ᠰᠢᠨᠬᠤᠸᠠ ᠬᠤᠷᠢᠶᠠᠨ ᠤ ᠪᠡᠭᠡᠵᠢᠩ ᠤᠨ 6 ᠳ᠋ᠤᠭᠠᠷ ᠰᠠᠷ᠎ᠠ ᠶᠢᠨ 26 ᠤ ᠡᠳᠦᠷ ᠤᠨ ᠮᠡᠳᠡᠭᠡ ᠤᠰᠤᠨ | ᠠᠰᠢᠭᠯᠠᠯᠲᠠ ᠶᠢᠨ ᠶᠠᠮᠤᠨ 26 ᠤ ᠡᠳᠦᠷ ᠦᠶᠡᠷ ᠤᠨ ᠪᠠᠶᠢᠳᠠᠯ ᠤᠨ ᠲᠤᠬᠠᠶ ᠵᠠᠷᠯᠠᠯ ᠨᠡᠶᠢᠲᠡᠯᠡᠵᠦ᠂ ᠡᠮᠦᠨᠡᠲᠦ | ᠣᠷᠣᠨ ᠤ 6 ᠳ᠋ᠤᠭᠠᠷ ᠰᠠᠷ᠎ᠠ ᠶᠢᠨ 20 ᠤ ᠡᠳᠦᠷ ᠠᠴᠠ ᠨᠠᠰᠢᠬᠢ ᠪᠣᠷᠣᠭᠠᠨ ᠣᠷᠣᠬᠤ ᠶᠠᠪᠤᠴᠠ ᠳᠠᠭᠤᠰᠴᠤ᠂ | ᠪᠣᠷᠣᠭᠠᠨ ᠣᠷᠣᠬᠤ ᠣᠷᠣᠨ ᠤ ᠭᠤᠤᠯ ᠮᠥᠷᠡᠨ ᠤ ᠤᠰᠤᠨ ᠤ ᠪᠠᠶᠢᠳᠠᠯ ᠲᠣᠭᠲᠠᠭᠤᠨ ᠪᠣᠯᠵᠣ᠂ ᠤᠰᠤᠨ | ᠠᠰᠢᠭᠯᠠᠯᠲᠠ ᠶᠢᠨ ᠶᠠᠮᠤᠨ 26 ᠤ ᠡᠳᠦᠷ ᠤᠨ 18 ᠴᠠᠭ ᠲᠤ ᠦᠶᠡᠷ ᠤᠨ ᠤᠰᠤ ᠶᠢ ᠰᠡᠷᠭᠡᠶᠢᠯᠡᠬᠦ IV ᠲᠠᠰ ᠤᠨ | ᠪᠠᠴᠢᠮ ᠪᠠᠶᠢᠳᠠᠯ ᠢ ᠠᠷᠭᠠᠴᠠᠬᠤ ᠠᠵᠢᠯᠯᠠᠭ᠎ᠠ ᠶᠢ ᠵᠣᠭᠰᠣᠭᠠᠪᠠ᠃ | 6 ᠳ᠋ᠤᠭᠠᠷ ᠰᠠᠷ᠎ᠠ ᠶᠢᠨ 20 ᠤ ᠡᠳᠦᠷ ᠠᠴᠠ 26 ᠤ ᠡᠳᠦᠷ ᠪᠣᠯᠲᠠᠯ᠎ᠠ᠂ ᠬᠦᠢᠲᠡᠨ ᠳᠤᠯᠠᠭᠠᠨ ᠠᠭᠠᠷ ᠤᠨ | ᠨᠥᠯᠥᠭᠡ ᠪᠠᠷ ᠪᠠᠷᠠᠭᠤᠨ ᠡᠮᠦᠨᠡᠲᠦ ᠣᠷᠣᠨ ᠤ ᠵᠡᠭᠦᠨ ᠡᠮᠦᠨᠡᠲᠦ ᠬᠡᠰᠡᠭ᠂ ᠵᠢᠶᠠᠩᠨᠠᠨ᠂ ᠡᠮᠦᠨᠡᠲᠦ ᠣᠷᠣᠨ ᠤ ᠪᠠᠷᠠᠭᠤᠨ | ᠬᠤᠶᠢᠲᠤ ᠬᠡᠰᠡᠭ ᠵᠡᠷᠭᠡ ᠭᠠᠵᠠᠷ ᠲᠤ ᠰᠢᠷᠦᠭᠦᠨ ᠪᠣᠷᠣᠭᠠᠨ ᠣᠷᠣᠪᠠ᠃ ᠲᠡᠭᠦᠨ ᠤ ᠨᠥᠯᠥᠭᠡ ᠪᠠᠷ ᠡᠮᠦᠨᠡᠲᠦ | ᠣᠷᠣᠨ ᠤ 45 ᠭᠤᠣᠯ ᠮᠥᠷᠡᠨ ᠦᠶᠡᠷᠯᠡᠵᠡᠶ᠃ | ᠦᠶᠡᠷ ᠤᠨ ᠪᠠᠶᠢᠳᠠᠯ ᠤᠨ ᠵᠠᠷᠯᠠᠯ ᠠᠴᠠ ᠦᠵᠡᠪᠡᠯ᠂ ᠭᠤᠸᠠᠩᠳᠦ᠋ᠩ ᠪᠸᠢ ᠵᠢᠶᠠᠩ ᠮᠥᠷᠡᠨ ᠤ ᠭᠤᠤᠯ | ᠤᠷᠤᠰᠬᠠᠯ ᠤᠨ ᠶᠢᠩᠳᠧ᠂ ᠦᠱᠢ ᠶᠢᠨ ᠬᠡᠰᠡᠭ ᠵᠢᠴᠢ ᠰᠠᠯᠪᠤᠷᠢ ᠤᠷᠤᠰᠬᠠᠯ ᠤᠨ ᠯᠢᠶᠠᠨᠵᠢᠶᠠᠩ᠂ ᠭᠤᠸᠠᠩᠰᠢ ᠶᠢᠨ | ᠰᠢᠵᠢᠶᠠᠩ ᠮᠥᠷᠡᠨ ᠤ ᠰᠠᠯᠪᠤᠷᠢ ᠤᠷᠤᠰᠬᠠᠯ ᠤᠨ ᠾᠧᠵᠢᠶᠠᠩ᠂ ᠭᠦᠢᠵᠢᠶᠠᠩ᠂ ᠪᠧᠶ ᠯᠢᠦ ᠾᠧ᠂ ᠵᠢᠶᠠᠩᠰᠢ ᠶᠢᠨ ᠯᠧ | ᠠᠨ ᠾᠧ᠂ ᠰᠢᠨ ᠵᠢᠶᠠᠩ ᠮᠥᠷᠡᠨ ᠤ ᠰᠠᠯᠪᠤᠷᠢ ᠤᠷᠤᠰᠬᠠᠯ ᠤᠨ ᠪᠠᠶ ᠲᠠ ᠾᠧ᠂ ᠬᠤᠨᠠᠨ ᠤ ᠰᠢᠶᠠᠩᠵᠢᠶᠠᠩ | ᠮᠥᠷᠡᠨ ᠤ ᠳᠡᠭᠡᠳᠦ ᠤᠷᠤᠰᠬᠠᠯ ᠤᠨ ᠭᠤᠤᠯ ᠤᠷᠤᠰᠬᠠᠯ ᠵᠢᠴᠢ ᠰᠠᠯᠪᠤᠷᠢ ᠤᠷᠤᠰᠬᠠᠯ᠂ ᠰᠢᠶᠤᠤ ᠱᠦᠶ᠂ ᠹᠦᠵᠢᠶᠠᠨ ᠤ | ᠮᠢᠨᠵᠢᠶᠠᠩ ᠮᠥᠷᠡᠨ ᠤ ᠳᠡᠭᠡᠳᠦ ᠤᠷᠤᠰᠬᠠᠯ ᠤᠨ ᠹᠦ᠋ ᠳᠦᠨ ᠰᠢ᠂ ᠵᠢᠶᠠᠨ ᠰᠢ᠂ ᠵᠧᠵᠢᠶᠠᠩ ᠤᠨ ᠴᠢᠶᠠᠨ ᠲᠠᠩ | ᠵᠢᠶᠠᠩ ᠮᠥᠷᠡᠨ ᠤ ᠳᠡᠭᠡᠳᠦ ᠤᠷᠤᠰᠬᠠᠯ ᠤᠨ ᠴᠠᠩ ᠱᠠᠨ ᠭᠠᠷᠠᠮ᠂ ᠭᠦᠢᠵᠧᠦ ᠶᠢᠨ ᠦᠵᠢᠶᠠᠩ ᠮᠥᠷᠡᠨ ᠤ ᠰᠠᠯᠪᠤᠷᠢ | ᠤᠷᠤᠰᠬᠠᠯ ᠪᠣᠯᠬᠤ ᠮᠠ ᠰᠢ ᠾᠧ ᠭᠤᠣᠯ᠂ ᠶᠦᠨᠨᠠᠨ ᠤ ᠯᠦᠵᠢᠶᠠᠩ ᠮᠥᠷᠡᠨ ᠤ ᠰᠠᠯᠪᠤᠷᠢ ᠤᠷᠤᠰᠬᠠᠯ ᠪᠣᠯᠬᠤ ᠮᠦ | ᠳ᠋ᠢ ᠾᠧ ᠭᠤᠣᠯ ᠵᠡᠷᠭᠡ 45 ᠭᠤᠣᠯ ᠮᠥᠷᠡᠨ ᠳᠤ ᠰᠡᠷᠡᠮᠵᠢ ᠶᠢᠨ ᠱᠤᠭᠤᠮ ᠠᠴᠠ ᠳᠠᠪᠠᠭᠰᠠᠨ ᠦᠶᠡᠷ ᠭᠠᠷᠴᠤ᠂ | ᠰᠡᠷᠡᠮᠵᠢ ᠶᠢᠨ ᠬᠡᠮᠵᠢᠶ᠎ᠡ ᠠᠴᠠ ᠬᠠᠮᠤᠭ ᠶᠡᠭᠡ ᠳᠡᠭᠡᠨ 0.01 ᠮᠧᠲᠷ ᠠᠴᠠ 2.42 ᠮᠧᠲᠷ ᠳᠠᠪᠠᠭᠰᠠᠨ ᠪᠠᠶᠢᠨ᠎ᠠ᠃ | ᠤᠰᠤᠨ ᠠᠰᠢᠭᠯᠠᠯᠲᠠ ᠶᠢᠨ ᠶᠠᠮᠤᠨ ᠤ ᠬᠠᠮᠢᠶ᠎ᠠ ᠪᠥᠬᠦᠶ ᠬᠠᠷᠢᠭᠤᠴᠠᠯᠭᠠᠲᠠᠨ ᠢᠯᠡᠷᠬᠡᠶᠢᠯᠡᠬᠦ ᠳᠡᠭᠡᠨ᠂ ᠤᠰᠤᠨ | ᠠᠰᠢᠭᠯᠠᠯᠲᠠ ᠶᠢᠨ ᠶᠠᠮᠤᠨ ᠪᠣᠷᠣᠭᠠᠨ ᠤ ᠪᠠᠶᠢᠳᠠᠯ᠂ ᠤᠰᠤᠨ ᠤ ᠪᠠᠶᠢᠳᠠᠯ᠂ ᠦᠶᠡᠷ ᠤᠨ ᠪᠠᠶᠢᠳᠠᠯ ᠢ ᠦᠷᠭᠦᠯᠵᠢᠯᠡᠨ | ᠨᠢᠭᠲᠠ ᠠᠩᠬᠠᠷᠴᠤ᠂ ᠦᠷᠭᠦᠯᠵᠢᠯᠡᠨ ᠵᠥᠪᠳᠡᠯᠴᠡᠵᠦ ᠰᠤᠳᠤᠯᠤᠨ ᠮᠠᠭᠠᠳᠯᠠᠵᠤ᠂ ᠡᠯ᠎ᠡ ᠭᠠᠵᠠᠷ ᠤᠨ ᠰᠢᠷᠦᠭᠦᠨ | ᠪᠣᠷᠣᠭᠠᠨ ᠦᠶᠡᠷ ᠤᠨ ᠤᠰᠤ ᠶᠢ ᠰᠡᠷᠭᠡᠶᠢᠯᠡᠬᠦ ᠠᠵᠢᠯ ᠢ ᠰᠠᠶᠢᠲᠤᠷ ᠬᠢᠬᠦ ᠶᠢ ᠵᠢᠯᠣᠭᠤᠳᠤᠨ᠎ᠠ ᠭᠡᠵᠡᠶ᠃ | |