠃ ᠡᠯ᠎ᠡ ᠱᠠᠲᠤᠨ ᠤ ᠤᠰᠤᠨ ᠠᠰᠢᠭᠯᠠᠯᠲᠠ ᠶᠢᠨ ᠰᠠᠯᠠᠭ᠎ᠠ ᠮᠥᠴᠢᠷ ᠨᠢ | ᠦᠳᠲᠡᠷ ᠲᠦᠷᠭᠡᠨ ᠬᠥᠳᠡᠯᠦᠯᠴᠡᠵᠦ᠂ ᠢᠳᠡᠪᠬᠢᠲᠡᠶ ᠰᠦᠪᠡᠭᠴᠢᠯᠡᠨ᠂ ᠬᠦᠴᠢᠷ ᠢ ᠳᠤᠭᠤᠯᠤᠨ ᠪᠡᠷᠬᠡ ᠶᠢ ᠳᠠᠪᠠᠵᠤ᠂ | ᠲᠣᠭᠠᠴᠢᠯᠠᠭᠰᠠᠨ ᠢᠬᠡᠷ᠎ᠡ ᠤᠰᠤᠨ ᠠᠰᠢᠭᠯᠠᠯᠲᠠ ᠶᠢᠨ ᠪᠥᠲᠥᠭᠡᠨ ᠪᠠᠶᠢᠭᠤᠯᠤᠯᠲᠠ ᠶᠢ ᠯᠠᠪᠳᠠᠭᠤᠨ ᠢᠶᠠᠷ ᠡᠬᠢᠯᠡᠭᠦᠯᠬᠦ ᠶᠢ | ᠠᠬᠢᠭᠤᠯᠤᠭᠰᠠᠨ ᠤ ᠬᠠᠮᠲᠤ ᠱᠠᠲᠤ ᠦᠶ᠎ᠡ ᠶᠢᠨ ᠴᠢᠨᠠᠷᠲᠠᠶ ᠦᠷ᠎ᠡ ᠪᠦᠲᠦᠮᠵᠢ ᠤᠯᠪᠠ᠃ | ᠯᠢ ᠭᠦᠸᠧ ᠶᠢᠩ ᠴᠢᠬᠤᠯᠠᠴᠢᠯᠠᠭᠰᠠᠨ ᠨᠢ᠂ ︽ᠬᠡᠷᠡᠭᠴᠡᠭᠡ ᠪᠠᠷ ᠬᠥᠲᠥᠯᠦᠨ ᠳᠠᠭᠠᠭᠤᠯᠬᠤ᠂ ᠬᠡᠷᠡᠭᠯᠡᠭᠡᠨ ᠢ | ᠳᠡᠭᠡᠳᠦᠯᠡᠬᠦ᠂ ᠲᠣᠭᠠᠴᠢᠯᠠᠯᠲᠠ ᠪᠠᠷ ᠴᠢᠳᠠᠮᠵᠢ ᠣᠯᠭᠤᠬᠤ᠂ ᠴᠢᠳᠠᠪᠤᠷᠢ ᠶᠢ ᠳᠡᠭᠡᠭᠰᠢᠯᠡᠭᠦᠯᠬᠦ︾ ᠱᠠᠭᠠᠷᠳᠠᠯᠭ᠎ᠠ | ᠶᠣᠰᠣᠭᠠᠷ᠂ ᠲᠣᠭᠠᠴᠢᠯᠠᠭᠰᠠᠨ ᠢᠬᠡᠷ᠎ᠡ ᠤᠰᠤᠨ ᠠᠰᠢᠭᠯᠠᠯᠲᠠ ᠶᠢᠨ ᠪᠥᠲᠥᠭᠡᠨ ᠪᠠᠶᠢᠭᠤᠯᠤᠯᠲᠠ ᠶᠢ ᠶᠡᠭᠡ ᠪᠠᠷ | ᠠᠬᠢᠭᠤᠯᠵᠤ᠂ ᠤᠷᠢᠳᠴᠢᠯᠠᠨ ᠮᠡᠳᠡᠭᠡᠯᠡᠵᠦ ᠤᠷᠢᠳᠴᠢᠯᠠᠨ ᠰᠡᠷᠡᠮᠵᠢᠯᠡᠭᠦᠯᠬᠦ ᠤᠷᠢᠳᠴᠢᠯᠠᠨ ᠲᠣᠭᠯᠠᠬᠤ ᠪᠡᠯᠡᠳᠬᠡᠯ | ᠲᠥᠰᠦᠯ ᠤᠨ ᠴᠢᠳᠠᠮᠵᠢ ᠶᠢ ᠪᠡᠶᠡᠯᠡᠭᠦᠯᠵᠦ᠂ ᠤᠰᠤᠨ ᠠᠰᠢᠭᠯᠠᠯᠲᠠ ᠶᠢᠨ ᠰᠢᠢᠳᠪᠦᠷᠢᠲᠦ ᠪᠣᠳᠣᠯᠭ᠎ᠠ ᠶᠢᠨ | ᠬᠠᠮᠢᠶᠠᠷᠤᠯᠲᠠ ᠳᠤ ᠤᠷᠢᠳᠠᠴᠢ ᠴᠢᠨᠠᠷ᠂ ᠰᠢᠨᠵᠢᠯᠡᠬᠦ ᠤᠬᠠᠭᠠᠨᠴᠢ ᠴᠢᠨᠠᠷ᠂ ᠣᠨᠣᠪᠴᠢᠲᠤ ᠴᠢᠨᠠᠷ᠂ ᠠᠮᠤᠷ | ᠲᠦᠪᠰᠢᠨ ᠤ ᠴᠢᠨᠠᠷ ᠤᠨ ᠳᠡᠮᠵᠢᠯᠭᠡ ᠬᠠᠩᠭᠠᠬᠤ ᠬᠡᠷᠡᠭᠲᠡᠶ᠃ ᠨᠢᠭᠡ ᠳᠤ᠂ ᠲᠣᠭᠠᠴᠢᠯᠠᠭᠰᠠᠨ ᠢᠬᠡᠷ᠎ᠡ ᠰᠠᠪᠠ | ᠭᠠᠵᠠᠷ ᠤᠨ ᠪᠥᠲᠥᠭᠡᠨ ᠪᠠᠶᠢᠭᠤᠯᠤᠯᠲᠠ ᠶᠢ ᠶᠡᠭᠡ ᠪᠠᠷ ᠠᠬᠢᠭᠤᠯᠤᠨ᠎ᠠ᠃ ᠡᠷᠬᠡᠪᠰᠢ ᠰᠠᠪᠠ ᠭᠠᠵᠠᠷ ᠢ ᠨᠢᠭᠡᠳᠦᠯᠲᠡᠢ | ᠲᠥᠯᠥᠪᠵᠢᠭᠦᠯᠬᠦ᠂ ᠨᠢᠭᠡᠳᠦᠯᠲᠡᠢ ᠵᠠᠰᠠᠬᠤ᠂ ᠨᠢᠭᠡᠳᠦᠯᠲᠡᠢ ᠲᠤᠬᠢᠷᠠᠭᠤᠯᠬᠤ᠂ ᠨᠢᠭᠡᠳᠦᠯᠲᠡᠢ ᠬᠠᠮᠢᠶᠠᠷᠬᠤ ᠬᠠᠷᠠᠯᠲᠠ ᠶᠢ | ᠪᠦᠬᠦ ᠲᠠᠯ᠎ᠠ ᠪᠠᠷ ᠲᠤᠯᠭᠠᠭᠤᠷᠢᠯᠠᠵᠤ᠂ ᠪᠤᠳᠤᠬᠤ ᠪᠠᠷᠢᠮᠲᠠ ᠶᠢ ᠪᠠᠶᠠᠯᠢᠭᠵᠢᠭᠤᠯᠵᠤ᠂ ᠪᠤᠳᠤᠬᠤ ᠠᠷᠭ᠎ᠠ ᠶᠢ | ᠰᠢᠯᠢᠳᠡᠭᠵᠢᠭᠦᠯᠵᠦ᠂ ᠪᠤᠳᠤᠬᠤ ᠴᠢᠳᠠᠪᠤᠷᠢ ᠶᠢ ᠳᠡᠭᠡᠭᠰᠢᠯᠡᠭᠦᠯᠵᠦ᠂ ᠹᠢᠽᠢᠺ ᠤᠨ ᠰᠠᠪᠠ ᠭᠠᠵᠠᠷ ᠤᠨ ᠪᠦᠬᠦ ᠡᠯᠧᠮᠧᠨ᠋ᠲ | ᠪᠣᠯᠤᠨ ᠤᠰᠤᠨ ᠠᠰᠢᠭᠯᠠᠯᠲᠠ ᠶᠢᠨ ᠵᠠᠰᠠᠯᠲᠠ ᠬᠠᠮᠢᠶᠠᠷᠤᠯᠲᠠ ᠶᠢᠨ ᠪᠦᠬᠦ ᠶᠠᠪᠤᠴᠠ ᠳᠠᠬᠢ ᠲᠣᠭᠠᠴᠢᠯᠠᠭᠰᠠᠨ ᠲᠤᠰᠬᠠᠯ᠂ | ᠤᠶᠤᠨᠴᠢᠯᠠᠬᠰᠠᠨ ᠳᠠᠭᠤᠷᠢᠶᠠᠮᠠᠯ᠂ ᠤᠷᠢᠳᠠᠴᠢ ᠴᠢᠨᠠᠷᠲᠠᠢ ᠪᠡᠯᠡᠳᠬᠡᠯ ᠰᠣᠷᠢᠯᠲᠠ ᠶᠢ ᠲᠦᠷᠭᠡᠨ ᠪᠡᠶᠡᠯᠡᠭᠦᠯᠬᠦ ᠬᠡᠷᠡᠭᠲᠡᠢ᠃ | ᠬᠤᠶᠠᠷ ᠲᠤ᠂ ᠲᠣᠭᠠᠴᠢᠯᠠᠭᠰᠠᠨ ᠢᠬᠡᠷ᠎ᠡ ᠤᠰᠤᠨ ᠤ ᠲᠤᠤᠷ ᠤᠨ ᠪᠥᠲᠥᠭᠡᠨ ᠪᠠᠶᠢᠭᠤᠯᠤᠯᠲᠠ ᠶᠢ ᠶᠡᠭᠡ ᠪᠠᠷ | ᠠᠬᠢᠭᠤᠯᠤᠨ᠎ᠠ᠃ ︽ᠰᠢᠰᠲ᠋ᠧᠮ ᠨᠢ ᠪᠦᠷᠢᠨ ᠲᠡᠭᠦᠯᠳᠡᠷ᠂ ᠠᠮᠤᠷ ᠲᠦᠪᠰᠢᠨ ᠨᠢ ᠨᠠᠶᠢᠳᠠᠪᠤᠷᠢᠲᠠᠢ᠂ ᠡᠷᠴᠢᠮᠯᠢᠭ | ᠪᠥᠭᠡᠳ ᠥᠨᠳᠥᠷ ᠪᠦᠲᠦᠮᠵᠢᠲᠡᠢ᠂ ᠪᠣᠬᠢᠷᠲᠤᠯ ᠦᠭᠡᠢ ᠪᠥᠭᠡᠳ ᠣᠶᠤᠨᠴᠢ᠂ ᠡᠷᠭᠢᠯᠲᠡ ᠨᠢ ᠰᠠᠭᠠᠳ ᠦᠭᠡᠢ᠂ | ᠲᠤᠬᠢᠷᠠᠭᠤᠯᠤᠯ ᠡᠵᠡᠮᠳᠡᠯ ᠨᠢ ᠡᠮᠬᠢ ᠵᠢᠷᠤᠮ ᠲᠠᠢ︾ ᠤᠯᠤᠰ ᠤᠨ ᠤᠰᠤᠨ ᠲᠣᠣᠷ ᠢ ᠪᠠᠶᠢᠭᠤᠯᠬᠤ ᠬᠠᠷᠠᠯᠲᠠ ᠶᠢ | ᠲᠣᠭᠲᠠᠭᠠᠵᠤ᠂ ᠢᠨᠵᠧᠨᠧᠷᠢᠩ ᠤᠨ ᠠᠮᠤᠷ ᠲᠦᠪᠰᠢᠨ᠂ ᠤᠰᠤᠨ ᠤ ᠬᠠᠩᠭᠠᠯᠭ᠎ᠠ ᠶᠢᠨ ᠠᠮᠤᠷ ᠲᠦᠪᠰᠢᠨ᠂ ᠤᠰᠤᠨ ᠤ | ᠴᠢᠨᠠᠷ ᠤᠨ ᠠᠮᠤᠷ ᠲᠦᠪᠰᠢᠨ ᠢ ᠦᠨᠡᠨ ᠬᠦ ᠪᠠᠲᠤᠯᠠᠬᠤ ᠲᠠᠢ ᠤᠶᠠᠯᠳᠤᠭᠤᠯᠤᠨ᠂ ᠲᠣᠭᠠᠴᠢᠯᠠᠭᠰᠠᠨ ᠢᠬᠡᠷ᠎ᠡ ᠤᠰᠤᠨ | ᠲᠣᠣᠷ ᠬᠢᠭᠡᠳ ᠹᠢᠽᠢᠺ ᠤᠨ ᠤᠰᠤᠨ ᠲᠣᠣᠷ ᠢ ᠵᠡᠷᠭᠡ ᠪᠠᠷ ᠪᠠᠶᠢᠭᠤᠯᠬᠤ ᠶᠢ ᠲᠦᠯᠬᠢᠨ ᠠᠬᠢᠭᠤᠯᠵᠤ᠂ ᠹᠢᠽᠢᠺ ᠤᠨ | ᠤᠰᠤᠨ ᠲᠣᠣᠷ ᠯᠤᠭ᠎ᠠ ᠵᠡᠷᠭᠡ ᠪᠠᠷ ᠳᠠᠭᠤᠷᠢᠶᠠᠨ ᠠᠵᠢᠯᠯᠠᠭᠤᠯᠬᠤ᠂ ᠬᠡᠶᠢᠰᠪᠦᠷᠢ ᠪᠣᠳᠠᠲᠠᠢ ᠰᠣᠯᠪᠢᠴᠠᠬᠤ᠂ ᠳᠠᠪᠬᠤᠴᠠᠨ | ᠰᠢᠯᠢᠳᠡᠭᠵᠢᠭᠦᠯᠬᠦ ᠶᠢ ᠪᠡᠶᠡᠯᠡᠭᠦᠯᠬᠦ ᠬᠡᠷᠡᠭᠲᠡᠢ᠃ ᠭᠤᠷᠪᠠ ᠳᠤ᠂ ᠲᠣᠭᠠᠴᠢᠯᠠᠭᠰᠠᠨ ᠢᠬᠡᠷ᠎ᠡ ᠢᠨᠵᠧᠨᠧᠷᠢᠩ ᠤᠨ | ᠪᠥᠲᠥᠭᠡᠨ ᠪᠠᠶᠢᠭᠤᠯᠤᠯᠲᠠ ᠶᠢ ᠶᠡᠭᠡ ᠪᠠᠷ ᠠᠬᠢᠭᠤᠯᠤᠨ᠎ᠠ᠃ ᠤᠰᠤᠨ ᠠᠰᠢᠭᠯᠠᠯᠲᠠ ᠶᠢᠨ ᠢᠨᠵᠧᠨᠧᠷᠢᠩ ᠤᠨ ᠠᠮᠤᠷ | ᠲᠦᠪᠰᠢᠨ᠂ ᠦᠷ᠎ᠡ ᠠᠰᠢᠭ ᠢ ᠭᠦᠢᠴᠡᠳ ᠪᠠᠳᠠᠷᠠᠭᠤᠯᠬᠤ ᠶᠢ ᠪᠠᠲᠤᠯᠠᠬᠤ ᠬᠠᠷᠠᠯᠲᠠ ᠶᠢ ᠲᠣᠭᠲᠠᠭᠠᠵᠤ᠂ ᠪᠠᠷᠢᠯᠭ᠎ᠠ ᠶᠢᠨ | ᠮᠡᠳᠡᠭᠡ ᠵᠠᠩᠭᠢ ᠶᠢᠨ ᠵᠠᠭᠪᠤᠷ ︵BIM︶ ᠤᠨ ᠮᠡᠷᠭᠡᠵᠢᠯ ᠢ ᠤᠰᠤᠨ ᠠᠰᠢᠭᠯᠠᠯᠲᠠ ᠶᠢᠨ ᠢᠨᠵᠧᠨᠧᠷᠢᠩ ᠤᠨ ᠪᠥᠬᠦ | ᠠᠮᠢ ᠨᠠᠰᠤᠨ ᠤ ᠦᠶᠡᠯᠡᠯ ᠳᠤ ᠬᠡᠷᠡᠭᠯᠡᠬᠦ ᠶᠢ ᠲᠦᠷᠭᠡᠳᠬᠡᠨ ᠠᠬᠢᠭᠤᠯᠵᠤ᠂ ᠹᠢᠽᠢᠺ ᠤᠨ ᠤᠰᠤᠨ ᠠᠰᠢᠭᠯᠠᠯᠲᠠ ᠶᠢᠨ | ᠢᠨᠵᠧᠨᠧᠷᠢᠩ ᠢ ᠰᠦᠯᠵᠢᠶᠡᠨ ᠳᠡᠭᠡᠷ᠎ᠡ ᠬᠢᠨᠠᠨ ᠬᠡᠮᠵᠢᠬᠦ᠂ ᠲᠥᠰᠦᠯ ᠢ ᠤᠷᠢᠳᠴᠢᠯᠠᠨ ᠲᠣᠭᠯᠠᠬᠤ᠂ ᠠᠰᠠᠭᠤᠳᠠᠯ ᠢ | ᠢᠯᠡᠷᠡᠭᠦᠯᠬᠦ᠂ ᠰᠢᠯᠢᠳᠡᠭᠵᠢᠭᠦᠯᠦᠨ ᠲᠣᠬᠢᠷᠠᠭᠤᠯᠬᠤ᠂ ᠠᠮᠤᠷ ᠲᠦᠪᠰᠢᠨ ᠤ ᠪᠠᠲᠤᠯᠠᠭ᠎ᠠ ᠶᠢ ᠪᠡᠶᠡᠯᠡᠭᠦᠯᠬᠦ ᠬᠡᠷᠡᠭᠲᠡᠶ᠃ | ᠳᠥᠷᠪᠡ ᠳᠤ᠂ ᠲᠤᠬᠠᠶᠢᠯᠠᠭᠰᠠᠨ ᠠᠵᠢᠯ ᠤᠨ ᠬᠡᠷᠡᠭᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢ ᠶᠡᠬᠡᠪᠡᠷ ᠲᠦᠯᠬᠢᠨ | ᠠᠬᠢᠭᠤᠯᠤᠨ᠎ᠠ᠃ ᠲᠤᠬᠠᠶᠢᠯᠠᠭᠰᠠᠨ ᠠᠵᠢᠯ ᠤᠨ ᠬᠡᠷᠡᠭᠴᠡᠭᠡ ᠱᠠᠭᠠᠷᠳᠠᠯᠭ᠎ᠠ ᠪᠠᠷ ᠲᠣᠭᠠᠴᠢᠯᠠᠭᠰᠠᠨ ᠢᠬᠡᠷ᠎ᠡ ᠰᠠᠪᠠ | ᠭᠠᠵᠠᠷ᠂ ᠲᠣᠭᠠᠴᠢᠯᠠᠭᠰᠠᠨ ᠢᠬᠡᠷ᠎ᠡ ᠤᠰᠤᠨ ᠤ ᠲᠤᠤᠷ ᠰᠦᠯᠵᠢᠶ᠎ᠡ᠂ ᠲᠣᠭᠠᠴᠢᠯᠠᠭᠰᠠᠨ ᠢᠬᠡᠷ᠎ᠡ ᠢᠨᠵᠧᠨᠧᠷᠢᠩ | ᠪᠣᠯᠭᠠᠵᠤ᠂ ᠲᠤᠬᠠᠶᠢᠯᠠᠭᠰᠠᠨ ᠠᠵᠢᠯ ᠤᠨ ᠬᠡᠰᠡᠭ ᠢᠶᠠᠨ ᠦᠷᠭᠦᠯᠵᠢᠯᠡᠨ ᠳᠠᠪᠬᠤᠴᠠᠭᠤᠯᠤᠨ ᠰᠢᠯᠢᠳᠡᠭᠵᠢᠭᠦᠯᠵᠦ᠂ | ᠤᠰᠤᠨ ᠠᠰᠢᠭᠯᠠᠯᠲᠠ ᠶᠢᠨ ᠲᠤᠬᠠᠶᠢᠯᠠᠭᠰᠠᠨ ᠠᠵᠢᠯ ᠢ ᠤᠷᠢᠳᠴᠢᠯᠠᠨ ᠮᠡᠳᠡᠭᠦᠯᠵᠦ ᠤᠷᠢᠳᠴᠢᠯᠠᠨ ᠰᠡᠷᠡᠮᠵᠢᠯᠡᠭᠦᠯᠬᠦ | ᠤᠷᠢᠳᠴᠢᠯᠠᠨ ᠲᠣᠭᠯᠠᠬᠤ ᠪᠡᠯᠡᠳᠬᠡᠯ ᠲᠥᠰᠦᠯ ᠤᠨ ᠴᠢᠳᠠᠪᠤᠷᠢ ᠪᠠᠨ ᠳᠡᠭᠡᠭᠰᠢᠯᠡᠭᠦᠯᠬᠦ ᠬᠡᠷᠡᠭᠲᠡᠶ᠃ ᠲᠠᠪᠤ ᠳᠤ᠂ | ᠰᠦᠯᠵᠢᠶᠡᠨ ᠤ ᠠᠮᠤᠷ ᠲᠦᠪᠰᠢᠨ ᠤ ᠢᠨᠵᠧᠨᠧᠷᠢᠩ ᠤᠨ ᠪᠠᠶᠢᠭᠤᠯᠤᠯᠲᠠ ᠶᠢ ᠶᠡᠭᠡ ᠪᠠᠷ ᠠᠬᠢᠭᠤᠯᠤᠨ᠎ᠠ᠃ ᠤᠰᠤᠨ | ᠠᠰᠢᠭᠯᠠᠯᠲᠠ ᠶᠢᠨ ᠰᠦᠯᠵᠢᠶᠡᠨ ᠤ ᠠᠮᠤᠷ ᠲᠦᠪᠰᠢᠨ ᠤ ᠪᠠᠶᠢᠳᠠᠯ ᠢ ᠮᠡᠳᠡᠷᠡᠬᠦ᠂ ᠬᠢᠨᠠᠨ ᠬᠡᠮᠵᠢᠵᠦ ᠤᠷᠢᠳᠴᠢᠯᠠᠨ | ᠰᠡᠷᠡᠮᠵᠢᠯᠡᠭᠦᠯᠬᠦ᠂ ᠠᠶᠤᠯ ᠲᠦᠭᠰᠢᠭᠦᠷᠢ ᠶᠢ ᠦᠨᠡᠯᠡᠨ ᠵᠢᠱᠢᠬᠦ᠂ ᠬᠡᠷᠡᠭ ᠢ ᠰᠢᠢᠳᠪᠦᠷᠢᠯᠡᠬᠦ ᠶᠢ ᠴᠢᠩᠭᠠᠳᠬᠠᠵᠤ᠂ | ᠴᠢᠬᠤᠯᠠ ᠲᠤᠭ᠎ᠠ ᠪᠠᠷᠢᠮᠲᠠ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠤᠰᠤᠨ | ᠠᠰᠢᠭᠯᠠᠯᠲᠠ ᠶᠢᠨ ᠰᠦᠯᠵᠢᠶᠡᠨ ᠤ ᠠᠮᠤᠷ ᠲᠦᠪᠰᠢᠨ ᠪᠠ ᠲᠤᠭ᠎ᠠ ᠪᠠᠷᠢᠮᠲᠠ ᠶᠢᠨ ᠠᠮᠤᠷ ᠲᠦᠪᠰᠢᠨ ᠢ ᠪᠠᠲᠤᠯᠠᠬᠤ | ᠬᠡᠷᠡᠭᠲᠡᠢ ᠭᠡᠵᠡᠢ᠃ | ᠯᠢ ᠭᠦᠸᠧ ᠶᠢᠩ ᠱᠠᠭᠠᠷᠳᠠᠭᠰᠠᠨ ᠨᠢ᠂ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠪᠠᠨ | ᠴᠢᠩᠭᠠᠳᠬᠠᠵᠤ᠂ ᠡᠬᠢ ᠪᠠᠶᠠᠯᠢᠭ ᠢ ᠨᠡᠶᠢᠳᠬᠡᠬᠦ ᠪᠠ ᠬᠦᠴᠦᠨ ᠤ ᠬᠠᠮᠵᠢᠯᠴᠠᠭ᠎ᠠ ᠶᠢ ᠴᠢᠩᠭᠠᠳᠬᠠᠵᠤ᠂ | ᠲᠣᠭᠠᠴᠢᠯᠠᠭᠰᠠᠨ ᠢᠬᠡᠷ᠎ᠡ ᠤᠰᠤᠨ ᠠᠰᠢᠭᠯᠠᠯᠲᠠ ᠶᠢᠨ ᠪᠦᠳᠦᠭᠡᠨ ᠪᠠᠶᠢᠭᠤᠯᠤᠯᠲᠠ ᠶᠢᠨ ︽ᠨᠠᠷᠠᠨ ᠳᠤ ᠡᠭᠡᠭᠡᠵᠦ | ᠠᠳᠠᠯᠢᠳᠬᠠᠬᠤ ᠶᠢ ᠠᠬᠢᠭᠤᠯᠬᠤ︾ ᠶᠢ ᠬᠡᠷᠡᠭᠵᠢᠭᠦᠯᠵᠦ᠂ ᠲᠣᠭᠠᠴᠢᠯᠠᠭᠰᠠᠨ ᠢᠬᠡᠷ᠎ᠡ ᠤᠰᠤᠨ ᠠᠰᠢᠭᠯᠠᠯᠲᠠ ᠶᠢᠨ | ᠪᠦᠳᠦᠭᠡᠨ ᠪᠠᠶᠢᠭᠤᠯᠤᠯᠲᠠ ᠶᠢ ᠴᠢᠨᠠᠷ ᠰᠠᠶᠢᠲᠠᠢ ᠠᠬᠢᠭᠤᠯᠬᠤ ᠬᠡᠷᠡᠭᠲᠡᠢ᠃ ᠪᠦᠬᠦᠨ ᠢ ᠬᠠᠮᠤᠷᠤᠭᠰᠠᠨ ᠲᠣᠭᠠᠨ ᠤ | ᠢᠬᠡᠷ᠎ᠡ ᠡᠬᠢ ᠪᠠᠶᠠᠯᠢᠭ ᠢ ᠬᠠᠮᠲᠤ ᠪᠠᠷ ᠡᠳ᠋ᠯᠡᠬᠦ ᠲᠠᠪᠴᠠᠩ ᠢ ᠪᠠᠶᠢᠭᠤᠯᠵᠤ᠂ ᠲᠤᠭ᠎ᠠ ᠪᠠᠷᠢᠮᠲᠠ ᠶᠢᠨ ᠡᠬᠢ ᠪᠠᠶᠠᠯᠢᠭ ᠢ | ᠨᠢᠭᠡᠳᠦᠯᠲᠡᠶ ᠲᠥᠯᠥᠪᠵᠢᠭᠦᠯᠦᠨ ᠬᠠᠮᠢᠶᠠᠷᠬᠤ ᠶᠢ ᠴᠢᠩᠭᠠᠳᠬᠠᠵᠤ᠂ ᠡᠮᠬᠢᠯᠡᠨ ᠨᠡᠶᠢᠯᠡᠭᠦᠯᠵᠦ᠂ ᠬᠠᠮᠲᠤ ᠪᠠᠷ ᠡᠳ᠋ᠯᠡᠵᠦ | ᠠᠰᠢᠭᠯᠠᠬᠤ ᠬᠡᠷᠡᠭᠲᠡᠶ᠃ ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ᠂ ᠠᠵᠢᠯᠯᠠᠭᠠᠨ ᠢ | ᠬᠠᠮᠢᠶᠠᠷᠴᠤ ᠬᠠᠮᠠᠭᠠᠯᠠᠬᠤ ᠲᠥᠰᠦᠪ ᠠᠴᠠ ᠲᠣᠭᠠᠨ ᠤ ᠢᠬᠡᠷ᠎ᠡ ᠤᠰᠤᠨ ᠠᠰᠢᠭᠯᠠᠯᠲᠠ ᠶᠢᠨ ᠪᠦᠲᠦᠭᠡᠨ | ᠪᠠᠶᠢᠭᠤᠯᠤᠯᠲᠠ ᠶᠢᠨ ᠬᠠᠮᠢᠶᠠᠷᠤᠯᠲᠠ ᠶᠢᠨ ᠪᠡᠯᠡ ᠮᠥᠩᠭᠦ ᠲᠣᠬᠢᠷᠠᠭᠤᠯᠬᠤ ᠬᠡᠷᠡᠭᠲᠡᠶ᠃ ᠤᠰᠤᠨ ᠠᠰᠢᠭᠯᠠᠯᠲᠠ ᠶᠢᠨ | ᠪᠠᠷᠢᠯᠭ᠎ᠠ ᠶᠢᠨ ᠤᠯᠠᠮᠵᠢᠯᠠᠯᠲᠤ ᠮᠡᠷᠭᠡᠵᠢᠯ ᠤᠨ ᠵᠢᠷᠤᠮᠵᠢᠯ ᠤᠨ ᠳᠦᠷᠢᠮ ᠳᠤ ᠪᠦᠬᠦ ᠲᠠᠯ᠎ᠠ ᠪᠠᠷ ᠪᠠᠶᠢᠴᠠᠭᠠᠨ ᠦᠵᠡᠬᠦ ᠪᠠ | ᠵᠠᠰᠠᠪᠤᠷᠢ ᠣᠷᠣᠭᠤᠯᠬᠤ ᠬᠡᠷᠡᠭᠲᠡᠶ᠃ ᠵᠠᠩᠭᠢᠯᠠᠭ᠎ᠠ ᠶᠢᠨ ᠮᠡᠷᠭᠡᠵᠢᠯ ᠤᠨ ᠠᠰᠠᠭᠤᠳᠠᠯ ᠤᠨ ᠰᠤᠳᠤᠯᠭᠠᠨ ᠢ ᠠᠬᠢᠭᠤᠯᠵᠤ᠂ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠣᠨᠳᠣᠣᠰᠢᠭᠤᠯᠬᠤ ᠶᠢ ᠲᠦᠷᠭᠡᠳᠬᠡᠬᠦ ᠬᠡᠷᠡᠭᠲᠡᠢ᠃ | ᠪᠤᠯᠪᠠᠰᠤᠷᠠᠯ ᠤᠨ ᠡᠷᠴᠢᠮ ᠢᠶᠠᠨ ᠴᠢᠩᠭᠠᠷᠠᠭᠤᠯᠵᠤ᠂ ᠴᠢᠳᠠᠪᠤᠷᠢᠲᠠᠨ ᠢ ᠬᠥᠮᠦᠵᠢᠭᠦᠯᠵᠦ ᠣᠷᠣᠭᠤᠯᠤᠨ ᠠᠪᠴᠢᠷᠠᠬᠤ ᠪᠠ | ᠤᠷᠮᠠᠰᠢᠭᠤᠯᠬᠤ ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠰᠢᠯᠢᠳᠡᠭᠵᠢᠭᠦᠯᠬᠦ ᠬᠡᠷᠡᠭᠲᠡᠶ᠃ ᠲᠣᠭᠠᠴᠢᠯᠠᠭᠰᠠᠨ ᠢᠬᠡᠷ᠎ᠡ | ᠤᠰᠤᠨ ᠠᠰᠢᠭᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠬᠢᠨᠠᠯᠲᠠ ᠪᠠᠶᠢᠴᠠᠭᠠᠯᠲᠠ ᠶᠢᠨ ᠳᠦᠷᠢᠮ ᠤᠨ ᠵᠢᠷᠤᠮᠵᠢᠯ ᠢ | ᠲᠡᠭᠦᠯᠳᠡᠷᠵᠢᠭᠦᠯᠬᠦ ᠬᠡᠷᠡᠭᠲᠡᠶ᠃ | ᠬᠤᠷᠠᠯ ᠠᠴᠠ ᠰᠢᠶᠤᠤ ᠯᠠᠩ ᠳ᠋ᠢ ᠤᠰᠤᠨ ᠠᠰᠢᠭᠯᠠᠯᠲᠠ ᠶᠢᠨ ᠬᠦᠢᠰᠦ ᠬᠠᠰᠢᠯᠭ᠎ᠠ᠂ ᠭᠠᠵᠠᠷ ᠳᠤᠤᠷᠠᠬᠢ | ᠦᠢᠯᠡᠳᠪᠦᠷᠢ ᠶᠢᠨ ᠬᠡᠷ ᠪᠠᠶᠢᠰᠢᠩ᠂ ᠦᠶᠡᠷ ᠵᠠᠯᠠᠬᠤ ᠰᠢᠰᠲ᠋ᠧᠮ᠂ ᠲᠥᠪᠯᠡᠷᠡᠭᠦᠯᠦᠨ ᠡᠵᠡᠮᠳᠡᠬᠦ ᠲᠥᠪ ᠵᠡᠷᠭᠡ | ᠠᠵᠢᠯᠯᠠᠭᠠᠨ ᠤ ᠪᠠᠶᠢᠳᠠᠯ ᠢ ᠲᠤᠬᠠᠶ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠵᠤ᠂ ᠪᠠᠶᠢᠷᠢ ᠶᠢᠨ ᠰᠢᠯᠵᠢᠯᠲᠡ ᠶᠢᠨ | ᠳᠦᠷᠰᠦ ᠬᠤᠪᠢᠷᠠᠯᠲᠠ᠂ ᠨᠡᠪᠴᠢᠵᠦ ᠨᠡᠪᠴᠢᠬᠦ ᠳᠠᠷᠤᠯᠲᠠ᠂ ᠬᠤᠪᠢᠷᠠᠭᠠᠭᠳᠠᠯ ᠤᠨ ᠬᠦᠴᠦᠯᠡᠴᠡ ᠶᠢᠨ | ᠬᠤᠪᠢᠷᠠᠭᠠᠭᠳᠠᠯ᠂ ᠭᠠᠵᠠᠷ ᠬᠥᠳᠡᠯᠦᠯᠲᠡ ᠶᠢᠨ ᠲᠤᠰᠬᠠᠯ᠂ ᠪᠣᠷᠣᠭᠠᠨ ᠤᠰᠤᠨ ᠤ ᠪᠠᠶᠢᠳᠠᠯ᠂ ᠡᠯᠡᠰᠦ ᠰᠢᠪᠠᠷ᠂ ᠴᠠᠭᠠᠨ | ᠰᠢᠷᠭᠤᠯᠵᠢ ᠵᠡᠷᠭᠡ ᠶᠢ ᠬᠢᠨᠠᠨ ᠬᠡᠮᠵᠢᠭᠰᠡᠨ ᠪᠠᠶᠢᠳᠠᠯ ᠵᠢᠴᠢ ᠵᠢᠯᠣᠭᠤᠴᠢ ᠥᠬᠡᠶ ᠨᠢᠰᠬᠡᠯ᠂ ᠵᠢᠯᠣᠭᠤᠴᠢ ᠥᠬᠡᠶ | ᠣᠩᠭᠤᠴᠠ᠂ ᠤᠰᠤᠨ ᠳᠤᠤᠷᠠᠬᠢ ᠮᠠᠰᠢᠨ ᠬᠥᠮᠦᠨ ᠵᠡᠷᠭᠡ ᠰᠡᠷᠡᠵᠦ ᠮᠡᠳᠡᠬᠦ ᠲᠥᠬᠦᠭᠡᠷᠦᠮᠵᠢ ᠶᠢᠨ ᠬᠡᠷᠡᠭᠯᠡᠭᠡᠨ ᠤ | ᠪᠠᠶᠢᠳᠠᠯ ᠢ ᠣᠶᠢᠯᠠᠭᠠᠵᠤ᠂ ᠲᠣᠭᠠᠴᠢᠯᠠᠭᠰᠠᠨ ᠢᠬᠡᠷ᠎ᠡ ᠠᠮᠢᠳᠤ ᠪᠣᠳᠠᠰ ᠤᠨ ᠪᠥᠲᠥᠭᠡᠨ ᠪᠠᠶᠢᠭᠤᠯᠤᠯᠲᠠ ᠶᠢᠨ ᠦᠷ᠎ᠡ | ᠪᠦᠲᠦᠭᠡᠯ ᠤᠨ ᠦᠵᠡᠭᠦᠯᠭᠡ ᠶᠢ ᠰᠣᠨᠢᠷᠬᠠᠪᠠ᠃ ᠬᠥᠬᠡᠮᠥ᠋ᠷᠡᠨ ᠤ ᠨᠠᠮ ᠤᠨ ᠬᠤᠷᠢᠶ᠎ᠠ᠂ ᠬᠤᠸᠠᠩ ᠸᠧᠢ ᠰᠢᠶᠠᠨ ᠤ | ᠨᠠᠮ ᠤᠨ ᠬᠤᠷᠢᠶ᠎ᠠ᠂ ᠵᠧᠵᠢᠶᠠᠩ᠂ ᠭᠤᠸᠠᠩᠳᠦ᠋ᠩ᠂ ᠰᠢᠶᠤᠤ ᠯᠠᠩ ᠳ᠋ᠢ᠂ ᠳ᠋ᠠ ᠲᠧᠩ ᠬᠠᠪᠴᠢᠯ ᠵᠡᠷᠭᠡ 6 ᠨᠢᠭᠡᠴᠢ | ᠰᠠᠨᠠᠯ ᠢᠶᠠᠨ ᠰᠣᠯᠢᠯᠴᠠᠬᠤ ᠦᠭᠡ ᠬᠡᠯᠡᠵᠡᠢ᠃ ᠤᠰᠤᠨ ᠠᠰᠢᠭᠯᠠᠯᠲᠠ ᠶᠢᠨ ᠶᠠᠮᠤᠨ ᠤ ᠬᠤᠯᠪᠣᠭᠳᠠᠯ ᠪᠦᠬᠦᠢ ᠵᠤᠷᠭᠠᠨ | ᠲᠣᠪᠴᠢᠶ᠎ᠠ ᠵᠢᠴᠢ ᠡᠯ᠎ᠡ ᠰᠠᠪᠠ ᠭᠠᠵᠠᠷ ᠤᠨ ᠬᠠᠮᠢᠶᠠᠷᠤᠯᠲᠠ ᠶᠢᠨ ᠪᠠᠶᠢᠭᠤᠯᠤᠮᠵᠢ᠂ ᠬᠤᠯᠪᠣᠭᠳᠠᠯ ᠪᠦᠬᠦᠢ ᠰᠢᠭᠤᠳ | ᠬᠠᠷᠢᠶ᠎ᠠ ᠨᠢᠭᠡᠴᠢ᠂ ᠡᠯ᠎ᠡ ᠮᠤᠵᠢ ︵ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ︶ ᠶᠢᠨ ᠤᠰᠤᠨ ᠤ | ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠂ ᠬᠤᠯᠪᠣᠭᠳᠠᠯ ᠪᠦᠬᠦᠢ ᠲᠣᠭᠠᠨ ᠤ ᠢᠬᠡᠷ᠎ᠡ ᠰᠠᠪᠠ | ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠤᠷᠢᠳᠠᠪᠠᠷ ᠬᠢᠵᠦ ᠤᠷᠢᠳᠠᠪᠠᠷ ᠲᠤᠷᠰᠢᠬᠤ ᠨᠢᠭᠡᠴᠢ ᠶᠢᠨ ᠲᠥᠯᠥᠭᠡᠯᠡᠭᠴᠢ | ᠬᠤᠷᠠᠯ ᠳᠤ ᠣᠷᠣᠯᠴᠠᠪᠠ᠃ | |