ᠠᠷᠠᠳ ᠤᠨ ᠰᠦᠯᠵᠢᠶ᠎ᠡ᠄ ᠬᠡᠪ ᠤᠨ ᠪᠤᠰᠤ ᠤᠰᠤᠨ ᠰᠤᠷᠪᠤᠯᠵᠢ ᠶᠢ ᠳᠣᠭᠢᠷᠠᠭᠤᠯᠤᠨ ᠠᠰᠢᠭᠯᠠᠬᠤ ᠶᠢ ᠴᠢᠩᠭᠠᠳᠬᠠᠨ᠎ᠠ 2025 ᠣᠨ ᠤ ᠪᠥᠬᠦ ᠤᠯᠤᠰ ᠤᠨ ᠬᠡᠪ ᠤᠨ ᠪᠤᠰᠤ ᠤᠰᠤᠨ ᠰᠤᠷᠪᠤᠯᠵᠢ ᠶᠢ ᠠᠰᠢᠭᠯᠠᠭᠰᠠᠨ ᠬᠡᠮᠵᠢᠶ᠎ᠡ 170 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠢ ᠳᠠᠪᠠᠪᠠ
ᠨᠡᠶᠢᠲᠡᠯᠡᠭᠰᠡᠨ ᠴᠠᠭ᠄
2023/7/4
  ᠠᠷᠠᠳ ᠤᠨ ᠰᠦᠯᠵᠢᠶ᠎ᠡ ᠶᠢᠨ ᠪᠡᠭᠡᠵᠢᠩ ᠤᠨ 7 ᠳ᠋ᠤᠭᠠᠷ ᠰᠠᠷ᠎ᠠ ᠶᠢᠨ 3 ᠤ ᠡᠳᠦᠷ ᠤᠨ ᠮᠡᠳᠡᠭᠡ ︵ᠡᠸᠤ ᠶᠠᠩ ᠢ ᠵᠢᠶᠠ︶ ᠤᠰᠤᠨ ᠠᠰᠢᠭᠯᠠᠯᠲᠠ ᠶᠢᠨ ᠶᠠᠮᠤᠨ ᠤ ᠮᠡᠳᠡᠭᠡ ᠶᠢ ᠦᠨᠳᠦᠰᠦᠯᠡᠪᠡᠯ᠂ ᠣᠶᠢᠷ᠎ᠠ ᠳᠤ᠂ ᠤᠰᠤᠨ ᠠᠰᠢᠭᠯᠠᠯᠲᠠ ᠶᠢᠨ ᠶᠠᠮᠤᠨ᠂ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠬᠠᠮᠲᠤᠷᠠᠨ ︽ᠬᠡᠪ ᠤᠨ ᠪᠤᠰᠤ ᠤᠰᠤᠨ ᠰᠤᠷᠪᠤᠯᠵᠢ ᠶᠢ ᠳᠣᠭᠢᠷᠠᠭᠤᠯᠤᠨ ᠠᠰᠢᠭᠯᠠᠬᠤ ᠶᠢ ᠴᠢᠩᠭᠠᠳᠬᠠᠬᠤ ᠲᠤᠬᠠᠶ ᠵᠢᠯᠣᠭᠤᠳᠬᠤ ᠰᠠᠨᠠᠯ︾ ︵ᠳᠣᠷᠣᠭᠰᠢ ︽ᠵᠢᠯᠣᠭᠤᠳᠬᠤ ᠰᠠᠨᠠᠯ︾ ᠭᠡᠵᠦ ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠪᠠ᠃ ︽ᠵᠢᠯᠣᠭᠤᠳᠬᠤ ᠰᠠᠨᠠᠯ︾ ᠳᠤ 2025 ᠣᠨ ᠪᠣᠯᠬᠤ ᠳᠤ ᠪᠥᠬᠦ ᠤᠯᠤᠰ ᠤᠨ ᠡᠩ ᠤᠨ ᠪᠤᠰᠤ ᠤᠰᠤᠨ ᠰᠤᠷᠪᠤᠯᠵᠢ ᠶᠢᠨ ᠠᠰᠢᠭᠯᠠᠯᠲᠠ ᠶᠢᠨ ᠬᠡᠮᠵᠢᠶ᠎ᠡ ᠶᠢ 170 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠠᠴᠠ ᠳᠠᠪᠠᠭᠤᠯᠵᠤ᠂ ᠲᠤᠰᠬᠠᠶ ᠣᠷᠣᠨ ᠤ ᠲᠠᠰ ᠵᠢᠴᠢ ᠲᠡᠭᠦᠨ ᠠᠴᠠ ᠳᠡᠭᠡᠭᠰᠢᠬᠢ ᠤᠰᠤ ᠳᠤᠲᠠᠭᠳᠠᠵᠤ ᠪᠠᠶᠢᠭ᠎ᠠ ᠬᠤᠲᠠ ᠶᠢᠨ ᠳᠠᠬᠢᠯᠲᠠ ᠤᠰᠤᠨ ᠤ ᠠᠰᠢᠭᠯᠠᠯᠲᠠ ᠶᠢᠨ ᠨᠣᠷᠮ᠎ᠠ ᠶᠢ 25 % ᠠᠴᠠ ᠳᠡᠭᠡᠭᠰᠢ ᠳᠤ ᠬᠦᠷᠦᠭᠦᠯᠦᠨ᠎ᠡ ᠭᠡᠵᠦ ᠲᠣᠳᠣᠷᠬᠠᠶ ᠳᠤᠷᠠᠳᠤᠨ ᠭᠠᠷᠭᠠᠪᠠ︔ 2035 ᠣᠨ ᠪᠣᠯᠬᠤ ᠳᠤ᠂ ᠬᠡᠪ ᠤᠨ ᠪᠤᠰᠤ ᠤᠰᠤᠨ ᠰᠤᠷᠪᠤᠯᠵᠢ ᠶᠢ ᠠᠰᠢᠭᠯᠠᠬᠤ ᠪᠦᠷᠢᠨ ᠲᠡᠭᠦᠯᠳᠡᠷ ᠲᠥᠷᠥ ᠶᠢᠨ ᠪᠣᠳᠣᠯᠭ᠎ᠠ ᠶᠢᠨ ᠰᠢᠰᠲ᠋ᠧᠮ ᠪᠠ ᠵᠠᠬ᠎ᠠ ᠳᠡᠯᠭᠡᠭᠦᠷ ᠤᠨ ᠲᠣᠭᠲᠠᠴᠠ ᠶᠢ ᠪᠠᠶᠢᠭᠤᠯᠵᠤ᠂ ᠬᠡᠪ ᠤᠨ ᠪᠤᠰᠤ ᠤᠰᠤᠨ ᠰᠤᠷᠪᠤᠯᠵᠢ ᠶᠢᠨ ᠠᠵᠤ ᠠᠬᠤᠶ᠂ ᠥᠨᠳᠥᠷ ᠪᠦᠲᠦᠮᠵᠢᠲᠡᠶ᠂ ᠰᠢᠰᠲ᠋ᠧᠮ ᠲᠠᠢ᠂ ᠠᠮᠤᠷ ᠲᠦᠪᠰᠢᠨ ᠢᠶᠠᠷ ᠠᠰᠢᠭᠯᠠᠬᠤ ᠪᠠᠶᠢᠳᠠᠯ ᠢ ᠦᠨᠳᠦᠰᠦᠨ ᠳᠡᠭᠡᠨ ᠪᠦᠷᠢᠯᠳᠦᠭᠦᠯᠦᠨ᠎ᠡ᠃  ︽ᠵᠢᠯᠣᠭᠤᠳᠬᠤ ᠰᠠᠨᠠᠯ︾ ᠳᠤ᠂ ︽ᠤᠰᠤ ᠠᠷᠪᠢᠯᠠᠬᠤ ᠶᠢ ᠲᠡᠷᠢᠭᠦᠨ ᠳᠤ ᠲᠠᠯᠪᠢᠬᠤ᠂ ᠣᠷᠣᠨ ᠵᠠᠶ ᠶᠢ ᠲᠡᠩᠴᠡᠭᠦᠷᠢᠲᠡᠶ ᠪᠠᠶᠢᠯᠭᠠᠬᠤ᠂ ᠰᠢᠰᠲ᠋ᠧᠮ ᠲᠠᠢ ᠵᠠᠰᠠᠬᠤ᠂ ᠬᠤᠶᠠᠷ ᠲᠠᠯ᠎ᠠ ᠪᠠᠷ ᠬᠦᠴᠦᠯᠡᠬᠦ︾ ᠤᠰᠤ ᠵᠠᠰᠠᠬᠤ ᠰᠡᠳᠬᠢᠮᠵᠢ ᠶᠢ ᠪᠠᠷᠢᠮᠲᠠᠯᠠᠵᠤ᠂ ᠡᠯ᠎ᠡ ᠭᠠᠵᠠᠷ ᠣᠷᠣᠨ ᠤ ᠤᠰᠤᠨ ᠤ ᠡᠬᠢ ᠪᠠᠶᠠᠯᠢᠭ ᠤᠨ ᠲᠥᠷᠥᠯᠬᠢ ᠪᠠᠶᠢᠳᠠᠯ᠂ ᠳᠠᠭᠠᠭᠠᠴᠠ ᠶᠢᠨ ᠴᠢᠳᠠᠪᠤᠷᠢ ᠪᠣᠯᠤᠨ ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠶᠢ ᠨᠢᠭᠡᠳᠦᠯᠲᠡᠶ ᠲᠥᠯᠥᠪᠵᠢᠭᠦᠯᠦᠨ ᠪᠣᠳᠣᠯᠬᠢᠯᠠᠬᠤ ᠬᠡᠷᠡᠭᠲᠡᠶ᠃  ︽ᠵᠢᠯᠣᠭᠤᠳᠬᠤ ᠰᠠᠨᠠᠯ︾ ᠳᠤ᠂ ︽ᠤᠰᠤ ᠠᠷᠪᠢᠯᠠᠬᠤ ᠶᠢ ᠲᠡᠷᠢᠭᠦᠨ ᠳᠤ ᠲᠠᠯᠪᠢᠬᠤ᠂ ᠣᠷᠣᠨ ᠵᠠᠶ ᠶᠢ ᠲᠡᠩᠴᠡᠭᠦᠷᠢᠲᠡᠶ ᠪᠠᠶᠢᠯᠭᠠᠬᠤ᠂ ᠰᠢᠰᠲ᠋ᠧᠮ ᠲᠠᠢ ᠵᠠᠰᠠᠬᠤ᠂ ᠬᠤᠶᠠᠷ ᠲᠠᠯ᠎ᠠ ᠪᠠᠷ ᠬᠦᠴᠦᠯᠡᠬᠦ︾ ᠤᠰᠤ ᠵᠠᠰᠠᠬᠤ ᠰᠡᠳᠬᠢᠮᠵᠢ ᠶᠢ ᠪᠠᠷᠢᠮᠲᠠᠯᠠᠵᠤ᠂ ᠡᠯ᠎ᠡ ᠭᠠᠵᠠᠷ ᠣᠷᠣᠨ ᠤ ᠤᠰᠤᠨ ᠤ ᠡᠬᠢ ᠪᠠᠶᠠᠯᠢᠭ ᠤᠨ ᠲᠥᠷᠥᠯᠬᠢ ᠪᠠᠶᠢᠳᠠᠯ᠂ ᠳᠠᠭᠠᠭᠠᠴᠠ ᠶᠢᠨ ᠴᠢᠳᠠᠪᠤᠷᠢ ᠪᠣᠯᠤᠨ ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠶᠢ ᠨᠢᠭᠡᠳᠦᠯᠲᠡᠶ ᠲᠥᠯᠥᠪᠯᠡᠨ ᠪᠣᠳᠣᠯᠬᠢᠯᠠᠵᠤ᠂ ᠬᠡᠪ ᠤᠨ ᠪᠤᠰᠤ ᠤᠰᠤᠨ ᠰᠤᠷᠪᠤᠯᠵᠢ ᠶᠢ ᠤᠰᠤᠨ ᠤ ᠡᠬᠢ ᠪᠠᠶᠠᠯᠢᠭ ᠤᠨ ᠨᠢᠭᠡᠳᠦᠯᠲᠡᠶ ᠲᠣᠬᠢᠷᠠᠭᠤᠯᠤᠯᠲᠠ ᠳᠤ ᠣᠷᠣᠭᠤᠯᠬᠤ ᠶᠢ ᠪᠠᠷᠢᠮᠲᠠᠯᠠᠵᠤ᠂ ᠲᠣᠬᠢᠷᠠᠭᠤᠯᠤᠯᠲᠠ ᠬᠠᠮᠢᠶᠠᠷᠤᠯᠲᠠ ᠶᠢ ᠴᠢᠩᠭᠠᠳᠬᠠᠬᠤ᠂ ᠲᠣᠬᠢᠷᠠᠭᠤᠯᠤᠯᠲᠠ ᠠᠰᠢᠭᠯᠠᠯᠲᠠ ᠶᠢ ᠠᠬᠢᠭᠤᠯᠬᠤ᠂ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠬᠤ᠂ ᠪᠠᠶᠢᠭᠤᠯᠤᠯ ᠲᠣᠭᠲᠠᠴᠠ ᠶᠢ ᠪᠦᠷᠢᠨᠰᠢᠬᠦᠯᠬᠦ ᠪᠠᠷ ᠭᠠᠷᠳᠠᠴᠠ ᠪᠣᠯᠭᠠᠵᠤ᠂ ᠬᠡᠪ ᠤᠨ ᠪᠤᠰᠤ ᠤᠰᠤᠨ ᠰᠤᠷᠪᠤᠯᠵᠢ ᠶᠢ ᠠᠰᠢᠭᠯᠠᠬᠤ ᠬᠦᠷᠢᠶ᠎ᠡ ᠬᠡᠪᠴᠢᠶ᠎ᠡ ᠶᠢ ᠬᠦᠴᠦᠯᠡᠨ ᠥᠷᠭᠡᠳᠬᠡᠵᠦ᠂ ᠤᠰᠤᠨ ᠤ ᠡᠬᠢ ᠪᠠᠶᠠᠯᠢᠭ ᠤᠨ ᠬᠠᠩᠭᠠᠯᠭ᠎ᠠ ᠬᠡᠷᠡᠭᠴᠡᠭᠡ ᠶᠢᠨ ᠵᠥᠷᠢᠴᠡᠯ ᠢ ᠨᠠᠮᠳᠠᠭᠤᠯᠬᠤ᠂ ᠤᠰᠤᠨ ᠤ ᠠᠮᠤᠷ ᠲᠦᠪᠰᠢᠨ ᠤ ᠪᠠᠲᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠬᠦ ᠳᠤ ᠬᠦᠴᠦᠲᠡᠶ ᠲᠤᠯᠭᠠᠭᠤᠷᠢᠯᠠᠯ ᠬᠠᠩᠭᠠᠬᠤ ᠬᠡᠷᠡᠭᠲᠡᠶ ᠭᠡᠵᠦ ᠵᠢᠭᠠᠵᠤ ᠭᠠᠷᠭᠠᠪᠠ᠃  ︽ᠵᠢᠯᠣᠭᠤᠳᠬᠤ ᠰᠠᠨᠠᠯ︾ ᠳᠤ ᠱᠠᠭᠠᠷᠳᠠᠭᠰᠠᠨ ᠨᠢ᠂ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠦᠨ ᠪᠠᠶᠢᠷᠢᠰᠢᠭᠤᠯᠬᠤ᠂ ᠬᠠᠷᠠᠯᠲᠠᠲᠤ ᠬᠠᠮᠢᠶᠠᠷᠤᠯᠲᠠ ᠶᠢ ᠬᠡᠷᠡᠭᠵᠢᠭᠦᠯᠬᠦ᠂ ᠤᠰᠤ ᠬᠡᠷᠡᠭᠯᠡᠬᠦ ᠲᠥᠯᠥᠪᠯᠡᠭᠡ ᠳᠤ ᠣᠷᠣᠭᠤᠯᠬᠤ᠂ ᠨᠤᠲᠠᠯᠠᠯᠲᠠ ᠬᠢᠵᠦ ᠬᠢᠨᠠᠨ ᠵᠥᠪᠰᠢᠶᠡᠷᠡᠬᠦ᠂ ᠵᠠᠬ᠎ᠠ ᠳᠡᠯᠭᠡᠭᠦᠷ ᠤᠨ ᠲᠣᠬᠢᠷᠠᠭᠤᠯᠤᠯᠲᠠ ᠶᠢ ᠬᠥᠲᠥᠯᠥᠨ ᠵᠢᠯᠣᠭᠤᠳᠬᠤ᠂ ᠬᠢᠨᠠᠨ ᠰᠢᠯᠭᠠᠵᠤ ᠬᠢᠨᠠᠯᠲᠠ ᠲᠠᠯᠪᠢᠬᠤ ᠶᠢ ᠴᠢᠩᠭᠠᠳᠬᠠᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ ᠬᠡᠪ ᠤᠨ ᠪᠤᠰᠤ ᠤᠰᠤᠨ ᠰᠤᠷᠪᠤᠯᠵᠢ ᠶᠢᠨ ᠲᠣᠬᠢᠷᠠᠭᠤᠯᠤᠯᠲᠠ ᠬᠠᠮᠢᠶᠠᠷᠤᠯᠲᠠ ᠶᠢ ᠴᠢᠩᠭᠠᠳᠬᠠᠵᠤ᠂ ᠳᠠᠬᠢᠯᠲᠠ ᠤᠰᠤ᠂ ᠪᠣᠷᠣᠭᠠᠨ ᠤ ᠤᠰᠤ᠂ ᠲᠡᠯᠡᠶ ᠶᠢᠨ ᠤᠰᠤ ᠶᠢ ᠬᠤᠷᠠᠮᠳᠤᠭᠤᠯᠤᠨ ᠬᠠᠳᠠᠭᠠᠯᠠᠬᠤ᠂ ᠲᠡᠯᠡᠶ ᠶᠢᠨ ᠤᠰᠤ ᠶᠢ ᠴᠡᠩᠭᠡᠭᠵᠢᠭᠦᠯᠬᠦ᠂ ᠠᠭᠤᠷᠬᠠᠶ ᠶᠢᠨ ᠨᠦᠬᠡ ︵ᠬᠤᠳᠳᠤᠭ︶ ᠶᠢᠨ ᠤᠰᠤ᠂ ᠱᠣᠷᠪᠣᠭ ᠤᠰᠤ ᠵᠡᠷᠭᠡ ᠠᠳᠠᠯᠢ ᠪᠤᠰᠤ ᠤᠰᠤᠨ ᠰᠤᠷᠪᠤᠯᠵᠢ ᠶᠢᠨ ᠲᠥᠷᠥᠯ ᠬᠡᠯᠪᠡᠷᠢ ᠶᠣᠰᠣᠭᠠᠷ ᠲᠣᠰ ᠲᠣᠰ ᠳᠣᠭᠢᠷᠠᠭᠤᠯᠤᠨ ᠠᠰᠢᠭᠯᠠᠬᠤ ᠬᠦᠷᠢᠶ᠎ᠡ ᠴᠠᠷᠠᠭ᠎ᠠ ᠵᠢᠴᠢ ᠬᠠᠮᠢᠶ᠎ᠠ ᠪᠥᠬᠦᠶ ᠠᠷᠭ᠎ᠠ ᠬᠡᠮᠵᠢᠶ᠎ᠡ ᠶᠢ ᠲᠣᠳᠣᠷᠬᠠᠶᠢᠯᠠᠵᠤ᠂ ᠬᠡᠮᠵᠢᠯᠲᠡ ᠲᠤᠭ᠎ᠠ ᠪᠦᠷᠢᠳᠬᠡᠯ᠂ ᠮᠡᠷᠭᠡᠵᠢᠯ ᠤᠨ ᠪᠠᠷᠢᠮᠵᠢᠶ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠲᠤᠯᠭᠠᠭᠤᠷᠢᠯᠠᠯ ᠵᠡᠷᠭᠡ ᠲᠠᠯ᠎ᠠ ᠠᠴᠠ ᠰᠠᠭᠤᠷᠢ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠶ᠃  ︽ᠵᠢᠯᠣᠭᠤᠳᠬᠤ ᠰᠠᠨᠠᠯ︾ ᠢ ᠨᠡᠶᠢᠲᠡᠯᠡᠭᠰᠡᠨ ᠨᠢ ᠡᠩ ᠤᠨ ᠪᠤᠰᠤ ᠤᠰᠤᠨ ᠰᠤᠷᠪᠤᠯᠵᠢ ᠶᠢ ᠨᠡᠭᠡᠭᠡᠨ ᠠᠰᠢᠭᠯᠠᠬᠤ ᠶᠢ ᠪᠦᠲᠦᠮᠵᠢᠲᠡᠶ ᠠᠬᠢᠭᠤᠯᠵᠤ᠂ ᠤᠰᠤ ᠰᠢᠢᠳᠪᠦᠷᠢᠯᠡᠬᠦ ᠬᠦᠷᠢᠶᠡᠨ ᠤ ᠮᠡᠷᠭᠡᠵᠢᠯ ᠲᠣᠨᠣᠭᠯᠠᠯ ᠢ ᠰᠤᠳᠤᠯᠤᠨ ᠨᠡᠭᠡᠭᠡᠵᠦ ᠬᠡᠷᠡᠭᠯᠡᠬᠦ ᠶᠢ ᠠᠬᠢᠭᠤᠯᠵᠤ᠂ ᠬᠠᠮᠢᠶ᠎ᠠ ᠪᠥᠬᠦᠶ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠳᠣᠲᠣᠭᠠᠳᠤ ᠬᠥᠳᠡᠯᠭᠡᠬᠦ ᠬᠦᠴᠦᠨ ᠢ ᠴᠢᠩᠭᠠᠳᠬᠠᠵᠤ᠂ ᠤᠰᠤ ᠠᠷᠪᠢᠯᠠᠬᠤ ᠠᠵᠤ ᠦᠢᠯᠡᠰ ᠤᠨ ᠬᠥᠭᠵᠢᠯᠲᠡ ᠶᠢ ᠠᠬᠢᠭᠤᠯᠵᠤ᠂ ᠠᠵᠤ ᠠᠬᠤᠶ ᠶᠢᠨ ᠰᠢᠨ᠎ᠡ ᠨᠡᠮᠡᠭᠳᠡᠯ ᠤᠨ ᠴᠡᠭ ᠢ ᠪᠤᠶᠢᠵᠢᠭᠤᠯᠬᠤ ᠪᠣᠯᠤᠨ᠎ᠠ᠃  ᠣᠶᠢᠯᠠᠭᠠᠭᠰᠠᠨ ᠢᠶᠠᠷ᠂ ᠲᠠᠷᠠᠭᠠᠴᠢ ᠶᠢᠨ ᠠᠯᠬᠤᠮ ᠳᠤ᠂ ᠤᠰᠤᠨ ᠠᠰᠢᠭᠯᠠᠯᠲᠠ ᠶᠢᠨ ᠶᠠᠮᠤᠨ᠂ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠬᠤᠯᠪᠣᠭᠳᠠᠯ ᠪᠥᠬᠦᠶ ᠰᠠᠯᠠᠭ᠎ᠠ ᠮᠥᠴᠢᠷ ᠲᠠᠢ ᠬᠠᠮᠲᠤᠷᠠᠨ ᠡᠯ᠎ᠡ ᠭᠠᠵᠠᠷ ᠤᠨ ᠬᠤᠯᠪᠣᠭᠳᠠᠯ ᠪᠥᠬᠦᠶ ᠰᠠᠯᠠᠭ᠎ᠠ ᠮᠥᠴᠢᠷ ᠢ ᠵᠢᠯᠣᠭᠤᠳᠤᠨ ︽ᠵᠢᠯᠣᠭᠤᠳᠬᠤ ᠰᠠᠨᠠᠯ︾ ᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠡᠪ ᠤᠨ ᠪᠤᠰᠤ ᠤᠰᠤᠨ ᠰᠤᠷᠪᠤᠯᠵᠢ ᠶᠢ ᠨᠡᠭᠡᠭᠡᠨ ᠠᠰᠢᠭᠯᠠᠬᠤ ᠡᠷᠴᠢᠮ ᠢ ᠴᠢᠩᠭᠠᠷᠠᠭᠤᠯᠤᠨ᠂ ᠲᠣᠬᠢᠷᠠᠭᠤᠯᠤᠯᠲᠠ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ ᠴᠢᠩᠭᠠᠷᠠᠭᠤᠯᠵᠤ᠂ ᠠᠰᠢᠭᠯᠠᠬᠤ ᠬᠦᠷᠢᠶ᠎ᠡ ᠬᠡᠪᠴᠢᠶ᠎ᠡ ᠪᠠ ᠬᠡᠪᠴᠢᠶ᠎ᠡ ᠶᠢ ᠥᠷᠭᠡᠳᠬᠡᠬᠦ ᠶᠢ ᠦᠷᠭᠦᠯᠵᠢᠯᠡᠨ ᠠᠬᠢᠭᠤᠯᠵᠤ᠂ ᠬᠡᠪ ᠤᠨ ᠪᠤᠰᠤ ᠤᠰᠤᠨ ᠰᠤᠷᠪᠤᠯᠵᠢ ᠶᠢᠨ ᠤᠰᠤ ᠬᠠᠩᠭᠠᠬᠤ ᠶᠢ ᠨᠡᠮᠡᠭᠳᠡᠭᠦᠯᠬᠦ᠂ ᠪᠣᠬᠢᠷᠲᠤᠯ ᠪᠣᠳᠠᠰ ᠭᠠᠳᠠᠭᠰᠢᠯᠠᠭᠤᠯᠬᠤ ᠶᠢ ᠪᠠᠭᠠᠰᠬᠠᠬᠤ᠂ ᠤᠰᠤᠨ ᠤ ᠡᠬᠢ ᠪᠠᠶᠠᠯᠢᠭ ᠤᠨ ᠲᠣᠬᠢᠷᠠᠭᠤᠯᠤᠯᠲᠠ ᠶᠢᠨ ᠰᠢᠰᠲ᠋ᠧᠮ ᠢ ᠰᠢᠯᠢᠳᠡᠭᠵᠢᠭᠦᠯᠬᠦ᠂ ᠤᠰᠤᠨ ᠤ ᠡᠬᠢ ᠪᠠᠶᠠᠯᠢᠭ ᠢ ᠠᠰᠢᠭᠯᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠬᠦ ᠴᠢᠬᠤᠯᠠ  ᠦᠢᠯᠡᠳᠦᠯ ᠢ ᠪᠦᠲᠦᠮᠵᠢᠲᠡᠶ ᠪᠠᠳᠠᠷᠠᠭᠤᠯᠤᠨ᠎ᠠ᠃ 
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号