ᠰᠢᠨᠬᠤᠸᠠ ᠬᠤᠷᠢᠶ᠎ᠠ᠄ ᠤᠰᠤᠨ ᠠᠰᠢᠭᠯᠠᠯᠲᠠ ᠶᠢᠨ ᠶᠠᠮᠤᠨ ᠤ ᠲᠣᠭᠠᠴᠢᠯᠠᠭᠰᠠᠨ ᠢᠬᠡᠷ᠎ᠡ ᠲᠠᠪᠴᠠᠩ ᠵᠢᠴᠢ ᠪᠦᠬᠦ ᠤᠯᠤᠰ ᠤᠨ ᠤᠰᠤᠨ ᠠᠰᠢᠭᠯᠠᠯᠲᠠ ᠵᠢᠨ‌ᠨᠢᠭᠡ ᠯᠡ ᠵᠢᠷᠤᠭ ᠤᠨ 2023  ᠤ ᠬᠡᠪᠯᠡᠯ ᠢ ᠨᠡᠶᠢᠲᠡᠯᠡᠪᠡ
ᠨᠡᠶᠢᠲᠡᠯᠡᠭᠰᠡᠨ ᠴᠠᠭ᠄
2023/7/4
  ᠤᠰᠤᠨ ᠠᠰᠢᠭᠯᠠᠯᠲᠠ ᠶᠢᠨ ᠶᠠᠮᠤᠨ 6 ᠳ᠋ᠤᠭᠠᠷ ᠰᠠᠷ᠎ᠠ ᠶᠢᠨ 20 ᠤ ᠡᠳᠦᠷ ᠬᠠᠲᠤᠨ ᠭᠤᠤᠯ ᠤᠨ ᠰᠢᠶᠤᠤ ᠯᠠᠩ ᠳ᠋ᠢ ᠤᠰᠤᠨ ᠠᠰᠢᠭᠯᠠᠯᠲᠠ ᠶᠢᠨ ᠬᠦᠢᠰᠦ ᠳᠤ ᠲᠣᠭᠠᠴᠢᠯᠠᠭᠰᠠᠨ ᠢᠬᠡᠷ᠎ᠡ ᠤᠰᠤᠨ ᠠᠰᠢᠭᠯᠠᠯᠲᠠ ᠶᠢᠨ ᠪᠥᠲᠥᠭᠡᠨ ᠪᠠᠶᠢᠭᠤᠯᠤᠯᠲᠠ ᠶᠢᠨ ᠠᠬᠤᠶ ᠲᠠᠯᠠᠪᠠᠶ ᠶᠢᠨ ᠬᠤᠷᠠᠯ ᠬᠢᠵᠦ᠂ ᠲᠣᠭᠠᠴᠢᠯᠠᠭᠰᠠᠨ ᠢᠬᠡᠷ᠎ᠡ ᠤᠰᠤᠨ ᠠᠰᠢᠭᠯᠠᠯᠲᠠ ᠶᠢᠨ ᠪᠥᠲᠥᠭᠡᠨ ᠪᠠᠶᠢᠭᠤᠯᠤᠯᠲᠠ ᠶᠢᠨ ᠱᠠᠲᠤᠨ ᠤ ᠠᠬᠢᠴᠠ ᠶᠢ ᠪᠠᠶᠢᠴᠠᠭᠠᠨ ᠦᠵᠡᠵᠦ᠂ ᠲᠣᠭᠠᠴᠢᠯᠠᠭᠰᠠᠨ ᠢᠬᠡᠷ᠎ᠡ ᠤᠷᠭᠤᠮᠠᠯ ᠤᠨ ᠲᠠᠪᠴᠠᠩ ᠵᠢᠴᠢ ᠪᠥᠬᠦ ᠤᠯᠤᠰ ᠤᠨ ᠤᠰᠤᠨ ᠠᠰᠢᠭᠯᠠᠯᠲᠠ ᠶᠢᠨ 2023 ᠳ᠋ᠤᠭᠠᠷ ᠵᠢᠷᠤᠭ ᠢ ᠨᠡᠶᠢᠲᠡᠯᠡᠪᠡ᠃  ᠲᠣᠭᠠᠨ ᠤ ᠢᠬᠡᠷ᠎ᠡ ᠶᠢ ᠪᠠᠰᠠ ᠲᠣᠭᠠᠨ ᠤ ᠲᠤᠰᠬᠠᠯ᠂ ᠲᠣᠭᠠᠨ ᠤ ᠲᠣᠯᠢᠳᠠᠭᠤᠷ ᠭᠡᠳᠡᠭ᠂ ᠲᠡᠭᠦᠨ ᠤ ᠢᠯᠡᠷᠬᠡᠶ ᠣᠨᠴᠠᠯᠢᠭ ᠨᠢ ᠪᠣᠳᠠᠲᠤ ᠪᠡᠶ᠎ᠡ ᠶᠢᠨ ᠳ᠋ᠦᠢᠰᠢᠶᠠᠩ ᠤᠨ ᠬᠥᠳᠡᠯᠦᠩᠭᠦᠶ ᠳᠠᠭᠤᠷᠢᠶᠠᠮᠠᠯ ᠪᠣᠯᠤᠨ᠎ᠠ᠃ ᠤᠰᠤᠨ ᠠᠰᠢᠭᠯᠠᠯᠲᠠ ᠶᠢᠨ ᠶᠠᠮᠤᠨ ᠤ ᠮᠡᠳᠡᠭᠡ ᠵᠠᠩᠭᠢ ᠶᠢᠨ ᠲᠥᠪ ᠤᠨ ᠤᠰᠤᠨ ᠠᠰᠢᠭᠯᠠᠯᠲᠠ ᠶᠢᠨ ᠲᠤᠭ᠎ᠠ ᠪᠠᠷᠢᠮᠲᠠ ᠶᠢᠨ ᠲᠥᠪ ᠤᠨ ᠡᠷᠬᠢᠯᠡᠭᠴᠢ ᠰᠢᠶᠧ ᠸᠧᠨ ᠵᠢᠶᠦ᠋ᠨ ᠤ ᠲᠠᠨᠢᠯᠴᠠᠭᠤᠯᠤᠭᠰᠠᠨ ᠢᠶᠠᠷ᠂ ᠤᠰᠤᠨ ᠠᠰᠢᠭᠯᠠᠯᠲᠠ ᠶᠢᠨ ᠶᠠᠮᠤᠨ ᠤ ᠲᠣᠭᠠᠴᠢᠯᠠᠭᠰᠠᠨ ᠢᠬᠡᠷ᠎ᠡ ᠲᠠᠪᠴᠠᠩ ᠨᠢ ᠲᠣᠭᠠᠴᠢᠯᠠᠭᠰᠠᠨ ᠢᠬᠡᠷ᠎ᠡ ᠤᠰᠤᠨ ᠠᠰᠢᠭᠯᠠᠯᠲᠠ ᠶᠢᠨ ᠵᠠᠩᠭᠢᠯᠠᠭ᠎ᠠ ᠪᠣᠯᠤᠭᠰᠠᠨ ᠤ ᠬᠤᠪᠢ ᠳᠤ᠂ ᠡᠮᠬᠢ ᠵᠢᠷᠤᠮ ᠲᠠᠢ ᠪᠠᠷ ᠣᠯᠠᠨ ᠡᠬᠢᠲᠦ ᠲᠤᠭ᠎ᠠ ᠪᠠᠷᠢᠮᠲᠠ ᠶᠢ ᠴᠤᠭᠯᠠᠭᠤᠯᠤᠨ ᠠᠭᠤᠰᠤᠯᠴᠠᠭᠤᠯᠬᠤ ᠪᠠᠷ ᠳᠠᠮᠵᠢᠭᠤᠯᠤᠨ ᠲᠣᠭᠠᠴᠢᠯᠠᠭᠰᠠᠨ ᠠᠬᠤᠶ ᠪᠠᠶᠢᠳᠠᠯ ᠢ ᠪᠠᠶᠢᠭᠤᠯᠵᠤ᠂ ᠣᠯᠠᠨ ᠡᠯᠧᠮᠧᠨ᠋ᠲ ᠤᠨ ᠲᠣᠭᠠᠨ ᠤ ᠲᠤᠰᠬᠠᠯ ᠢ ᠪᠡᠶᠡᠯᠡᠭᠦᠯᠪᠡ︔ ᠲᠣᠭᠠᠨ ᠤ ᠤᠬᠠᠭᠠᠨ ᠤ ᠵᠠᠭᠪᠤᠷ ᠢᠶᠠᠷ ᠭᠤᠤᠯ ᠪᠣᠯᠭᠠᠨ ᠤᠰᠤᠨ ᠠᠰᠢᠭᠯᠠᠯᠲᠠ ᠶᠢᠨ ᠨᠡᠶᠢᠳᠡᠮ ᠬᠡᠷᠡᠭᠯᠡᠬᠦ ᠵᠠᠭᠪᠤᠷ ᠤᠨ ᠲᠠᠪᠴᠠᠩ ᠢ ᠪᠠᠶᠢᠭᠤᠯᠵᠤ᠂ ᠹᠢᠽᠢᠺ ᠤᠨ ᠰᠠᠪᠠ ᠭᠠᠵᠠᠷ ᠤᠨ ᠢᠵᠢᠯᠢ ᠠᠯᠬᠤᠮ ᠢᠶᠠᠷ ᠳᠠᠭᠤᠷᠢᠶᠠᠨ ᠳᠠᠭᠤᠷᠢᠶᠠᠬᠤ ᠶᠢ ᠪᠡᠶᠡᠯᠡᠭᠦᠯᠦᠨ᠎ᠡ᠃  ᠰᠢᠶᠧ ᠸᠧᠨ ᠵᠢᠶᠦ᠋ᠨ ᠬᠡᠯᠡᠬᠦ ᠳᠡᠭᠡᠨ ︽ᠤᠰᠤᠨ ᠠᠰᠢᠭᠯᠠᠯᠲᠠ ᠶᠢᠨ ᠶᠠᠮᠤᠨ ᠤ ᠲᠣᠭᠠᠴᠢᠯᠠᠭᠰᠠᠨ ᠢᠬᠡᠷ᠎ᠡ ᠲᠠᠪᠴᠠᠩ ᠨᠢ ᠮᠠᠨ ᠤ ᠤᠯᠤᠰ ᠤᠨ ᠹᠢᠽᠢᠺ ᠤᠨ ᠰᠠᠪᠠ ᠭᠠᠵᠠᠷ ᠲᠤ ᠪᠥᠬᠦ ᠡᠯᠧᠮᠧᠨ᠋ᠲ᠂ ᠪᠥᠬᠦ ᠶᠠᠪᠤᠴᠠ ᠶᠢᠨ ᠲᠣᠭᠠᠴᠢᠯᠠᠭᠰᠠᠨ ᠲᠤᠰᠬᠠᠯ ᠪᠠ ᠣᠶᠤᠨᠴᠢᠯᠠᠭᠰᠠᠨ ᠳᠠᠭᠤᠷᠢᠶᠠᠮᠠᠯ ᠢ ᠪᠡᠶᠡᠯᠡᠭᠦᠯᠵᠦ᠂ ᠰᠠᠪᠠ ᠭᠠᠵᠠᠷ ᠤᠨ ᠦᠶᠡᠷ ᠢ ᠰᠡᠷᠭᠡᠶᠢᠯᠡᠬᠦ ᠪᠠ ᠤᠰᠤᠨ ᠤ ᠡᠬᠢ ᠪᠠᠶᠠᠯᠢᠭ ᠢ ᠬᠠᠮᠢᠶᠠᠷᠬᠤ ᠪᠠ ᠲᠣᠬᠢᠷᠠᠭᠤᠯᠬᠤ ᠵᠡᠷᠭᠡ ᠬᠦᠷᠢᠶᠡᠨ ᠳᠤ ᠴᠢᠬᠤᠯᠠ ᠦᠢᠯᠡᠳᠦᠯ ᠦᠵᠡᠭᠦᠯᠬᠦ ᠪᠣᠯᠤᠨ᠎ᠠ ᠭᠡᠵᠡᠢ᠃  ᠤᠰᠤᠨ ᠠᠰᠢᠭᠯᠠᠯᠲᠠ ᠶᠢᠨ ᠶᠠᠮᠤᠨ ᠤ ᠲᠣᠭᠠᠴᠢᠯᠠᠭᠰᠠᠨ ᠢᠬᠡᠷ᠎ᠡ ᠲᠠᠪᠴᠠᠩ ᠨᠢ ᠤᠰᠤᠨ ᠠᠰᠢᠭᠯᠠᠯᠲᠠ ᠶᠢᠨ ᠨᠢᠭᠡ ᠵᠢᠷᠤᠭ ᠢᠶᠠᠷ ᠰᠠᠭᠤᠷᠢ ᠪᠣᠯᠭᠠᠵᠤ᠂ ᠣᠯᠠᠨ ᠡᠬᠢᠲᠦ ᠲᠤᠭ᠎ᠠ ᠪᠠᠷᠢᠮᠲᠠ ᠶᠢ ᠠᠭᠤᠰᠤᠯᠴᠠᠭᠤᠯᠵᠤ᠂ ᠪᠥᠬᠦ ᠤᠯᠤᠰ ᠤᠨ ᠨᠢᠭᠡᠳᠦᠯᠲᠡᠶ᠂ ᠴᠠᠭ ᠲᠤᠬᠠᠶ ᠳᠤᠨᠢ ᠰᠢᠨᠡᠳᠬᠡᠬᠦ ᠲᠤᠭ᠎ᠠ ᠪᠠᠷᠢᠮᠲᠠ ᠶᠢᠨ ᠰᠠᠭᠤᠷᠢ ᠬᠠᠪᠲᠠᠰᠤ ᠶᠢ ᠪᠠᠶᠢᠭᠤᠯᠪᠠ᠃ ᠤᠰᠤᠨ ᠴᠥᠭᠦᠷᠥᠮ᠂ ᠭᠤᠤᠯ ᠤᠨ ᠵᠠᠮ ᠤᠨ ᠳᠠᠯᠠᠩ ᠬᠠᠰᠢᠯᠭ᠎ᠠ᠂ ᠦᠶᠡᠷ ᠢ ᠲᠣᠭᠲᠠᠭᠠᠨ ᠬᠤᠷᠠᠭᠤᠯᠬᠤ ᠣᠷᠣᠨ ᠵᠡᠷᠭᠡ 55 ᠲᠥᠷᠥᠯ ᠤᠨ 1600 ᠭᠠᠷᠤᠶ ᠲᠦᠮᠡᠨ ᠤᠰᠤᠨ ᠠᠰᠢᠭᠯᠠᠯᠲᠠ ᠶᠢᠨ ᠡᠲᠡᠭᠡᠳ ᠤᠨ ᠮᠡᠳᠡᠭᠡ ᠵᠠᠩᠭᠢ ᠶᠢ ᠬᠤᠯᠪᠣᠭᠠᠯᠠᠨ ᠰᠢᠨᠡᠳᠬᠡᠵᠦ᠂ ᠲᠤᠬᠠᠶᠢᠯᠠᠭᠰᠠᠨ ᠠᠵᠢᠯ ᠤᠨ ᠬᠠᠮᠢᠶᠠᠷᠤᠯᠲᠠ ᠶᠢᠨ ᠲᠤᠭ᠎ᠠ ᠪᠠᠷᠢᠮᠲᠠ ᠶᠢ 26.2 ᠳ᠋ᠦᠩᠰᠢᠭᠤᠷ ᠵᠤᠷᠪᠤᠰ ᠬᠥᠳᠡᠯᠦᠩᠭᠦᠶ ᠪᠠᠷ ᠴᠤᠭᠯᠠᠷᠠᠭᠤᠯᠪᠠ᠃ ᠲᠤᠰᠬᠠᠶ ᠤᠲᠠᠰᠤ ᠪᠠᠷ ᠥᠨᠳᠥᠷ ᠬᠤᠪᠢ᠂ ᠡᠬᠢ ᠪᠠᠶᠠᠯᠢᠭ᠂ ᠣᠷᠴᠢᠨ ᠲᠣᠭᠤᠷᠢᠨ ᠵᠡᠷᠭᠡ ᠰᠢᠷᠢᠰ ᠤᠯᠤᠰ ᠲᠠᠭᠠᠨ ᠦᠢᠯᠡᠳᠪᠦᠷᠢᠯᠡᠭᠰᠡᠨ 23 ᠠᠯᠤᠰ ᠰᠡᠷᠡᠯ ᠤᠨ ᠳᠠᠭᠠᠭᠤᠯᠢ ᠣᠳᠣᠨ ᠤ ᠳᠦᠷᠰᠦ ᠰᠢᠩᠭᠡᠭᠡᠯᠲᠡ ᠶᠢᠨ ᠡᠬᠢ ᠪᠠᠶᠠᠯᠢᠭ ᠢ ᠣᠯᠵᠤ᠂ 