ᠰᠢᠨᠬᠤᠸᠠ ᠬᠤᠷᠢᠶ᠎ᠠ᠄ ᠤᠰᠤᠨ ᠠᠰᠢᠭᠯᠠᠯᠲᠠ ᠶᠢᠨ ᠶᠠᠮᠤᠨ ᠣᠶᠢᠷ᠎ᠠ ᠶᠢᠨ ᠬᠤᠭᠤᠴᠠᠭᠠᠨ ᠳᠤ ᠶᠠᠮᠤᠨ ᠤ ᠬᠠᠷᠢᠶ᠎ᠠ ᠰᠢᠰᠲ᠋ᠧᠮ ᠤᠨ ᠰᠠᠬᠢᠯᠭ᠎ᠠ ᠪᠠᠲᠤ ᠬᠠᠤᠯᠢ ᠴᠠᠭᠠᠵᠠ ᠶᠢ ᠵᠥᠷᠢᠴᠡᠭᠰᠡᠨ ᠨᠡᠶᠢᠲᠡᠯᠢᠭ ᠬᠡᠷᠡᠭ ᠢ ᠪᠠᠶᠢᠴᠠᠭᠠᠨ ᠰᠢᠢᠳᠪᠦᠷᠢᠯᠡᠭᠰᠡᠨ ᠢ ᠵᠠᠷᠯᠠᠨ ᠮᠡᠳᠡᠭᠳᠡᠪᠡ
ᠨᠡᠶᠢᠲᠡᠯᠡᠭᠰᠡᠨ ᠴᠠᠭ᠄
2023/7/4
  ᠬᠡᠷᠡᠭ ᠢᠶᠠᠷ ᠰᠤᠷᠭᠠᠨ ᠬᠥᠮᠦᠵᠢᠯ ᠢ ᠠᠬᠢᠭᠤᠯᠬᠤ᠂ ᠬᠡᠷᠡᠭ ᠢᠶᠠᠷ ᠴᠡᠭᠴᠡᠯᠡᠨ ᠰᠠᠶᠢᠵᠢᠷᠠᠭᠤᠯᠬᠤ᠂ ᠬᠡᠷᠡᠭ ᠢᠶᠠᠷ ᠵᠠᠰᠠᠯᠲᠠ ᠶᠢ ᠠᠬᠢᠭᠤᠯᠬᠤ  ︽ᠬᠡᠷᠡᠭ ᠢᠶᠠᠷ ᠰᠤᠷᠭᠠᠨ ᠬᠥᠮᠦᠵᠢᠯ ᠢ ᠠᠬᠢᠭᠤᠯᠬᠤ᠂ ᠬᠡᠷᠡᠭ ᠢᠶᠠᠷ ᠴᠡᠭᠴᠡᠯᠡᠨ ᠰᠠᠶᠢᠵᠢᠷᠠᠭᠤᠯᠬᠤ᠂ ᠬᠡᠷᠡᠭ ᠢᠶᠠᠷ ᠵᠠᠰᠠᠬᠤ ᠶᠢ ᠠᠬᠢᠭᠤᠯᠬᠤ︾ ᠶᠢ ᠴᠢᠩᠭ᠎ᠠ ᠰᠠᠶᠢᠲᠤᠷ ᠠᠳᠬᠤᠬᠤ ᠬᠡᠷᠡᠭᠲᠡᠢ  ᠤᠰᠤᠨ ᠠᠰᠢᠭᠯᠠᠯᠲᠠ ᠶᠢᠨ ᠶᠠᠮᠤᠨ ᠣᠶᠢᠷ᠎ᠠ ᠶᠢᠨ ᠬᠤᠭᠤᠴᠠᠭᠠᠨ ᠳᠤ ᠶᠠᠮᠤᠨ ᠤ ᠬᠠᠷᠢᠶ᠎ᠠ ᠰᠢᠰᠲ᠋ᠧᠮ ᠤᠨ ᠰᠠᠬᠢᠯᠭ᠎ᠠ ᠪᠠᠲᠤ ᠬᠠᠤᠯᠢ ᠴᠠᠭᠠᠵᠠ ᠶᠢ ᠵᠥᠷᠢᠴᠡᠭᠰᠡᠨ ᠨᠡᠶᠢᠲᠡᠯᠢᠭ ᠬᠡᠷᠡᠭ ᠤᠨ ᠵᠢᠱᠢᠶ᠎ᠡ ᠶᠢ ᠵᠠᠷᠯᠠᠨ ᠮᠡᠳᠡᠭᠳᠡᠪᠡ  6 ᠳ᠋ᠤᠭᠠᠷ ᠰᠠᠷ᠎ᠠ ᠶᠢᠨ 16 ᠤ ᠡᠳᠦᠷ᠂ ᠤᠰᠤᠨ ᠠᠰᠢᠭᠯᠠᠯᠲᠠ ᠶᠢᠨ ᠶᠠᠮᠤᠨ ᠤ ᠨᠠᠮ ᠤᠨ ᠤᠳᠤᠷᠢᠳᠬᠤ ᠳᠤᠭᠤᠶᠢᠯᠠᠩ ︽ᠬᠡᠷᠡᠭ ᠢᠶᠠᠷ ᠰᠤᠷᠭᠠᠨ ᠬᠥᠮᠦᠵᠢᠯ ᠢ ᠠᠬᠢᠭᠤᠯᠬᠤ᠂ ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠬᠤ᠂ ᠬᠡᠷᠡᠭ ᠢᠶᠠᠷ ᠵᠠᠰᠠᠯᠲᠠ ᠶᠢ ᠠᠬᠢᠭᠤᠯᠬᠤ︾ ᠲᠤᠰᠬᠠᠶ ᠠᠵᠢᠯᠯᠠᠭ᠎ᠠ ᠶᠢ ᠠᠬᠢᠭᠤᠯᠬᠤ ᠬᠤᠷᠠᠯ ᠵᠢᠴᠢ ᠶᠠᠮᠤᠨ ᠤ ᠬᠠᠷᠢᠶ᠎ᠠ ᠰᠢᠰᠲ᠋ᠧᠮ ᠤᠨ ᠰᠡᠷᠡᠮᠵᠢᠯᠡᠭᠦᠯᠬᠦ ᠬᠥᠮᠦᠵᠢᠯ ᠤᠨ ᠶᠡᠭᠡ ᠬᠤᠷᠠᠯ ᠬᠤᠷᠠᠯᠳᠤᠭᠤᠯᠪᠠ᠃ ᠬᠤᠷᠠᠯ ᠳᠡᠭᠡᠷ᠎ᠡ᠂ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠤᠯᠤᠰ ᠤᠨ ᠬᠢᠨᠠᠨ ᠪᠠᠶᠢᠴᠠᠭᠠᠬᠤ ᠵᠥᠪᠯᠡᠯ ᠤᠨ ᠤᠰᠤᠨ ᠠᠰᠢᠭᠯᠠᠯᠲᠠ ᠶᠢᠨ ᠶᠠᠮᠤᠨ ᠳᠤ ᠰᠠᠭᠤᠭ᠎ᠠ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ ᠣᠶᠢᠷ᠎ᠠ ᠶᠢᠨ ᠬᠤᠭᠤᠴᠠᠭᠠᠨ ᠳᠤ ᠪᠠᠶᠢᠴᠠᠭᠠᠨ ᠰᠢᠢᠳᠪᠦᠷᠢᠯᠡᠭᠰᠡᠨ ᠶᠠᠮᠤᠨ ᠤ ᠬᠠᠷᠢᠶ᠎ᠠ ᠰᠢᠰᠲ᠋ᠧᠮ ᠤᠨ ᠰᠠᠬᠢᠯᠭ᠎ᠠ ᠪᠠᠲᠤ ᠬᠠᠤᠯᠢ ᠴᠠᠭᠠᠵᠠ ᠶᠢ ᠵᠥᠷᠢᠴᠡᠭᠰᠡᠨ ᠨᠡᠶᠢᠲᠡᠯᠢᠭ ᠬᠡᠷᠡᠭ ᠤᠨ ᠵᠢᠱᠢᠶ᠎ᠡ ᠶᠢ ᠵᠠᠷᠯᠠᠨ ᠮᠡᠳᠡᠭᠳᠡᠪᠡ᠃  ᠣᠶᠢᠯᠠᠭᠠᠭᠰᠠᠨ ᠢᠶᠠᠷ᠂ ᠲᠣᠰ ᠤᠳᠠᠭᠠᠨ ᠤ ᠲᠤᠰᠬᠠᠶ ᠠᠵᠢᠯᠯᠠᠭ᠎ᠠ ᠪᠣᠯ ᠤᠰᠤᠨ ᠠᠰᠢᠭᠯᠠᠯᠲᠠ ᠶᠢᠨ ᠶᠠᠮᠤᠨ ᠤ ᠬᠠᠷᠢᠶ᠎ᠠ ᠰᠢᠰᠲ᠋ᠧᠮ ᠤᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠤᠯ ᠰᠡᠳᠦᠪᠲᠦ ᠬᠥᠮᠦᠵᠢᠯ ᠤᠨ ᠴᠢᠬᠤᠯᠠ ᠠᠭᠤᠯᠭ᠎ᠠ ᠮᠥᠨ᠂ ᠺᠠᠳ᠋ᠷ ᠤᠨ ᠡᠩᠨᠡᠭᠡ ᠶᠢ ᠬᠥᠮᠦᠵᠢᠭᠦᠯᠦᠨ ᠴᠡᠭᠴᠡᠯᠡᠬᠦ ᠴᠢᠬᠤᠯᠠ ᠠᠷᠭ᠎ᠠ ᠬᠡᠮᠵᠢᠶ᠎ᠡ ᠮᠥᠨ᠃ ᠤᠰᠤᠨ ᠠᠰᠢᠭᠯᠠᠯᠲᠠ ᠶᠢᠨ ᠶᠠᠮᠤᠨ ᠤ ᠬᠤᠯᠪᠣᠭᠳᠠᠯ ᠪᠥᠬᠦᠶ ᠬᠠᠷᠢᠭᠤᠴᠠᠯᠭᠠᠲᠠᠨ ᠢᠯᠡᠷᠬᠡᠶᠢᠯᠡᠬᠦ ᠳᠡᠭᠡᠨ᠂ ᠶᠠᠮᠤᠨ ᠤ ᠬᠠᠷᠢᠶ᠎ᠠ ᠰᠢᠰᠲ᠋ᠧᠮ ᠤᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠠ ᠥᠷᠭᠡᠨ ᠣᠯᠠᠨ ᠨᠠᠮ ᠤᠨ ᠭᠡᠰᠢᠭᠦᠨ ᠺᠠᠳ᠋ᠷ ᠠᠵᠢᠯᠲᠠᠨ ᠠᠵᠢᠯᠴᠢᠨ ᠵᠠᠷᠯᠠᠨ ᠮᠡᠳᠡᠭᠳᠡᠭᠰᠡᠨ ᠰᠠᠬᠢᠯᠭ᠎ᠠ ᠪᠠᠲᠤ ᠬᠠᠤᠯᠢ ᠴᠠᠭᠠᠵᠠ ᠶᠢ ᠵᠥᠷᠢᠴᠡᠭᠰᠡᠨ ᠬᠡᠷᠡᠭ ᠤᠨ ᠵᠢᠱᠢᠶ᠎ᠡ ᠠᠴᠠ ᠭᠦᠨᠵᠡᠭᠡᠶ ᠰᠤᠷᠭᠠᠮᠵᠢ ᠠᠪᠴᠤ᠂ ᠳᠡᠭᠡᠳᠦ ᠬᠡᠮᠵᠢᠶᠡᠨ ᠤ ᠰᠣᠨᠣᠷ ᠰᠡᠷᠡᠮᠵᠢ ᠲᠠᠢ᠂ ᠪᠢᠰᠢᠷᠡᠨ ᠵᠢᠷᠦᠬᠡᠰᠢᠶᠡᠬᠦ ᠶᠢ ᠮᠡᠳᠡᠬᠦ᠂ ᠰᠡᠷᠡᠮᠵᠢᠯᠡᠨ ᠴᠡᠭᠡᠷᠯᠡᠬᠦ᠂ ᠬᠢᠵᠠᠭᠠᠷ ᠱᠤᠭᠤᠮ ᠢ ᠰᠠᠬᠢᠬᠤ ᠶᠢ ᠪᠠᠲᠤᠯᠠᠵᠤ᠂ ᠬᠡᠷᠡᠭ ᠢᠶᠠᠷ ᠲᠣᠯᠢ ᠪᠣᠯᠭᠠᠬᠤ᠂ ᠰᠡᠷᠡᠮᠵᠢ ᠶᠢᠨ ᠬᠤᠩᠬᠤ ᠶᠢ ᠪᠠᠶᠢᠩᠭᠤ ᠳᠤᠤᠭᠠᠷᠭᠠᠬᠤ ᠶᠢ ᠦᠨᠡᠨ ᠬᠦ ᠪᠡᠶᠡᠯᠡᠭᠦᠯᠵᠦ᠂ ᠴᠢᠩᠭ᠎ᠠ ᠦᠨᠳᠦᠰᠦᠨ ᠬᠥᠭ ᠠᠶᠠᠰ᠂ ᠴᠢᠩᠭ᠎ᠠ ᠠᠷᠭ᠎ᠠ ᠬᠡᠮᠵᠢᠶ᠎ᠡ᠂ ᠴᠢᠩᠭ᠎ᠠ ᠠᠭᠤᠷ ᠠᠮᠢᠰᠬᠤᠯ ᠢ ᠣᠷᠳᠣ ᠬᠤᠭᠤᠴᠠᠭ᠎ᠠ ᠪᠠᠷ ᠪᠠᠷᠢᠮᠲᠠᠯᠠᠵᠤ᠂ ᠢᠯᠵᠠᠷᠠᠯ ᠢ ᠡᠰᠡᠷᠭᠦᠴᠡᠨ ᠬᠤᠪᠢᠷᠠᠭᠤᠯᠤᠯᠲᠠ ᠶᠢ ᠰᠡᠷᠭᠡᠶᠢᠯᠡᠬᠦ ᠤᠯᠤᠰ ᠲᠥᠷᠥ ᠶᠢᠨ ᠤᠬᠠᠮᠰᠠᠷ᠂ ᠦᠵᠡᠯ ᠰᠠᠨᠠᠭᠠᠨ ᠤ ᠤᠬᠠᠮᠰᠠᠷ᠂ ᠦᠢᠯᠡ ᠠᠵᠢᠯᠯᠠᠭᠠᠨ ᠤ ᠤᠬᠠᠮᠰᠠᠷ ᠢᠶᠠᠨ ᠲᠠᠰᠤᠷᠠᠯᠲᠠ ᠥᠬᠡᠶ ᠴᠢᠩᠭᠠᠳᠬᠠᠬᠤ ᠬᠡᠷᠡᠭᠲᠡᠶ ᠭᠡᠵᠡᠶ᠃  ᠬᠤᠷᠠᠯ ᠠᠴᠠ᠂ ᠦᠵᠡᠯ ᠰᠠᠨᠠᠭ᠎ᠠ ᠪᠠᠷ ᠬᠥᠲᠥᠯᠥᠨ ᠳᠠᠭᠠᠭᠤᠯᠬᠤ ᠶᠢ ᠴᠢᠩᠭᠠᠳᠬᠠᠵᠤ᠂ ᠴᠢᠩᠭ᠎ᠠ ᠱᠠᠭᠠᠷᠳᠠᠯᠭ᠎ᠠ ᠪᠠᠷ ︽ᠬᠡᠷᠡᠭ ᠢᠶᠠᠷ ᠬᠥᠮᠦᠵᠢᠯ ᠢ ᠠᠬᠢᠭᠤᠯᠬᠤ︾ ᠶᠢ ᠰᠠᠶᠢᠲᠤᠷ ᠠᠳᠬᠤᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠦᠵᠡᠯ ᠰᠠᠨᠠᠭᠠᠨ ᠤ ᠲᠠᠯ᠎ᠠ ᠪᠠᠷ ᠦᠨᠳᠦᠰᠦ ᠠᠴᠠ ᠨᠢ ᠴᠡᠭᠴᠡᠯᠡᠨ ᠦᠨᠳᠦᠰᠦ ᠠᠴᠠ ᠨᠢ ᠴᠡᠭᠴᠡᠯᠡᠨ ᠦᠨᠳᠦᠰᠦ ᠠᠴᠠ ᠨᠢ ᠪᠠᠬᠢᠵᠢᠭᠦᠯᠬᠦ ᠶᠢ ᠪᠠᠷᠢᠮᠲᠠᠯᠠᠵᠤ᠂ ︽ᠬᠤᠶᠠᠷ ᠢ ᠲᠣᠭᠲᠠᠭᠠᠬᠤ︾ ᠶᠢ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠬᠦ ᠬᠡᠷᠡᠭᠲᠡᠶ᠃ ᠰᠠᠬᠢᠯᠭ᠎ᠠ ᠪᠠᠲᠤ ᠶᠢᠨ ᠬᠢᠵᠠᠭᠠᠷᠯᠠᠯ ᠢ ᠴᠢᠩᠭᠠᠳᠬᠠᠵᠤ᠂ ᠴᠢᠩᠭ᠎ᠠ ᠠᠷᠭ᠎ᠠ ᠬᠡᠮᠵᠢᠶ᠎ᠡ ᠪᠠᠷ ︽ᠬᠡᠷᠡᠭ ᠢᠶᠠᠷ ᠴᠡᠭᠴᠡᠯᠡᠨ ᠰᠠᠶᠢᠵᠢᠷᠠᠭᠤᠯᠬᠤ ᠶᠢ ᠠᠬᠢᠭᠤᠯᠬᠤ︾ ᠶᠢ ᠰᠠᠶᠢᠲᠤᠷ ᠠᠳᠬᠤᠵᠤ᠂ ᠢᠮᠠᠭᠲᠠ ᠤᠬᠳᠤ ᠠᠭᠤᠴᠢᠯᠠᠬᠤ ᠦᠭᠡᠢ ᠣᠪᠣᠷ ᠢᠶᠠᠷ ᠢᠯᠵᠢᠷᠡᠯ ᠢ ᠵᠠᠯᠬᠠᠭᠠᠨ ᠰᠢᠢᠳᠬᠡᠵᠦ᠂ ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ᠂ ᠤᠰᠤᠨ ᠠᠰᠢᠭᠯᠠᠯᠲᠠ ᠶᠢᠨ ᠪᠡᠯᠡ ᠮᠥᠩᠭᠦ ᠶᠢ ᠬᠠᠮᠢᠶᠠᠷᠴᠤ ᠬᠡᠷᠡᠭᠯᠡᠬᠦ᠂ ᠤᠰᠤᠨ ᠠᠰᠢᠭᠯᠠᠯᠲᠠ ᠶᠢᠨ ᠲᠦᠷᠦᠯ ᠵᠦᠢᠯ ᠵᠢᠴᠢ ᠪᠠᠷᠢᠯᠭ᠎ᠠ ᠶᠢᠨ ᠬᠢᠷᠢ ᠬᠡᠮ ᠢ ᠬᠢᠨᠠᠨ ᠪᠠᠶᠢᠴᠠᠭᠠᠵᠤ ᠬᠢᠨᠠᠨ ᠵᠥᠪᠰᠢᠶᠡᠷᠡᠬᠦ ᠵᠡᠷᠭᠡ ᠭᠤᠣᠯᠳᠠᠯᠭ᠎ᠠ ᠲᠠᠢ ᠬᠦᠷᠢᠶ᠎ᠡ ᠪᠣᠯᠤᠨ ᠵᠠᠩᠭᠢᠯᠠᠭ᠎ᠠ ᠶᠢᠨ ᠭᠤᠭᠴᠤᠭ᠎ᠠ ᠶᠢ ᠴᠢᠩᠭ᠎ᠠ ᠠᠩᠬᠠᠷᠴᠤ᠂ ᠴᠢᠬᠡᠴᠢ ᠵᠠᠰᠠᠭ ᠤᠨ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠵᠦ᠂ ᠴᠢᠬᠡᠴᠢ ᠵᠠᠰᠠᠭ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠶᠠᠮᠤᠨ ᠤ ᠬᠠᠷᠢᠶ᠎ᠠ ᠰᠢᠰᠲ᠋ᠧᠮ ᠤᠨ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠬᠡᠷᠡᠭᠵᠢᠭᠦᠯᠵᠦ ᠪᠠᠶᠢᠭ᠎ᠠ ᠪᠠᠶᠢᠳᠠᠯ ᠢ ᠲᠤᠰᠬᠠᠢ ᠪᠠᠶᠢᠴᠠᠭᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠰᠢᠨᠵᠢᠯᠡᠬᠦ ᠤᠬᠠᠭᠠᠨᠴᠢ ᠣᠨᠣᠴᠠᠲᠠᠢ ᠪᠠᠷ ᠣᠨᠣᠪᠴᠢᠲᠠᠢ ᠴᠡᠭᠴᠡᠯᠡᠨ ᠵᠠᠰᠠᠵᠤ᠂ ᠬᠠᠲᠠᠭᠤ ᠲᠠᠢ ᠨᠢ ᠬᠠᠯᠳᠠᠵᠤ ᠪᠣᠳᠠᠲᠠᠢ ᠦᠷ᠎ᠡ ᠪᠦᠲᠦᠮᠵᠢ ᠤᠯᠬᠤ ᠬᠡᠷᠡᠭᠲᠡᠢ᠃ ᠲᠦᠷᠢᠮ ᠤᠨ ᠪᠠᠲᠤᠯᠠᠭ᠎ᠠ ᠶᠢ ᠴᠢᠩᠭᠠᠳᠬᠠᠵᠤ᠂ ᠴᠢᠩᠭ᠎ᠠ ᠪᠠᠷᠢᠮᠵᠢᠶ᠎ᠠ ᠪᠠᠷ ︽ᠬᠡᠷᠡᠭ ᠢᠶᠠᠷ ᠵᠠᠰᠠᠯᠲᠠ ᠶᠢ ᠠᠬᠢᠭᠤᠯᠬᠤ︾ ᠶᠢ ᠰᠠᠶᠢᠲᠤᠷ ᠠᠳᠬᠤᠵᠤ᠂ ᠤᠰᠤᠨ ᠠᠰᠢᠭᠯᠠᠯᠲᠠ ᠶᠢᠨ ᠪᠦᠲᠦᠭᠡᠡ ᠪᠠᠶᠢᠭᠤᠯᠤᠯᠲᠠ ᠶᠢᠨ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠢᠲᠡᠭᠡᠮᠵᠢ ᠶᠢᠨ ᠦᠨᠡᠯᠡᠯᠲᠡ ᠶᠢᠨ ᠬᠠᠮᠢᠶᠠᠷᠤᠯᠲᠠ ᠶᠢᠨ ᠲᠦᠷᠢᠮ ᠳᠤ ᠵᠠᠰᠠᠪᠤᠷᠢ ᠣᠷᠣᠭᠤᠯᠤᠨ ᠲᠡᠭᠦᠯᠳᠡᠷᠵᠢᠭᠦᠯᠵᠦ᠂ ︽ᠤᠢᠢᠷ᠎ᠠ ᠲᠦᠷᠦᠯ ᠢᠶᠠᠨ ᠦᠷᠡᠵᠢᠭᠦᠯᠬᠦ︾ ᠤᠷᠲᠤ ᠬᠤᠭᠤᠴᠠᠭᠠᠨ ᠤ ᠪᠦᠲᠦᠮᠵᠢᠲᠡᠢ ᠴᠡᠭᠴᠡᠯᠡᠨ ᠰᠠᠶᠢᠵᠢᠷᠠᠭᠤᠯᠬᠤ ᠲᠦᠷᠢᠮ ᠲᠣᠭᠲᠠᠴᠠ ᠶᠢ ᠪᠦᠷᠢᠠᠰᠢᠭᠦᠯᠦᠨ ᠲᠡᠭᠦᠯᠳᠡᠷᠵᠢᠭᠦᠯᠵᠦ᠂ ᠲᠤᠰᠢᠶᠠᠯ ᠡᠭᠦᠷᠭᠡᠯᠡᠭᠰᠡᠨ ᠺᠠᠳ᠋ᠷ ᠲᠤ ᠬᠢᠨᠠᠯᠲᠠ ᠲᠠᠯᠪᠢᠵᠤ ᠬᠠᠮᠢᠶᠠᠷᠬᠤ ᠠᠵᠢᠯ ᠤᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠺᠠᠳ᠋ᠷ ᠤᠨ ᠴᠢᠬᠡᠴᠢ ᠵᠠᠰᠠᠭ ᠤᠨ ᠲᠠᠩᠰᠠ ᠡᠪᠬᠡᠮᠡᠯ ᠢ ᠬᠥᠳᠡᠯᠦᠩᠭᠦᠢ ᠪᠠᠷ ᠲᠡᠭᠦᠯᠳᠡᠷᠵᠢᠭᠦᠯᠵᠦ᠂ ︽ᠤᠳᠤᠷᠢᠳᠬᠤ ᠺᠠᠳ᠋ᠷ ᠤᠨ ᠲᠤᠰᠢᠶᠠᠯ ᠳᠤ ᠭᠠᠷᠴᠤ ᠪᠣᠯᠬᠤ ᠮᠥᠷᠲᠡᠭᠡᠨ ᠲᠤᠰᠢᠶᠠᠯ ᠠᠴᠠ ᠪᠠᠭᠤᠵᠤ ᠪᠣᠯᠬᠤ ᠶᠢ ᠠᠬᠢᠭᠤᠯᠬᠤ ᠲᠣᠭᠲᠠᠭᠠᠯ︾ ᠢ ᠵᠢᠷᠤᠮᠵᠢᠭᠤᠯᠤᠨ ᠨᠠᠶᠢᠳᠠᠪᠤᠷᠢᠵᠢᠭᠤᠯᠵᠤ᠂ ᠲᠦᠷᠢᠮ ᠢᠶᠠᠷ ᠡᠷᠬᠡ ᠶᠢ ᠬᠠᠮᠢᠶᠠᠷᠬᠤ ᠤᠴᠢᠷ ᠶᠠᠪᠤᠳᠠᠯ ᠢ ᠬᠠᠮᠢᠶᠠᠷᠬᠤ ᠬᠥᠮᠦᠨ ᠢ ᠬᠠᠮᠢᠶᠠᠷᠬᠤ ᠶᠢ ᠪᠠᠷᠢᠮᠲᠠᠯᠠᠵᠤ᠂ ᠢᠯᠵᠠᠷᠠᠯ ᠢ ᠡᠬᠢ ᠡᠭᠦᠰᠦᠯ ᠠᠴᠠ ᠨᠢ ᠰᠡᠷᠭᠡᠶᠢᠯᠡᠨ ᠵᠠᠰᠠᠬᠤ ᠬᠡᠷᠡᠭᠲᠡᠢ᠃  ᠬᠤᠷᠠᠯ ᠠᠴᠠ ᠴᠢᠬᠤᠯᠠᠴᠢᠯᠠᠬᠤ ᠳᠠᠭᠠᠨ᠂ ᠶᠠᠮᠤᠨ ᠤ ᠬᠠᠷᠢᠶ᠎ᠠ ᠰᠢᠰᠲ᠋ᠧᠮ ᠤᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠨᠠᠮ ᠢ ᠬᠠᠮᠢᠶᠠᠷᠴᠤ ᠨᠠᠮ ᠢ ᠵᠠᠰᠠᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠴᠢᠩᠭ᠎ᠠ ᠪᠣᠳᠠᠲᠠᠢ ᠨᠠᠶᠢᠳᠠᠪᠤᠷᠢᠵᠢᠭᠤᠯᠵᠤ᠂ ᠪᠦᠬᠦ ᠲᠠᠯ᠎ᠠ ᠪᠠᠷ᠂ ᠪᠦᠬᠦ ᠬᠡᠯᠬᠢᠶ᠎ᠡ ᠪᠠᠷ ᠨᠠᠮ ᠤᠨ ᠭᠡᠰᠢᠭᠦᠨ ᠺᠠᠳ᠋ᠷ ᠠᠵᠢᠯᠳᠠᠨ ᠠᠵᠢᠯᠴᠢᠨ ᠤ ᠡᠩᠨᠡᠭᠡ ᠶᠢᠨ ᠬᠥᠮᠦᠵᠢᠯ ᠬᠠᠮᠢᠶᠠᠷᠤᠯᠲᠠ ᠬᠢᠨᠠᠯᠲᠠ ᠶᠢ ᠴᠢᠩᠭᠠᠳᠬᠠᠬᠤ ᠬᠡᠷᠡᠭᠲᠡᠢ᠃ ᠴᠢᠩᠭ᠎ᠠ ᠬᠥᠮᠦᠵᠢᠭᠦᠯᠬᠦ᠂ ᠴᠢᠩᠭ᠎ᠠ ᠬᠠᠮᠢᠶᠠᠷᠬᠤ᠂ ᠴᠢᠩᠭ᠎ᠠ ᠬᠢᠨᠠᠯᠲᠠ ᠲᠠᠯᠪᠢᠬᠤ ᠶᠢ ᠪᠠᠷᠢᠮᠲᠠᠯᠠᠵᠤ᠂ ᠦᠨᠡᠨ ᠬᠦ ᠵᠠᠩᠭᠢᠯᠠᠭ᠎ᠠ ᠶᠢᠨ ᠭᠠᠵᠠᠷ ᠲᠤ ᠬᠦᠷᠲᠡᠯ᠎ᠡ ᠬᠠᠮᠢᠶᠠᠷᠴᠤ᠂ ᠵᠠᠩᠭᠢᠯᠠᠭ᠎ᠠ ᠶᠢᠨ ᠶᠠᠪᠤᠳᠠᠯ ᠢ ᠰᠠᠶᠢᠲᠤᠷ ᠬᠠᠮᠢᠶᠠᠷᠴᠤ᠂ ᠵᠠᠩᠭᠢᠯᠠᠭ᠎ᠠ ᠶᠢᠨ ᠦᠶ᠎ᠡ ᠳᠤ ᠬᠠᠮᠢᠶᠠᠷᠬᠤ ᠬᠡᠷᠡᠭᠲᠡᠢ᠃ ᠨᠠᠮ ᠤᠨ ᠡᠭᠦᠷ᠂ ᠨᠠᠮ ᠤᠨ ᠳᠤᠭᠤᠶᠢᠯᠠᠩ ᠤᠨ ᠦᠢᠯᠡᠳᠦᠯ ᠢ ᠪᠠᠳᠠᠷᠠᠭᠤᠯᠬᠤ ᠶᠢ ᠴᠢᠬᠤᠯᠠᠴᠢᠯᠠᠵᠤ᠂ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠢ ᠴᠢᠩᠳᠠᠯᠠᠵᠤ᠂ ᠴᠤᠬᠤᠶᠢᠯᠲᠠ ᠶᠢᠨ ᠴᠢᠨᠠᠷᠲᠠᠢ ᠬᠡᠯᠪᠡᠷᠢᠯ ᠤᠨ ᠴᠢᠨᠠᠷᠲᠠᠢ ᠠᠰᠠᠭᠤᠳᠠᠯ ᠢ ᠴᠠᠭ ᠲᠤᠬᠠᠢ ᠳᠤᠨᠢ ᠰᠢᠭᠦᠮᠵᠢᠯᠡᠨ ᠰᠤᠷᠭᠠᠬᠤ ᠬᠡᠷᠡᠭᠲᠡᠢ᠃ ᠰᠢᠨ᠎ᠡ ᠴᠠᠭ ᠦᠶ᠎ᠡ ᠶᠢᠨ ᠠᠷᠢᠭᠤᠨ ᠴᠢᠬᠡᠴᠢ ᠰᠣᠶᠣᠯ ᠤᠨ ᠪᠠᠶᠢᠭᠤᠯᠤᠯᠲᠠ ᠶᠢ ᠴᠢᠩᠭᠠᠳᠬᠠᠵᠤ᠂ ᠨᠠᠮ ᠤᠨ ᠭᠡᠰᠢᠭᠦᠨ ᠺᠠᠳ᠋ᠷ ᠠᠵᠢᠯᠳᠠᠨ ᠠᠵᠢᠯᠴᠢᠨ ᠢ ᠬᠥᠮᠦᠵᠢᠭᠦᠯᠦᠨ ᠵᠢᠯᠣᠭᠤᠳᠴᠤ ᠪᠠᠶᠢᠭᠠᠳ ᠰᠠᠬᠢᠯᠭ᠎ᠠ ᠪᠠᠲᠤ ᠶᠢᠨ ᠤᠬᠠᠮᠰᠠᠷ᠂ ᠶᠣᠰᠣ ᠲᠦᠷᠢᠮ ᠤᠨ ᠤᠬᠠᠮᠰᠠᠷ ᠢ ᠨᠢ ᠴᠢᠩᠭᠠᠳᠬᠠᠵᠤ᠂ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠳᠡᠭ ᠤᠰᠤᠨ ᠠᠰᠢᠭᠯᠠᠯᠲᠠ ᠶᠢᠨ ᠺᠠᠳ᠋ᠷ ᠤᠨ ᠴᠢᠳᠠᠪᠤᠷᠢᠲᠠᠨ ᠤ ᠡᠩᠨᠡᠭᠡ ᠶᠢ ᠲᠦᠷᠭᠡᠳᠬᠡᠨ ᠪᠠᠶᠢᠭᠤᠯᠬᠤ ᠬᠡᠷᠡᠭᠲᠡᠢ ᠭᠡᠵᠡᠢ᠃ 
 
ᠢᠷᠡᠯᠲᠡ᠄ ᠰᠢᠨᠬᠤᠸᠠ ᠬᠤᠷᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号