4600 ᠭᠠᠷᠤᠶ ᠵᠠᠮ ᠤᠨ ᠤᠰᠤᠨ ᠠᠰᠢᠭᠯᠠᠯᠲᠠ ᠶᠢᠨ ᠬᠠᠷᠠᠭᠠᠨ ᠳᠠᠪᠲᠠᠮᠵᠢ ᠶᠢᠨ ᠡᠬᠢ ᠪᠠᠶᠠᠯᠢᠭ ᠢ ᠵᠠᠯᠭᠠᠨ ᠣᠷᠣᠭᠤᠯᠵᠤ᠂ ᠰᠢᠨ᠎ᠡ ᠬᠡᠯᠪᠡᠷᠢ ᠶᠢᠨ ᠮᠡᠳᠡᠷᠡᠬᠦ ᠴᠢᠳᠠᠪᠤᠷᠢ ᠶᠢ ᠬᠦᠴᠦᠲᠡᠶ ᠳᠡᠭᠡᠭᠰᠢᠯᠡᠭᠦᠯᠪᠡ᠃  ᠰᠢᠶᠤᠤ ᠯᠠᠩ ᠳ᠋ᠢ ᠤᠰᠤᠨ ᠠᠰᠢᠭᠯᠠᠯᠲᠠ ᠶᠢᠨ ᠬᠦᠢᠰᠦ ᠪᠣᠯ ᠬᠠᠳᠤᠨ ᠭᠤᠣᠯ ᠤᠨ ᠳᠤᠮᠳᠠ ᠳᠤᠤᠷᠠᠳᠤ ᠤᠷᠤᠰᠬᠠᠯ ᠤᠨ ᠦᠶᠡᠷ ᠢ ᠰᠡᠷᠭᠡᠶᠢᠯᠡᠬᠦ ᠵᠢᠴᠢ ᠤᠰᠤ ᠡᠯᠡᠰᠦ ᠶᠢ ᠲᠤᠬᠢᠷᠠᠭᠤᠯᠤᠨ ᠡᠵᠡᠮᠳᠡᠬᠦ ᠰᠢᠰᠲ᠋ᠧᠮ  ᠤᠨ ᠵᠠᠩᠭᠢᠯᠠᠭ᠎ᠠ ᠶᠢᠨ ᠴᠢᠨᠠᠷᠲᠠᠢ ᠡᠵᠡᠮᠳᠡᠬᠦ ᠢᠨᠵᠧᠨᠧᠷᠢᠩ ᠪᠣᠯᠤᠨ᠎ᠠ᠂ ᠮᠥᠨ ᠴᠦ ᠤᠰᠤᠨ ᠠᠰᠢᠭᠯᠠᠯᠲᠠ ᠶᠢᠨ ᠶᠠᠮᠤᠨ ᠤ ᠲᠣᠭᠠᠴᠢᠯᠠᠭᠰᠠᠨ ᠢᠬᠡᠷ᠎ᠡ ᠤᠰᠤᠨ ᠠᠰᠢᠭᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠲᠦᠷᠦᠭᠦᠦ ᠪᠦᠯᠦᠭ ᠤᠨ ᠲᠤᠷᠰᠢᠯᠲᠠ ᠶᠢᠨ ᠴᠡᠭ ᠤᠨ ᠢᠨᠵᠧᠨᠧᠷᠢᠩ ᠪᠣᠯᠤᠨ᠎ᠠ᠃ ᠰᠤᠷᠪᠤᠯᠵᠢᠯᠠᠭᠴᠢ ᠰᠤᠷᠪᠤᠯᠵᠢᠯᠠᠬᠤ ᠳᠤᠮᠳᠠ ᠪᠠᠨ ᠣᠶᠢᠯᠠᠭᠠᠭᠰᠠᠨ ᠢᠶᠠᠷ᠂ ᠤᠷᠢᠳᠴᠢᠯᠠᠨ ᠮᠡᠳᠡᠭᠡᠯᠡᠬᠦ᠂ ᠤᠷᠢᠳᠴᠢᠯᠠᠨ ᠰᠡᠷᠡᠮᠵᠢᠯᠡᠭᠦᠯᠬᠦ᠂ ᠤᠷᠢᠳᠴᠢᠯᠠᠨ ᠲᠣᠭᠯᠠᠬᠤ᠂ ᠪᠡᠯᠡᠳᠬᠡᠯ ᠲᠥᠰᠦᠯ ︽ᠳᠥᠷᠪᠡᠨ ᠪᠡᠯᠡᠳᠬᠡᠯ︾ ᠤᠨ ᠴᠢᠳᠠᠪᠤᠷᠢ ᠶᠢ ᠨᠡᠮᠡᠭᠳᠡᠭᠦᠯᠬᠦ ᠪᠣᠯ ᠲᠣᠭᠠᠴᠢᠯᠠᠭᠰᠠᠨ ᠢᠬᠡᠷ᠎ᠡ ᠵᠢᠵᠢᠭ ᠳᠠᠪᠠᠯᠭᠠᠨ ᠤ ᠢᠷᠣᠭᠠᠷ ᠤᠨ ᠪᠥᠲᠥᠭᠡᠨ ᠪᠠᠶᠢᠭᠤᠯᠤᠯᠲᠠ ᠶᠢᠨ ᠭᠤᠤᠯ ᠬᠠᠷᠠᠯᠲᠠ ᠮᠥᠨ᠂ ᠣᠳᠣᠬᠠᠨ ᠳᠤ ᠦᠶᠡᠷ ᠢ ᠰᠡᠷᠭᠡᠶᠢᠯᠡᠬᠦ ᠲᠣᠬᠢᠷᠠᠭᠤᠯᠤᠯᠲᠠ ᠪᠠ ᠪᠠᠷᠢᠯᠭ᠎ᠠ ᠶᠢᠨ ᠠᠮᠤᠷ ᠲᠦᠪᠰᠢᠨ ᠤ ︽ᠳᠥᠷᠪᠡᠨ ᠪᠡᠯᠡᠳᠬᠡᠯ︾ ᠤᠨ ᠬᠡᠷᠡᠭᠯᠡᠯᠲᠡ ᠶᠢ ᠨᠢᠭᠡᠨᠲᠡ ᠠᠩᠬ᠎ᠠ ᠠᠯᠬᠤᠮ ᠪᠠᠶᠢᠭᠤᠯᠤᠨ ᠳᠠᠭᠤᠰᠬᠠᠵᠤ᠂ ᠰᠢᠶᠤᠤ ᠯᠠᠩ ᠳ᠋ᠢ ᠤᠰᠤᠨ ᠠᠰᠢᠭᠯᠠᠯᠲᠠ ᠶᠢᠨ ᠬᠦᠢᠰᠦ ᠶᠢᠨ ᠬᠠᠮᠢᠶᠠᠷᠤᠯᠲᠠ ᠶᠢᠨ ᠲᠥᠪ ᠤᠨ ᠪᠠᠷᠢᠯᠭ᠎ᠠ ᠶᠢᠨ ᠠᠮᠤᠷ ᠲᠦᠪᠰᠢᠨ ᠤ ︽ᠳᠥᠷᠪᠡᠨ ᠪᠡᠯᠡᠳᠬᠡᠯ︾ ᠤᠨ ᠴᠢᠳᠠᠮᠵᠢ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠴᠥᠭᠦᠷᠥᠮ ᠤᠨ ᠣᠷᠣᠨ ᠤ ᠬᠠᠮᠢᠶᠠᠷᠤᠯᠲᠠ ᠪᠠ ᠴᠠᠬᠢᠯᠭᠠᠨ ᠭᠠᠷᠭᠠᠬᠤ ᠠᠵᠢᠯᠯᠠᠭᠠᠨ ᠤ ᠲᠤᠬᠠᠶᠢᠯᠠᠭᠰᠠᠨ ᠠᠵᠢᠯ ᠤᠨ ᠬᠡᠷᠡᠭᠯᠡᠭᠡᠨ ᠤ ᠪᠥᠲᠥᠭᠡᠨ ᠪᠠᠶᠢᠭᠤᠯᠤᠯᠲᠠ ᠶᠢ ᠥᠷᠨᠢᠭᠦᠯᠬᠦ ᠪᠠᠷ ᠲᠥᠯᠥᠪᠯᠡᠵᠦ ᠪᠠᠶᠢᠨ᠎ᠠ᠃  ᠤᠰᠤᠨ ᠠᠰᠢᠭᠯᠠᠯᠲᠠ ᠶᠢᠨ ᠶᠠᠮᠤᠨ ᠤ ᠲᠣᠭᠠᠴᠢᠯᠠᠭᠰᠠᠨ ᠢᠬᠡᠷ᠎ᠡ ᠤᠰᠤᠨ ᠠᠰᠢᠭᠯᠠᠯᠲᠠ ᠶᠢᠨ ᠪᠥᠲᠥᠭᠡᠨ ᠪᠠᠶᠢᠭᠤᠯᠤᠯᠲᠠ ᠳᠤ ᠡᠩ ᠲᠡᠷᠢᠭᠦᠨ ᠳᠤ ᠦᠶᠡᠷ ᠰᠡᠷᠭᠡᠶᠢᠯᠡᠬᠦ ︽ᠳᠥᠷᠪᠡᠨ ᠤᠷᠢᠳᠴᠢᠯᠠᠭᠰᠠᠨ︾ ᠢ ᠬᠡᠷᠡᠭᠯᠡᠵᠦ᠂ ᠨᠠᠷᠢᠯᠢᠭ ᠣᠨᠣᠴᠠᠲᠠᠶ ᠰᠢᠢᠳᠪᠦᠷᠢᠲᠦ ᠪᠣᠳᠣᠯᠭ᠎ᠠ ᠲᠣᠭᠲᠠᠭᠠᠬᠤ ᠶᠢ ᠲᠤᠯᠭᠠᠭᠤᠷᠢᠯᠠᠪᠠ᠃ ᠡᠭᠦᠨ ᠤ ᠬᠠᠮᠲᠤ᠂ ᠤᠰᠤᠨ ᠠᠰᠢᠭᠯᠠᠯᠲᠠ ᠶᠢᠨ ᠠᠵᠢᠯ ᠲᠥᠷᠥᠯ ᠳᠤ ᠥᠷᠭᠡᠨ ᠢᠶᠠᠷ ᠦᠢᠯᠡᠴᠢᠯᠡᠵᠦ᠂ ᠤᠰᠤᠨ ᠠᠰᠢᠭᠯᠠᠯᠲᠠ ᠶᠢᠨ ᠵᠠᠰᠠᠯᠲᠠ ᠪᠠ ᠬᠠᠮᠢᠶᠠᠷᠤᠯᠲᠠ ᠶᠢᠨ ᠠᠵᠢᠯᠯᠠᠭ᠎ᠠ ᠶᠢᠨ ᠲᠣᠭᠠᠴᠢᠯᠠᠯᠲᠠ᠂ ᠰᠦᠯᠵᠢᠶᠡᠵᠢᠯᠲᠡ᠂ ᠤᠶᠤᠨᠴᠢᠯᠠᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ᠰᠤᠷᠪᠤᠯᠵᠢᠯᠠᠭᠴᠢ ᠯᠢᠦ ᠱᠢ ᠫᠢᠩ 
 
ᠢᠷᠡᠯᠲᠡ᠄ ᠰᠢᠨᠬᠤᠸᠠ ᠬᠤᠷᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号